ᠪᠠᠭᠠᠷᠢᠨ ᠪᠠᠷᠠᠭᠤᠨ ᠬᠤᠰᠢᠭᠤᠨ ᠤ 2020 ᠣᠨ ᠤ ᠰᠦᠯᠵᠢᠶᠡᠨ ᠤ ᠠᠵᠢᠯ ᠣᠯᠭᠤᠯᠲᠠ ᠶᠢᠨ ᠠᠵᠢᠯᠴᠢᠨ ᠡᠯᠰᠡᠬᠦ ᠬᠤᠷᠠᠯ ᠢ ᠡᠷᠭᠢᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2020-02-22
ᠬᠤᠰᠢᠭᠤᠨ ᠤ ᠳᠣᠲᠣᠷ᠎ᠠ ᠭᠠᠳᠠᠨᠠᠬᠢ ᠠᠵᠢᠯᠴᠢᠨ ᠬᠡᠷᠡᠭᠯᠡᠬᠦ ᠠᠵᠤ ᠠᠬᠤᠶᠢᠯᠠᠯ᠂ ᠥᠷᠭᠡᠨ ᠣᠯᠠᠨ ᠠᠵᠢᠯ ᠡᠷᠢᠭᠰᠡᠳ  ᠲᠤ᠄      ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠳᠤᠷ ᠬᠢᠬᠦ ᠶᠢᠨ ᠲᠥᠯᠥᠭᠡ᠂ ᠣᠳᠣᠬᠠᠨ ᠳᠤ ᠮᠠᠨ ᠤ ᠬᠤᠰᠢᠭᠤ ᠬᠠᠮᠢᠶ᠎ᠠ ᠪᠥᠬᠦᠶ ᠱᠠᠭᠠᠷᠳᠠᠯᠭ᠎ᠠ ᠶᠢ ᠦᠨᠳᠦᠰᠦᠯᠡᠨ ᠲᠤᠬᠠᠢ ᠶᠢᠨ ᠲᠠᠯᠠᠪᠤᠷ ᠤᠨ ᠠᠵᠢᠯᠴᠢᠨ ᠡᠯᠰᠡᠬᠦ ᠠᠵᠢᠯᠯᠠᠭ᠎ᠠ ᠶᠢ ᠵᠣᠭᠰᠣᠭᠠᠵᠠᠶ᠃ ᠭᠡᠪᠡᠴᠦ ᠪᠢᠳᠡ ᠠᠵᠢᠯᠴᠢᠨ ᠬᠡᠷᠡᠭᠯᠡᠬᠦ ᠠᠵᠤ ᠠᠬᠤᠶᠢᠯᠠᠯ ᠪᠣᠯᠤᠨ ᠥᠷᠭᠡᠨ ᠣᠯᠠᠨ ᠠᠵᠢᠯ ᠡᠷᠢᠭᠰᠡᠳ ᠲᠤ ᠰᠦᠯᠵᠢᠶ᠎ᠡ ᠪᠠᠷ ᠠᠵᠢᠯᠴᠢᠨ ᠡᠯᠰᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠭᠭᠦᠨ᠎ᠡ᠃《 ᠰᠦᠯᠵᠢᠶᠡᠨ ᠳᠡᠭᠡᠷ᠎ᠡ ᠭᠦᠶᠴᠡᠳᠬᠡᠬᠦ᠂  ᠠᠯᠠᠭᠠᠨ ᠳᠡᠭᠡᠷ᠎ᠡ ᠪᠠᠨ ᠭᠦᠶᠴᠡᠳᠬᠡᠬᠦ᠂ ᠤᠷᠢᠳᠴᠢᠯᠠᠨ ᠪᠣᠯᠵᠣᠵᠤ ᠭᠦᠶᠴᠡᠳᠬᠡᠬᠦ 》 ᠠᠵᠢᠯ ᠤᠨ ᠵᠠᠭᠪᠤᠷ ᠢ ᠢᠳᠡᠪᠬᠢᠲᠡᠶ ᠪᠠᠷ ᠬᠡᠷᠡᠭᠵᠢᠭᠦᠯᠵᠦ᠂ ᠠᠵᠢᠯᠴᠢᠨ ᠬᠡᠷᠡᠭᠯᠡᠬᠦ ᠠᠵᠤ ᠠᠬᠤᠶᠢᠯᠠᠯ ᠪᠣᠯᠤᠨ ᠠᠵᠢᠯ ᠡᠷᠢᠭᠰᠡᠳ ᠲᠤ《 ᠠᠵᠢᠯ ᠣᠯᠭᠤᠬᠤ ᠦᠶᠯᠡᠴᠢᠯᠡᠭᠡ ᠬᠠᠩᠭᠠᠬᠤ ᠪᠠᠨ ᠵᠤᠭᠰᠤᠬᠤ ᠦᠭᠡᠢ᠂ ᠰᠦᠯᠵᠢᠶᠡᠨ ᠳᠡᠭᠡᠷ᠎ᠡ ᠤᠷᠢᠵᠤ ᠡᠯᠰᠡᠬᠦ ᠠᠮᠠᠷᠠᠬᠤ ᠦᠭᠡᠢ 》 ᠰᠦᠯᠵᠢᠶᠡᠨ ᠲᠡᠭᠡᠷᠡᠬᠢ ᠠᠵᠢᠯᠴᠢᠨ ᠡᠯᠰᠡᠬᠦ ᠠᠵᠢᠯᠯᠠᠭ᠎ᠠ ᠬᠠᠩᠭᠠᠨ᠎ᠠ᠃      ᠠᠵᠢᠯᠯᠠᠭᠠᠨ ᠤ ᠠᠭᠤᠯᠭ᠎ᠠ      ᠠᠵᠢᠯᠴᠢᠨ ᠬᠡᠷᠡᠭᠯᠡᠬᠦ ᠨᠢᠬᠡᠴᠡ᠂ ᠠᠵᠤ ᠠᠬᠤᠶᠢᠯᠠᠯ ᠳᠤ ᠠᠵᠢᠯᠴᠢᠨ ᠡᠯᠰᠡᠬᠦ ᠮᠡᠳᠡᠭᠡ ᠵᠠᠩᠭᠢ ᠶᠢ ᠨᠡᠶᠢᠲᠡᠯᠡᠬᠦ  ︔ ᠠᠵᠢᠯ ᠡᠷᠢᠭᠰᠡᠳ ᠲᠤ ᠠᠵᠢᠯ ᠣᠯᠭᠤᠬᠤ ᠠᠵᠢᠯ ᠤᠨ ᠪᠠᠶᠢᠷᠢ᠂ ᠠᠵᠢᠯ ᠣᠯᠭᠤᠬᠤ ᠲᠥᠷᠥ ᠶᠢᠨ ᠪᠣᠳᠣᠯᠭ᠎ᠠ ᠶᠢᠨ ᠯᠠᠪᠯᠠᠯᠲᠠ ᠬᠠᠩᠭᠠᠨ᠎ᠠ᠃      ᠠᠵᠢᠯᠯᠠᠭᠠᠨ ᠤ ᠬᠤᠭᠤᠴᠠᠭ᠎ᠠ      2020 ᠣᠨ ᠤ 2 ᠰᠠᠷ᠎ᠠ ᠶᠢᠨ 20 ᠤ ᠡᠳᠦᠷ — 3 ᠰᠠᠷ᠎ᠠ ᠶᠢᠨ 20 ᠤ ᠡᠳᠦᠷ      ᠬᠤᠷᠠᠯ ᠳᠤ ᠣᠷᠣᠯᠴᠠᠬᠤ ᠬᠡᠯᠪᠡᠷᠢ      ᠨᠡᠷ᠎ᠡ ᠮᠡᠳᠡᠭᠦᠯᠦᠭᠰᠡᠨ ᠠᠵᠢᠯᠴᠢᠨ ᠬᠡᠷᠡᠭᠯᠡᠬᠦ ᠨᠢᠭᠡᠴᠡ ᠪᠤᠶᠤ ᠠᠵᠤ ᠠᠬᠤᠶᠢᠯᠠᠯ ᠤᠳ ᠠᠵᠢᠯᠴᠢᠨ ᠡᠯᠰᠡᠬᠦ ᠲᠣᠪᠴᠢ ᠳᠦᠷᠢᠮ ᠪᠣᠯᠤᠨ ᠠᠵᠢᠯᠴᠢᠨ ᠬᠡᠷᠡᠭᠯᠡᠬᠦ ᠪᠠᠶᠢᠳᠠᠯ ᠢᠶᠠᠨ ᠲᠣᠭᠲᠠᠭᠰᠠᠨ ᠡᠯᠧᠺᠲᠷᠣᠨ ᠰᠢᠦᠳᠠᠨ ᠤ ᠬᠠᠶᠢᠷᠴᠠᠭ  ᠲᠤ ᠶᠠᠪᠤᠭᠤᠯᠬᠤ ᠬᠡᠷᠡᠭᠲᠡᠶ᠃ ᠬᠢᠨᠠᠨ ᠪᠠᠶᠢᠴᠠᠭᠠᠭᠰᠠᠨ ᠤ ᠳᠠᠷᠠᠭ᠎ᠠ᠂ ᠪᠢᠳᠡ ᠠᠵᠢᠯᠴᠢᠨ ᠡᠯᠰᠡᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠨ᠎ᠡ᠃      ᠠᠵᠢᠯ ᠡᠷᠢᠭᠰᠡᠳ ᠲᠤᠤᠷᠠᠬᠢ ᠤᠲᠠᠰᠤ ᠳᠤ ᠤᠲᠠᠰᠤᠳᠠᠵᠤ ᠠᠵᠢᠯ ᠡᠷᠢᠬᠦ ᠳᠠᠩᠰᠠᠯᠠᠯᠲᠠ ᠬᠢᠨ᠎ᠠ᠄ 0476 — 6231211᠂ 0476 — 6220689︔ ᠡᠰᠡᠬᠦᠯ᠎ᠡ ᠠᠵᠢᠯᠴᠢᠨ ᠡᠯᠰᠡᠬᠦ ᠠᠵᠤ ᠠᠬᠤᠶᠢᠯᠠᠯ ᠲᠠᠢ ᠰᠢᠭᠤᠳ ᠬᠠᠷᠢᠴᠠᠵᠤ ᠪᠣᠯᠤᠨ᠎ᠠ᠃      ᠡᠯ᠎ᠡ ᠠᠵᠢᠯᠴᠢᠨ ᠬᠡᠷᠡᠭᠯᠡᠬᠦ ᠨᠢᠭᠡᠴᠡ ᠪᠠ ᠠᠵᠢᠯ ᠡᠷᠢᠭᠰᠡᠳ ᠪᠠᠰᠠ ᠳᠣᠤᠷ᠎ᠠ ᠲᠠᠯ᠎ᠠ ᠶᠢᠨ ︽ᠪᠠᠭᠠᠷᠢᠨ ᠪᠠᠷᠠᠭᠤᠨ ᠬᠤᠰᠢᠭᠤᠨ ᠤ ᠰᠦᠯᠵᠢᠶᠡᠨ ᠤ ᠠᠵᠢᠯ ᠣᠯᠭᠤᠯᠲᠠ ᠶᠢᠨ  ᠠᠵᠢᠯᠴᠢᠨ ᠡᠯᠰᠡᠬᠦ ᠮᠡᠳᠡᠭᠡ ᠵᠠᠩᠭᠢ ᠶᠢᠨ ᠰᠣᠯᠢᠯᠴᠠᠭᠠᠨ ᠤ ᠴᠤᠭᠯᠠᠷᠠᠯ︾   ᠤᠨ ᠮᠡᠷᠭᠡᠨ ᠴᠤᠬᠤᠷ ᠢ ᠰᠢᠷᠪᠢᠵᠦ ᠠᠵᠢᠯ ᠡᠷᠢᠬᠦ ᠪᠤᠶᠤ ᠠᠵᠢᠯᠴᠢᠨ ᠤᠷᠢᠬᠤ ᠲᠤᠬᠠᠢ ᠰᠣᠯᠢᠯᠴᠠᠵᠤ ᠪᠣᠯᠤᠨ᠎ᠠ᠃      ᠪᠠᠭᠠᠷᠢᠨ ᠪᠠᠷᠠᠭᠤᠨ ᠬᠤᠰᠢᠭᠤᠨ ᠤ ᠰᠦᠯᠵᠢᠶᠡᠨ ᠤ ᠠᠵᠢᠯ ᠣᠯᠭᠤᠯᠲᠠ ᠶᠢᠨ ᠠᠵᠢᠯᠴᠢᠨ ᠡᠯᠰᠡᠬᠦ ᠮᠡᠳᠡᠭᠡ ᠵᠠᠩᠭᠢ ᠶᠢᠨ ᠰᠣᠯᠢᠯᠴᠠᠭᠠᠨ ᠤ ᠴᠤᠭᠯᠠᠷᠠᠯ
                      ᠭᠤᠤᠯᠴᠢᠯᠠᠨ ᠡᠷᠬᠢᠯᠡᠭᠰᠡᠨ ᠨᠢᠭᠡᠴᠡ       ᠪᠠᠭᠠᠷᠢᠨ ᠪᠠᠷᠠᠭᠤᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ  ᠶᠢᠨ ᠲᠤᠪᠴᠢᠶ᠎ᠡ᠂ ᠪᠠᠭᠠᠷᠢᠨ ᠪᠠᠷᠠᠭᠤᠨ ᠬᠤᠰᠢᠭᠤᠨ ᠤ ᠠᠵᠢᠯ ᠣᠯᠭᠤᠯᠲᠠ ᠶᠢᠨ ᠲᠣᠪᠴᠢᠶ᠎ᠠ᠂ ᠪᠠᠭᠠᠷᠢᠨ ᠪᠠᠷᠠᠭᠤᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠤᠨ ᠣᠯᠠᠨ ᠨᠡᠶᠢᠲᠡ ᠶᠢᠨ ᠦᠶᠯᠡᠴᠢᠯᠡᠭᠡᠨ ᠤ ᠲᠥᠪ       ᠬᠤᠯᠪᠣᠭᠳᠠᠬᠤ ᠲᠠᠶᠢᠯᠪᠤᠷᠢ       ᠲᠣᠰ ᠤᠳᠠᠭᠠᠨ ᠤ ᠠᠵᠢᠯᠴᠢᠨ ᠡᠯᠰᠡᠬᠦ ᠬᠤᠷᠠᠯ ᠪᠣᠯ ᠨᠡᠶᠢᠲᠡ ᠶᠢᠨ ᠠᠰᠠᠷᠠᠮᠵᠢ ᠶᠢᠨ ᠰᠢᠨᠵᠢ ᠴᠢᠨᠠᠷ ᠲᠠᠢ ᠪᠣᠯᠬᠤᠷ ᠶᠠᠮᠠᠷᠴᠦ ᠰᠦᠶᠳᠬᠡᠯ ᠬᠤᠷᠢᠶᠠᠬᠤ ᠥᠬᠡᠶ᠃ ᠡᠯ᠎ᠡ  ᠠᠵᠢᠯᠴᠢᠨ ᠬᠡᠷᠡᠭᠯᠡᠬᠦ ᠨᠢᠭᠡᠴᠡ ᠪᠤᠶᠤ ᠠᠵᠤ ᠠᠬᠤᠶᠢᠯᠠᠯ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠪᠠ ᠬᠠᠤᠯᠢ ᠶᠢᠨ ᠡᠷᠬᠡᠲᠡᠨ ᠤ ᠪᠡᠶ᠎ᠡ ᠶᠢᠨ ᠦᠨᠡᠮᠯᠡᠯ ᠤᠨ ᠬᠠᠭᠤᠯᠪᠤᠷᠢ ᠪᠤᠶᠤ ᠰᠢᠷᠪᠢᠯᠲᠡ ᠶᠢᠨ ᠮᠠᠲ᠋ᠧᠷᠢᠶᠠᠯ ᠵᠢᠴᠢ ᠠᠵᠢᠯᠴᠢᠨ ᠡᠯᠰᠡᠬᠦ ᠲᠣᠪᠴᠢ ᠳᠦᠷᠢᠮ ᠵᠡᠷᠭᠡ ᠨᠡᠷ᠎ᠡ ᠮᠡᠳᠡᠭᠦᠯᠬᠦ ᠮᠠᠲ᠋ᠧᠷᠢᠶᠠᠯ ᠢ ᠲᠤᠤᠷᠠᠬᠢ ᠰᠢᠦᠳᠠᠨ ᠬᠠᠶᠢᠷᠴᠠᠭ ᠲᠤ ᠢᠯᠡᠭᠡᠬᠦ ᠴᠢᠬᠤᠯᠠᠲᠠᠢ᠄ 741113279 @ qq. com                        ᠪᠠᠭᠠᠷᠢᠨ ᠪᠠᠷᠠᠭᠤᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ          ᠪᠠᠭᠠᠷᠢᠨ ᠪᠠᠷᠠᠭᠤᠨ ᠬᠤᠰᠢᠭᠤᠨ ᠤ ᠠᠵᠢᠯ ᠤᠯᠭᠤᠯᠲᠠ ᠶᠢᠨ ᠲᠣᠪᠴᠢᠶ᠎ᠠ          ᠪᠠᠭᠠᠷᠢᠨ ᠪᠠᠷᠠᠭᠤᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠤᠨ ᠣᠯᠠᠨ ᠨᠡᠶᠢᠲᠡ ᠶᠢᠨ ᠦᠶᠯᠡᠴᠢᠯᠡᠭᠡᠨ ᠤ ᠲᠥᠪ                       2020 ᠣᠨ ᠤ 2 ᠰᠠᠷ᠎ᠠ ᠶᠢᠨ 17 ᠤ ᠡᠳᠦᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05001926号-2