ᠣᠳᠣᠬᠠᠨ ᠳᠤ᠂ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠦᠷᠢᠯᠠᠭᠰᠠᠨ ᠠᠭᠤᠰᠬᠢᠨ ᠤ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠵᠠᠩᠭᠢᠯᠠᠭ᠎ᠠ ᠶᠢᠨ ᠬᠤᠭᠤᠴᠠᠭᠠᠨ ᠳᠤ | ᠤᠷᠤᠵᠤ᠂ ᠴᠥᠭᠡᠨ ᠲᠣᠭᠠᠨ ᠤ ᠬᠢᠵᠢᠭ ᠤᠨ ᠭᠤᠤᠯᠳᠠᠯᠭ᠎ᠠ ᠲᠠᠢ ᠭᠠᠵᠠᠷ ᠣᠷᠣᠨ ᠳᠤ ᠰᠠᠭᠤᠵᠤ ᠵᠢᠭᠤᠯᠴᠢᠯᠠᠭᠰᠠᠨ | ᠦᠩᠭᠡᠷᠡᠯᠲᠡ ᠲᠠᠢ᠂ ᠣᠨᠣᠰᠢᠯᠠᠭᠰᠠᠨ ᠡᠪᠡᠳᠴᠢᠨ ᠤ ᠵᠢᠱᠢᠶ᠎ᠡ ᠲᠠᠢ ᠨᠢᠭᠲᠠ ᠣᠶᠢᠷᠠᠲᠤᠭᠰᠠᠨ ᠦᠩᠭᠡᠷᠡᠯᠲᠡ ᠲᠠᠢ | ᠵᠡᠷᠭᠡ ᠬᠥᠮᠦᠰ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠱᠠᠭᠠᠷᠳᠠᠯᠭ᠎ᠠ ᠶᠢ ᠵᠢᠷᠤᠮᠯᠠᠬᠤ ᠶᠢ ᠲᠡᠪᠴᠢᠵᠦ᠂ | ᠡᠪᠡᠳᠴᠢᠨ ᠤ ᠪᠠᠶᠢᠳᠠᠯ᠂ ᠠᠶᠠᠨ ᠵᠠᠮ᠂ ᠣᠶᠢᠷᠠᠲᠤᠭᠰᠠᠨ ᠦᠩᠭᠡᠷᠡᠯᠲᠡ ᠵᠡᠷᠭᠡ ᠬᠠᠮᠢᠶ᠎ᠠ ᠪᠥᠬᠦᠶ ᠮᠡᠳᠡᠭᠡ ᠵᠠᠩᠭᠢ ᠶᠢ | ᠵᠣᠷᠢᠭᠤᠳᠠ ᠨᠢᠭᠤᠨ ᠳᠠᠯᠳᠠᠯᠠᠵᠤ᠂ ᠸᠢᠷᠦ᠋ᠰ ᠤᠨ ᠲᠠᠷᠬᠠᠬᠤ ᠠᠶᠤᠯ ᠳᠦᠭᠰᠢᠭᠦᠷᠢ ᠢ ᠪᠣᠶ ᠪᠣᠯᠭᠠᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠡᠮᠬᠢ ᠵᠢᠷᠤᠮ ᠢ ᠰᠠᠮᠠᠭᠤᠷᠠᠭᠤᠯᠵᠤ᠂ ᠠᠷᠠᠳ ᠣᠯᠠᠨ ᠤ ᠠᠮᠢ ᠨᠠᠰᠤᠨ ᠤ ᠠᠮᠤᠷ | ᠲᠦᠪᠰᠢᠨ ᠪᠠ ᠪᠡᠶ᠎ᠡ ᠶᠢᠨ ᠡᠷᠡᠭᠦᠯ ᠮᠡᠨᠳᠦ ᠶᠢ ᠬᠦᠨᠳᠦ ᠨᠣᠴᠢᠲᠠᠶ ᠬᠤᠬᠢᠷᠠᠭᠤᠯᠵᠤ᠂ ᠣᠯᠠᠨ ᠨᠡᠶᠢᠲᠡ ᠶᠢᠨ ᠠᠮᠤᠷ | ᠲᠦᠪᠰᠢᠨ ᠳᠤ ᠬᠤᠤᠷ ᠬᠥᠨᠥᠭᠡᠯ ᠤᠴᠠᠷᠠᠭᠤᠯᠵᠤ ᠪᠠᠶᠢᠨ᠎ᠠ᠃ ᠳᠡᠭᠡᠷ᠎ᠡ ᠳᠤᠷᠠᠳᠤᠭᠰᠠᠨ ᠬᠠᠤᠯᠢ ᠶᠢ ᠵᠥᠷᠢᠴᠡᠭᠰᠡᠨ | ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠵᠠᠯᠬᠠᠭᠠᠨ ᠰᠢᠢᠳᠬᠡᠬᠦ ᠶᠢᠨ ᠲᠥᠯᠥᠭᠡ᠂ ᠬᠤᠯᠪᠣᠭᠳᠠᠯ ᠪᠦᠬᠦᠢ ᠬᠠᠤᠯᠢ | ᠴᠠᠭᠠᠵᠠ ᠶᠢᠨ ᠲᠣᠭᠲᠠᠭᠠᠯ ᠢ ᠦᠨᠳᠦᠰᠦᠯᠡᠨ᠂ ᠳᠣᠤᠷᠠᠬᠢ ᠮᠡᠲᠦ ᠵᠠᠷᠯᠠᠪᠠ᠄ | ᠨᠢᠭᠡ᠂ ᠶᠠᠮᠠᠷᠪᠠ ᠨᠢᠭᠡᠴᠡ ᠪᠣᠯᠤᠨ ᠬᠤᠪᠢ ᠬᠥᠮᠦᠨ ᠤᠯᠠᠭᠠᠨᠬᠠᠳᠠ ᠬᠤᠲᠠ ᠪᠣᠯᠤᠨ ᠪᠠᠭᠠᠷᠢᠨ ᠪᠠᠷᠠᠭᠤᠨ | ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠦᠷᠢᠯᠠᠭᠰᠠᠨ ᠠᠭᠤᠰᠬᠢᠨ ᠤ ᠦᠷᠪᠢᠰᠦᠯ ᠢ | ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ ᠤᠨ ᠨᠡᠶᠢᠲᠡᠯᠡᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ | ᠬᠢᠵᠠᠭᠠᠷᠯᠠᠬᠤ ᠲᠣᠭᠲᠠᠭᠠᠯ᠂ ᠵᠠᠷᠯᠢᠭ ᠢ ᠨᠥᠬᠦᠴᠡᠯ ᠦᠭᠡᠢ ᠪᠠᠷ ᠲᠠᠭᠠᠬᠤ ᠶᠤᠰᠤᠲᠠᠢ ᠪᠠᠶᠢᠵᠦ᠂ ᠤᠬᠠᠮᠰᠠᠷ ᠠᠴᠠ ᠪᠠᠨ | ᠣᠯᠠᠨ ᠨᠡᠶᠢᠲᠡ ᠶᠢᠨ ᠲᠠᠯᠠᠪᠤᠷ ᠲᠤ ᠠᠮᠠᠪᠴᠢ ᠵᠡᠭᠦᠵᠦ᠂ ᠡᠷᠡᠭᠦᠯ ᠢ ᠬᠠᠮᠠᠭᠠᠯᠠᠵᠤ ᠬᠢᠵᠢᠭ ᠢ ᠰᠡᠷᠭᠡᠶᠢᠯᠡᠬᠦ ᠡᠮᠴᠢᠯᠡᠭᠡᠨ | ᠤ ᠪᠠᠶᠢᠭᠤᠯᠤᠮᠵᠢ ᠵᠢᠴᠢ ᠰᠣᠮᠣ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ | ᠵᠡᠷᠭᠡ ᠵᠣᠬᠢᠶᠠᠨ ᠪᠠᠶᠢᠭᠤᠯᠣᠯᠲᠠ᠂ ᠠᠵᠢᠯᠲᠠᠳ ᠤᠨ ᠠᠵᠢᠯ ᠲᠠᠢ ᠬᠠᠮᠵᠢᠯᠴᠠᠨ ᠪᠡᠶ᠎ᠡ ᠶᠢᠨ ᠳᠤᠯᠠᠭᠠᠨ ᠢ ᠬᠡᠮᠵᠢᠨ | ᠪᠠᠶᠢᠴᠠᠭᠠᠬᠤ᠂ ᠰᠠᠭᠤᠭᠠᠯᠢ ᠲᠣᠭᠤᠷᠢᠭ ᠲᠤ ᠭᠠᠷᠴᠣ ᠣᠷᠣᠬᠤ ᠶᠢ ᠳᠠᠩᠰᠠᠯᠠᠬᠤ᠂ ᠬᠡᠮᠵᠢᠨ ᠪᠠᠶᠢᠴᠠᠭᠠᠵᠤ ᠥᠯᠢᠭᠡᠷ | ᠡᠳ᠋ ᠴᠤᠭᠯᠠᠭᠤᠯᠬᠤ᠂ ᠲᠤᠰᠠᠭᠠᠷᠯᠠᠵᠤ ᠠᠵᠢᠭᠯᠠᠬᠤ᠂ ᠲᠤᠰᠠᠭᠠᠷᠯᠠᠵᠤ ᠡᠮᠨᠡᠨ ᠵᠠᠰᠠᠬᠤ ᠵᠡᠷᠭᠡ ᠰᠡᠷᠭᠡᠶᠢᠯᠡᠨ | ᠬᠢᠵᠠᠭᠠᠷᠯᠠᠬᠤ ᠠᠷᠭ᠎ᠠ ᠬᠡᠮᠵᠢᠶ᠎ᠡ ᠶᠢ ᠤᠬᠠᠮᠰᠠᠷ ᠠᠴᠠ ᠪᠠᠨ ᠬᠦᠯᠢᠶᠡᠵᠦ᠂ ᠡᠪᠡᠳᠴᠢᠨ ᠤ ᠪᠠᠶᠢᠳᠠᠯ᠂ ᠰᠠᠭᠤᠵᠤ | ᠵᠢᠭᠤᠯᠴᠢᠯᠠᠭᠰᠠᠨ ᠦᠩᠭᠡᠷᠡᠯᠲᠡ᠂ ᠨᠢᠭᠲᠠ ᠣᠶᠢᠷᠠᠲᠤᠭᠰᠠᠨ ᠬᠥᠮᠦᠰ ᠵᠡᠷᠭᠡ ᠬᠠᠮᠢᠶ᠎ᠠ ᠪᠥᠬᠦᠶ ᠪᠠᠶᠢᠳᠠᠯ ᠢ | ᠰᠠᠨᠠᠭᠠᠴᠢᠯᠠᠭ᠎ᠠ ᠠᠴᠠ ᠪᠠᠨ ᠦᠨᠡᠨ ᠪᠣᠳᠠᠲᠠᠶ ᠪᠠᠷ ᠮᠡᠳᠡᠭᠦᠯᠬᠦ ᠬᠡᠷᠡᠭᠲᠡᠶ᠃ ᠤᠳᠠᠭᠠᠰᠢᠷᠠᠭᠤᠯᠤᠨ ᠮᠡᠳᠡᠭᠦᠯᠬᠦ᠂ | ᠣᠷᠬᠢᠭᠳᠠᠭᠤᠯᠤᠨ ᠮᠡᠳᠡᠭᠦᠯᠬᠦ᠂ ᠳᠠᠷᠤᠭᠠᠳ ᠮᠡᠳᠡᠭᠦᠯᠬᠦ ᠦᠭᠡᠢ ᠪᠤᠶᠤ ᠬᠤᠳᠠᠯ ᠢᠶᠠᠷ ᠮᠡᠳᠡᠭᠦᠯᠵᠦ ᠪᠣᠯᠬᠤ ᠦᠭᠡᠢ᠃ | ᠬᠤᠶᠠᠷ᠂ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠦᠷᠢᠯᠠᠭᠰᠠᠨ ᠠᠭᠤᠰᠬᠢᠨ ᠤ ᠦᠷᠪᠢᠰᠦᠯ ᠳᠤ | ᠨᠡᠷᠪᠡᠭᠳᠡᠭᠰᠡᠨ ᠪᠤᠶᠤ ᠰᠡᠵᠢᠭᠯᠡᠯᠲᠡᠶ᠂ ᠡᠪᠡᠳᠴᠢᠨ ᠤ ᠪᠠᠶᠢᠳᠠᠯ᠂ ᠰᠠᠭᠤᠵᠤ ᠵᠢᠭᠤᠯᠴᠢᠯᠠᠭᠰᠠᠨ ᠦᠩᠭᠡᠷᠡᠯᠲᠡ᠂ ᠨᠢᠭᠲᠠ | ᠣᠶᠢᠷᠠᠲᠤᠭᠰᠠᠨ ᠬᠥᠮᠦᠰ ᠵᠡᠷᠭᠡ ᠮᠡᠳᠡᠭᠡ ᠵᠠᠩᠭᠢ ᠶᠢ ᠨᠢᠭᠤᠨ ᠳᠠᠯᠳᠠᠯᠠᠭᠰᠠᠨ ᠪᠤᠶᠤ ᠬᠤᠳᠠᠯ ᠢᠶᠠᠷ ᠮᠡᠳᠡᠭᠦᠯᠦᠭᠰᠡᠨ᠂ | ᠡᠰᠡᠬᠦᠯ᠎ᠡ ᠲᠤᠰᠠᠭᠠᠷᠯᠠᠬᠤ᠂ ᠲᠤᠰᠠᠭᠠᠷᠯᠠᠵᠤ ᠡᠮᠨᠡᠨ ᠵᠠᠰᠠᠬᠤ ᠬᠠᠮᠢᠶ᠎ᠠ ᠪᠥᠬᠦᠶ ᠲᠣᠭᠲᠠᠭᠠᠯ ᠢ ᠵᠥᠷᠢᠴᠡᠵᠦ᠂ ᠣᠯᠠᠨ | ᠨᠡᠶᠢᠲᠡ ᠶᠢᠨ ᠲᠠᠯᠠᠪᠤᠷ ᠲᠤ ᠣᠷᠣᠵᠤ ᠭᠠᠷᠬᠤ᠂ ᠬᠥᠮᠦᠨ ᠴᠤᠭᠯᠠᠷᠠᠭᠰᠠᠨ ᠠᠵᠢᠯᠯᠠᠭ᠎ᠠ ᠳᠤ ᠣᠷᠣᠯᠴᠠᠵᠤ᠂ ᠰᠢᠨ᠎ᠡ | ᠬᠡᠯᠪᠡᠷᠢ ᠶᠢᠨ ᠲᠢᠲᠢᠮᠯᠢᠭ ᠸᠢᠷᠦ᠋ᠰ ᠢ ᠵᠣᠷᠢᠭᠤᠳᠠ ᠤᠯᠠᠮᠵᠢᠯᠠᠨ ᠲᠠᠷᠬᠠᠭᠠᠭᠰᠠᠨ ᠪᠤᠶᠤ ᠸᠢᠷᠦ᠋ᠰ ᠤᠨ ᠬᠠᠯᠳᠠᠪᠤᠷᠢᠯᠠᠬᠤ | ᠠᠶᠣᠯ ᠢ ᠪᠣᠶ ᠪᠣᠯᠭᠠᠵᠤ᠂ ᠣᠯᠠᠨ ᠨᠡᠶᠢᠲᠡ ᠶᠢᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠤᠭᠰᠠᠨ | ᠪᠠᠶᠢᠪᠠᠯ᠂ ᠬᠠᠤᠯᠢ ᠶᠣᠰᠣᠭᠠᠷ ᠠᠶᠤᠯᠲᠠᠶ ᠪᠠᠷ ᠣᠯᠠᠨ ᠨᠡᠶᠢᠲᠡ ᠶᠢᠨ ᠠᠮᠤᠷ ᠲᠦᠪᠰᠢᠨ ᠳᠤ ᠬᠤᠤᠷ ᠬᠥᠨᠥᠭᠡᠯ | ᠤᠴᠠᠷᠠᠭᠤᠯᠤᠭᠰᠠᠨ ᠶᠠᠯ᠎ᠠ ᠪᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠭᠤᠷᠪᠠ᠂ ᠬᠢᠵᠢᠭ ᠤᠨ ᠪᠠᠶᠢᠴᠠᠭᠠᠯᠲᠠ ᠬᠢᠬᠦ᠂ ᠠᠯᠪᠠᠳᠠᠯᠭ᠎ᠠ ᠪᠠᠷ ᠲᠤᠰᠠᠭᠠᠷᠯᠠᠬᠤ ᠪᠤᠶᠤ ᠡᠮᠨᠡᠨ ᠵᠠᠰᠠᠬᠤ ᠶᠢ | ᠲᠡᠪᠴᠢᠭᠡᠳ᠂ ᠤᠰᠤᠯ ᠠᠳᠡᠯ ᠭᠠᠷᠭᠠᠵᠤ ᠬᠠᠯᠳᠠᠪᠤᠷᠢᠲᠤ ᠡᠪᠡᠳᠴᠢᠨ ᠲᠠᠷᠬᠠᠵᠤ᠂ ᠦᠢᠯᠡ ᠪᠠᠶᠢᠳᠠᠯ ᠨᠢ ᠬᠦᠨᠳᠦ | ᠨᠣᠴᠢᠲᠠᠶ᠂ ᠤᠯᠠᠨ ᠨᠡᠶᠢᠲᠡ ᠶᠢᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠤᠭᠰᠠᠨ ᠪᠠᠶᠢᠪᠠᠯ᠂ ᠬᠠᠤᠯᠢ | ᠶᠣᠰᠣᠭᠠᠷ ᠤᠰᠤᠯ ᠠᠳᠡᠯ ᠠᠴᠠ ᠪᠤᠯᠵᠤ ᠠᠶᠤᠯᠲᠠᠶ ᠪᠠᠷ ᠤᠯᠠᠨ ᠨᠡᠶᠢᠲᠡ ᠶᠢᠨ ᠠᠮᠤᠷ ᠲᠦᠪᠰᠢᠨ ᠳᠤ ᠬᠤᠤᠷ | ᠬᠥᠨᠥᠭᠡᠯ ᠤᠴᠠᠷᠠᠭᠤᠯᠤᠭᠰᠠᠨ ᠶᠠᠯ᠎ᠠ ᠪᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠳᠦᠷᠪᠡ᠂ ᠡᠷᠡᠭᠦᠯ ᠢ ᠬᠠᠮᠠᠭᠠᠯᠠᠵᠤ ᠬᠢᠵᠢᠭ ᠢ ᠰᠡᠷᠭᠡᠶᠢᠯᠡᠬᠦ ᠪᠠᠶᠢᠭᠤᠯᠤᠮᠵᠢ ᠠᠴᠠ《ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠣᠯᠣᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ》 ᠳᠤ ᠲᠣᠭᠲᠠᠭᠠᠭᠰᠠᠨ | ᠳᠤᠭᠲᠠᠭᠠᠯ ᠶᠣᠰᠣᠭᠠᠷ ᠤᠷᠢᠳᠴᠢᠯᠠᠨ ᠰᠡᠷᠭᠡᠶᠢᠯᠡᠬᠦ᠂ ᠬᠢᠵᠠᠭᠠᠷᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠶᠢ | ᠲᠡᠪᠴᠢᠵᠦ᠂ ᠰᠢᠨ᠎ᠡ ᠮᠠᠶ᠋ᠢᠭ ᠤᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠢ | ᠲᠠᠷᠬᠠᠭᠠᠭᠰᠠᠨ ᠪᠤᠶᠤ ᠬᠦᠨᠳᠦ ᠨᠣᠴᠢᠲᠠᠶ ᠲᠠᠷᠬᠠᠭᠠᠬᠤ ᠠᠶᠤᠯᠲᠠᠢ ᠪᠣᠯᠭᠠᠭᠰᠠᠨ ᠪᠠᠶᠢᠪᠠᠯ᠂ ᠬᠠᠯᠳᠠᠪᠤᠷᠢᠲᠤ | ᠡᠪᠡᠳᠴᠢᠨ ᠢ ᠰᠡᠷᠭᠡᠶᠢᠯᠡᠨ ᠵᠠᠰᠠᠬᠤ ᠶᠢ ᠬᠠᠷᠰᠢᠯᠠᠭᠰᠠᠨ ᠶᠠᠯ᠎ᠠ ᠪᠠᠷ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ | ᠨᠡᠬᠡᠮᠵᠢᠯᠡᠨ᠎ᠡ᠃ | ᠲᠣᠰ ᠵᠠᠷᠯᠠᠯ ᠢ ᠨᠡᠶᠢᠲᠡᠯᠡᠭᠰᠡᠨ ᠴᠠᠭ ᠠᠴᠠ ᠡᠬᠢᠯᠡᠨ᠂ 2 ᠰᠠᠷ᠎ᠠ ᠶᠢᠨ 10 ᠤ ᠡᠳᠦᠷ ᠤᠨ 17:00 ᠴᠠᠭ | ᠠᠴᠠ ᠡᠮᠦᠨ᠎ᠡ᠂ ᠬᠠᠷᠠᠬᠠᠨ ᠳᠠᠩᠰᠠᠯᠠᠭᠤᠯᠤᠭᠠᠳᠤᠶ ᠬᠤᠪᠧᠶ ᠠᠴᠠ ᠢᠷᠡᠭᠰᠡᠨ ︵ᠪᠤᠴᠠᠵᠤ ᠢᠷᠡᠭᠰᠡᠨ︶ ᠪᠠᠭᠠᠷᠢᠨ | ᠪᠠᠷᠠᠭᠤᠨ ᠬᠤᠰᠢᠭᠤᠨ ᠤ ᠬᠥᠮᠦᠰ᠂ ᠬᠤᠪᠧᠶ ᠠᠴᠠ ᠢᠷᠡᠭᠰᠡᠨ ︵ᠪᠤᠴᠠᠵᠤ ᠢᠷᠡᠭᠰᠡᠨ︶ ᠪᠠᠭᠠᠷᠢᠨ ᠪᠠᠷᠠᠭᠤᠨ | ᠬᠤᠰᠢᠭᠤᠨ ᠤ ᠬᠥᠮᠦᠰ ᠤᠨ ᠬᠡᠷ ᠪᠦᠯᠢ ᠵᠢᠴᠢ ᠨᠢᠭᠲᠠ ᠣᠶᠢᠷᠠᠲᠤᠭᠰᠠᠨ ᠬᠥᠮᠦᠰ᠂ 1 ᠰᠠᠷ᠎ᠠ ᠶᠢᠨ 25 ᠤ | ᠡᠳᠦᠷ ᠠᠴᠠ ᠬᠤᠶᠢᠰᠢ ᠬᠤᠪᠸᠢ ᠮᠤᠵᠢ ᠠᠴᠠ ᠭᠠᠳᠠᠨᠠᠬᠢ ᠪᠤᠰᠤᠳ ᠮᠤᠵᠢ ︵ᠬᠤᠲᠠ᠂ ᠥᠪᠡᠷᠲᠡᠭᠡᠨ ᠵᠠᠰᠠᠬᠤ | ᠣᠷᠣᠨ︶ ᠠᠴᠠ ᠢᠷᠡᠭᠰᠡᠨ ︵ᠪᠤᠴᠠᠵᠤ ᠢᠷᠡᠭᠰᠡᠨ︶ ᠪᠠᠭᠠᠷᠢᠨ ᠪᠠᠷᠠᠭᠤᠨ ᠬᠤᠰᠢᠭᠤᠨ ᠤ ᠬᠥᠮᠦᠰ᠂ ᠲᠣᠰ ᠭᠠᠵᠠᠷ | ᠵᠢᠴᠢ ᠭᠠᠳᠠᠷ ᠣᠷᠣᠨ ᠤ ᠣᠨᠣᠰᠢᠯᠠᠭᠰᠠᠨ ᠡᠪᠡᠳᠴᠢᠨ ᠤ ᠵᠢᠱᠢᠶ᠎ᠡ ᠪᠠ ᠰᠡᠵᠢᠭᠯᠡᠯᠲᠡᠶ ᠡᠪᠡᠳᠴᠢᠨ ᠤ ᠵᠢᠱᠢᠶ᠎ᠡ ᠲᠠᠢ | ᠨᠢᠭᠲᠠ ᠣᠶᠢᠷᠠᠲᠤᠭᠰᠠᠨ ᠦᠩᠭᠡᠷᠡᠯᠲᠡ ᠲᠠᠢ ᠬᠥᠮᠦᠰ᠂ ᠴᠠᠭᠠᠨ ᠰᠠᠷ᠎ᠠ ᠶᠢᠨ ᠡᠮᠦᠨ᠎ᠡ ᠬᠤᠶᠢᠨ᠎ᠠ ᠤᠯᠠᠨᠲᠠ ᠭᠠᠳᠠᠭᠰᠢ | ᠭᠠᠷᠴᠤ ᠰᠠᠭᠤᠵᠤ ᠵᠢᠭᠤᠯᠴᠢᠯᠠᠭᠰᠠᠨ ᠬᠥᠮᠦᠰ ᠡᠷᠬᠡᠪᠰᠢ ᠰᠠᠭᠤᠭ᠎ᠠ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ | ᠲᠠᠭᠠᠨ ᠮᠡᠳᠡᠭᠦᠯᠬᠦ ᠬᠡᠷᠡᠭᠲᠡᠶ᠃ ᠲᠣᠭᠲᠠᠭᠰᠠᠨ ᠬᠤᠭᠤᠴᠠᠭᠠᠨ ᠳᠣᠲᠣᠷ᠎ᠠ ᠳᠠᠩᠰᠠᠯᠠᠭᠤᠯᠬᠤ ᠮᠡᠳᠡᠭᠦᠯᠦᠯᠲᠡ ᠶᠢᠨ | ᠡᠭᠦᠷᠭᠡ ᠪᠠᠨ ᠭᠦᠢᠴᠡᠳᠬᠡᠬᠦ ᠶᠢ ᠳᠡᠪᠴᠢᠭᠰᠡᠨ ᠪᠤᠶᠤ ᠪᠤᠰᠤᠳ ᠬᠦᠨᠳᠦ ᠨᠣᠴᠢᠲᠠᠶ ᠦᠷ᠎ᠡ ᠳ᠋ᠦᠩ ᠠᠪᠴᠢᠷᠠᠭᠰᠠᠨ | ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠠᠴᠠ ᠬᠠᠣᠯᠢ ᠶᠣᠰᠣᠭᠠᠷ ᠴᠢᠩᠭ᠎ᠠ ᠰᠢᠳᠬᠡᠨ᠎ᠡ᠃ | ᠬᠦᠴᠦᠷᠬᠡᠭᠯᠡᠯ ᠢᠶᠠᠷ ᠡᠮᠴᠢ ᠶᠢ ᠭᠡᠮᠲᠦᠭᠡᠬᠦ᠂ ᠬᠠᠭᠤᠷᠮᠠᠭ ᠮᠠᠭᠤ ᠲᠠᠸᠠᠷ ᠦᠢᠯᠡᠳᠴᠦ ᠪᠣᠷᠣᠯᠠᠭᠤᠯᠬᠤ᠂ ᠬᠠᠤᠯᠢ | ᠪᠣᠰᠣ ᠪᠠᠷ ᠡᠵᠡᠩᠨᠡᠬᠦ᠂ ᠴᠤᠤᠷᠬᠠᠯ ᠲᠠᠯᠪᠢᠬᠤ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠢ | ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ | ᠬᠦᠨᠳᠦ ᠮᠥᠷᠳᠡᠭᠡᠨ ᠲᠦᠷᠭᠡᠨ ᠢᠶᠠᠷ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠢᠯᠡᠴᠢᠯᠡᠨ ᠴᠠᠭᠳᠠᠭ᠎ᠠ ᠳᠤ ᠮᠡᠳᠡᠭᠦᠯᠬᠦ ᠤᠲᠠᠰᠤ᠄ | ᠪᠠᠭᠠᠷᠢᠨ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠳᠤᠪᠴᠢᠶ᠎ᠠ᠄ 110 | ᠪᠠᠭᠠᠷᠢᠨ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠵᠢᠯᠣᠭᠤᠳᠬᠤ ᠲᠥᠪ᠄ | 0476 — 6232424 | ᠡᠭᠦᠨ ᠤ ᠲᠤᠯᠠ ᠣᠨᠴᠠᠭᠠᠶᠢᠯᠠᠨ ᠵᠠᠷᠯᠠᠪᠠ᠃ | | ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠪᠠᠷᠠᠭᠤᠨ ᠬᠤᠰᠢᠭᠤᠨ ᠤ ᠬᠤᠷᠢᠶᠠᠨ ᠤ | ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ | ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ | ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ | ᠪᠠᠭᠠᠷᠢᠨ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ | ᠪᠠᠭᠠᠷᠢᠨ ᠪᠠᠷᠠᠭᠤᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ | 2020 ᠣᠨ ᠤ 2 ᠰᠠᠷ᠎ᠠ ᠶᠢᠨ 8 ᠤ ᠡᠳᠦᠷ | | | | | | |