ᠲᠥᠪ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠠᠵᠤ | ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠲᠤᠬᠠᠶ ᠬᠤᠯᠪᠣᠭᠳᠠᠯ | ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠵᠢᠯᠣᠭᠤᠳᠬᠤ ᠭᠠᠵᠠᠷ | ᠤᠨ ᠦᠶᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ︵ᠨᠢᠭᠡᠴᠡ︶ ᠤᠨ ᠦᠶᠯᠡᠳᠪᠦᠷᠢᠯᠡᠯ ᠢᠶᠠᠨ ᠰᠡᠷᠭᠦᠭᠡᠬᠦ ᠠᠵᠢᠯ | ᠢᠶᠠᠨ ᠰᠡᠷᠭᠦᠭᠡᠬᠦ ᠢ ᠡᠮᠬᠢ ᠵᠢᠷᠤᠮ ᠲᠠᠢ ᠠᠬᠢᠭᠤᠯᠬᠤ ᠲᠤᠬᠠᠶ ᠮᠡᠳᠡᠭᠳᠡᠯ︾᠂ ︽ᠤᠯᠠᠭᠠᠨᠬᠠᠳᠠ ᠬᠤᠲᠠ ᠶᠢᠨ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ | ᠵᠢᠯᠣᠭᠤᠳᠬᠤ ᠭᠠᠵᠠᠷ ᠤᠨ ᠭᠤᠷᠪᠠᠳᠤᠭᠠᠷ ᠠᠵᠤ ᠦᠶᠯᠡᠰ ᠤᠨ ᠦᠶᠯᠡᠴᠢᠯᠡᠭᠡᠨ ᠤ ᠦᠶᠯᠡᠰ ᠤᠨ ᠬᠠᠮᠢᠶ᠎ᠠ ᠪᠥᠬᠦᠶ | ᠠᠵᠢᠯ ᠲᠥᠷᠥᠯ ᠤᠨ ᠡᠵᠡᠩᠨᠡᠯᠲᠡ ᠪᠠᠨ ᠰᠡᠷᠭᠦᠭᠡᠬᠦ ᠶᠢ ᠲᠦᠷᠭᠡᠳᠬᠡᠨ ᠠᠬᠢᠭᠤᠯᠬᠤ ᠲᠤᠬᠠᠶ ᠮᠡᠳᠡᠭᠳᠡᠯ︾ ᠵᠡᠷᠭᠡ | ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ᠮᠠᠨ ᠤ ᠬᠤᠰᠢᠭᠤ ᠬᠢᠵᠢᠭ ᠤᠨ ᠪᠠᠶᠢᠳᠠᠯ ᠲᠦᠭᠰᠢᠭᠦᠷᠢ | ᠳᠣᠤᠷ᠎ᠠ ᠭᠠᠵᠠᠷ ᠣᠷᠣᠨ ᠳᠤ ᠬᠠᠷᠢᠶᠠᠯᠠᠭᠳᠠᠬᠤ ᠶᠢ ᠦᠨᠳᠦᠰᠦᠯᠡᠨ᠂ ᠡᠳᠦᠭᠡ ᠬᠤᠯᠪᠣᠭᠳᠠᠯ ᠪᠥᠬᠦᠶ ᠵᠦᠶᠯᠡᠰ ᠢ | ᠳᠣᠤᠷᠠᠬᠢ ᠮᠡᠲᠦ ᠮᠡᠳᠡᠭᠳᠡᠶ᠎ᠡ᠄ | ᠨᠢᠭᠡ᠂ 3 ᠰᠠᠷ᠎ᠠ ᠶᠢᠨ 18 ᠤ ᠡᠳᠦᠷ ᠠᠴᠠ ᠡᠬᠢᠯᠡᠨ᠂ ᠪᠥᠬᠦ ᠬᠤᠰᠢᠭᠤᠨ ᠤ ᠮᠦᠽᠧᠶ᠂ ᠰᠣᠶᠣᠯ ᠤᠨ | ᠣᠷᠳᠣᠨ᠂ ᠨᠣᠮ ᠤᠨ ᠰᠠᠩ᠂ ᠺᠢᠨᠣ᠋ ᠶᠢᠨ ᠤᠷᠳᠤᠨ᠂ ᠳᠠᠭᠤᠤ ᠪᠥᠵᠢᠭ ᠤᠨ ᠲᠢᠩᠬᠢᠮ᠂ ᠣᠯᠠᠨ ᠨᠡᠶᠢᠲᠡ ᠶᠢᠨ ᠪᠡᠶ᠎ᠡ | ᠤᠬᠢᠶᠠᠬᠤ ᠲᠠᠯᠠᠪᠠᠢ ︵ᠬᠡᠷ︶᠂ ᠬᠥᠯ ᠤᠬᠢᠶᠠᠬᠤ ᠭᠠᠵᠠᠷ᠂ ᠬᠡᠷ ᠳᠣᠲᠣᠷᠠᠬᠢ ᠤᠮᠪᠠᠯᠲᠠ ᠶᠢᠨ ᠣᠷᠳᠣᠨ᠂ | ᠡᠷᠡᠭᠦᠯᠵᠢᠯ ᠤᠨ ᠢᠯᠢᠵᠦ ᠨᠤᠬᠤᠯᠠᠬᠤ ᠭᠠᠵᠠᠷ᠂ ᠵᠢᠰᠦ ᠭᠤᠶᠣᠯᠠᠬᠤ ᠬᠦᠷᠢᠶᠡᠯᠡᠩ᠂ ᠪᠡᠶ᠎ᠡ ᠶᠢᠨ ᠲᠠᠮᠢᠷ ᠤᠨ ᠪᠡᠶ᠎ᠡ | ᠴᠢᠭᠢᠷᠠᠭᠵᠢᠭᠤᠯᠬᠤ ᠲᠠᠯᠠᠪᠤᠷ ᠣᠷᠳᠣᠨ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠱᠠᠭᠠᠷᠳᠠᠯᠭ᠎ᠠ ᠳᠤ | ᠬᠦᠷᠦᠭᠰᠡᠨ ᠪᠠᠶᠢᠪᠠᠯ᠂ ᠥᠪᠡᠰᠦᠪᠡᠨ ᠡᠵᠡᠩᠨᠡᠯᠲᠡ ᠪᠠᠨ ᠰᠡᠷᠭᠦᠭᠡᠵᠦ ᠪᠣᠯᠤᠨ᠎ᠠ᠃ | ᠬᠤᠶᠠᠷ᠂ ᠪᠥᠬᠦ ᠬᠤᠰᠢᠭᠤᠨ ᠤ ᠬᠡᠪᠴᠢᠶᠡᠨ ᠳᠤ ᠡᠯ᠎ᠡ ᠲᠥᠷᠥᠯ ᠤᠨ ᠰᠣᠶᠣᠯ ᠪᠠ ᠵᠢᠭᠤᠯᠴᠢᠯᠠᠯ ᠤᠨ | ᠲᠠᠯᠠᠪᠤᠷ ᠭᠠᠵᠠᠷ ︵ᠠᠵᠤ ᠠᠬᠤᠶᠢᠯᠠᠯ︶᠂ ︽ᠭᠠᠳᠠᠭᠠᠳᠤ ᠠᠴᠠ ᠤᠷᠤᠭᠤᠯᠬᠤ ᠶᠢ ᠰᠡᠷᠭᠡᠶᠢᠯᠡᠬᠦ︾ ᠠᠷᠭ᠎ᠠ ᠬᠡᠮᠵᠢᠶ᠎ᠡ | ᠶᠢ ᠰᠠᠶᠢᠲᠤᠷ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠱᠠᠭᠠᠷᠳᠠᠯᠭ᠎ᠠ ᠳᠤ | ᠬᠦᠷᠦᠭᠰᠡᠨ ᠤᠷᠢᠳᠠᠯ ᠳᠣᠤᠷ᠎ᠠ᠂ ᠥᠪᠡᠰᠦᠪᠡᠨ ᠡᠵᠡᠩᠨᠡᠯᠲᠡ ᠪᠠᠨ ᠰᠡᠷᠭᠦᠭᠡᠵᠦ ᠪᠣᠯᠤᠨ᠎ᠠ᠃ | ᠭᠤᠷᠪᠠ᠂ ᠠᠵᠤ ᠠᠬᠤᠶᠢᠯᠠᠯ ᠪᠣᠯᠤᠨ ᠬᠤᠪᠢ ᠶᠢᠨ ᠠᠵᠤ ᠦᠶᠯᠡᠳᠪᠦᠷᠢ ᠬᠤᠳᠠᠯᠳᠤᠭ᠎ᠠ ᠶᠢᠨ ᠡᠷᠦᠬᠡ | ᠨᠦᠭᠦᠳ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠬᠢᠨᠠᠮᠠᠭᠠᠶ | ᠨᠠᠶᠢᠳᠠᠪᠤᠷᠢᠵᠢᠭᠤᠯᠵᠤ᠂ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠪᠡᠶ᠎ᠡ | ᠶᠢᠨ ᠳᠤᠯᠠᠭᠠᠨ ᠢ ᠬᠡᠮᠵᠢᠨ ᠪᠠᠶᠢᠴᠠᠭᠠᠬᠤ᠂ ᠠᠷᠢᠭᠤᠳᠬᠠᠨ ᠰᠠᠯᠬᠢ ᠨᠡᠪᠲᠡᠷᠡᠭᠦᠯᠬᠦ᠂ ᠬᠥᠮᠦᠨ ᠤ ᠤᠷᠤᠰᠬᠠᠯ ᠢ | ᠬᠢᠵᠠᠭᠠᠷᠯᠠᠬᠤ ᠵᠡᠷᠭᠡ ᠠᠵᠢᠯ ᠢ ᠰᠠᠶᠢᠲᠤᠷ ᠬᠢᠵᠦ᠂ ᠠᠮᠤᠷ ᠲᠦᠪᠰᠢᠨ ᠵᠢᠷᠤᠮᠵᠢᠯ ᠲᠠᠢ ᠪᠠᠷ ᠡᠵᠡᠩᠨᠡᠯᠲᠡ ᠪᠠᠨ | ᠰᠡᠷᠭᠦᠭᠡᠬᠦ ᠶᠢ ᠦᠨᠡᠩᠬᠦ ᠪᠠᠲᠤᠯᠠᠬᠤ ᠬᠡᠷᠡᠭᠲᠡᠶ᠃ | ᠳᠥᠷᠪᠡ᠂ ᠡᠯ᠎ᠡ ᠭᠠᠵᠠᠷ ᠣᠷᠣᠨ᠂ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ | ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠ ᠬᠢᠨᠠᠯᠲᠠ ᠲᠠᠯᠪᠢᠵᠤ ᠵᠢᠯᠣᠭᠤᠳᠬᠤ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠤᠨ ᠬᠥᠭᠵᠢᠯᠲᠡ ᠬᠤᠪᠢᠷᠠᠯᠲᠠ | ᠶᠢᠨ ᠪᠤᠲᠠᠲᠦ ᠪᠠᠢᠳᠠᠯ ᠲᠠᠢ ᠤᠶᠠᠯᠳᠤᠭᠤᠯᠤᠨ᠂ ᠡᠵᠡᠩᠨᠡᠯᠲᠡ ᠶᠢ ᠰᠡᠷᠭᠦᠭᠡᠬᠦ ᠶᠠᠪᠤᠴᠠ ᠳᠤ ᠣᠷᠣᠰᠢᠵᠤ ᠪᠠᠶᠢᠭ᠎ᠠ | ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠶᠳᠪᠦᠷᠢᠯᠡᠵᠦ᠂ ᠠᠵᠤ ᠠᠬᠤᠶᠢᠯᠠᠯ ᠪᠠ ᠬᠤᠪᠢ ᠶᠢᠨ ᠠᠵᠤ | ᠦᠶᠯᠡᠳᠪᠦᠷᠢ ᠬᠤᠳᠠᠯᠳᠤᠭᠠᠨ ᠤ ᠡᠷᠦᠬᠡ ᠶᠢᠨ ᠡᠵᠡᠩᠨᠡᠯᠲᠡ ᠶᠢ ᠰᠡᠷᠭᠦᠭᠡᠬᠦ ᠳᠤ ᠦᠨᠡᠩᠬᠦ ᠨᠥᠬᠦᠴᠡᠯ ᠪᠦᠷᠢᠯᠳᠦᠭᠦᠯᠵᠦ | ᠥᠭᠬᠦ ᠬᠡᠷᠡᠭᠲᠡᠶ᠃ ᠡᠭᠦᠨ ᠤ ᠬᠠᠮᠲᠤ᠂ ᠲᠣᠭᠤᠷᠢᠨ ᠪᠠᠶᠢᠴᠠᠭᠠᠵᠤ ᠵᠢᠯᠣᠭᠤᠳᠬᠤ ᠡᠷᠴᠢᠮ ᠢᠶᠠᠨ ᠨᠡᠮᠡᠭᠳᠡᠭᠦᠯᠵᠦ᠂ | ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠣᠭᠲᠠᠭᠠᠯ ᠢ ᠬᠡᠷᠡᠭᠵᠢᠭᠦᠯᠬᠦ ᠦᠭᠡᠶ ᠶᠢ ᠵᠠᠷᠯᠢᠭᠳᠠᠵᠤ ᠪᠠᠶᠢᠭᠠᠳ | ᠬᠠᠭᠠᠵᠤ ᠵᠣᠭᠰᠣᠭᠠᠵᠤ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ | ᠲᠠᠪᠤ᠂ ᠬᠤᠰᠢᠭᠤᠨ ᠤ ᠰᠣᠶᠣᠯ ᠵᠢᠭᠤᠯᠴᠢᠯᠠᠯ᠂ ᠳᠣᠲᠣᠭᠠᠳᠤ ᠶᠢ ᠬᠠᠮᠠᠭᠠᠯᠠᠬᠤ᠂ ᠠᠵᠤ ᠦᠶᠯᠡᠳᠪᠦᠷᠢ | ᠮᠡᠳᠡᠭᠡ ᠵᠠᠩᠭᠢ ᠪᠣᠯᠤᠨ ᠰᠢᠨᠵᠢᠯᠡᠬᠦ ᠤᠬᠠᠭᠠᠨ ᠮᠡᠷᠭᠡᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠠᠬ᠎ᠠ ᠳᠡᠯᠭᠡᠭᠦᠷ | ᠤᠨ ᠬᠢᠨᠠᠨ ᠬᠠᠮᠢᠶᠠᠷᠤᠯᠲᠠ᠂ ᠤᠰᠤᠨ ᠴᠥᠭᠦᠷᠥᠮ ᠤᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠳ ᠡᠳᠦᠷ | ᠲᠤᠲᠤᠮ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠮᠡᠷᠭᠡᠵᠢᠯ ᠤᠨ ᠰᠡᠷᠭᠡᠶᠢᠯᠡᠯᠲᠡ ᠪᠣᠳᠠᠰ ᠤᠨ | ᠰᠡᠷᠭᠡᠶᠢᠯᠡᠯᠲᠡ᠂ ᠪᠠᠴᠢᠮ ᠪᠠᠶᠢᠳᠠᠯ ᠢ ᠠᠷᠭᠠᠴᠠᠭᠠᠨ ᠰᠢᠶᠳᠪᠦᠷᠢᠯᠡᠬᠦ ᠵᠡᠷᠭᠡ ᠠᠵᠢᠯ ᠢ ᠵᠢᠯᠣᠭᠤᠳᠤᠨ ᠰᠠᠶᠢᠲᠤᠷ ᠬᠢᠬᠦ | ᠬᠡᠷᠡᠭᠲᠡᠶ᠃ | | | ᠪᠠᠭᠠᠷᠢᠨ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ | ᠰᠡᠷᠭᠡᠶᠢᠯᠡᠨ ᠬᠢᠵᠠᠭᠠᠷᠯᠠᠬᠤ ᠠᠵᠢᠯ ᠶᠢᠨ ᠵᠢᠯᠣᠭᠤᠳᠬᠤ ᠭᠠᠵᠠᠷ | 2020 ᠣᠨ ᠤ 3 ᠰᠠᠷ᠎ᠠ ᠶᠢᠨ 18 ᠤ ᠡᠳᠦᠷ | | | | | | |