ᠪᠠᠭᠠᠷᠢᠨ ᠪᠠᠷᠠᠭᠤᠨ ᠬᠤᠰᠢᠭᠤᠨ ᠤ ᠥᠷᠭᠡᠨ ᠣᠯᠠᠨ ᠰᠠᠭᠤᠭᠠᠯᠢ ᠠᠷᠠᠳ ᠲᠤ ᠥᠭᠭᠦᠭᠰᠡᠨ ᠵᠠᠬᠢᠳᠠᠯ
ᠨᠡᠶᠢᠲᠡᠯᠡᠭᠰᠡᠨ ᠴᠠᠭ᠄
2020-02-09
ᠰᠠᠭᠤᠭᠠᠯᠢ ᠠᠷᠠᠳ ᠤᠳ ᠡ᠄      2 ᠰᠠᠷ᠎ᠠ ᠶᠢᠨ 5 ᠤ ᠡᠳᠦᠷ᠂ ᠮᠠᠨ ᠤ ᠬᠤᠲᠠ ᠳᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠡᠪᠡᠳᠴᠢᠨ ᠤ ᠵᠢᠱᠢᠶ᠎ᠡ 1 ᠶᠢ ᠰᠢᠨ᠎ᠡ ᠪᠠᠷ ᠣᠨᠣᠰᠢᠯᠠᠪᠠ᠃ ᠲᠣᠰ ᠡᠪᠡᠳᠴᠢᠨ ᠤ ᠵᠢᠱᠢᠶ᠎ᠡ ᠪᠣᠯ ᠬᠤᠶᠠᠳᠤᠭᠠᠷ ᠦᠶ᠎ᠡ ᠶᠢᠨ ᠬᠠᠯᠳᠠᠪᠤᠷᠢᠯᠠᠯ ᠪᠣᠯᠤᠨ᠎ᠠ᠃ ᠦᠬᠠᠨ ᠠᠴᠠ ᠬᠠᠷᠢᠵᠤ ᠢᠷᠡᠭᠰᠡᠨ ᠲᠤᠬᠠᠶ ᠶᠢᠨ ᠬᠥᠮᠥᠨ ᠨᠢ ᠨᠢᠭᠡᠨᠲᠡ ᠠᠵᠢᠭᠯᠠᠬᠤ ᠬᠤᠭᠤᠴᠠᠭ᠎ᠠ ︵14 ᠡᠳᠦᠷ︶  ᠥᠩᠭᠡᠷᠡᠵᠦ ᠶᠠᠮᠠᠷ ᠴᠤ ᠡᠪᠡᠳᠴᠢᠨ ᠤ ᠢᠯᠡᠷᠡᠯ  ᠪᠠᠶᠢᠭᠰᠠᠨ ᠥᠬᠡᠶ᠃ ᠭᠡᠪᠡᠴᠦ ᠲᠡᠭᠦᠨ ᠤ 77 ᠨᠠᠰᠤᠲᠠᠶ  ᠠᠪᠤ ᠨᠢ ᠬᠠᠷᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢᠶᠠᠷ ᠣᠨᠣᠰᠢᠯᠠᠭᠳᠠᠪᠠ᠃      ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠣᠶᠢᠷ᠎ᠠ ᠳᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ  ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠣᠨᠣᠰᠢᠯᠠᠨ ᠡᠮᠨᠡᠬᠦ ᠲᠥᠰᠦᠯ ︵ᠲᠤᠷᠰᠢᠨ ᠬᠡᠷᠡᠭᠵᠢᠭᠦᠯᠬᠦ ᠲᠠᠪᠤᠳᠤᠭᠠᠷ ᠬᠡᠪᠯᠡᠯ︶︾  ᠤᠨ ᠬᠠᠯᠳᠠᠪᠤᠷᠢᠯᠠᠬᠤ ᠢᠷᠡᠯᠲᠡ ᠶᠢᠨ ᠲᠤᠬᠠᠢ ᠬᠡᠰᠡᠭ ᠲᠤ ︽ᠡᠪᠡᠳᠴᠢᠨ ᠤ ᠢᠯᠡᠷᠡᠯ ᠥᠬᠡᠶ ᠬᠠᠯᠳᠠᠪᠤᠷᠢ ᠠᠪᠤᠭᠰᠠᠳ ᠨᠢ ᠴᠦ ᠬᠠᠯᠳᠠᠪᠤᠷᠢ ᠶᠢᠨ ᠢᠷᠡᠯᠲᠡ ᠪᠣᠯᠵᠣ ᠮᠡᠳᠡᠨ᠎ᠡ︾ ᠭᠡᠵᠦ ᠨᠡᠮᠡᠵᠦ ᠣᠷᠣᠭᠤᠯᠵᠠᠢ᠃      ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠨᠠᠩ ᠪᠤᠳᠤᠯᠢᠶᠠᠨᠲᠠᠶ ᠬᠦᠨᠳᠦ ᠰᠦᠷᠡᠬᠡᠢ ᠪᠣᠯᠵᠤ᠂ ᠸᠢᠷᠦ᠋ᠰ ᠬᠠᠯᠳᠠᠪᠤᠷᠢᠯᠠᠬᠤ ᠵᠠᠮ ᠢ ᠬᠤᠷᠢᠭᠯᠠᠨ ᠲᠠᠰᠤᠯᠬᠤ ᠶᠠᠪᠤᠳᠠᠯ ᠨᠢ ᠮᠥᠨ ᠯᠡ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠢᠨ ᠵᠠᠩᠭᠢᠯᠠᠭ᠎ᠠ ᠪᠣᠯᠵᠤ᠂ ᠥᠷᠭᠡᠵᠢᠨ ᠲᠠᠷᠬᠠᠬᠤ ᠶᠢ ᠰᠡᠷᠭᠡᠶᠢᠯᠡᠬᠦ ᠨᠢ ᠮᠥᠨ ᠯᠡ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠣᠭᠰᠠᠭᠠᠷ ᠪᠠᠶᠢᠨ᠎ᠠ᠃ ᠬᠢᠵᠢᠭ ᠤᠨ ᠪᠠᠶᠢᠳᠠᠯ ᠤᠨ ᠡᠮᠦᠨ᠎ᠡ᠂ ᠪᠢᠳᠡ ᠨᠢᠭᠡ ᠰᠡᠳᠬᠢᠯ ᠬᠠᠮᠲᠤ ᠶᠢᠨ ᠵᠣᠷᠢᠭ ᠢᠶᠠᠷ ᠬᠦᠴᠦᠨ  ᠢᠶᠠᠨ ᠨᠢᠭᠲᠠᠷᠠᠭᠤᠯᠤᠨ ᠲᠡᠮᠡᠴᠡᠵᠦ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠵᠤ᠂ ᠡᠨᠡ ᠤᠳᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠵᠤ ᠬᠤᠷᠢᠭᠯᠠᠨ ᠴᠣᠬᠢᠬᠤ ᠪᠠᠶᠢᠯᠳᠤᠭᠠᠨ ᠤ ᠬᠠᠮᠲᠤ ᠶᠢᠨ ᠢᠯᠠᠯᠲᠠ ᠶᠢ ᠣᠯᠬᠤ ᠬᠡᠷᠡᠭᠲᠡᠢ᠃ ᠠᠯᠢ ᠴᠢᠳᠠᠬᠤ ᠪᠠᠷ ᠭᠠᠳᠠᠭᠰᠢ ᠭᠠᠷᠬᠤ ᠦᠭᠡᠢ᠂ ᠠᠶᠢᠯᠴᠢᠯᠠᠬᠤ ᠦᠭᠡᠢ᠂ ᠴᠤᠭᠯᠠᠭᠠᠨ ᠪᠣᠯᠬᠤ ᠦᠭᠡᠢ᠂ ᠬᠥᠮᠦᠨ ᠣᠯᠠᠨ ᠲᠠᠢ ᠭᠠᠵᠠᠷ ᠣᠴᠢᠬᠤ ᠦᠭᠡᠢ ᠪᠠᠶᠢᠬᠤ ᠶᠢ ᠣᠯᠠᠨ ᠳᠤ ᠬᠦᠰᠡᠶ᠎ᠡ᠃ ᠤᠴᠢᠷ ᠨᠢ ᠪᠢᠳᠡ ᠭᠠᠳᠠᠭᠰᠢ ᠭᠠᠷᠤᠭᠠᠳ ︽ᠡᠪᠡᠳᠴᠢᠨ ᠤ ᠰᠢᠨᠵᠢ ᠦᠭᠡᠢ ᠬᠠᠯᠳᠠᠪᠤᠷᠢ ᠠᠪᠤᠭᠰᠠᠳ︾ ᠲᠠᠢ ᠣᠶᠢᠷᠠᠲᠤᠵᠤ ᠬᠦᠷᠦᠯᠴᠡᠭᠰᠡᠨ ᠡᠰᠡᠬᠦ ᠪᠠᠨ ᠮᠡᠳᠡᠬᠦ ᠦᠭᠡᠢ ᠶᠤᠮ᠃     ᠰᠠᠭᠤᠭᠠᠯᠢ ᠠᠷᠠᠳ ᠡ᠂ ᠲᠠ ᠭᠡᠷ ᠲᠡᠭᠡᠨ ᠰᠠᠭᠤᠵᠤ ᠯᠡ ᠪᠠᠶᠢᠪᠠᠯ ᠥᠪᠡᠷ ᠲᠡᠭᠡᠨ ᠪᠠ ᠭᠡᠷ ᠤᠨ ᠬᠥᠮᠦᠰ ᠲᠡᠭᠡᠨ ᠬᠠᠷᠢᠭᠤᠴᠠᠭᠰᠠᠨ ᠶᠠᠪᠤᠳᠠᠯ ᠪᠣᠯᠣᠨ᠎ᠠ᠃ ᠨᠡᠶᠢᠭᠡᠮ ᠳᠤ ᠬᠠᠮᠤᠭ ᠤᠨ ᠶᠡᠭᠡ ᠬᠤᠪᠢ ᠨᠡᠮᠡᠷᠢ ᠦᠵᠡᠭᠦᠯᠦᠭᠰᠡᠨ ᠶᠠᠪᠤᠳᠠᠯ ᠪᠣᠯᠣᠨ᠎ᠠ᠃ ᠨᠠᠩ ᠴᠤ ᠠᠶᠤᠯ ᠲᠦᠭᠰᠢᠭᠦᠷᠢ ᠶᠢ ᠰᠥᠷᠦᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠡᠮᠦᠨ᠎ᠡ ᠹᠷᠣᠨᠲ ᠳᠤ ᠲᠡᠮᠡᠴᠡᠵᠦ ᠪᠠᠶᠢᠭ᠎ᠠ ᠬᠥᠮᠦᠰ ᠢ ᠬᠠᠮᠤᠭ ᠶᠡᠭᠡ ᠪᠠᠷ ᠳᠡᠮᠵᠢᠭᠰᠡᠨ ᠶᠠᠪᠤᠳᠠᠯ ᠪᠣᠯᠣᠨ᠎ᠠ  ︕             ᠪᠠᠭᠠᠷᠢᠨ ᠪᠠᠷᠠᠭᠤᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠬᠠᠯᠳᠠᠪᠤᠷᠢᠯᠠᠭᠰᠠᠨ               ᠠᠭᠤᠰᠬᠢᠨ  ᠦᠷᠪᠢᠰᠦᠯ  ᠢ ᠰᠡᠷᠭᠡᠶᠢᠯᠡᠨ  ᠬᠢᠵᠠᠭᠠᠷᠯᠠᠬᠤ ᠠᠵᠢᠯ  ᠤᠨ ᠵᠢᠯᠣᠭᠤᠳᠬᠤ ᠭᠠᠵᠠᠷ                                   2020 ᠣᠨ ᠤ 2 ᠰᠠᠷ᠎ᠠ ᠶᠢᠨ 7 ᠤ ᠡᠳᠦᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05001926号-2