ᠵᠠᠰᠠᠭ ᠤᠨ ᠣᠷᠳᠣᠨ ᠤ ᠵᠠᠷᠯᠢᠭ ᠢ ᠦᠯᠦ ᠬᠡᠷᠡᠭᠵᠢᠭᠦᠯᠦᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠲᠤᠬᠠᠢ ᠵᠠᠷᠯᠠᠯ
ᠨᠡᠶᠢᠲᠡᠯᠡᠭᠰᠡᠨ ᠴᠠᠭ᠄
2020-02-18
     ᠣᠶᠢᠷ᠎ᠠ ᠳᠤ᠂ ᠪᠠᠭᠠᠷᠢᠨ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠳᠥᠷᠪᠡᠨ ᠰᠠᠭᠤᠭᠠᠯᠢ ᠠᠷᠠᠳ ᠤᠨ ᠵᠠᠰᠠᠭ ᠤᠨ ᠣᠷᠳᠣᠨ ᠤ ᠵᠠᠷᠯᠢᠭ ᠢ ᠦᠯᠦ ᠬᠡᠷᠡᠭᠵᠢᠭᠦᠯᠦᠭᠰᠡᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠶᠳᠪᠦᠷᠢᠯᠡᠪᠡ᠃ ᠪᠠᠶᠢᠴᠠᠭᠠᠯᠲᠠ ᠪᠠᠷ ᠳᠠᠮᠵᠢᠨ᠄      ᠤ ᠭᠤᠸᠠᠢ᠂ ᠪᠠ᠊ ᠭᠤᠸᠠᠢ᠂ ᠴᠥᠮ ᠡᠷᠡᠭᠲᠡᠶ᠂ ᠣᠲᠣ ᠪᠠᠭᠠᠷᠢᠨ ᠪᠠᠷᠠᠭᠤᠨ ᠬᠤᠰᠢᠭᠤᠨ ᠤ ᠪᠤᠷᠤᠠᠤᠰᠤ ᠪᠠᠯᠭᠠᠰᠤᠨ ᠳᠤ ᠰᠠᠭᠤᠵᠤ ᠪᠣᠶ᠃ ᠲᠣᠰ ᠬᠤᠶᠠᠷ ᠬᠥᠮᠦᠨ 2020 ᠣᠨ ᠤ 2 ᠰᠠᠷ᠎ᠠ ᠶᠢᠨ 12 ᠤᠨ ᠡᠳᠦᠷ ᠤᠨ 17 ᠴᠠᠭ ᠤᠨ ᠦᠶ᠎ᠡ ᠪᠠᠷ᠂ ᠬᠢᠵᠢᠭ ᠢ ᠰᠡᠷᠭᠡᠶᠢᠯᠡᠬᠦ ᠪᠠᠶᠢᠴᠠᠭᠠᠯᠲᠠ ᠠᠴᠠ ᠵᠠᠶᠢᠯᠠᠬᠤ ᠶᠢᠨ ᠲᠥᠯᠥᠭᠡ᠂  ᠰᠡᠷᠡᠮᠵᠢᠯᠠᠭᠦᠯᠦᠯ ᠢ ᠥᠯᠥ ᠬᠠᠶᠢᠬᠤᠷᠤᠨ᠂ ᠬᠠᠯᠬᠠᠪᠴᠢ ᠬᠡᠷᠡᠰᠬᠡ ᠶᠢ ᠳᠤᠷ᠎ᠠ ᠪᠠᠷ ᠢᠶᠠᠨ ᠳᠠᠪᠠᠵᠤ ᠤᠩᠭᠤᠨ ᠲᠣᠭᠤᠷᠢᠭ ᠤᠨ ᠬᠡᠷ ᠲᠤ ᠪᠠᠨ ᠣᠷᠣᠪᠠ᠃      ᠶᠠᠩ ᠣᠪᠣᠭᠲᠤ᠂ ᠡᠷᠡᠭᠲᠡᠶ᠂ ᠤᠳᠤ ᠪᠠᠭᠠᠷᠢᠨ ᠪᠠᠷᠠᠭᠤᠨ ᠬᠤᠰᠢᠭᠤᠨ ᠤ ᠳ᠋ᠠᠪᠠᠨ ᠪᠠᠯᠭᠠᠰᠤᠨ ᠳᠤ ᠰᠠᠭᠤᠵᠤ ᠪᠤᠢ᠃ ᠲᠣᠰ ᠬᠥᠮᠦᠨ 2020 ᠣᠨ ᠤ 2 ᠰᠠᠷ᠎ᠠ ᠶᠢᠨ 12 ᠤᠨ ᠡᠳᠦᠷ ᠤᠨ 17 ᠴᠠᠭ ᠤᠨ ᠦᠶ᠎ᠡ ᠪᠠᠷ᠂ ᠰᠠᠭᠤᠭ᠎ᠠ ᠰᠠᠭᠤᠭᠠᠯᠢ ᠲᠤᠭᠤᠷᠢᠭ ᠤᠨ ᠢᠶᠠᠨ ᠣᠷᠣᠵᠤ ᠭᠠᠷᠬᠤ ᠡᠭᠦᠳᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠬᠠᠮᠵᠢᠯᠴᠠᠬᠤ ᠥᠬᠡᠶ᠂ ᠭᠡᠮᠵᠢᠨ ᠪᠠᠶᠢᠴᠠᠭᠠᠵᠤ ᠳᠡᠩᠰᠡᠯᠡᠨ ᠲᠡᠮᠳᠡᠭᠯᠡᠬᠦ ᠶᠢ ᠲᠡᠪᠴᠢᠭᠰᠡᠨ ᠪᠥᠭᠡᠳ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯᠲᠠᠨ ᠢ ᠦᠭᠡ   ᠶᠡᠷᠢᠶ᠎ᠠ ᠪᠠᠷ ᠳᠤᠷᠤᠮᠵᠢᠯᠠᠵᠠᠢ᠃      ᠪᠤᠤ ᠣᠪᠣᠭᠲᠤ᠂ ᠡᠷᠡᠭᠲᠡᠶ᠂ ᠣᠲᠣ ᠪᠠᠭᠠᠷᠢᠨ ᠪᠠᠷᠠᠭᠤᠨ ᠬᠤᠰᠢᠭᠤᠨ ᠤ ᠳ᠋ᠠᠪᠠᠨ ᠪᠠᠯᠭᠠᠰᠤᠨ ᠳᠤ ᠰᠠᠭᠤᠵᠤ ᠪᠣᠶ᠃ ᠲᠣᠰ ᠬᠥᠮᠦᠨ 2020 ᠣᠨ ᠤ 2 ᠰᠠᠷ᠎ᠠ ᠶᠢᠨ 15 ᠤ ᠡᠳᠦᠷ ᠤᠨ 15 ᠴᠠᠭ ᠤᠨ ᠦᠶ᠎ᠡ ᠪᠠᠷ᠂ ᠲᠡᠷᠭᠡ ᠬᠥᠰᠬᠡ ᠶᠢᠨ ᠨᠠᠪᠲᠡᠷᠡᠬᠦ ᠲᠡᠮᠳᠡᠭ ᠢ ᠭᠦᠶᠴᠡᠳᠬᠡᠭᠰᠡᠨ ᠥᠬᠡᠶ ᠪᠠᠶᠢᠳᠠᠯ ᠳᠣᠤᠷ᠎ᠠ᠂ ᠲᠡᠷᠭᠡ ᠵᠢᠯᠣᠭᠤᠳᠤᠨ ᠰᠠᠭᠤᠭ᠎ᠠ ᠰᠠᠭᠤᠭᠠᠯᠢ ᠲᠤᠭᠤᠷᠢᠭ ᠠᠴᠠ ᠪᠠᠨ ᠭᠠᠷᠴᠤ᠂ ᠰᠠᠭᠤᠭᠠᠯᠢ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯᠲᠠᠨ ᠲᠤ ᠬᠠᠰᠢᠭᠳᠠᠭᠰᠠᠨ ᠤ ᠳᠠᠷᠠᠭ᠎ᠠ ᠢᠳᠬᠠᠨ ᠬᠤᠷᠢᠭᠯᠠᠬᠤ ᠶᠢ ᠰᠣᠨᠣᠰᠬᠤ ᠥᠬᠡᠶ᠂ ᠠᠯᠪᠠ  ᠪᠠᠷ ᠰᠢᠪᠲᠤᠯᠵᠤ᠂ ᠠᠵᠢᠯᠲᠠᠨ ᠤ ᠬᠡᠷᠡᠭᠯᠡᠵᠦ ᠪᠠᠶᠢᠭ᠎ᠠ ᠰᠢᠷᠡᠭᠡ ᠰᠠᠨᠳᠠᠯᠢ ᠶᠢ ᠮᠥᠷᠭᠦᠨ ᠤᠨᠠᠭᠠᠪᠠ᠃      ᠤ ᠭᠤᠸᠠᠢ᠂ ᠪᠠ᠊ ᠭᠤᠸᠠᠢ᠂ ᠶᠠᠩ ᠣᠪᠣᠭᠲᠤ᠂ ᠪᠤᠤ ᠣᠪᠣᠭᠲᠤ ᠵᠡᠷᠭᠡ ᠳᠥᠷᠪᠡᠨ ᠬᠥᠮᠦᠨ ᠤ ᠬᠠᠤᠯᠢ ᠶᠢ ᠵᠥᠷᠢᠴᠡᠭᠰᠡᠨ ᠦᠶᠯᠡ ᠠᠵᠢᠯᠯᠠᠭ᠎ᠠ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠦᠷᠨᠢᠬᠦ ᠶᠢ ᠬᠦᠨᠳᠦ ᠨᠣᠴᠢᠲᠠᠶ ᠬᠠᠷᠰᠢᠯᠠᠵᠤ᠂ ᠮᠠᠭᠤ ᠨᠥᠯᠥᠭᠡ ᠦᠵᠡᠭᠦᠯᠦᠭᠰᠡᠨ ᠤ ᠬᠠᠮᠲᠤ ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠬᠦᠨᠳᠦ ᠨᠣᠴᠢᠲᠠᠶ ᠬᠡᠮ ᠰᠣᠭᠤᠭ ᠠᠪᠴᠢᠷᠠᠵᠠᠶ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠤᠨ ᠬᠠᠤᠯᠢ︾  ᠶᠢᠨ ᠲᠠᠪᠢᠳᠤᠭᠠᠷ ᠵᠤᠷᠪᠤᠰ ᠤᠨ ᠨᠢᠭᠡᠳᠦᠭᠡᠷ ᠪᠠᠳᠠᠭ ᠤᠨ ᠨᠢᠭᠡᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠨ᠂ ᠪᠠᠭᠠᠷᠢᠨ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ᠲᠣᠰ ᠲᠣᠰ ᠤ ᠭᠤᠸᠠᠢ᠂ ᠪᠠ᠊ ᠭᠤᠸᠠᠢ ᠳᠤ 200 ᠲᠥᠭᠦᠷᠢᠭ ᠵᠣᠭᠤᠰ ᠢᠶᠠᠷ ᠲᠣᠷᠭᠠᠬᠤ ᠵᠠᠰᠠᠭ ᠵᠠᠬᠢᠷᠭᠠᠨ ᠤ ᠰᠢᠳᠬᠡᠯ ᠥᠭᠴᠦ᠂ ᠶᠠᠩ ᠣᠪᠣᠭᠲᠤ ᠂ ᠪᠤᠤ ᠣᠪᠣᠭᠲᠤ ᠳᠤ 5 ᠡᠳᠦᠷ ᠤᠨ ᠵᠠᠰᠠᠭ ᠵᠠᠬᠢᠷᠭᠠᠨ ᠤ ᠲᠦᠷ ᠬᠤᠷᠢᠬᠤ ᠰᠢᠳᠬᠡᠯ ᠥᠭᠴᠡᠶ᠃      ᠴᠠᠭᠳᠠᠭᠠᠨ ᠤ ᠲᠠᠯ᠎ᠠ ᠶᠢᠨ ᠰᠠᠨᠠᠭᠤᠯᠤᠮᠵᠢ᠄ ᠬᠢᠵᠢᠭ ᠤᠨ ᠪᠠᠶᠢᠳᠠᠯ ᠪᠣᠯ ᠵᠠᠷᠯᠢᠭ᠂ ᠰᠡᠷᠭᠡᠶᠢᠯᠡᠨ ᠡᠵᠡᠮᠳᠡᠬᠦ ᠪᠣᠯ ᠬᠠᠷᠢᠭᠤᠴᠠᠯᠭ᠎ᠠ ᠮᠥᠨ᠃ ᠣᠳᠣᠬᠠᠨ ᠳᠤ ᠪᠦᠬᠦ ᠬᠤᠰᠢᠭᠤᠨ ᠤ ᠡᠯ᠎ᠡ ᠱᠠᠲᠤᠨ ᠤ ᠬᠢᠨ ᠶᠠᠭ ᠰᠡᠳᠬᠢᠯ ᠨᠢᠭᠡᠳᠦᠨ ᠬᠦᠴᠦ ᠪᠠᠨ ᠬᠠᠮᠲᠤᠭᠬᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠵᠤ ᠪᠠᠶᠢᠨ᠎ᠠ᠂ ᠥᠷᠭᠡᠨ ᠣᠯᠠᠨ ᠲᠦᠮᠡᠨ ᠬᠢᠵᠢᠭ ᠢ ᠰᠡᠷᠭᠡᠶᠢᠯᠡᠬᠦ ᠡᠯ᠎ᠡ ᠵᠦᠶᠯ ᠤᠨ ᠲᠣᠭᠲᠠᠭᠠᠯ ᠪᠣᠯᠤᠨ ᠵᠠᠷᠯᠢᠭ ᠵᠢᠭᠠᠪᠤᠷᠢ ᠶᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠥᠪᠡᠷ ᠤᠨ ᠪᠡᠶ᠎ᠡ ᠪᠣᠯᠤᠨ ᠪᠤᠰᠤᠳ ᠬᠥᠮᠦᠨ ᠤ ᠡᠷᠡᠭᠦᠯ ᠮᠡᠨᠳᠦ ᠶᠢᠨ ᠲᠥᠯᠥᠭᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯᠲᠠᠨ ᠢ ᠬᠦᠨᠳᠦᠳᠬᠡᠵᠦ᠂ ᠠᠵᠢᠯ ᠤᠨ ᠲᠣᠬᠢᠷᠠᠭᠤᠯᠤᠯᠲᠠ ᠳᠤ ᠬᠠᠮᠵᠢᠯᠴᠠᠨ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠵᠤ ᠬᠤᠷᠢᠭᠯᠠᠨ ᠴᠣᠬᠢᠬᠤ ᠳᠠᠶᠢᠯᠠᠯᠳᠤᠭᠠᠨ ᠤ ᠢᠯᠠᠯᠲᠠ ᠶᠢ ᠣᠯᠬᠤ ᠶᠢ ᠬᠦᠰᠡᠵᠦ ᠪᠠᠶᠢᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠬᠠᠮᠵᠢᠯᠴᠠᠬᠤ ᠦᠭᠡᠢ ᠪᠠᠶᠢᠬᠤ ᠨᠢ᠂ ᠪᠦᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠶᠡᠭᠡ ᠲᠠᠯ᠎ᠠ ᠳᠤ ᠬᠦᠨᠳᠦ ᠨᠣᠴᠢᠲᠠᠶ ᠬᠤᠤᠷ ᠬᠥᠨᠥᠭᠡᠯ ᠤᠴᠠᠷᠠᠭᠤᠯᠬᠤ ᠪᠠᠷ ᠪᠠᠷᠠᠬᠤ ᠦᠭᠡᠢ ᠬᠢᠵᠢᠭ ᠤᠨ ᠪᠠᠶᠢᠳᠠᠯ ᠳᠡᠯᠭᠡᠷᠡᠬᠦ ᠦᠷ᠎ᠡ ᠳ᠋ᠦᠩ ᠭᠠᠷᠭᠠᠭᠰᠠᠨ ᠨᠢ ᠨᠠᠩ ᠴᠤ ᠬᠠᠤᠯᠢ ᠠᠴᠠ ᠵᠥᠷᠢᠴᠡᠭᠰᠡᠨ ᠬᠦᠨᠳᠦ ᠨᠣᠴᠢᠲᠠᠶ ᠶᠠᠯᠠᠲᠤ ᠠᠵᠢᠯᠯᠠᠭ᠎ᠠ ᠪᠣᠯᠤᠨ᠎ᠠ᠃ ᠡᠭᠦᠷᠭᠡ ᠪᠠᠨ ᠭᠦᠶᠴᠡᠳᠬᠡᠬᠦ ᠶᠢ ᠲᠡᠪᠴᠢᠭᠰᠡᠳ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠠᠤᠯᠢ ᠶᠣᠰᠣᠭᠠᠷ ᠴᠢᠩᠭ᠎ᠠ ᠰᠢᠳᠬᠡᠵᠦ᠂ ᠪᠤᠰᠤᠳ ᠬᠦᠨᠳᠦ ᠨᠣᠴᠢᠲᠠᠶ ᠨᠥᠯᠦᠭᠡ ᠭᠠᠷᠭᠠᠭᠰᠠᠨ ᠪᠠᠶᠢᠪᠠᠯ᠂ ᠬᠠᠤᠯᠢ ᠶᠣᠰᠣᠭᠠᠷ ᠡᠷᠡᠭᠦᠦ  ᠶᠢᠨ ᠬᠠᠷᠢᠭᠤᠴᠠᠯᠭ᠎ᠠ ᠨᠡᠬᠡᠮᠵᠢᠯᠡᠨ᠎ᠡ᠃                                                         ᠪᠠᠭᠠᠷᠢᠨ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ                                    2020 ᠣᠨ ᠤ 2 ᠰᠠᠷ᠎ᠠ ᠶᠢᠨ 17 ᠤ ᠡᠳᠦᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05001926号-2