ᠪᠠᠭᠠᠷᠢᠨ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠠᠬᠢ ᠢᠳᠡᠭᠡᠨ ᠤᠮᠳᠠᠭᠠᠨ ᠤ ᠦᠶᠯᠡᠴᠢᠯᠡᠭᠡᠨ ᠤ ᠨᠢᠭᠡᠴᠡ ᠶᠢᠨ ᠡᠵᠡᠩᠨᠡᠯᠲᠡ ᠶᠢᠨ ᠲᠤᠬᠠᠶ ᠵᠢᠯᠣᠭᠤᠳᠬᠤ ᠰᠠᠨᠠᠯ
ᠨᠡᠶᠢᠲᠡᠯᠡᠭᠰᠡᠨ ᠴᠠᠭ᠄
2020-03-12
      ᠲᠥᠪ᠂ ᠥᠪᠡᠷᠲᠡᠭᠡᠨ ᠵᠠᠰᠠᠬᠤ ᠣᠷᠣᠨ ᠪᠠ ᠤᠯᠠᠭᠠᠨᠬᠠᠳᠠ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠤᠰᠠᠳᠠ᠂ ︽ᠤᠯᠠᠭᠠᠨᠬᠠᠳᠠ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠤᠭᠤᠳᠬᠤ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠠᠬᠢ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠡᠵᠡᠩᠨᠡᠯᠲᠡ ᠶᠢᠨ ᠲᠤᠬᠠᠶ ᠵᠢᠯᠣᠭᠤᠳᠬᠤ ᠰᠠᠨᠠᠯ ︾ ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠠᠬᠢ ᠪᠥᠬᠦ ᠬᠤᠰᠢᠭᠤᠨ ᠤ ᠢᠳᠡᠭᠡᠨ ᠤᠮᠳᠠᠭᠠᠨ ᠤ ᠦᠶᠯᠡᠴᠢᠯᠡᠭᠡᠨ ᠤ ᠨᠢᠭᠡᠴᠡ ᠳᠤ ᠳᠣᠤᠷᠠᠬᠢ ᠮᠡᠲᠦ ᠵᠢᠯᠣᠭᠤᠳᠬᠤ ᠰᠠᠨᠠᠯ ᠢ ᠳᠤᠷᠠᠳᠪᠠ᠃       ᠨᠢᠭᠡ᠂ ᠢᠳᠡᠭᠡᠨ ᠤᠮᠳᠠᠭᠠᠨ ᠤ ᠦᠶᠯᠡᠴᠢᠯᠡᠭᠡᠨ ᠤ ᠨᠢᠭᠡᠴᠡ ᠨᠦᠭᠦᠳ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠭᠦᠢᠴᠡᠳᠬᠡᠵᠦ ᠂ ᠠᠵᠢᠯᠲᠠᠨ ᠠᠵᠢᠯᠴᠢᠨ ᠤ ᠬᠢᠵᠢᠭ ᠢ ᠰᠡᠷᠭᠡᠶᠢᠯᠡᠬᠦ ᠮᠡᠳᠡᠯᠭᠡ ᠶᠢᠨ ᠪᠤᠯᠪᠠᠰᠤᠷᠠᠯ ᠢ ᠴᠢᠩᠭᠠᠳᠬᠠᠨ᠂ ᠠᠵᠢᠯᠲᠠᠨ ᠠᠵᠢᠯᠴᠢᠨ ᠤ ᠡᠷᠡᠭᠦᠯ ᠮᠡᠨᠳᠦ ᠶᠢᠨ ᠪᠠᠶᠢᠳᠠᠯ ᠢ ᠡᠵᠡᠮᠰᠢᠵᠦ᠂ ᠢᠳᠡᠭᠡᠨ ᠤᠮᠳᠠᠭᠠᠨ ᠤ ᠲᠠᠯᠠᠪᠤᠷ ᠤᠨ ᠠᠷᠢᠭᠤᠨ ᠴᠡᠪᠡᠷ ᠂ ᠠᠷᠢᠭᠤᠳᠬᠠᠬᠤ᠂ ᠰᠠᠯᠬᠢ ᠨᠡᠪᠲᠡᠷᠡᠭᠦᠯᠬᠦ᠂ ᠬᠤᠭ ᠨᠣᠪᠰᠢ ᠶᠢ ᠰᠢᠶᠳᠪᠦᠷᠢᠯᠡᠬᠦ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ᠃       ᠬᠤᠶᠠᠷ᠂ ᠢᠳᠡᠭᠡᠨ ᠤᠮᠳᠠᠭᠠᠨ ᠤ ᠦᠶᠯᠡᠴᠢᠯᠡᠭᠡᠨ ᠤ ᠨᠢᠭᠡᠴᠡ ᠨᠢ ᠠᠵᠢᠯᠲᠠᠨ ᠠᠵᠢᠯᠴᠢᠨ ᠤ ᠬᠠᠮᠢᠶᠠᠷᠤᠯᠲᠠ  ᠪᠠᠨ ᠴᠢᠩᠭᠠᠳᠬᠠᠬᠤ ᠬᠡᠷᠡᠭᠲᠡᠶ᠃ ᠠᠵᠢᠯᠲᠠᠨ ᠠᠵᠢᠯᠴᠢᠨ ᠤ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠡᠬᠡ ᠲᠠᠩᠰᠠ  ᠶᠢ ᠪᠠᠶᠢᠭᠤᠯᠵᠤ᠂ ︽ᠨᠢᠭᠡ ᠬᠥᠮᠦᠨ ᠨᠢᠭᠡ ᠲᠠᠩᠰᠠ ᠡᠪᠬᠡᠮᠡᠯ︾ ᠢ ᠬᠡᠷᠡᠭᠵᠢᠭᠦᠯᠦᠨ᠂ ᠪᠥᠬᠦ ᠠᠵᠢᠯᠲᠠᠨ ᠢ ᠳᠡᠩᠰᠡᠯᠡᠵᠦ᠂ ᠡᠳᠦᠷ ᠪᠦᠷᠢ ᠰᠢᠨᠡᠳᠬᠡᠵᠦ᠂ ᠠᠵᠢᠯᠲᠠᠨ ᠠᠵᠢᠯᠴᠢᠨ ᠤ ᠶᠠᠪᠤᠵᠤ ᠰᠠᠭᠤᠬᠤ ᠪᠠᠶᠢᠳᠠᠯ ᠪᠠ ᠡᠷᠡᠭᠦᠯ ᠮᠡᠨᠳᠦ ᠶᠢᠨ ᠪᠠᠶᠢᠳᠠᠯ ᠢ ᠣᠨᠣᠪᠴᠢᠲᠠᠶ ᠡᠵᠡᠮᠰᠢᠬᠦ ᠬᠡᠷᠡᠭᠲᠡᠶ᠃ ᠥᠷᠯᠥᠭᠡ ᠦᠳᠡ ᠶᠢᠨ ᠪᠠᠶᠢᠴᠠᠭᠠᠯᠲᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠠᠵᠢᠯᠲᠠᠨ ᠠᠵᠢᠯᠴᠢᠨ ᠠᠵᠢᠯ ᠤᠨ ᠪᠠᠶᠢᠷᠢ ᠳᠤ ᠭᠠᠷᠬᠤ ᠠᠴᠠ ᠡᠮᠦᠨ᠎ᠡ ᠪᠡᠶ᠎ᠡ ᠶᠢᠨ ᠳᠤᠯᠠᠭᠠᠨ  ᠤ ᠰᠢᠯᠭᠠᠨ ᠪᠠᠶᠢᠴᠠᠭᠠᠯᠲᠠ ᠶᠢ ᠬᠦᠯᠢᠶᠡᠬᠦ ᠶᠢᠨ ᠬᠠᠮᠲᠤ ᠲᠡᠮᠳᠡᠭᠯᠡᠯ ᠬᠢᠬᠦ ᠶᠢ ᠰᠠᠶᠢᠲᠤᠷ ᠬᠢᠬᠦ ᠬᠡᠷᠡᠭᠲᠡᠶ︔ ᠠᠵᠢᠯᠲᠠᠨ ᠠᠵᠢᠯᠴᠢᠨ ᠤ ᠬᠠᠯᠠᠭᠤᠷᠠᠬᠤ᠂ ᠬᠢᠮᠤᠷᠠᠬᠤ᠂ ᠬᠠᠨᠢᠶᠠᠬᠤ᠂ ᠠᠮᠢᠰᠬᠤᠯ ᠤᠨ ᠵᠠᠮ ᠤᠨ ᠬᠠᠯᠳᠠᠪᠤᠷᠢᠯᠠᠯ ᠵᠡᠷᠭᠡ ᠰᠡᠵᠢᠭᠯᠡᠯᠲᠡᠶ ᠡᠪᠡᠳᠴᠢᠨ ᠤ ᠢᠯᠡᠷᠡᠯ ᠲᠠᠢ ᠪᠠᠶᠢᠬᠤ ᠶᠢ ᠣᠯᠵᠤ ᠮᠡᠳᠡᠪᠡᠯ᠂ ᠳᠠᠷᠤᠶᠢᠬᠠᠨ ᠠᠵᠢᠯ ᠢᠶᠠᠨ ᠵᠤᠭᠰᠤᠭᠠᠵᠤ᠂ ᠴᠠᠭ ᠲᠤᠬᠠᠶ ᠳᠤᠨᠢ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠡᠮᠨᠡᠭᠦᠯᠬᠦ ᠬᠡᠷᠡᠭᠲᠡᠶ᠃ ᠭᠠᠳᠠᠭᠰᠢ ᠪᠤᠴᠠᠵᠤ ᠢᠷᠡᠭᠰᠡᠨ ᠠᠵᠢᠯᠲᠠᠨ ᠠᠵᠢᠯᠴᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠲᠤᠰᠠᠭᠠᠷᠯᠠᠬᠤ ᠠᠷᠭ᠎ᠠ ᠬᠡᠮᠵᠢᠶ᠎ᠡ  ᠪᠠᠨ ᠰᠠᠶᠢᠲᠤᠷ ᠬᠢᠬᠦ ᠬᠡᠷᠡᠭᠲᠡᠶ᠃       ᠭᠤᠷᠪᠠ᠂ ᠢᠳᠡᠭᠡᠨ ᠤᠮᠳᠠᠭᠠᠨ ᠤ ᠦᠶᠯᠡᠴᠢᠯᠡᠭᠡᠨ ᠤ ᠨᠢᠭᠡᠴᠡ ᠨᠦᠭᠦᠳ ᠳᠡᠯᠭᠡᠭᠦᠷ ᠲᠤ ᠣᠷᠣᠬᠤ ᠬᠡᠷᠡᠭᠯᠡᠭᠴᠢᠳ ᠢ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠬᠤᠭᠤᠯᠠ ᠢᠳᠡᠬᠦ ᠲᠠᠯᠠᠪᠤᠷ ᠲᠤ ᠣᠷᠣᠬᠤ ᠬᠡᠷᠡᠭᠯᠡᠭᠴᠢᠳ ᠤᠨ ᠬᠤᠭᠤᠯᠠ ᠢᠳᠡᠬᠦ ᠴᠠᠭ ᠠᠴᠠ ᠭᠠᠳᠠᠨ᠎ᠠ ᠡᠷᠬᠡᠪᠰᠢ ᠪᠥᠬᠦ ᠶᠠᠪᠤᠴᠠ ᠳᠤ ᠠᠮᠠᠪᠴᠢ ᠵᠡᠭᠦᠬᠦ ᠬᠡᠷᠡᠭᠲᠡᠶ︔ ᠨᠥᠬᠦᠴᠡᠯ ᠲᠠᠢ ᠢᠳᠡᠭᠡᠨ ᠤᠮᠳᠠᠭᠠᠨ ᠤ ᠦᠶᠯᠡᠴᠢᠯᠡᠭᠡᠨ ᠤ ᠨᠢᠭᠡᠴᠡ ᠨᠦᠭᠦᠳ ᠬᠡᠷᠡᠭᠯᠡᠭᠴᠢᠳ ᠤᠨ ᠪᠡᠶ᠎ᠡ  ᠶᠢᠨ ᠳᠤᠯᠠᠭᠠᠨ ᠤ ᠪᠠᠶᠢᠴᠠᠭᠠᠨ ᠬᠡᠮᠵᠢᠯᠲᠡ ᠬᠢᠬᠦ ᠬᠡᠷᠡᠭᠲᠡᠶ᠃ ᠬᠠᠯᠠᠭᠤᠷᠠᠬᠤ᠂ ᠬᠠᠨᠢᠶᠠᠬᠤ᠂ ᠠᠮᠢᠰᠬᠤᠯ ᠤᠨ ᠵᠠᠮ ᠤᠨ ᠬᠠᠯᠳᠠᠪᠤᠷᠢᠯᠠᠯ ᠵᠡᠷᠭᠡ ᠢᠯᠡᠷᠡᠯ ᠲᠠᠢ ᠬᠥᠮᠦᠰ ᠴᠥᠮ ᠢᠳᠡᠭᠡᠨ ᠤᠮᠳᠠᠭᠠᠨ ᠤ ᠲᠠᠯᠠᠪᠤᠷ ᠲᠤ ᠣᠷᠣᠵᠤ ᠪᠤᠯᠬᠤ ᠦᠭᠡᠶ᠃       ᠳᠦᠷᠪᠡ᠂ ᠢᠳᠡᠭᠡᠨ ᠤᠮᠳᠠᠭᠠᠨ ᠤ ᠦᠶᠯᠡᠴᠢᠯᠡᠭᠡᠨ ᠤ ᠨᠢᠭᠡᠴᠡ ᠨᠦᠭᠦᠳ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠡᠷᠡᠭᠴᠡᠭᠡ ᠪᠠᠨ ᠦᠨᠳᠦᠰᠦᠯᠡᠨ᠂ ᠠᠵᠢᠯᠲᠠᠨ ᠤ ᠴᠤᠪᠤᠷᠠᠯ ᠢ ᠴᠢᠩᠭ᠎ᠠ ᠬᠢᠵᠠᠭᠠᠷᠯᠠᠬᠤ ᠬᠡᠷᠡᠭᠲᠡᠶ᠃ ᠪᠡᠯᠡᠨ ᠢᠳᠡᠭᠡᠨ ᠤ ᠦᠶᠯᠡᠴᠢᠯᠡᠭᠡᠨ ᠬᠠᠩᠭᠠᠬᠤ ᠢᠳᠡᠭᠡᠨ ᠤᠮᠳᠠᠭᠠᠨ ᠤ ᠦᠶᠯᠡᠴᠢᠯᠡᠭᠡᠨ ᠤ ᠨᠢᠭᠡᠴᠡ ᠶᠢᠨ ᠬᠦᠯᠢᠶᠡᠨ ᠠᠪᠬᠤ ᠬᠡᠮᠵᠢᠶ᠎ᠡ ᠶᠢ ᠤᠤᠯ ᠤᠨ ᠪᠠᠶᠢᠭᠰᠠᠨ ᠬᠤᠭᠤᠯᠠ ᠶᠢᠨ ᠣᠷᠣᠨ ᠤ ᠲᠣᠭᠠᠨ ᠤ 50% ᠠᠴᠠ ᠥᠨᠳᠥᠷ ᠪᠠᠶᠢᠯᠭᠠᠬᠤ ᠦᠭᠡᠶ᠃ ᠬᠤᠭᠤᠯᠠᠨ ᠰᠢᠷᠡᠭᠡᠨ ᠤ ᠬᠤᠭᠤᠷᠣᠨᠳᠣᠬᠢ ᠵᠠᠶ ᠨᠢ 1.5 ᠮᠧᠲᠷ ᠠᠴᠠ ᠳᠡᠭᠡᠭᠰᠢ ᠪᠠᠶᠢᠵᠤ᠂ ᠵᠣᠴᠢᠳ ᠤᠨ ᠬᠤᠭᠤᠷᠣᠨᠳᠣᠬᠢ ᠵᠠᠶ ᠨᠢ 1 ᠮᠧᠲᠷ ᠠᠴᠠ ᠳᠡᠭᠡᠭᠰᠢ ᠪᠠᠶᠢᠬᠤ ᠬᠡᠷᠡᠭᠲᠡᠶ᠃ ᠨᠢᠭᠡ ᠬᠤᠭᠤᠯᠠᠨ ᠭᠡᠷ ( ᠲᠢᠩᠬᠢᠮ ) ᠲᠤ 2 ᠰᠢᠷᠡᠭᠡ ( 2 ᠰᠢᠷᠡᠭᠡ ᠪᠠᠭᠲᠠᠨ᠎ᠠ ) ᠠᠴᠠ ᠳᠡᠭᠡᠭᠰᠢ ᠶᠢ ᠲᠤᠬᠢᠷᠠᠭᠤᠯᠵᠤ ᠬᠠᠮᠲᠤ ᠳᠤᠨᠢ ᠬᠤᠭᠤᠯᠠ ᠢᠳᠡᠵᠦ ᠪᠣᠯᠬᠤ ᠦᠭᠡᠶ᠃ ᠬᠤᠷᠢᠮ ᠨᠠᠶᠢᠷ᠂ ᠬᠤᠷᠢᠮ ᠨᠠᠶᠢᠷ ᠵᠡᠷᠭᠡ  ᠨᠡᠶᠢᠲᠡ ᠤᠨ ᠴᠢᠨᠠᠷᠲᠠᠶ ᠳᠠᠶᠢᠯᠠᠯᠭ᠎ᠠ  ᠶᠢᠨ ᠦᠶᠯᠡᠴᠢᠯᠡᠭᠡ ᠬᠠᠩᠭᠠᠵᠤ ᠪᠣᠯᠬᠤ ᠥᠬᠡᠶ᠃       ᠲᠠᠪᠤ᠂ ᠪᠣᠯᠪᠠᠰᠤᠨ ᠢᠶᠠᠷ ᠬᠤᠭᠤᠯᠠ ᠢᠳᠡᠬᠦ ᠶᠢ ᠰᠠᠨᠠᠭᠠᠴᠢᠯᠠᠵᠤ᠂ ᠢᠳᠡᠭᠡᠨ ᠤᠮᠳᠠᠭᠠᠨ ᠤ ᠦᠶᠯᠡᠴᠢᠯᠡᠭᠡᠨ ᠤ ᠨᠢᠭᠡᠴᠡ ᠨᠦᠭᠦᠳ ᠡᠷᠬᠡᠪᠰᠢ 《 ᠠᠯᠪᠠᠨ ᠰᠠᠪᠬ᠎ᠠ ᠠᠯᠪᠠᠨ ᠰᠢᠨᠠᠭ᠎ᠠ 》 ᠬᠠᠩᠭᠠᠵᠤ᠂ 《  ᠢᠳᠡᠭᠡᠨ ᠢᠶᠠᠨ ᠬᠤᠪᠢᠶᠠᠨ ᠢᠳᠡᠬᠦ》 ᠦᠶᠯᠡᠴᠢᠯᠡᠭᠡᠨ ᠢ ᠬᠡᠷᠡᠭᠵᠢᠭᠦᠯᠵᠦ᠂ ᠰᠣᠯᠪᠢᠴᠠᠨ ᠬᠠᠯᠳᠠᠪᠤᠷᠢᠯᠠᠬᠤ ᠠᠴᠠ ᠵᠠᠶᠢᠯᠠᠰᠬᠢᠬᠦ ᠬᠡᠷᠡᠭᠲᠡᠶ ᠃ ᠤᠷᠢᠳᠴᠢᠯᠠᠨ ᠪᠣᠯᠵᠣᠵᠤ ᠬᠤᠭᠤᠯᠠ ᠵᠠᠬᠢᠶᠠᠯᠠᠬᠤ ᠶᠢ ᠵᠣᠷᠢᠭᠵᠢᠭᠤᠯᠵᠤ᠂ ᠬᠡᠷᠪᠡ ᠬᠤᠭᠤᠯᠠ ᠬᠦᠯᠢᠶᠡᠬᠦ ᠴᠢᠬᠤᠯᠠᠲᠠᠶ ᠪᠣᠯ᠂ ᠠᠳᠠᠯᠢ ᠪᠠᠶᠢᠷᠢ ᠶᠢᠨ ᠣᠷᠣᠨ ᠤ ᠬᠥᠮᠦᠨ ᠪᠦᠷᠢ ᠶᠢᠨ ᠳᠤᠮᠳᠠᠴᠢ ᠵᠠᠶ ᠨᠢ 1 — 1.5 ᠮᠧᠲᠷ ᠪᠠᠶᠢᠵᠤ᠂ ᠬᠥᠮᠦᠨ ᠴᠤᠭᠯᠠᠷᠠᠬᠤ ᠠᠴᠠ ᠵᠠᠶᠢᠯᠠᠰᠬᠢᠨ᠎ᠡ᠃      ᠵᠢᠷᠭᠤᠭ᠎ᠠ᠂ ᠬᠤᠭᠤᠯᠠ ᠢᠳᠡᠬᠦ ᠬᠥᠮᠦᠰ ᠤᠨ ᠢᠷᠡᠯᠲᠡ ᠶᠢ ᠨᠢ ᠮᠥᠷᠳᠡᠵᠦ ᠪᠣᠯᠬᠤ ᠳᠦᠷᠢᠮ ᠢ ᠪᠠᠶᠢᠭᠤᠯᠵᠤ᠂ ᠳᠠᠩᠰᠠ ᠪᠤᠳᠤᠬᠤ ᠳᠤ ᠤᠷᠢᠳᠠᠪᠠᠷ ᠭᠠᠷ ᠤᠲᠠᠰᠤ ᠪᠠᠷ ᠺᠣᠳ᠋ ᠰᠢᠷᠪᠢᠵᠦ ᠲᠣᠭᠠᠴᠠᠭ᠎ᠠ ᠬᠢᠵᠦ᠂ ᠪᠡᠯᠡᠨ ᠵᠣᠭᠤᠰ ᠢᠶᠠᠷ ᠥᠭᠬᠦ ᠲᠤ ᠦᠨᠡᠨ ᠨᠡᠷ᠎ᠡ ᠪᠠᠷ ᠳᠠᠩᠰᠠᠯᠠᠨ ᠲᠡᠮᠳᠡᠭᠯᠡᠬᠦ ᠶᠢᠨ ᠬᠠᠮᠲᠤ ᠬᠠᠷᠢᠯᠴᠠᠬᠤ ᠬᠠᠶ᠋ᠢᠭ ᠢ ᠨᠢ ᠦᠯᠡᠳᠡᠭᠡᠵᠦ ᠬᠠᠳᠠᠭᠠᠯᠠᠬᠤ ᠬᠡᠷᠡᠭᠲᠡᠶ᠃      ᠳᠣᠯᠤᠭ᠎ᠠ᠂ ᠢᠳᠡᠭᠡᠨ ᠤᠮᠳᠠᠭᠠᠨ ᠤ ᠦᠶᠯᠡᠴᠢᠯᠡᠭᠡᠨ ᠤ ᠨᠢᠭᠡᠴᠡ ᠨᠦᠭᠦᠳ ᠢᠳᠡᠭᠡᠨ ᠤ ᠠᠶᠤᠯᠭᠦᠢ ᠶᠢ ᠦᠨᠡᠩᠬᠦ ᠪᠠᠲᠤᠯᠠᠵᠤ᠂ ᠡᠵᠡᠩᠨᠡᠯᠲᠡ ᠶᠢ ᠰᠡᠷᠭᠦᠭᠡᠬᠦ ᠠᠴᠠ ᠡᠮᠦᠨ᠎ᠡ ᠡᠵᠡᠩᠨᠡᠯᠲᠡ ᠶᠢᠨ ᠲᠠᠯᠠᠪᠤᠷ ᠭᠠᠵᠠᠷ᠂  ᠪᠠᠭᠠᠵᠢ ᠲᠥᠬᠦᠭᠡᠷᠦᠮᠵᠢ᠂ ᠢᠳᠡᠭᠡᠨ ᠤᠮᠳᠠᠭᠠᠨ ᠤ ᠬᠡᠷᠡᠭᠰᠡᠯ ᠵᠡᠷᠭᠡ ᠶᠢ ᠲᠤᠶᠢᠯᠪᠤᠷᠢᠲᠠᠶ ᠤᠬᠢᠶᠠᠨ ᠠᠷᠢᠭᠤᠳᠬᠠᠵᠤ᠂ ᠠᠵᠢᠯ ᠵᠣᠭᠰᠣᠬᠤ ᠠᠴᠠ ᠡᠮᠦᠨ᠎ᠡ ᠬᠤᠳᠠᠯᠳᠤᠨ ᠠᠪᠤᠭᠰᠠᠨ ᠢᠳᠡᠭᠡᠨ ᠤ ᠮᠠᠲ᠋ᠧᠷᠢᠶᠠᠯ ᠢ ᠢᠯᠭᠠᠷᠠᠭᠤᠯᠵᠤ᠂ ᠬᠤᠭᠤᠴᠠᠭ᠎ᠠ ᠨᠢ ᠥᠩᠭᠡᠷᠡᠭᠰᠡᠨ᠂ ᠴᠢᠨᠠᠷ ᠨᠢ ᠬᠤᠪᠢᠷᠠᠭᠰᠠᠨ ᠢᠳᠡᠭᠡᠨ ᠤ ᠲᠦᠭᠦᠬᠡᠶ ᠮᠠᠲ᠋ᠧᠷᠢᠶᠠᠯ ᠢ ᠰᠢᠶᠳᠪᠦᠷᠢᠯᠡᠬᠦ ᠶᠢᠨ ᠬᠠᠮᠲᠤ ᠤᠰᠠᠳᠬᠠᠭᠰᠠᠨ ᠲᠡᠮᠳᠡᠭᠯᠡᠯ ᠢ ᠰᠠᠶᠢᠲᠤᠷ ᠬᠢᠬᠦ ᠬᠡᠷᠡᠭᠲᠡᠶ᠃ ᠠᠮᠢᠳᠤ ᠵᠢᠭᠦᠷᠲᠡᠨ ᠠᠮᠢᠳᠤ ᠮᠠᠯ ᠢ ᠬᠤᠳᠠᠯᠳᠤᠨ ᠠᠪᠬᠤ᠂ ᠠᠷᠠᠴᠢᠯᠠᠨ ᠲᠡᠵᠢᠭᠡᠬᠦ ᠪᠠ ᠲᠤᠬᠠᠶ ᠶᠢᠨ ᠲᠠᠯᠠᠪᠠᠶ ᠳᠤ ᠠᠯᠠᠵᠤ ᠨᠢᠲᠤᠯᠬᠤ ᠶᠢ ᠲᠠᠰᠤ ᠵᠣᠭᠰᠣᠭᠠᠵᠤ᠂ ᠢᠷᠡᠯᠲᠡ ᠨᠢ ᠲᠣᠳᠣᠷᠬᠠᠶ ᠦᠭᠡᠶ ᠢᠳᠡᠭᠡᠨ ᠤ ᠮᠠᠲ᠋ᠧᠷᠢᠶᠠᠯ ᠬᠤᠳᠠᠯᠳᠤᠨ ᠠᠪᠬᠤ ᠶᠢ ᠴᠠᠭᠠᠵᠠᠯᠠᠵᠤ᠂ ᠬᠡᠭᠡᠷ᠎ᠡ ᠶᠢᠨ ᠠᠮᠢᠲᠠᠨ ᠪᠤᠶᠤ ᠬᠡᠭᠡᠷ᠎ᠡ ᠶᠢᠨ ᠠᠮᠢᠲᠠᠨ ᠤ ᠪᠦᠲᠦᠭᠡᠭᠳᠡᠬᠦᠨ ᠢ ᠡᠵᠡᠩᠨᠡᠬᠦ ᠪᠠ ᠬᠠᠳᠠᠭᠠᠯᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠡᠵᠡᠩᠨᠡᠯᠲᠡ ᠶᠢᠨ ᠬᠤᠭᠤᠴᠠᠭᠠᠨ ᠳᠤ᠂ ᠬᠤᠭᠤᠯᠠ ᠢᠳᠡᠬᠦ ᠲᠠᠯᠠᠪᠤᠷ᠂ ᠠᠷᠢᠭᠤᠨ ᠴᠡᠪᠡᠷ ᠤᠨ ᠪᠡᠯᠡᠳᠬᠡᠮᠵᠢ᠂ ᠬᠥᠮᠦᠰ  ᠤᠨ ᠨᠡᠪᠲᠡᠷᠡᠬᠦ ᠵᠠᠮ᠂ ᠴᠠᠬᠢᠯᠭᠠᠨ ᠱᠠᠲᠤ᠂ ᠠᠷᠢᠭᠤᠨ ᠴᠡᠪᠡᠷ ᠤᠨ ᠥᠷᠥᠭᠡ ᠵᠡᠷᠭᠡ ᠲᠠᠯᠠᠪᠤᠷ ᠭᠠᠵᠠᠷ ᠤᠨ ᠪᠡᠯᠡᠳᠬᠡᠮᠵᠢ  ᠶᠢ ᠲᠣᠭᠲᠠᠮᠠᠯ ᠬᠤᠭᠤᠴᠠᠭ᠎ᠠ ᠲᠠᠢ ᠪᠠᠷ ᠠᠷᠢᠭᠤᠳᠬᠠᠵᠤ ᠰᠠᠯᠬᠢ ᠨᠡᠪᠲᠡᠷᠡᠭᠦᠯᠦᠨ᠎ᠡ᠃ ᠬᠤᠭᠤᠯᠠ ᠢᠳᠡᠬᠦ ᠭᠠᠵᠠᠷ ᠲᠠᠯᠠᠪᠤᠷ ᠲᠤ ᠨᠢᠭᠡ ᠴᠠᠭ ᠤᠨ ᠬᠤᠭᠤᠯᠠ ᠶᠢ ᠨᠢᠭᠡ ᠤᠳᠠᠭ᠎ᠠ ᠠᠷᠢᠭᠤᠳᠬᠠᠬᠤ ᠬᠡᠷᠡᠭᠲᠡᠶ᠂ ᠬᠡᠷᠡᠭᠯᠡᠭᠡᠳᠦᠶ ᠲᠤᠰᠬᠠᠶ ᠥᠷᠥᠭᠡ ᠶᠢ ᠡᠳᠦᠷ ᠪᠦᠷᠢ ᠨᠢᠭᠡ ᠤᠳᠠᠭ᠎ᠠ ᠠᠷᠢᠭᠤᠳᠬᠠᠬᠤ ᠬᠡᠷᠡᠭᠲᠡᠶ᠃ ᠢᠳᠡᠭᠡᠨ ᠤᠮᠳᠠᠭᠠᠨ ᠤ ᠬᠡᠷᠡᠭᠰᠡᠯ ᠢ ᠠᠷᠢᠭᠤᠳᠬᠠᠭᠰᠠᠨ ᠤ ᠳᠠᠷᠠᠭ᠎ᠠ ᠨᠢᠭᠲᠠ ᠪᠢᠲᠡᠭᠦᠮᠵᠢᠯᠡᠭᠰᠡᠨ ᠠᠷᠢᠭᠤᠨ ᠴᠡᠪᠡᠷ ᠢ ᠬᠠᠮᠠᠭᠠᠯᠠᠬᠤ ᠬᠤᠷᠭᠤᠨ ᠳᠤ ᠲᠠᠯᠪᠢᠵᠤ᠂ ᠬᠤᠭᠤᠯᠠ ᠬᠠᠩᠭᠠᠬᠤ ᠦᠶ᠎ᠡ ᠳᠤ ᠲᠡᠷᠡ ᠳᠠᠷᠤᠶ ᠳᠤᠨᠢ ᠬᠠᠩᠭᠠᠬᠤ ᠬᠡᠷᠡᠭ ᠲᠠᠢ᠂ ᠢᠳᠡᠭᠡᠨ ᠤᠮᠳᠠᠭᠠᠨ ᠤ ᠬᠡᠷᠡᠭᠰᠡᠯ ᠢ ᠬᠤᠭᠤᠯᠠᠨ ᠰᠢᠷᠡᠭᠡᠨ ᠳᠤ ᠤᠷᠢᠳᠴᠢᠯᠠᠨ ᠲᠠᠯᠪᠢᠵᠤ ᠪᠣᠯᠬᠤ ᠦᠭᠡᠶ᠃ ᠬᠡᠷᠡᠭᠯᠡᠭᠴᠢᠳ ᠲᠤ ᠭᠠᠷ ᠤᠭᠢᠶᠠᠬᠤ ᠰᠢᠩᠭᠡᠨ᠂ ᠨᠢᠭᠡ ᠤᠳᠠᠭ᠎ᠠ ᠬᠡᠷᠡᠭᠯᠡᠬᠦ ᠠᠷᠢᠭᠤᠳᠬᠠᠭᠰᠠᠨ ᠠᠯᠴᠢᠭᠤᠷ ᠵᠡᠷᠭᠡ ᠬᠢᠵᠢᠭ ᠢ ᠰᠡᠷᠭᠡᠶᠢᠯᠡᠬᠦ ᠡᠳ᠋ ᠪᠣᠳᠠᠰ ᠢ ᠬᠠᠩᠭᠠᠬᠤ ᠬᠡᠷᠡᠭᠲᠡᠶ᠃ ᠠᠵᠢᠯᠲᠠᠨ ᠤ ᠠᠵᠢᠯ ᠳᠤ ᠪᠦᠬᠦ ᠶᠠᠪᠤᠴᠠ ᠳᠤ ᠠᠮᠠᠪᠴᠢ ᠵᠡᠭᠦᠬᠦ ᠬᠡᠷᠡᠭᠲᠡᠶ᠃ ᠬᠠᠶᠠᠭᠳᠠᠮᠠᠯ ᠠᠮᠠᠪᠴᠢ ᠶᠢ ᠲᠤᠰᠬᠠᠶ ᠬᠤᠭ ᠤᠨ ᠰᠠᠪᠠᠨ ᠳᠤ ᠬᠢᠵᠦ᠂ ᠡᠳᠦᠷ ᠪᠦᠷᠢ ᠬᠤᠭ ᠨᠣᠪᠰᠢ ᠶᠢᠨ ᠰᠠᠪᠠ ᠶᠢ ᠠᠷᠢᠭᠤᠳᠬᠠᠨ ᠰᠢᠶᠳᠪᠦᠷᠢᠯᠡᠬᠦ ᠬᠡᠷᠡᠭᠲᠡᠶ᠃ ᠭᠠᠷ ᠢᠶᠠᠨ ᠤᠬᠢᠶᠠᠵᠤ ᠠᠷᠢᠭᠤᠳᠬᠠᠬᠤ ᠲᠥᠬᠦᠭᠡᠷᠦᠮᠵᠢ ᠲᠣᠬᠢᠷᠠᠭᠤᠯᠵᠤ᠂ ᠬᠤᠭ ᠨᠣᠪᠰᠢ ᠶᠢᠨ ᠰᠠᠭᠤᠯᠠᠭ᠎ᠠ ᠬᠡᠷᠡᠭᠯᠡᠬᠦ ᠬᠡᠷᠡᠭᠲᠡᠶ᠃       ᠨᠠᠶᠮᠠ᠂ ᠡᠯ᠎ᠡ ᠢᠳᠡᠭᠡᠨ ᠤᠮᠳᠠᠭᠠᠨ ᠤ ᠦᠶᠯᠡᠴᠢᠯᠡᠭᠡᠨ ᠤ ᠨᠢᠭᠡᠴᠡ ᠨᠦᠭᠦᠳ ᠢᠯᠡ ᠪᠠᠶᠢᠷᠢᠨ ᠳᠤ ᠲᠡᠮᠳᠡᠭ ᠨᠠᠭᠠᠵᠤ᠂ ᠳᠡᠯᠭᠡᠭᠦᠷ ᠲᠤ ᠣᠷᠣᠵᠤ ᠬᠤᠭᠤᠯᠠ ᠢᠳᠡᠵᠦ  ᠪᠠᠶᠢᠭ᠎ᠠ ᠬᠥᠮᠦᠰ ᠲᠤ ᠵᠣᠬᠢᠬᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠰᠠᠶᠢᠲᠤᠷ ᠬᠢᠬᠦ ᠶᠢ ᠰᠠᠨᠠᠭᠤᠯᠬᠤ ᠬᠡᠷᠡᠭᠲᠡᠶ᠃       ᠶᠢᠰᠦ᠂ ᠡᠯ᠎ᠡ ᠰᠤᠮᠤ ᠪᠠᠯᠭᠠᠰᠤ ᠵᠡᠭᠡᠯᠢ ᠭᠤᠳᠤᠮᠵᠢ ᠨᠤᠭᠤᠳ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠢᠳᠠᠪᠤᠷᠢᠵᠢᠭᠤᠯᠬᠤ᠂ ᠬᠤᠰᠢᠭᠤᠨ ᠤ ᠠᠵᠤ ᠦᠶᠯᠡᠳᠪᠦᠷᠢ ᠪᠠ ᠮᠡᠳᠡᠭᠡ ᠵᠠᠩᠭᠢ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠢ ᠠᠵᠢᠯ ᠲᠥᠷᠥᠯ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠨᠢ ᠢᠳᠡᠭᠡᠨ ᠤ ᠠᠮᠤᠷ ᠲᠦᠪᠰᠢᠨ ᠢ ᠬᠢᠨᠠᠨ ᠵᠢᠯᠣᠭᠤᠳᠬᠤ ᠪᠠ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠦᠶᠯᠡᠴᠢᠯᠡᠭᠡᠨ ᠤ ᠵᠢᠯᠣᠭᠤᠳᠣᠯᠭ᠎ᠠ  ᠶᠢ ᠰᠠᠶᠢᠲᠤᠷ ᠬᠢᠬᠦ ᠶᠢᠨ ᠬᠠᠮᠲᠤ᠂ ᠢᠳᠡᠭᠡᠨ ᠤᠮᠳᠠᠭᠠᠨ ᠤ ᠦᠶᠯᠡᠴᠢᠯᠡᠭᠡᠨ ᠤ ᠨᠢᠭᠡᠴᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠣᠭᠤᠷᠢᠨ ᠪᠠᠶᠢᠴᠠᠭᠠᠬᠤ ᠵᠢᠭᠠᠨ ᠵᠢᠯᠣᠭᠤᠳᠣᠭᠴᠢ ᠶᠢ ᠬᠠᠮᠲᠤᠪᠠᠷ ᠲᠣᠭᠲᠠᠭᠠᠵᠤ᠂ ᠲᠣᠭᠤᠷᠢᠨ ᠪᠠᠶᠢᠴᠠᠭᠠᠵᠤ ᠵᠢᠯᠣᠭᠤᠳᠬᠤ ᠬᠠᠷᠢᠭᠤᠴᠠᠯᠭ᠎ᠠ ᠶᠢ ᠬᠥᠮᠦᠨ ᠳᠤᠨᠢ ᠬᠦᠷᠭᠡᠬᠦ᠂ ᠠᠵᠢᠯ ᠢ ᠪᠦᠬᠦᠨ ᠢ ᠬᠠᠮᠤᠷᠬᠤ᠂ ᠡᠳᠦᠷ ᠤᠨ ᠮᠡᠳᠡᠭᠦᠯᠦᠯᠲᠡ ᠵᠡᠷᠭᠡ ᠠᠵᠢᠯ ᠤᠨ ᠲᠣᠭᠲᠠᠴᠠ ᠶᠢ ᠪᠠᠶᠢᠭᠤᠯᠬᠤ ᠬᠡᠷᠡᠭᠲᠡᠶ᠃ ᠬᠠᠤᠯᠢ ᠲᠣᠭᠲᠠᠭᠠᠯ ᠠᠴᠠ ᠵᠥᠷᠢᠴᠡᠨ ᠡᠵᠡᠩᠨᠡᠭᠡᠳ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ ᠢᠳᠡᠭᠡᠨ ᠤᠮᠳᠠᠭᠠᠨ ᠤ ᠦᠶᠯᠡᠴᠢᠯᠡᠭᠡᠨ ᠤ ᠨᠢᠭᠡᠴᠡ ᠶᠢ ᠡᠷᠡᠰ ᠬᠠᠭᠠᠵᠤ ᠵᠣᠭᠰᠣᠭᠠᠬᠤ ᠬᠡᠷᠡᠭᠲᠡᠶ᠃       ᠠᠷᠪᠠ᠂ ᠲᠣᠰ ᠰᠠᠨᠠᠯ ᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ᠂ ᠬᠢᠵᠢᠭ  ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠬᠡᠷᠡᠭᠴᠡᠭᠡ ᠶᠢ ᠦᠨᠳᠦᠰᠦᠯᠡᠨ ᠴᠠᠭ ᠲᠤᠬᠠᠶ ᠳᠤᠨᠢ ᠲᠣᠬᠢᠷᠠᠭᠤᠯᠤᠯᠲᠠ ᠬᠢᠬᠦ ᠪᠤᠶᠤ ᠬᠦᠴᠦᠨ ᠦᠭᠡᠢ ᠪᠣᠯᠭᠠᠨ᠎ᠠ᠃                            ᠪᠠᠭᠠᠷᠢᠨ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ                            ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ                             2020 ᠣᠨ ᠤ 3 ᠰᠠᠷ᠎ᠠ ᠶᠢᠨ 11 ᠤ ᠡᠳᠦᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05001926号-2