ᠰᠢᠨ᠎ᠡ ᠬᠡᠯᠪᠡᠷᠢ ᠵᠢᠨ‌‍ᠲ᠋ᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠢ ᠰᠡᠷᠬᠡᠶᠢᠯᠡᠨ ᠬᠢᠵᠠᠭᠠᠷᠯᠠᠬᠤ ᠲᠠᠶᠢᠯᠠᠯᠳᠤᠭᠠᠨ ᠳᠤ ᠡᠷᠡᠰ ᠢᠯᠠᠬᠤ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2020-02-03
ᠪᠦᠬᠦ ᠬᠤᠰᠢᠭᠤᠨ ᠤ ᠡᠯ᠎ᠡ ᠱᠠᠳᠣᠨ ᠤ ᠠᠷᠠᠳ ᠤᠨ ᠲᠦᠯᠦᠬᠡᠯᠡᠭᠴᠢᠳ ᠲᠤ᠄      ᠰᠢᠨ᠎ᠡ ᠵᠢᠯ ᠴᠠᠭᠠᠨ ᠰᠠᠷ᠎ᠠ ᠶᠢᠨ ᠪᠠᠶᠠᠷ ᠬᠦᠷᠴᠦ ᠢᠷᠡᠭᠰᠡᠨ ᠲᠠᠰᠢᠷᠡᠮ ᠳᠤ᠂ ᠪᠦᠬᠦ ᠣᠯᠣᠰ ᠤᠨ ᠬᠡᠪᠴᠢᠶᠠᠨ  ᠳᠤ ᠲᠢᠳᠢᠮᠯᠢᠭ ᠸᠢᠷᠦ᠋ᠰ ᠬᠠᠯᠳᠠᠪᠣᠷᠢᠯᠠᠭᠰᠠᠨ ᠠᠭᠤᠰᠬᠢᠨ ᠦᠷᠪᠢᠰᠦᠯ ᠤᠨ ᠪᠠᠶᠢᠳᠠᠯ ᠣᠯᠠᠨ ᠲᠦᠮᠡᠨ ᠤ ᠰᠡᠳᠬᠢᠯ ᠰᠠᠨᠠᠭ᠎ᠠ ᠶᠢ ᠨᠦᠯᠦᠬᠡᠯᠡᠵᠦ ᠪᠠᠶᠢᠭ᠎ᠠ ᠶᠣᠮ᠃ ᠣᠳᠣᠬᠠᠨ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠵᠠᠰᠠᠬᠤ ᠠᠵᠢᠯ ᠨᠡᠯᠢᠶᠡᠳ ᠬᠦᠨᠳᠦ ᠨᠣᠴᠢᠳᠠᠢ ᠪᠠᠶᠢᠵᠦ᠂ ᠨᠠᠮ ᠤᠨ ᠲᠦᠪ ᠬᠤᠷᠢᠶ᠎ᠠ᠂ ᠲᠥᠷᠥ ᠶᠢᠨ ᠶᠠᠪᠣᠳᠠᠯ ᠤᠨ ᠬᠤᠷᠢᠶ᠎ᠠ ᠠᠴᠠ ᠲᠡᠭᠡᠳᠦ ᠬᠡᠮᠵᠢᠶ᠎ᠠ ᠪᠠᠷ ᠬᠦᠨᠳᠦᠳᠭᠡᠨ ᠦᠵᠡᠵᠦ᠂ ᠰᠡᠷᠬᠡᠶᠢᠯᠡᠨ ᠬᠢᠵᠠᠭᠠᠷᠯᠠᠬᠤ ᠠᠵᠢᠯ ᠳᠤ ᠲᠣᠳᠣᠷᠬᠠᠢ ᠱᠠᠭᠠᠷᠳᠠᠯᠭ᠎ᠠ ᠲᠣᠷᠠᠳᠣᠭᠰᠠᠨ ᠪᠠᠶᠢᠨ᠎ᠠ᠃ ᠦᠪᠡᠷᠳᠡᠬᠡᠨ ᠵᠠᠰᠠᠬᠤ ᠣᠷᠣᠨ ᠠᠴᠠ ᠨᠢᠭᠡᠨᠲᠡ ᠬᠦᠨᠳᠦ ᠶᠡᠭᠡ ᠬᠡᠨᠡᠳᠳᠡ ᠡᠭᠦᠰᠦᠭᠰᠡᠨ ᠣᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠬᠡᠷᠡᠭ ᠤᠨ ᠨᠢᠬᠡᠳᠦᠬᠡᠷ ᠲᠡᠰ ᠤᠨ ᠠᠵᠢᠯᠯᠠᠭ᠎ᠠ ᠬᠡᠷᠡᠭᠵᠢᠭᠦᠯᠵᠦ᠂ ᠪᠦᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠴᠦ ᠡᠮᠬᠢ ᠲᠢᠭᠯᠢᠮ ᠲᠠᠢ ᠶᠠᠪᠣᠭᠳᠠᠵᠤ ᠪᠠᠶᠢᠨ᠎ᠠ᠃ ᠬᠢᠵᠢᠭ ᠤᠨ ᠪᠠᠶᠢᠳᠠᠯ ᠪᠤᠯ ᠵᠠᠷᠯᠢᠭ᠂ ᠰᠡᠷᠬᠡᠶᠢᠯᠡᠨ ᠬᠢᠵᠠᠭᠠᠷᠯᠠᠬᠤ ᠪᠤᠯ ᠬᠠᠷᠢᠭᠤᠴᠠᠯᠭ᠎ᠠ ᠮᠦᠨ᠃ ᠠᠷᠠᠳ  ᠤᠨ ᠲᠦᠯᠦᠬᠡᠯᠡᠭᠴᠢ ᠪᠣᠯᠣᠭᠰᠠᠨ ᠤ ᠬᠤᠪᠢ ᠳᠤ ᠰᠢᠨ᠎ᠡ ᠬᠡᠯᠪᠡᠷᠢ ᠶᠢᠨ ᠬᠢᠵᠢᠭ ᠤᠨ ᠪᠠᠶᠢᠳᠠᠯ ᠢ ᠬᠤᠷᠢᠭᠯᠠᠬᠤ ᠪᠤᠯ ᠪᠢᠳᠡᠨ ᠤ ᠵᠠᠶᠢᠯᠠᠭᠤᠯᠵᠤ ᠪᠤᠯᠤᠰᠢ ᠦᠬᠡᠢ ᠲᠠᠷᠬᠠᠨ ᠬᠠᠷᠢᠭᠤᠴᠠᠯᠭ᠎ᠠ ᠮᠦᠨ᠃ ᠡᠶᠢᠮᠦ ᠠᠴᠠ ᠳᠠᠷᠠᠭᠠᠬᠢ ᠰᠠᠨᠠᠭᠠᠴᠢᠯᠠᠭ᠎ᠠ ᠶᠢ ᠲᠣᠷᠠᠳᠣᠶ᠎ᠠ᠄      ᠨᠢᠬᠡ᠂ ᠤᠯᠤᠰ ᠲᠦᠷᠦ ᠶᠢᠨ ᠵᠣᠭᠰᠣᠴᠠ ᠪᠠᠨ ᠲᠡᠭᠡᠭᠰᠢᠯᠡᠬᠦᠯᠵᠦ᠂ ᠬᠠᠷᠢᠭᠤᠴᠠᠯᠭᠠᠳᠣ ᠰᠡᠳᠬᠢᠯᠬᠡ ᠪᠠᠨ ᠨᠡᠮᠡᠭᠳᠡᠬᠦᠯᠬᠦ ᠬᠡᠷᠡᠭᠳᠡᠢ᠃ ᠲᠦᠪ ᠬᠤᠷᠢᠶ᠎ᠠ᠂ ᠦᠪᠡᠷᠳᠡᠬᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠣᠯᠠᠭᠠᠨᠬᠠᠳᠠ ᠬᠤᠳᠠ ᠶᠢᠨ ᠨᠠᠮ ᠤᠨ ᠬᠤᠷᠢᠶ᠎ᠠ᠂  ᠪᠠᠭᠠᠷᠢᠨ ᠪᠠᠷᠠᠭᠤᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠳᠠ ᠶᠤᠰᠣᠭᠠᠷ᠂ ᠡᠯ᠎ᠡ ᠱᠠᠳᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠢᠬᠡᠳᠦᠯᠳᠡᠢ ᠵᠢᠯᠤᠭᠤᠳᠣᠯᠭ᠎ᠠ ᠲᠣᠣᠷ᠎ᠠ ᠂ ᠰᠡᠷᠬᠡᠶᠢᠯᠡᠨ ᠬᠢᠵᠠᠭᠠᠷᠯᠠᠬᠤ ᠠᠵᠢᠯ ᠳᠤ ᠡᠮᠬᠢ ᠵᠢᠷᠦᠮ ᠲᠠᠢ ᠣᠷᠣᠯᠴᠠᠵᠤ᠂ ᠠᠷᠠᠳ ᠤᠨ ᠲᠦᠯᠦᠬᠡᠯᠡᠭᠴᠢ ᠶᠢᠨ ᠡᠬᠦᠷᠬᠡ ᠬᠠᠷᠢᠭᠤᠴᠠᠯᠭ᠎ᠠ ᠪᠠᠨ ᠣᠬᠠᠮᠰᠡᠷ ᠠᠴᠠ ᠪᠠᠨ ᠬᠦᠢᠴᠡᠳᠬᠡᠬᠦ ᠬᠡᠷᠡᠭᠳᠡᠢ᠃ ᠦᠵᠡᠯ ᠰᠠᠨᠠᠭ᠎ᠠ ᠦᠢᠯᠡ ᠠᠵᠢᠯᠯᠭ᠎ᠠ  ᠪᠠᠨ ᠲᠦᠪ ᠤᠨ ᠪᠠ ᠣᠷᠣᠨ ᠨᠤᠳᠤᠭ ᠤᠨ ᠡᠯ᠎ᠡ ᠱᠠᠳᠣᠨ ᠤ ᠨᠠᠮ ᠤᠨ ᠬᠤᠷᠢᠶᠠᠨ ᠤ ᠰᠢᠢᠳᠪᠦᠷᠢ ᠪᠠᠶᠢᠷᠢᠯᠠᠭᠤᠯᠤᠯᠳᠠ  ᠲᠠᠢ  ᠨᠢᠭᠡᠳᠬᠡᠵᠦ᠂ ᠰᠡᠷᠬᠡᠶᠢᠯᠡᠨ  ᠬᠢᠵᠠᠭᠠᠷᠯᠠᠬᠤ᠂ ᠬᠠᠮᠢᠶᠠᠷᠣᠨ ᠡᠵᠡᠮᠳᠡᠬᠦ ᠴᠢᠭᠯᠡᠯᠲᠡ᠂ ᠬᠠᠮᠢᠶ᠎ᠠ ᠪᠦᠬᠦᠢ ᠬᠠᠣᠯᠢ ᠴᠠᠭᠠᠵᠠ ᠬᠠᠣᠯᠢ ᠲᠦᠷᠢᠮ ᠵᠢᠴᠢ ᠰᠡᠷᠬᠡᠶᠢᠯᠡᠨ ᠬᠢᠵᠠᠭᠠᠷᠯᠠᠬᠤ ᠮᠡᠳᠡᠯᠭᠡ ᠶᠢ ᠦᠷᠬᠡᠨ ᠢᠶᠠᠷ ᠣᠬᠠᠭᠤᠯᠵᠤ᠂ ᠴᠣᠣᠷᠬᠠᠯ  ᠢ ᠢᠳᠡᠬᠡᠬᠦ ᠦᠬᠡᠢ᠂ ᠴᠣᠣᠷᠬᠠᠯ ᠲᠡᠷᠬᠠᠭᠠᠬᠤ ᠦᠬᠡᠢ᠂ ᠠᠶᠣᠵᠣ ᠰᠠᠨᠳᠤᠷᠬᠤ ᠦᠬᠡᠢ ᠪᠠᠶᠢᠵᠣ᠂ ᠬᠢᠵᠢᠭ ᠤᠨ ᠪᠠᠶᠢᠳᠠᠯ  ᠢ ᠰᠡᠷᠬᠡᠶᠢᠯᠡᠨ ᠬᠢᠵᠠᠭᠠᠷᠯᠠᠬᠤ ᠪᠠᠶᠢᠯᠳᠤᠭᠠᠨ ᠳᠤ ᠵᠠᠪᠠᠯ ᠢᠯᠡᠬᠤ ᠰᠠᠶᠢᠨ ᠰᠠᠶᠢᠬᠠᠨ ᠨᠡᠶᠢᠬᠡᠮ ᠤᠨ ᠶᠡᠷᠢᠶ᠎ᠠ ᠬᠡᠯᠡᠯᠴᠡᠭᠡᠨ  ᠤ ᠣᠷᠴᠢᠨ ᠢ ᠪᠤᠢ ᠪᠤᠯᠭᠠᠬᠤ ᠬᠡᠷᠡᠭᠳᠡᠢ᠃      ᠬᠤᠶᠠᠷ᠂ ᠬᠢᠵᠢᠭ ᠤᠨ ᠪᠠᠶᠢᠳᠠᠯ ᠤᠨ ᠬᠤᠪᠢᠷᠠᠯᠲᠠ ᠶᠢ ᠠᠩᠬᠠᠷᠴᠦ᠂ ᠡᠭᠦᠷᠬᠡ ᠬᠠᠷᠢᠭᠤᠴᠠᠯᠭ᠎ᠠ ᠪᠠᠨ ᠴᠢᠩᠭᠠᠳᠬᠠᠬᠤ ᠬᠡᠷᠡᠭᠳᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠵᠤ ᠡᠯ᠎ᠡ ᠵᠦᠢᠯ ᠤᠨ ᠲᠦᠷᠢᠮ ᠲᠣᠭᠳᠠᠭᠠᠯ ᠢ ᠲᠠᠭᠠᠭᠤᠯᠣᠨ ᠵᠢᠷᠦᠮᠯᠡᠵᠦ᠂ ᠸᠢᠷᠦ᠋ᠰ ᠲᠠᠮᠵᠢᠭᠤᠯᠬᠤ ᠠᠴᠠ ᠰᠡᠷᠬᠡᠶᠢᠯᠡᠬᠦ ᠬᠠᠮᠢᠶ᠎ᠠ ᠪᠦᠬᠦᠢ ᠱᠠᠭᠠᠷᠳᠠᠯᠭ᠎ᠠ  ᠶᠢ ᠣᠬᠠᠭᠤᠯᠵᠤ᠂ ᠦᠷᠬᠡᠨ ᠣᠯᠠᠨ ᠲᠦᠮᠡᠨ ᠤ ᠦᠪᠡᠷ ᠢ ᠪᠠᠨ ᠬᠠᠮᠠᠭᠠᠯᠠᠬᠤ ᠲᠠᠨᠢᠯᠳᠡ ᠪᠠᠨ ᠴᠢᠩᠭᠠᠳᠬᠠᠬᠤ ᠶᠢ ᠵᠢᠯᠣᠭᠤᠳᠣᠨ ᠱᠠᠭᠠᠷᠳᠠᠵᠤ᠂  ᠲᠣᠰ ᠣᠷᠣᠨ ᠤ ᠪᠠᠨ ᠬᠦᠮᠦᠰ ᠤᠨ ᠪᠠᠶᠢᠳᠡᠯ ᠢ  ᠪᠠᠶᠢᠩᠭᠤ ᠠᠩᠬᠠᠷᠴᠦ᠂ ᠬᠡᠷᠪᠡ ᠬᠠᠯᠠᠭᠤᠷᠠᠬᠤ᠂ ᠬᠠᠭᠤᠷᠠᠢ ᠪᠠᠷ ᠬᠠᠨᠢᠶᠠᠬᠤ ᠵᠡᠷᠬᠡ ᠡᠪᠡᠳᠴᠢᠨ ᠤ ᠪᠠᠶᠢᠳᠠᠯ ᠢᠯᠡᠷᠡᠬᠦ ᠪᠠ ᠭᠠᠳᠠᠷ ᠣᠷᠣᠨ ᠤ ᠬᠦᠮᠦᠨ ᠢᠷᠡᠪᠡᠯ ᠴᠠᠭ ᠲᠠᠷᠣᠢ ᠳᠤᠨᠢ ᠬᠠᠮᠢᠶ᠎ᠠ ᠪᠦᠬᠦᠢ ᠪᠠᠶᠢᠭᠤᠯᠭ᠎ᠠ ᠳᠤ ᠮᠡᠳᠡᠬᠦᠯᠬᠦ ᠬᠡᠷᠡᠭᠳᠡᠢ᠃ ᠡᠬᠦᠨ ᠤ ᠬᠠᠮᠳᠣ᠂ ᠦᠪᠡᠷ  ᠢ ᠪᠠᠨ ᠰᠡᠷᠬᠡᠶᠢᠯᠡᠨ ᠬᠢᠵᠠᠭᠠᠷᠯᠠᠬᠤ ᠶᠠᠪᠤᠳᠠᠯ ᠢ ᠰᠠᠶᠢᠲᠤᠷ ᠬᠢᠵᠦ᠂ ᠬᠠᠯᠠᠭᠤᠷᠠᠵᠤ ᠬᠠᠨᠢᠶᠠᠪᠠᠯ ᠴᠠᠭ ᠲᠠᠷᠣᠢ ᠳᠤᠨᠢ ᠡᠮᠨᠡᠨ ᠵᠠᠰᠠᠭᠤᠯᠬᠤ ᠬᠡᠷᠡᠭᠳᠡᠢ᠃      ᠭᠤᠷᠪᠠ᠂ ᠵᠢᠱᠢᠶᠡᠴᠢ ᠦᠢᠯᠡᠳᠦᠯ ᠢᠶᠠᠨ ᠬᠦᠢᠴᠡᠳ ᠪᠠᠳᠠᠷᠠᠭᠤᠯᠵᠤ᠂ ᠲᠤᠯᠭᠠᠮ᠎ᠠ ᠰᠡᠳᠬᠢᠯᠬᠡ ᠪᠠᠨ ᠨᠡᠮᠡᠭᠳᠡᠬᠦᠯᠬᠦ ᠬᠡᠷᠡᠭᠳᠡᠢ᠃《 ᠪᠢ ᠪᠤᠯ  ᠲᠦᠯᠦᠬᠡᠯᠡᠭᠴᠢ᠂ ᠨᠠᠳᠠ ᠠᠴᠠ ᠭᠠᠷᠳᠠᠨ ᠬᠢᠬᠦ ᠬᠡᠷᠡᠭᠳᠡᠢ 》 ᠬᠡᠰᠡᠨ ᠰᠡᠷᠬᠡᠶᠢᠯᠡᠨ ᠬᠢᠵᠠᠭᠠᠷᠯᠠᠬᠤ ᠲᠠᠨᠢᠯᠳᠡ ᠶᠢ ᠦᠨᠡᠨᠬᠦ ᠪᠤᠢ ᠪᠤᠯᠭᠠᠵᠤ᠂ ᠬᠢᠵᠢᠭ ᠤᠨ ᠪᠠᠶᠢᠳᠠᠯ ᠢ ᠰᠡᠷᠬᠡᠶᠢᠯᠡᠨ  ᠬᠢᠵᠠᠭᠠᠷᠯᠠᠬᠤ ᠶᠢ ᠣᠳᠣᠬᠠᠨ ᠤ ᠬᠠᠮᠤᠭ ᠤᠨ ᠴᠢᠬᠤᠯᠠ ᠲᠤᠯᠭᠠᠮ᠎ᠠ ᠡᠭᠦᠷᠬᠡ ᠪᠤᠯᠭᠠᠨ ᠠᠳᠬᠤᠵᠤ᠂ ᠠᠷᠠᠳ ᠤᠨ ᠲᠦᠯᠦᠬᠡᠯᠡᠭᠴᠢ ᠶᠢᠨ ᠵᠢᠱᠢᠶᠡᠴᠢ ᠦᠢᠯᠡᠳᠦᠯ ᠢ ᠢᠳᠡᠪᠬᠢᠳᠡᠢ ᠪᠠᠳᠠᠷᠠᠭᠤᠯᠵᠤ᠂《 ᠪᠢ ᠪᠤᠯ ᠠᠷᠠᠳ ᠤᠨ ᠲᠦᠯᠦᠬᠡᠯᠡᠭᠴᠢ᠂ ᠣᠷᠣᠨ ᠨᠤᠲᠤᠭ ᠢᠶᠠᠨ ᠲᠦᠯᠦᠬᠡᠯᠡᠨ᠎ᠡ  ᠃ ᠨᠤᠲᠤᠭ ᠤᠰᠤᠨ ᠳᠠᠭᠠᠨ ᠬᠠᠷᠢᠭᠤᠴᠠᠯᠭ᠎ᠠ ᠲᠠᠢ᠃ ᠬᠠᠷᠢᠭᠤᠴᠠᠯᠭ᠎ᠠ ᠪᠠᠨ ᠲᠣᠶᠢᠯᠪᠤᠷᠢᠲᠠᠢ ᠪᠡᠶᠡᠯᠡᠭᠦᠯᠦᠨ᠎ᠡ》 ᠶᠢ ᠪᠡᠶᠡᠯᠡᠬᠦᠯᠬᠦ ᠬᠡᠷᠡᠭᠳᠡᠢ᠃ ᠨᠠᠮ ᠤᠨ ᠬᠡᠰᠢᠬᠦᠨ ᠠᠷᠠᠳ  ᠤᠨ ᠲᠦᠯᠦᠬᠡᠯᠡᠭᠴᠢ ᠲᠠᠭᠠᠭᠤᠯᠬᠤ ᠦᠢᠯᠡᠳᠦᠯ ᠢᠶᠠᠨ ᠨᠠᠩ ᠰᠠᠶᠢᠨ ᠪᠠᠳᠠᠷᠠᠭᠤᠯᠵᠤ᠂ ᠦᠪᠡᠷ ᠤᠨ ᠪᠡᠶ᠎ᠡ᠂ ᠬᠡᠷ ᠪᠦᠯᠢ᠂ ᠰᠠᠳᠣᠨ ᠲᠦᠷᠦᠯ ᠢᠶᠠᠨ ᠰᠠᠶᠢᠳᠣᠷ ᠬᠠᠮᠢᠶᠠᠷᠴᠦ᠂ ᠬᠦᠷᠰᠢ ᠰᠠᠭᠠᠬᠠᠯᠳᠠ ᠪᠠᠨ ᠲᠠᠶᠢᠴᠢᠯᠠᠨ᠂ ᠠᠵᠢᠯᠳᠡᠳ ᠢ ᠬᠠᠪᠰᠦᠷᠣᠨ ᠰᠠᠭᠤᠭᠠᠯᠢ ᠠᠷᠠᠳ ᠲᠤ ᠭᠠᠳᠠᠭᠰᠢ ᠲᠣᠳᠠᠭᠤ ᠭᠠᠷᠴᠤ᠂ ᠵᠡᠬᠡᠯᠢ ᠳᠤ ᠲᠣᠳᠠᠭᠤ ᠲᠣᠭᠤᠷᠢᠨ᠂ ᠠᠶᠢᠯᠴᠢᠯᠠᠬᠤ ᠦᠬᠡᠢ᠂ ᠴᠣᠭᠯᠠᠷᠠᠬᠤ ᠦᠬᠡᠢ ᠪᠠᠶᠢᠬᠤ ᠶᠢ ᠢᠳᠬᠠᠨ ᠰᠠᠨᠠᠭᠤᠯᠬᠤ ᠬᠡᠷᠡᠭᠲᠡᠢ᠃ ᠬᠤᠯᠪᠤᠭᠠᠯᠠᠨ ᠰᠡᠷᠬᠡᠶᠢᠯᠡᠵᠦ᠂ ᠬᠤᠯᠪᠤᠭᠠᠯᠠᠨ ᠬᠢᠵᠠᠭᠠᠷᠯᠠᠵᠤ᠂ ᠨᠡᠶᠢᠬᠡᠮ ᠲᠣᠭᠤᠷᠢᠭ ᠢᠶᠠᠷ ᠢᠶᠠᠨ ᠰᠡᠷᠬᠡᠶᠢᠯᠡᠨ ᠬᠢᠵᠠᠭᠠᠷᠯᠠᠬᠤ ᠳᠤ ᠢᠳᠡᠪᠬᠢᠲᠡᠢ ᠣᠷᠣᠯᠴᠠᠨ᠂ ᠨᠡᠶᠢᠬᠡᠮ ᠤᠨ ᠪᠠᠶᠢᠳᠠᠯ ᠠᠷᠠᠳ ᠤᠨ ᠳᠤᠰᠬᠠᠯ ᠢ ᠴᠤᠭᠯᠠᠭᠤᠯᠤᠨ᠂ ᠡᠳ᠋ ᠪᠤᠳᠠᠰ ᠢ ᠬᠤᠷᠠᠮᠳᠣᠭᠤᠯᠣᠨ ᠲᠠᠷᠣᠬᠤ ᠪᠠ ᠪᠠᠷᠠᠭᠠᠨ ᠤ ᠦᠨ᠎ᠡ ᠶᠢ ᠦᠢᠮᠡᠭᠦᠯᠦᠨ ᠦᠰᠬᠡᠬᠦ ᠵᠡᠷᠬᠡ ᠬᠠᠣᠯᠢ ᠪᠣᠰᠣ ᠠᠵᠢᠯᠯᠠᠭ᠎ᠠ  ᠶᠢ ᠢᠯᠡᠴᠢᠯᠡᠨ ᠵᠠᠭᠠᠯᠳᠣᠵᠣ᠂ ᠬᠠᠮᠳᠣᠪᠡᠷ ᠨᠡᠶᠢᠬᠡᠮ ᠤᠨ ᠲᠣᠭᠳᠠᠭᠤᠨ ᠢ ᠬᠠᠮᠠᠭᠠᠯᠠᠬᠤ ᠬᠡᠷᠡᠭᠳᠡᠢ᠃      ᠲᠦᠷᠪᠠ᠂ ᠨᠡᠶᠢᠬᠡᠮ ᠨᠡᠶᠢᠲᠡ ᠶᠢᠨ ᠶᠣᠰᠣ ᠰᠤᠷᠲᠠᠬᠤᠨ ᠢ ᠪᠠᠳᠠᠷᠠᠭᠤᠯᠵᠤ᠂ ᠶᠤᠰᠣ ᠮᠣᠷᠠᠯ ᠤᠨ ᠰᠡᠳᠬᠢᠭᠳᠡᠯ ᠢ ᠨᠡᠮᠡᠭᠳᠡᠬᠦᠯᠬᠦ ᠬᠡᠷᠡᠭᠳᠡᠢ᠃ ᠪᠦᠬᠦ ᠬᠤᠰᠢᠭᠤᠨ ᠤ ᠡᠯ᠎ᠡ ᠱᠠᠳᠣᠨ ᠤ ᠠᠷᠠᠳ ᠤᠨ ᠲᠦᠯᠦᠬᠡᠯᠡᠭᠴᠢ ᠨᠡᠶᠢᠬᠡᠮ ᠤᠨ ᠶᠤᠰᠣ ᠰᠣᠷᠳᠠᠬᠤᠨ ᠤ ᠦᠵᠡᠯᠳᠡ ᠪᠠ ᠬᠠᠣᠯᠢ ᠪᠠᠷ ᠵᠠᠰᠠᠬᠤ ᠦᠵᠡᠯᠳᠡ ᠶᠢ ᠬᠦᠳᠡᠯᠦᠩᠬᠦᠢ ᠪᠠᠷ ᠣᠬᠠᠭᠤᠯᠤᠨ ᠲᠠᠶᠢᠴᠢᠯᠠᠵᠤ᠂ ᠵᠦᠪ ᠡᠨᠧᠷᠬᠢ ᠶᠢ ᠪᠠᠳᠠᠷᠠᠭᠤᠯᠣᠨ᠂ ᠨᠡᠶᠢᠬᠡᠮ ᠤᠨ ᠡᠨᠡᠷᠢᠩᠬᠦᠢ ᠰᠡᠳᠬᠢᠯᠬᠡ ᠶᠢ ᠲᠡᠯᠬᠡᠷᠡᠬᠦᠯᠵᠦ᠂ ᠬᠢᠵᠢᠭ ᠤᠨ ᠪᠠᠶᠢᠳᠠᠯ ᠢ ᠬᠤᠷᠢᠭᠯᠠᠬᠤ ᠪᠠᠶᠢᠯᠳᠤᠭᠠᠨ ᠳᠤ ᠡᠳ᠋ ᠪᠣᠳᠠᠰ ᠵᠤᠭᠤᠰ ᠮᠦᠩᠬᠦ ᠬᠠᠨᠳᠢᠪᠯᠠᠵᠤ᠂ ᠠᠷᠠᠳ ᠤᠨ ᠲᠦᠯᠦᠬᠡᠯᠡᠭᠴᠢ ᠶᠢᠨ ᠬᠦᠴᠦᠨ ᠴᠢᠳᠡᠯ ᠢᠶᠠᠨ ᠡᠷᠭᠦᠬᠦ ᠬᠡᠷᠡᠭᠳᠡᠢ᠃      ᠲᠦᠯᠦᠬᠡᠯᠡᠭᠴᠢᠳ ᠡ᠂ ᠨᠢᠬᠡ ᠲᠦᠯᠦᠬᠡᠯᠡᠭᠴᠢ ᠪᠤᠯ ᠨᠢᠭᠡ ᠳᠠᠭᠤᠷᠢᠶᠠᠯ ᠮᠦᠨ᠃ ᠲᠦᠯᠦᠬᠡᠯᠡᠭᠴᠢ ᠪᠣᠯᠣᠭᠰᠠᠨ ᠤ ᠤᠴᠢᠷ ᠠᠴᠠ ᠣᠯᠠᠨ ᠢ ᠳᠠᠭᠠᠭᠤᠯᠤᠨ᠂ ᠬᠢᠵᠢᠭ ᠤᠨ ᠪᠠᠶᠢᠳᠠᠯ ᠢ ᠡᠰᠡᠷᠬᠦᠴᠡᠬᠦ ᠳᠤ ᠥᠪᠡᠷ ᠠᠴᠠ ᠪᠠᠨ ᠡᠬᠢᠯᠡᠵᠦ ᠬᠢᠶ᠎ᠡ᠃ ᠪᠢᠳᠡ ᠬᠠᠮᠳᠣᠪᠠᠷ ᠰᠠᠨᠠᠭᠠᠴᠢᠯᠠᠬᠤ ᠨᠢ᠄ ᠰᠢᠨᠵᠢᠯᠡᠬᠦ ᠣᠬᠠᠭᠠᠨ ᠢ ᠬᠦᠨᠳᠦᠳᠬᠡᠨ᠂ ᠠᠯᠪᠠᠨ ᠤ ᠣᠬᠠᠭᠤᠯᠭ᠎ᠠ ᠶᠢ ᠰᠣᠨᠣᠰᠴᠦ᠂ ᠴᠣᠣᠷᠬᠠᠯ ᠢ ᠢᠳᠡᠬᠡᠬᠦ ᠦᠬᠡᠢ᠂ ᠴᠣᠣᠷᠬᠠᠯ ᠲᠠᠷᠬᠠᠭᠠᠬᠤ ᠦᠬᠡᠢ᠂ ᠠᠮᠠᠪᠴᠢ ᠵᠡᠬᠦᠵᠦ ᠂ ᠭᠠᠷ ᠢᠶᠠᠨ ᠪᠠᠶᠢᠩᠭᠤ ᠤᠬᠢᠶᠠᠨ᠂ ᠦᠷᠬᠦᠯᠵᠢ ᠠᠷᠢᠭᠤᠳᠬᠠᠵᠤ᠂ ᠴᠣᠭᠯᠠᠭᠠᠨ ᠪᠤᠯᠬᠤ ᠦᠬᠡᠢ ᠪᠠᠶᠢᠵᠤ᠂ ᠬᠢᠵᠢᠭ ᠢ ᠰᠡᠷᠬᠡᠶᠢᠯᠡᠨ ᠬᠢᠵᠠᠭᠠᠷᠯᠠᠬᠤ ᠳᠠᠶᠢᠯᠠᠯᠳᠤᠭᠠᠨ ᠳᠤ ᠢᠯᠠᠬᠤ ᠶᠢᠨ ᠲᠥᠯᠥᠭᠡ ᠦᠵᠡᠭᠦᠯᠪᠡᠰᠦ ᠵᠤᠬᠢᠬᠤ ᠬᠤᠪᠢ ᠨᠡᠮᠡᠷᠢ  ᠪᠠᠨ ᠦᠵᠡᠭᠦᠯᠰᠦᠭᠡᠢ  ᠃                                                                    ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠲᠦᠯᠦᠬᠡᠯᠡᠭᠴᠢᠳ ᠤᠨ                                  ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ                                                        2020  ᠣᠨ ᠤ 2  ᠰᠠᠷ᠎ᠠ ᠶᠢᠨ 1 ᠤ ᠡᠳᠦᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05001926号-2