ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠦᠷᠢᠯᠠᠭᠰᠠᠨ ᠠᠭᠤᠰᠬᠢᠨ ᠤ ᠦᠷᠪᠢᠰᠦᠯ ᠤᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ ᠳᠡᠯᠭᠡᠭᠦᠷ ︵ᠬᠡᠲᠦ ᠳᠡᠯᠭᠡᠭᠦᠷ︶ ᠵᠡᠷᠭᠡ ᠡᠵᠡᠩᠨᠡᠯᠲᠡ ᠶᠢᠨ ᠲᠠᠯᠠᠪᠤᠷ ᠤᠨ ᠬᠠᠮᠢᠶᠠᠷᠤᠯᠲᠠ ᠶᠢᠨ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2020-02-09
     ᠪᠠᠭᠠᠷᠢᠨ ᠪᠠᠷᠠᠭᠤᠨ ᠬᠤᠰᠢᠭᠤᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠦᠷᠢᠯᠠᠭᠰᠠᠨ ᠠᠭᠤᠰᠬᠢᠨ ᠤ ᠦᠷᠪᠢᠰᠦᠯ ᠤᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ ᠤᠨ 1᠂ 2 ᠂ 3 ᠳ᠋ᠤᠭᠠᠷ ᠲᠣᠭᠠᠲᠤ ᠵᠠᠷᠯᠢᠭ ᠪᠠ 《ᠪᠠᠭᠠᠷᠢᠨ ᠪᠠᠷᠠᠭᠤᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠶᠢᠨ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠦᠷᠢᠯᠠᠭᠰᠠᠨ ᠠᠭᠤᠰᠬᠢᠨ ᠤ ᠦᠷᠪᠢᠰᠦᠯ ᠤᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠲᠤᠬᠠᠶ ᠠᠯᠪᠠᠨ ᠵᠠᠷ》᠂《ᠪᠠᠭᠠᠷᠢᠨ ᠪᠠᠷᠠᠭᠤᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ᠂ ᠰᠡᠷᠭᠡᠶᠢᠯᠡᠨ ᠬᠠᠮᠠᠭᠠᠯᠠᠬᠤ ᠡᠳ᠋ ᠪᠤᠳᠠᠰ ᠵᠡᠷᠭᠡ ᠶᠢᠨ ᠦᠨ᠎ᠡ ᠬᠠᠩᠰᠢ ᠶᠢ  ᠥᠰᠭᠡᠬᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠬᠠᠶ ᠠᠯᠪᠠᠨ ᠵᠠᠷ》 ᠢ ᠦᠨᠳᠦᠰᠦᠯᠡᠨ᠂ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠦᠷᠢᠯᠠᠭᠰᠠᠨ ᠠᠭᠤᠰᠬᠢᠨ ᠤ ᠦᠷᠪᠢᠰᠦᠯ ᠤᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ ᠳᠡᠯᠭᠡᠭᠦᠷ ︵ᠬᠡᠲᠦ ᠳᠡᠯᠭᠡᠭᠦᠷ︶ ᠵᠡᠷᠭᠡ ᠡᠵᠡᠩᠨᠡᠯᠲᠡ ᠶᠢᠨ ᠲᠠᠯᠠᠪᠤᠷ ᠤᠨ ᠬᠠᠮᠢᠶᠠᠷᠤᠯᠲᠠ ᠶᠢᠨ ᠬᠠᠮᠢᠶ᠎ᠠ ᠪᠥᠬᠦᠶ ᠲᠣᠭᠲᠠᠭᠠᠯ ᠢ ᠣᠨᠴᠠᠭᠠᠶᠢᠯᠠᠨ ᠲᠣᠭᠲᠠᠭᠠᠪᠠ᠃      ᠨᠢᠭᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ ᠳᠡᠯᠭᠡᠭᠦᠷ ︵ᠬᠡᠲᠦ ᠳᠡᠯᠭᠡᠭᠦᠷ ︶ ᠵᠡᠷᠭᠡ ᠡᠵᠡᠩᠨᠡᠯᠲᠡ ᠶᠢᠨ ᠲᠠᠯᠠᠪᠤᠷ ᠤᠨ ᠡᠵᠡᠩᠨᠡᠬᠦ ᠴᠠᠭ᠄ 9᠄ 00 — 17᠄ 00᠃      ᠬᠤᠶᠠᠷ᠂ ᠳᠡᠯᠭᠡᠭᠦᠷ ︵ᠬᠡᠲᠦ ᠳᠡᠯᠭᠡᠭᠦᠷ︶ ᠵᠡᠷᠭᠡ ᠡᠵᠡᠩᠨᠡᠯᠲᠡ ᠶᠢᠨ ᠲᠠᠯᠠᠪᠤᠷ ᠤᠨ ᠡᠭᠦᠳᠡ ᠤᠷᠤᠬᠤ ᠢᠯᠡ ᠭᠠᠵᠠᠷ ᠲᠤ《ᠳᠡᠯᠭᠡᠭᠦᠷ ᠲᠤ ᠣᠷᠣᠬᠤ ᠬᠥᠮᠦᠰ ᠵᠠᠪᠠᠯ ᠠᠮᠠᠪᠴᠢ ᠵᠡᠭᠦᠬᠦ ᠬᠡᠷᠡᠭᠲᠡᠶ᠂ ᠪᠡᠶ᠎ᠡ ᠶᠢᠨ ᠳᠤᠯᠠᠭᠠᠨ ᠬᠡᠪ ᠤᠨ ᠪᠤᠰᠤ ᠪᠤᠯ ᠣᠷᠣᠵᠤ ᠪᠣᠯᠬᠤ ᠥᠬᠡᠶ》ᠭᠡᠰᠡᠨ ᠰᠠᠨᠠᠭᠤᠯᠤᠮᠵᠢ ᠶᠢᠨ ᠫᠠᠶᠢᠰᠠ ᠳᠤᠬᠢᠷᠠᠭᠤᠯᠤᠨ᠎ᠠ᠃ ᠳᠡᠯᠭᠡᠭᠦᠷ ᠲᠤ ᠣᠷᠣᠭᠰᠠᠳ ᠢ ᠡᠷᠬᠡᠪᠰᠢ ᠠᠮᠠᠪᠴᠢ ᠵᠡᠭᠦᠬᠦ ᠶᠢ ᠱᠠᠭᠠᠷᠳᠠᠨ᠂ ᠬᠡᠲᠦ ᠤᠯᠠᠭᠠᠨ ᠰᠠᠴᠤᠷᠠᠭ ᠢᠶᠠᠷ ᠪᠡᠶ᠎ᠡ ᠶᠢᠨ ᠳᠤᠯᠠᠭᠠᠨ ᠢ ᠬᠡᠮᠵᠢᠨ ᠪᠠᠶᠢᠴᠠᠭᠠᠵᠤ᠂ ᠠᠵᠢᠯᠲᠠᠨ ᠤ ᠮᠡᠳᠡᠭᠡ ᠵᠠᠩᠭᠢ ᠶᠢ ᠳᠠᠩᠰᠠᠯᠠᠬᠤ ᠵᠡᠷᠭᠡ ᠪᠣᠳᠠᠲᠠᠶ ᠠᠷᠭ᠎ᠠ ᠬᠡᠮᠵᠢᠶ᠎ᠡ ᠠᠪᠬᠤ ᠬᠡᠷᠡᠭᠲᠡᠶ᠃ ᠳᠡᠭᠡᠷᠡᠬᠢ ᠰᠡᠷᠭᠡᠶᠢᠯᠡᠨ  ᠬᠢᠵᠠᠭᠠᠷᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠨᠥᠬᠦᠴᠡᠯ ᠦᠭᠡᠢ ᠳᠡᠯᠭᠡᠭᠦᠷ ︵ᠬᠡᠲᠦ ᠳᠡᠯᠭᠡᠭᠦᠷ︶ ᠵᠡᠷᠭᠡ ᠡᠵᠡᠩᠨᠡᠯᠲᠡ ᠶᠢᠨ ᠲᠠᠯᠠᠪᠤᠷ ᠢ ᠡᠭᠦᠳᠡ ᠢ ᠨᠢ ᠬᠠᠭᠠᠵᠤ ᠠᠵᠢᠯ ᠶᠢ ᠨᠢ ᠵᠣᠭᠰᠣᠭᠠᠨ᠎ᠠ᠃      ᠭᠤᠷᠪᠠ᠂ ᠳᠡᠯᠭᠡᠭᠦᠷ ︵ᠬᠡᠲᠦ ᠳᠡᠯᠭᠡᠭᠦᠷ︶ ᠵᠡᠷᠭᠡ ᠡᠵᠡᠩᠨᠡᠯᠲᠡ ᠶᠢᠨ ᠲᠠᠯᠠᠪᠤᠷ ᠨᠢ ᠳᠡᠯᠭᠡᠭᠦᠷ ᠢᠶᠠᠨ ᠡᠳᠦᠷ ᠪᠦᠷᠢ ᠠᠳᠠᠭ ᠲᠠᠭᠠᠨ ᠬᠤᠶᠠᠷ ᠤᠳᠠᠭ᠎ᠠ ᠠᠷᠢᠭᠤᠳᠬᠠᠨ ᠲᠡᠮᠳᠡᠭᠯᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠰᠠᠯᠬᠢ ᠨᠡᠪᠲᠡᠷᠡᠭᠦᠯᠵᠦ᠂ ᠣᠷᠴᠢᠨ ᠲᠣᠭᠤᠷᠢᠨ ᠤ ᠠᠷᠢᠭᠤᠨ ᠴᠡᠪᠡᠷ  ᠢ ᠪᠠᠲᠤᠯᠠᠬᠤ ᠬᠡᠷᠡᠭᠲᠡᠶ᠃      ᠳᠥᠷᠪᠡ᠂ ᠠᠵᠢᠯᠯᠠᠭᠰᠠᠳ ᠡᠷᠬᠡᠪᠰᠢ ᠠᠮᠠᠪᠴᠢ ᠵᠡᠭᠦᠵᠦ᠂ ᠡᠷᠲᠡ ᠣᠷᠣᠶ 2 ᠤᠳᠠᠭ᠎ᠠ ᠪᠡᠶ᠎ᠡ ᠶᠢᠨ ᠳᠤᠯᠠᠭᠠᠨ ᠢᠶᠠᠨ ᠬᠡᠮᠵᠢᠨ ᠪᠠᠶᠢᠴᠠᠭᠠᠵᠤ ᠲᠡᠮᠳᠡᠭᠯᠡᠬᠦ ᠬᠡᠷᠡᠭᠲᠡᠶ᠃ ᠳᠡᠯᠭᠡᠭᠦᠷ ︵ᠬᠡᠲᠦ ᠳᠡᠯᠭᠡᠭᠦᠷ︶ ᠵᠡᠷᠭᠡ ᠡᠵᠡᠩᠨᠡᠯᠲᠡ ᠶᠢᠨ ᠲᠠᠯᠠᠪᠤᠷ ᠠᠴᠠ ᠲᠤᠰᠬᠠᠶ ᠬᠥᠮᠦᠨ ᠳᠤᠬᠢᠷᠠᠭᠤᠯᠤᠨ ᠳᠡᠯᠭᠡᠭᠦᠷ ᠲᠤ ᠣᠷᠣᠵᠤ ᠢᠷᠡᠭᠰᠡᠨ ᠬᠤᠳᠠᠯᠳᠤᠨ ᠠᠪᠤᠭᠴᠢᠳ ᠤᠨ ᠪᠡᠶ᠎ᠡ ᠶᠢᠨ ᠳᠤᠯᠠᠭᠠᠨ ᠢ ᠬᠡᠮᠵᠢᠨ᠂ ᠪᠡᠶ᠎ᠡ ᠶᠢᠨ ᠳᠤᠯᠠᠭᠠᠨ ᠤ ᠳᠠᠩᠰᠠᠯᠠᠯ ᠢ ᠰᠠᠶᠢᠲᠤᠷ ᠬᠢᠬᠦ ᠬᠡᠷᠡᠭᠲᠡᠶ᠃ ᠪᠡᠶ᠎ᠡ ᠶᠢᠨ ᠳᠤᠯᠠᠭᠠᠨ ᠨᠢ 37.3℃ ᠠᠴᠠ ᠳᠡᠭᠡᠭᠰᠢ  ᠪᠠᠶᠢᠭᠰᠠᠳ   ᠢ ᠣᠯᠵᠤ ᠮᠡᠳᠡᠪᠡᠯ᠂ ᠦᠬᠠᠨ ᠳᠤ ᠰᠠᠭᠤᠵᠤ ᠵᠢᠭᠤᠯᠴᠢᠯᠠᠭᠰᠠᠨ ᠦᠩᠭᠡᠷᠡᠯᠲᠡ ᠪᠤᠶᠤ ᠣᠶᠢᠷᠠᠲᠤᠭᠰᠠᠨ ᠦᠩᠭᠡᠷᠡᠯᠲᠡ ᠪᠠᠶᠢᠬᠤ ᠡᠰᠡᠬᠦ ᠶᠢ ᠯᠠᠪᠯᠠᠨ ᠠᠰᠠᠭᠤᠬᠤ ᠶᠢᠨ ᠬᠠᠮᠲᠤ᠂ ᠲᠡᠮᠳᠡᠭᠯᠡᠯ ᠤᠨ ᠬᠦᠰᠦᠨᠦᠭᠲᠦ ᠶᠢᠨ ᠲᠠᠶᠢᠯᠪᠤᠷᠢ ᠬᠦᠰᠦᠨᠦᠭ ᠲᠤ ᠲᠡᠮᠳᠡᠭᠯᠡᠨ᠎ᠡ︔ ᠬᠡᠷᠪᠡ ᠦᠬᠠᠨ ᠳᠤ ᠰᠠᠭᠤᠵᠤ ᠵᠢᠭᠤᠯᠴᠢᠯᠠᠭᠰᠠᠨ ᠦᠩᠭᠡᠷᠡᠯᠲᠡ ᠪᠤᠶᠤ ᠣᠶᠢᠷᠠᠲᠤᠭᠰᠠᠨ ᠦᠩᠭᠡᠷᠡᠯᠲᠡ ᠵᠡᠷᠭᠡ ᠪᠠᠶᠢᠳᠠᠯ ᠪᠠᠶᠢᠪᠠᠯ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠣᠯᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠮᠡᠳᠡᠭᠦᠯᠦᠨ᠎ᠡ᠃      ᠲᠠᠪᠤ᠂ ᠳᠡᠯᠭᠡᠭᠦᠷ ︵ᠬᠡᠲᠦ ᠳᠡᠯᠭᠡᠭᠦᠷ︶ ᠵᠡᠷᠭᠡ ᠡᠵᠡᠩᠨᠡᠯᠲᠡ ᠶᠢᠨ ᠳᠠᠯᠠᠪᠤᠷ ᠡᠷᠬᠡᠪᠰᠢ ᠡᠷᠬᠡ ᠲᠡᠭᠰᠢ᠂ ᠬᠠᠤᠯᠢ ᠶᠤᠰᠤᠴᠢ ᠪᠠ ᠦᠨᠡᠨᠴᠢ ᠢᠲᠡᠭᠡᠮᠵᠢᠲᠡᠶ ᠦᠨ᠎ᠡ ᠲᠣᠭᠲᠠᠭᠠᠬᠤ ᠵᠠᠷᠴᠢᠮ ᠢ ᠵᠢᠷᠤᠮᠯᠠᠵᠤ᠂ ᠦᠨ᠎ᠡ ᠬᠠᠩᠰᠢ ᠶᠢ ᠢᠯᠡ ᠲᠡᠮᠳᠡᠭᠯᠡᠵᠦ᠂ ᠬᠡᠷᠡᠭᠯᠡᠭᠴᠢᠳ ᠲᠤ ᠶᠠᠰᠤ ᠴᠢᠨᠠᠷ ᠪᠠ ᠦᠨ᠎ᠡ ᠬᠠᠩᠰᠢ ᠨᠢ ᠨᠡᠶᠢᠴᠡᠭᠰᠡᠨ ᠲᠠᠸᠠᠷ ᠪᠠ ᠦᠢᠯᠡᠴᠢᠯᠡᠭᠡ ᠬᠠᠩᠭᠠᠬᠤ ᠬᠡᠷᠡᠭᠲᠡᠶ᠂  ᠬᠠᠩᠭᠠᠯᠭ᠎ᠠ ᠬᠦᠷᠦᠯᠴᠡᠬᠦ ᠦᠭᠡᠢ ᠡᠳ᠋ ᠪᠤᠳᠠᠰ ᠢ ᠬᠤᠷᠠᠮᠳᠤᠭᠤᠯᠤᠨ ᠳᠠᠷᠤᠬᠤ ᠪᠠ ᠪᠠᠷᠠᠭᠠᠨ ᠤ ᠦᠨ᠎ᠡ ᠶᠢ  ᠬᠦᠭᠡᠷᠲᠡᠨ ᠥᠰᠬᠡᠵᠦ ᠪᠣᠯᠬᠤ ᠦᠭᠡᠢ᠂  ᠬᠤᠳᠠᠯ ᠬᠠᠭᠤᠷᠮᠠᠭ ᠬᠢᠵᠢᠭ ᠢ ᠰᠡᠷᠭᠡᠶᠢᠯᠡᠬᠦ ᠮᠡᠳᠡᠭᠡ ᠵᠠᠩᠭᠢ ᠶᠢ ᠲᠠᠷᠬᠠᠭᠠᠵᠤ ᠪᠣᠯᠬᠤ ᠦᠭᠡᠢ᠃      ᠵᠢᠷᠭᠤᠭ᠎ᠠ᠂ ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠲᠡᠶ ᠭᠦᠢᠴᠡᠳᠬᠡᠵᠦ᠂ ᠵᠠᠬ᠎ᠠ ᠳᠡᠯᠭᠡᠭᠦᠷ ᠤᠨ ᠬᠡᠷᠡᠭᠴᠡᠭᠡ ᠶᠢ ᠦᠨᠳᠦᠰᠦᠯᠡᠨ᠂ ᠬᠢᠵᠢᠭ ᠰᠡᠷᠭᠡᠶᠢᠯᠡᠬᠦ ᠬᠡᠷᠡᠭᠰᠡᠯ ᠪᠠ ᠰᠡᠷᠭᠡᠶᠢᠯᠡᠨ ᠬᠠᠮᠠᠭᠠᠯᠠᠬᠤ ᠬᠡᠷᠡᠭᠰᠡᠯ ᠤᠨ ᠪᠠᠷᠠᠭᠠᠨ ᠤ ᠢᠷᠡᠯᠲᠡ ᠶᠢ ᠴᠠᠭ ᠲᠤᠬᠠᠶ ᠳᠤᠨᠢ ᠵᠣᠬᠢᠶᠠᠨ ᠪᠠᠶᠢᠭᠤᠯᠵᠤ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠠᠯᠢ ᠴᠢᠳᠠᠬᠤ ᠪᠠᠷ ᠪᠠᠲᠤᠯᠠᠬᠤ ᠬᠡᠷᠡᠭᠲᠡᠶ᠃      ᠳᠣᠯᠤᠭ᠎ᠠ᠂ ᠥᠷᠭᠡᠨ ᠣᠯᠠᠨ ᠬᠡᠷᠡᠭᠯᠡᠭᠴᠢᠳ ᠲᠤ ᠡᠷᠬᠡᠪᠰᠢ ᠪᠡᠶ᠎ᠡ ᠶᠢᠨ ᠳᠤᠯᠠᠭᠠᠨ ᠢ  ᠬᠡᠮᠵᠢᠨ ᠪᠠᠶᠢᠴᠠᠭᠠᠬᠤ᠂ ᠦᠨᠡᠨ ᠨᠡᠷ᠎ᠡ ᠪᠠᠷ ᠳᠠᠩᠰᠠᠯᠠᠨ ᠲᠡᠮᠳᠡᠭᠯᠡᠬᠦ ᠵᠡᠷᠭᠡ ᠰᠡᠷᠭᠡᠶᠢᠯᠡᠨ ᠬᠢᠵᠠᠭᠠᠷᠯᠠᠬᠤ ᠨᠥᠬᠦᠴᠡᠯ ᠢ ᠪᠦᠷᠢᠯᠳᠦᠭᠦᠯᠦᠭᠰᠡᠨ ᠳᠡᠯᠭᠡᠭᠦᠷ ︵ᠬᠡᠲᠦ ᠳᠡᠯᠭᠡᠭᠦᠷ︶ ᠵᠡᠷᠭᠡ ᠡᠵᠡᠩᠨᠡᠯᠲᠡ ᠶᠢᠨ ᠲᠠᠯᠠᠪᠤᠷ ᠢ ᠰᠣᠩᠭᠤᠨ ᠬᠤᠳᠠᠯᠳᠤᠨ ᠠᠪᠬᠤ ᠶᠢ ᠰᠠᠨᠠᠭᠤᠯᠬᠤ ᠬᠡᠷᠡᠭᠲᠡᠶ᠃      ᠨᠠᠢᠮᠠ᠂ ᠨᠡᠶᠢᠭᠡᠮ ᠤᠨ ᠡᠯ᠎ᠡ ᠡᠲᠡᠭᠡᠳ ᠤᠨ ᠬᠢᠨ ᠬᠠᠮᠳᠤᠪᠡᠷ ᠡᠯ᠎ᠡ ᠳᠡᠯᠭᠡᠭᠦᠷ ︵ᠬᠡᠲᠦ ᠳᠡᠯᠭᠡᠭᠦᠷ︶  ᠵᠡᠷᠭᠡ ᠡᠵᠡᠩᠨᠡᠯᠲᠡ ᠶᠢᠨ ᠲᠠᠯᠠᠪᠤᠷ ᠵᠢᠴᠢ ᠬᠡᠷᠡᠭᠯᠡᠭᠡᠨ ᠤ ᠠᠵᠢᠯᠲᠠᠨ ᠤ ᠲᠣᠰ ᠠᠯᠪᠠᠨ ᠵᠠᠷ ᠢ ᠴᠢᠩᠭ᠎ᠠ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠭᠠᠷᠠᠶ᠂ ᠬᠡᠷᠪᠡ ᠲᠣᠰ ᠠᠯᠪᠠᠨ ᠵᠠᠷ ᠤᠨ ᠠᠭᠤᠯᠭ᠎ᠠ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠠᠴᠠ ᠬᠠᠤᠯᠢ ᠶᠣᠰᠣᠭᠠᠷ ᠴᠢᠩᠭ᠎ᠠ ᠰᠢᠢᠳᠪᠦᠷᠢᠯᠡᠵᠦ᠂ ᠦᠢᠯᠡ ᠪᠠᠶᠢᠳᠠᠯ ᠨᠢ ᠬᠦᠨᠳᠦ ᠨᠣᠴᠢᠲᠠᠶ ᠪᠣᠯ ᠬᠠᠤᠯᠢ ᠴᠠᠭᠠᠵᠠ ᠶᠢᠨ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠦᠨ᠎ᠡ᠃ ᠢᠯᠡᠴᠢᠯᠡᠨ ᠮᠡᠳᠡᠭᠦᠯᠬᠦ ᠤᠲᠠᠰᠤ ᠶᠢ ᠳᠣᠣᠷᠠᠬᠢ ᠮᠡᠲᠦ ᠨᠡᠶᠢᠲᠡᠯᠡᠶ᠎ᠡ᠄     ᠳᠠᠷᠬᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︵ᠪᠠᠭᠠᠷᠢᠨ ᠵᠠᠮ ᠠᠴᠠ ᠵᠡᠭᠦᠨᠲᠡᠢ︶ ᠤᠨ ᠬᠠᠷᠢᠶ᠎ᠠ ᠣᠷᠣᠨ ᠵᠢᠴᠢ ᠴᠠᠭᠠᠨᠮᠦ᠋ᠷᠡᠨ ᠰᠤᠮᠤᠨ ᠤ ᠬᠠᠷᠢᠶ᠎ᠠ ᠣᠷᠣᠨ᠄     ᠬᠠᠷᠢᠯᠴᠠᠬᠤ ᠬᠥᠮᠦᠨ᠄ ᠸᠠᠩ  ᠹᠦ᠋ ᠯᠢ          ᠬᠠᠷᠢᠯᠴᠠᠬᠤ ᠤᠲᠠᠰᠤ᠄ 13789691118     ᠰᠠᠶᠢᠬᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︵ᠪᠠᠭᠠᠷᠢᠨ ᠵᠡᠭᠡᠯᠢ ᠠᠴᠠ ᠪᠠᠷᠠᠭᠤᠨᠰᠢᠬᠢ︶  ᠤᠨ ᠬᠠᠷᠢᠶ᠎ᠠ ᠣᠷᠣᠨ᠄     ᠬᠠᠷᠢᠯᠴᠠᠬᠤ ᠬᠥᠮᠦᠨ᠄ ᠵᠠᠩ ᠯᠢ ᠭᠠᠩ         ᠬᠠᠷᠢᠯᠴᠠᠬᠤ ᠤᠲᠠᠰᠤ᠄ 15548497777     ᠪᠤᠷᠤᠠᠤᠰᠤ ᠪᠠᠯᠭᠠᠰᠤᠨ ᠤ ᠬᠠᠷᠢᠶ᠎ᠠ ᠣᠷᠣᠨ᠄     ᠬᠠᠷᠢᠯᠴᠠᠬᠤ ᠬᠥᠮᠦᠨ᠄ ᠵᠣᠣ ᠸᠧᠶ ᠳ᠋ᠦᠩ       ᠬᠠᠷᠢᠯᠴᠠᠬᠤ ᠤᠲᠠᠰᠤ᠄ 13847658111     ᠰᠢᠷᠠᠮᠥ᠋ᠷᠡᠨ ᠰᠤᠮᠤ ᠶᠢᠨ ᠬᠠᠷᠢᠶ᠎ᠠ ᠣᠷᠣᠨ᠄     ᠬᠠᠷᠢᠯᠴᠠᠬᠤ ᠬᠥᠮᠦᠨ᠄ ᠪᠤᠶᠠᠨ               ᠬᠠᠷᠢᠯᠴᠠᠬᠤ ᠤᠲᠠᠰᠤ᠄ 13848973887     ᠴᠠᠭᠠᠨᠨᠠᠭᠤᠷ ᠪᠠᠯᠭᠠᠰᠤᠨ ᠤ ᠬᠠᠷᠢᠶ᠎ᠠ ᠣᠷᠣᠨ᠄     ᠬᠠᠷᠢᠯᠴᠠᠬᠤ ᠬᠥᠮᠦᠨ᠄ ᠵᠠᠩ ᠸᠧᠶ             ᠬᠠᠷᠢᠯᠴᠠᠬᠤ ᠤᠲᠠᠰᠤ᠄ 13804762339     ᠰᠤᠪᠤᠷᠭ᠎ᠠ ᠪᠠᠯᠭᠠᠰᠤᠨ ᠤ ᠬᠠᠷᠢᠶ᠎ᠠ ᠣᠷᠣᠨ᠄     ᠬᠠᠷᠢᠯᠴᠠᠬᠤ ᠬᠥᠮᠦᠨ᠄ ᠶᠢᠨ ᠭᠠᠩ            ᠬᠠᠷᠢᠯᠴᠠᠬᠤ ᠤᠲᠠᠰᠤ᠄ 13948640336     ᠪᠠᠶᠠᠨᠬᠤᠰᠢᠭᠤ ᠪᠠᠯᠭᠠᠰᠤᠨ ᠤ ᠬᠠᠷᠢᠶ᠎ᠠ ᠣᠷᠣᠨ᠄     ᠬᠠᠷᠢᠯᠴᠠᠬᠤ ᠬᠥᠮᠦᠨ᠄ ᠶᠠᠨ ᠵᠢᠶᠦ᠋ᠨ ᠮᠢᠩ     ᠬᠠᠷᠢᠯᠴᠠᠬᠤ ᠤᠲᠠᠰᠤ᠄ 13694779588     ᠵᠢᠷᠭᠠᠯ ᠤᠨ ᠵᠠᠮ ᠰᠤᠮᠤᠨ ᠤ ᠬᠠᠷᠢᠶ᠎ᠠ ᠣᠷᠣᠨ᠄     ᠬᠠᠷᠢᠯᠴᠠᠬᠤ ᠬᠥᠮᠦᠨ᠄ ᠲᠡᠮᠦᠷ               ᠬᠠᠷᠢᠯᠴᠠᠬᠤ ᠤᠲᠠᠰᠤ᠄ 13804762778     ᠳ᠋ᠠᠪᠠᠨ ᠪᠠᠯᠭᠠᠰᠤᠨ ᠤ ᠬᠠᠷᠢᠶ᠎ᠠ ᠣᠷᠣᠨ᠄     ᠬᠠᠷᠢᠯᠴᠠᠬᠤ ᠬᠥᠮᠦᠨ᠄  ᠬᠠᠳᠠ              ᠬᠠᠷᠢᠯᠴᠠᠬᠤ ᠤᠲᠠᠰᠤ᠄ 13804762354     ᠪᠠᠶᠠᠨᠲᠠᠯ᠎ᠠ ᠰᠤᠮᠤᠨ ᠤ ᠬᠠᠷᠢᠶ᠎ᠠ ᠣᠷᠣᠨ᠄     ᠬᠠᠷᠢᠯᠴᠠᠬᠤ ᠬᠥᠮᠦᠨ᠄ ᠯᠢᠦᠶ ᠵᠢᠶᠦ᠋ᠨ        ᠬᠠᠷᠢᠯᠴᠠᠬᠤ ᠤᠲᠠᠰᠤ᠄ 15604763689                                ᠪᠠᠭᠠᠷᠢᠨ ᠪᠠᠷᠠᠭᠤᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ                           2020 ᠣᠨ ᠤ 2 ᠰᠠᠷ᠎ᠠ ᠶᠢᠨ 8 ᠤ ᠡᠳᠦᠷ  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05001926号-2