ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠣᠢ ᠰᠢᠭᠤᠶ ᠨᠤᠲᠤᠭ ᠪᠡᠯᠴᠢᠭᠡᠷ ᠤᠨ ᠭᠠᠯ ᠢ ᠬᠤᠷᠢᠭᠯᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2020-03-20
      ᠣᠢ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠭᠠᠷᠬᠤ ᠶᠢ ᠪᠥᠬᠦ ᠲᠠᠯ᠎ᠠ ᠪᠠᠷ ᠤᠷᠢᠳᠴᠢᠯᠠᠨ ᠰᠡᠷᠭᠡᠶᠢᠯᠡᠵᠦ᠂ ᠣᠢ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠪᠣᠯᠤᠨ ᠣᠯᠠᠨ ᠲᠦᠮᠡᠨ ᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠵᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠶᠢᠨ ᠲᠥᠯᠥᠭᠡ᠂ ᠤᠯᠤᠰ  ᠤᠨ ︽ᠣᠢ ᠰᠢᠭᠤᠶ ᠶᠢᠨ ᠭᠠᠯ ᠢ ᠰᠡᠷᠭᠡᠶᠢᠯᠡᠬᠦ ᠳᠦᠷᠢᠮ︾᠂ ︽ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠳᠦᠷᠢᠮ︾ ᠵᠢᠴᠢ ︽ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠣᠢ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠳᠦᠷᠢᠮ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠪᠦᠬᠦ ᠬᠤᠰᠢᠭᠤᠨ ᠤ ᠣᠢ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠣᠨᠴᠠᠭᠠᠶᠢᠯᠠᠨ ᠳᠠᠷᠠᠭᠠᠬᠢ ᠵᠦᠢᠯ ᠢ ᠵᠠᠷᠯᠠᠨ ᠮᠡᠳᠡᠭᠳᠡᠶ᠎ᠡ᠄       ᠨᠢᠭᠡ᠂ ᠭᠠᠯ  ᠢ ᠰᠡᠷᠭᠡᠶᠢᠯᠡᠬᠦ ᠬᠤᠭᠤᠴᠠᠭ᠎ᠠ ᠵᠢᠴᠢ ᠴᠢᠩᠭ᠎ᠠ ᠬᠠᠮᠢᠶᠠᠷᠬᠤ ᠬᠤᠭᠤᠴᠠᠭ᠎ᠠ       ᠪᠥᠬᠦ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ  ᠢ ᠰᠡᠷᠭᠡᠶᠢᠯᠡᠬᠦ ᠬᠤᠭᠤᠴᠠᠭ᠎ᠠ᠄ 1 ᠰᠠᠷ᠎ᠠ ᠶᠢᠨ 1 ᠤ ᠡᠳᠦᠷ — 6 ᠰᠠᠷ᠎ᠠ ᠶᠢᠨ 15 ᠤ ᠡᠳᠦᠷ᠂ 10 ᠰᠠᠷ᠎ᠠ ᠶᠢᠨ 1 ᠤ ᠡᠳᠦᠷ — 12 ᠰᠠᠷ᠎ᠠ ᠶᠢᠨ 31 ᠤ ᠡᠳᠦᠷ᠃ ᠬᠠᠪᠤᠷ ᠤᠨ ᠤᠯᠠᠷᠢᠯ ᠤᠨ ᠭᠠᠯ ᠢ ᠰᠡᠷᠭᠡᠶᠢᠯᠡᠬᠦ ᠴᠢᠩᠭ᠎ᠠ  ᠬᠠᠮᠢᠶᠠᠷᠤᠯᠲᠠ ᠶᠢᠨ ᠬᠤᠭᠤᠴᠠᠭ᠎ᠠ ᠪᠣᠯ᠄ 3 ᠰᠠᠷ᠎ᠠ ᠶᠢᠨ 1 ᠤ ᠡᠳᠦᠷ — 5 ᠰᠠᠷ᠎ᠠ ᠶᠢᠨ 31 ᠤ ᠡᠳᠦᠷ᠂ ᠨᠠᠮᠤᠷ ᠡᠪᠦᠯ ᠤᠨ ᠤᠯᠠᠷᠢᠯ ᠤᠨ ᠭᠠᠯ  ᠢ ᠰᠡᠷᠭᠡᠶᠢᠯᠡᠬᠦ ᠴᠢᠩᠭ᠎ᠠ  ᠬᠠᠮᠢᠶᠠᠷᠤᠯᠲᠠ ᠶᠢᠨ ᠬᠤᠭᠤᠴᠠᠭ᠎ᠠ᠄ 10 ᠰᠠᠷ᠎ᠠ ᠶᠢᠨ 1 ᠤ ᠡᠳᠦᠷ — 11 ᠰᠠᠷ᠎ᠠ ᠶᠢᠨ 15 ᠤ ᠡᠳᠦᠷ  ᠃       ᠬᠤᠶᠠᠷ᠂ ᠭᠠᠯ  ᠢ ᠰᠡᠷᠭᠡᠶᠢᠯᠡᠬᠦ ᠣᠷᠣᠨ ᠪᠦᠰᠡ       ᠬᠤᠲᠠ ᠪᠠᠯᠭᠠᠰᠤ ᠪᠠ ᠠᠶᠢᠯ ᠲᠣᠰᠬᠤᠨ ᠠᠴᠠ ᠭᠠᠳᠠᠨ᠎ᠠ᠂ ᠪᠥᠬᠦ ᠬᠤᠰᠢᠭᠤᠨ ᠤ  ᠬᠢᠵᠠᠭᠠᠷ ᠴᠥᠮ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠣᠷᠣᠨ ᠳᠤ ᠪᠠᠭᠲᠠᠵᠤ᠂ ᠪᠣᠶ ᠪᠥᠬᠦᠶ ᠣᠶᠢᠲᠤ ᠭᠠᠵᠠᠷ᠂ ᠡᠪᠡᠰᠦᠲᠦ ᠭᠠᠵᠠᠷ᠂ ᠠᠲᠠᠷ ᠭᠠᠵᠠᠷ ᠵᠢᠴᠢ ᠣᠢ ᠰᠢᠭᠤᠶ ᠡᠪᠡᠰᠦᠲᠦ ᠭᠠᠵᠠᠷ ᠲᠠᠢ ᠵᠠᠯᠭᠠᠯᠳᠤᠵᠤ ᠬᠥᠷᠰᠢᠯᠡᠵᠦ ᠪᠠᠶᠢᠭ᠎ᠠ ᠲᠠᠷᠢᠶᠠᠨ ᠭᠠᠵᠠᠷ ᠪᠣᠯ ᠭᠠᠯ ᠤᠨ ᠡᠷᠡᠰᠳᠡᠯ ᠶᠡᠬᠡᠲᠡᠶ ᠣᠷᠣᠨ ᠪᠣᠯᠤᠨ᠎ᠠ  ᠃ ᠡᠭᠦᠨ ᠳᠤ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ᠂ ᠨᠢᠰᠬᠡᠯ ᠢᠶᠠᠷ ᠲᠠᠷᠢᠭᠰᠠᠨ ᠰᠢᠭᠤᠶᠢᠲᠤ ᠣᠷᠣᠨ᠂ ᠲᠥᠪᠯᠡᠷᠡᠵᠦ  ᠵᠠᠯᠭᠠᠯᠳᠤᠭᠰᠠᠨ ᠰᠢᠭᠤᠶᠢᠲᠤ ᠣᠷᠣᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠣᠶ ᠰᠢᠭᠤᠶ ᠶᠢᠨ ᠦᠵᠡᠮᠵᠢ ᠶᠢᠨ ᠣᠷᠣᠨ ᠪᠣᠯ ᠭᠤᠤᠯᠳᠠᠯᠭ᠎ᠠ ᠲᠠᠢ ᠪᠢᠲᠡᠭᠦᠮᠵᠢᠯᠡᠬᠦ  ᠪᠦᠰᠡ ᠪᠣᠯᠤᠨ᠎ᠠ᠃        ᠭᠤᠷᠪᠠ᠂ ᠭᠠᠯ  ᠢ ᠰᠡᠷᠭᠡᠶᠢᠯᠡᠬᠦ  ᠪᠦᠰᠡ ᠳᠤ ᠭᠠᠯ ᠬᠡᠷᠡᠭᠯᠡᠬᠦ ᠠᠵᠢᠯᠯᠠᠭ᠎ᠠ ᠶᠢ ᠵᠢᠷᠤᠮᠵᠢᠭᠤᠯᠤᠨ᠎ᠠ        ᠶᠠᠮᠠᠷᠪᠠ  ᠨᠢᠭᠡᠴᠢ ᠪᠣᠯᠤᠨ ᠬᠤᠪᠢ ᠬᠥᠮᠦᠨ  ᠳᠠᠷᠠᠭᠠᠬᠢ ᠲᠣᠭᠲᠠᠭᠠᠯ ᠢ ᠡᠷᠬᠡᠪᠰᠢ ᠵᠢᠷᠤᠮᠯᠠᠬᠤ ᠬᠡᠷᠡᠭᠲᠡᠢ᠄        ︵ᠨᠢᠭᠡ︶ ᠣᠢ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ  ᠴᠢᠩᠭ᠎ᠠ ᠬᠠᠮᠢᠶᠠᠷᠤᠯᠲᠠ ᠶᠢᠨ ᠬᠤᠭᠤᠴᠠᠭᠠᠨ ᠳᠤ  ᠶᠠᠮᠠᠷᠪᠠ ᠬᠥᠮᠦᠨ ᠭᠡᠳ ᠵᠥᠪᠰᠢᠶᠡᠷᠡᠯ ᠦᠭᠡᠢ ᠪᠠᠷ ᠭᠠᠯ ᠤᠨ ᠡᠷᠡᠰᠳᠡᠯ ᠶᠡᠬᠡᠲᠡᠶ ᠣᠷᠣᠨ ᠳᠤ ᠳᠤᠷ᠎ᠠ ᠪᠠᠷ ᠢᠶᠠᠨ ᠣᠷᠣᠵᠤ ᠠᠵᠢᠯᠯᠠᠭ᠎ᠠ ᠬᠢᠬᠦ ᠶᠢ ᠴᠢᠩᠭ᠎ᠠ ᠬᠤᠷᠢᠭᠯᠠᠨ᠎ᠠ᠃        ︵ᠬᠤᠶᠠᠷ︶ ᠭᠠᠯ  ᠢ ᠰᠡᠷᠭᠡᠶᠢᠯᠡᠬᠦ ᠬᠤᠭᠤᠴᠠᠭᠠᠨ ᠳᠤ ᠪᠤᠶᠤ ᠭᠠᠯ  ᠢ ᠰᠡᠷᠭᠡᠶᠢᠯᠡᠬᠦ  ᠴᠢᠩᠭ᠎ᠠ ᠬᠠᠮᠢᠶᠠᠷᠤᠯᠲᠠ ᠶᠢᠨ ᠬᠤᠭᠤᠴᠠᠭᠠᠨ  ᠳᠤ ᠡᠰᠢ ᠰᠦᠷᠡᠯ᠂ ᠲᠠᠷᠢᠶᠠᠨ ᠭᠤᠤᠷᠰᠤ ᠰᠢᠲᠠᠭᠠᠬᠤ ᠶᠠᠪᠤᠳᠠᠯ ᠢ ᠡᠷᠡᠰ ᠬᠤᠷᠢᠭᠯᠠᠵᠤ᠂ ᠬᠡᠭᠡᠷ᠎ᠡ ᠭᠠᠳᠠᠨ᠎ᠠ ᠲᠠᠮᠠᠬᠢ ᠲᠠᠲᠠᠬᠤ᠂ ᠬᠡᠭᠡᠷ᠎ᠡ ᠲᠣᠭᠤᠭᠠᠯᠠᠬᠤ᠂ ᠣᠩᠭᠤᠨ ᠳᠡᠭᠡᠷ᠎ᠡ ᠳᠣᠶ᠋ᠢᠩ ᠰᠢᠳᠠᠭᠠᠬᠤ᠂ ᠬᠤᠸᠠᠷ ᠫᠤᠤᠵᠢᠩ ᠲᠠᠯᠪᠢᠬᠤ ᠵᠡᠷᠭᠡ ᠠᠵᠢᠯᠯᠠᠭ᠎ᠠ ᠶᠢ ᠬᠤᠷᠢᠭᠯᠠᠨ᠎ᠠ᠃        ︵ᠭᠤᠷᠪᠠ︶ ᠬᠡᠤᠬᠡᠳ᠂ ᠰᠤᠷᠤᠭᠴᠢ ᠪᠣᠯᠤᠨ ᠠᠵᠢᠯᠯᠠᠭ᠎ᠠ  ᠶᠢᠨ ᠴᠢᠳᠠᠪᠤᠷᠢ ᠨᠢ ᠬᠢᠵᠠᠭᠠᠷᠯᠠᠯ ᠲᠠᠢ᠂ ᠠᠵᠢᠯᠯᠠᠭᠠᠨ ᠤ ᠴᠢᠳᠠᠪᠤᠷᠢ ᠦᠭᠡᠢ ᠬᠥᠮᠦᠰ ᠭᠠᠯ ᠢᠶᠠᠷ ᠨᠠᠭᠠᠳᠬᠤ ᠪᠤᠶᠤ ᠭᠠᠯ ᠨᠣᠴᠣᠭᠠᠵᠤ ᠭᠠᠯ ᠤᠨ ᠠᠶᠤᠯ ᠭᠠᠷᠭᠠᠭᠰᠠᠨ ᠪᠣᠯ ᠬᠠᠷᠠᠭᠠᠯᠵᠠᠨ ᠬᠠᠮᠠᠭᠠᠯᠠᠭᠴᠢ ᠠᠴᠠ ᠨᠢ ᠬᠠᠷᠢᠭᠤᠴᠠᠯᠭ᠎ᠠ ᠨᠡᠬᠡᠮᠵᠢᠯᠡᠨ᠎ᠡ᠃        ︵ᠳᠥᠷᠪᠡ︶ ᠴᠠᠭ ᠠᠭᠤᠷ ᠤᠨ ᠰᠠᠯᠠᠭ᠎ᠠ ᠮᠥᠴᠢᠷ ᠤᠨ ᠨᠡᠶᠢᠲᠡᠯᠡᠭᠰᠡᠨ ᠭᠠᠯ ᠤᠨ ᠡᠷᠡᠰᠳᠡᠯ ᠤᠨ ᠳᠡᠰ ᠨᠢ 4  ᠠᠴᠠ ᠳᠡᠭᠡᠭᠰᠢ ᠪᠣᠯᠬᠤ ᠦᠶ᠎ᠡ ᠳᠤ ᠬᠡᠭᠡᠷ᠎ᠡ ᠭᠠᠳᠠᠨ᠎ᠠ ᠭᠠᠯ ᠬᠡᠷᠡᠭᠯᠡᠬᠦ ᠠᠯᠢᠪᠠ ᠦᠢᠯᠡ ᠠᠵᠢᠯᠯᠠᠭ᠎ᠠ ᠶᠢ ᠴᠢᠩᠭ᠎ᠠ ᠬᠤᠷᠢᠭᠯᠠᠬᠤ ᠬᠡᠷᠡᠭᠲᠡᠶ᠃        ︵ᠲᠠᠪᠤ︶ ᠬᠡᠭᠡᠷ᠎ᠡ ᠭᠠᠳᠠᠨ᠎ᠠ ᠭᠠᠯ ᠬᠡᠷᠡᠭᠯᠡᠬᠦ  ᠪᠠ ᠣᠢ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ  ᠠᠮᠠᠷᠬᠠᠨ ᠭᠠᠷᠭᠠᠵᠤ ᠮᠡᠳᠡᠬᠦ ᠪᠤᠰᠤᠳ ᠠᠵᠢᠯᠯᠠᠭ᠎ᠠ ᠶᠢ ᠴᠢᠩᠭ᠎ᠠ  ᠬᠤᠷᠢᠭᠯᠠᠬᠤ ᠬᠡᠷᠡᠭᠲᠡᠶ᠃        ︵ᠵᠢᠷᠭᠤᠭ᠎ᠠ︶ ᠵᠡᠮᠳᠡᠭ  ᠬᠥᠮᠥᠨ᠂ ᠵᠢᠷᠮᠦᠰᠦᠨ ᠡᠮᠡᠭᠲᠡᠶ᠂ ᠨᠠᠰᠤᠨ ᠳᠤ ᠦᠯᠦ ᠬᠦᠷᠦᠭᠰᠡᠳ ᠵᠢᠴᠢ ᠣᠢ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠤᠨᠲᠠᠷᠠᠭᠠᠬᠤ ᠳᠤ ᠣᠷᠣᠯᠴᠠᠬᠤ ᠳᠤ ᠲᠣᠬᠢᠷᠠᠬᠤ ᠦᠭᠡᠢ ᠪᠤᠰᠤᠳ ᠬᠥᠮᠦᠰ ᠢ ᠳᠠᠶᠢᠴᠢᠯᠠᠨ ᠭᠠᠯ ᠲᠦᠢᠮᠡᠷ ᠤᠨᠲᠠᠷᠠᠭᠠᠬᠤ  ᠶᠢ ᠴᠢᠩᠭ᠎ᠠ  ᠬᠤᠷᠢᠭᠯᠠᠨ᠎ᠠ᠃        ︵ᠳᠣᠯᠤᠭ᠎ᠠ︶ ᠭᠤᠤᠯᠳᠠᠯᠭ᠎ᠠ ᠲᠠᠢ ᠣᠷᠣᠨ ᠪᠦᠰᠡ᠂ ᠴᠢᠬᠤᠯᠠ ᠵᠠᠮ ᠤᠨ ᠬᠡᠰᠡᠭ ᠪᠣᠯᠤᠨ ᠵᠠᠩᠭᠢᠯᠠᠭ᠎ᠠ ᠶᠢᠨ ᠬᠡᠰᠡᠭ ᠲᠤ ᠭᠠᠯ ᠤᠨ ᠠᠶᠤᠯ ᠡᠴᠠ‌‍ᠰᠡᠷᠭᠡᠶᠢᠯᠡᠬᠦ ᠪᠠᠶᠢᠴᠠᠭᠠᠯᠲᠠ ᠶᠢᠨ ᠥᠷᠲᠡᠭᠡ ᠪᠠᠶᠢᠭᠤᠯᠵᠤ᠂ ᠨᠠᠰᠢ ᠴᠠᠰᠢ ᠥᠩᠭᠡᠷᠡᠬᠦ ᠲᠡᠷᠭᠡ ᠤᠨᠤᠭ᠎ᠠ ᠪᠣᠯᠤᠨ ᠬᠦᠮᠦᠰ ᠢ ᠪᠠᠶᠢᠴᠠᠭᠠᠬᠤ ᠬᠡᠷᠡᠭᠲᠡᠶ᠃ ᠭᠠᠯ  ᠢ ᠰᠡᠷᠭᠡᠶᠢᠯᠡᠬᠦ ᠬᠤᠭᠤᠴᠠᠭᠠᠨ ᠳᠤ᠂ ᠰᠢᠭᠤᠶᠢᠲᠤ ᠣᠷᠣᠨ ᠳᠤ ᠠᠵᠢᠯᠯᠠᠬᠤ ᠪᠠ ᠥᠩᠭᠡᠷᠡᠵᠦ ᠭᠠᠷᠬᠤ ᠡᠯ᠎ᠡ ᠵᠦᠢᠯ ᠤᠨ ᠮᠠᠰᠢᠨ ᠲᠡᠷᠭᠡ ᠡᠷᠬᠡᠪᠰᠢ ᠭᠠᠯ ᠰᠡᠷᠭᠡᠶᠢᠯᠡᠬᠦ ᠲᠣᠨᠣᠭᠯᠠᠯ ᠤᠭᠰᠠᠷᠠᠵᠤ᠂ ᠣᠴᠢ ᠤᠨᠠᠬᠤ᠂ ᠭᠠᠯ ᠦᠯᠢᠶᠡᠬᠦ ᠪᠠ ᠮᠠᠰᠢᠨ ᠲᠡᠷᠭᠡᠨ ᠤ ᠲᠣᠷᠮᠣᠰᠯᠠᠭᠤᠷ ᠤᠨ ᠲᠡᠮᠦᠷ ᠸᠠᠭᠠᠷ ᠤᠨᠠᠵᠤ ᠭᠠᠯ ᠤᠨ ᠠᠶᠤᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃        ︵ᠨᠠᠢᠮᠠ︶ ᠣᠢ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠪᠠᠶᠢᠳᠠᠯ ᠢ ᠮᠡᠳᠡᠭᠦᠯᠬᠦ ᠦᠭᠡᠢ ᠨᠢᠭᠤᠵᠤ ᠳᠠᠷᠤᠬᠤ᠂ ᠬᠤᠳᠠᠯ ᠢᠶᠠᠷ ᠮᠡᠳᠡᠭᠦᠯᠬᠦ ᠪᠤᠶᠤ ᠵᠣᠷᠢᠭᠤᠳᠠ ᠤᠳᠠᠭᠠᠰᠢᠷᠠᠭᠤᠯᠬᠤ ᠶᠢ ᠴᠢᠩᠭ᠎ᠠ ᠬᠤᠷᠢᠭᠯᠠᠵᠤ᠂ ᠬᠡᠷᠪᠡ ᠣᠯᠵᠤ ᠮᠡᠳᠡᠪᠡᠯ ᠤᠳᠤᠷᠢᠳᠤᠯᠭ᠎ᠠ ᠶᠢᠨ ᠬᠠᠷᠢᠭᠤᠴᠠᠯᠭ᠎ᠠ ᠨᠡᠬᠡᠮᠵᠢᠯᠡᠨ᠎ᠡ᠃        ᠲᠥᠷᠪᠡ᠂ ᠬᠤᠯᠪᠣᠭᠳᠠᠯ ᠪᠥᠬᠦᠢ ᠬᠠᠤᠯᠢ ᠴᠠᠭᠠᠵᠠ ᠶᠢᠨ ᠬᠠᠷᠢᠭᠤᠴᠠᠯᠭ᠎ᠠ        ᠣᠢ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠤᠨ ᠵᠠᠬᠢᠷᠤᠨ ᠬᠠᠮᠢᠶᠠᠷᠬᠤ ᠬᠤᠭᠤᠴᠠᠭᠠᠨ ᠳᠤ᠂ ᠳᠡᠭᠡᠷ᠎ᠡ ᠳᠤᠷᠠᠳᠤᠭᠰᠠᠨ ᠭᠠᠯ  ᠬᠤᠷᠢᠭᠯᠠᠬᠤ ᠲᠣᠭᠲᠠᠭᠠᠯ ᠠᠴᠠ ᠵᠥᠷᠢᠴᠡᠭᠰᠡᠨ ᠪᠣᠯ᠂  ᠬᠤᠰᠢᠭᠤᠨ ᠤ ᠣᠢ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠪᠤᠶᠤ ᠡᠷᠬᠡ ᠣᠯᠭᠤᠭᠰᠠᠨ ᠨᠢᠭᠡᠴᠡ ᠠᠴᠠ ᠤᠯᠤᠰ  ᠤᠨ ︽ᠣᠢ ᠰᠢᠭᠤᠶ ᠶᠢᠨ ᠭᠠᠯ  ᠢ ᠰᠡᠷᠭᠡᠶᠢᠯᠡᠬᠦ ᠳᠦᠷᠢᠮ︾᠂ ︽ᠨᠤᠲᠤᠭ ᠪᠡᠯᠴᠢᠭᠡᠷ ᠤᠨ ᠭᠠᠯ  ᠢ ᠰᠡᠷᠭᠡᠶᠢᠯᠡᠬᠦ ᠳᠦᠷᠢᠮ︾ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠢ ᠰᠢᠭᠤᠶ ᠨᠤᠲᠤᠭ ᠪᠡᠯᠴᠢᠭᠡᠷ ᠤᠨ ᠭᠠᠯ  ᠢ ᠰᠡᠷᠭᠡᠶᠢᠯᠡᠬᠦ ᠳᠦᠷᠢᠮ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠵᠠᠷᠯᠢᠭᠳᠠᠵᠤ ᠪᠠᠶᠢᠭᠠᠳ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠣᠭᠰᠣᠭᠠᠵᠤ᠂ ᠰᠡᠷᠡᠮᠵᠢᠯᠡᠭᠦᠯᠬᠦ ᠶᠢᠨ ᠬᠠᠮᠲᠤ᠂ ᠬᠤᠪᠢ ᠬᠥᠮᠦᠨ ᠢ 200 ᠲᠥᠭᠦᠷᠢᠭ ᠠᠴᠠ ᠳᠡᠭᠡᠭᠰᠢ 5000 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ᠂ ᠨᠢᠭᠡᠴᠢ ᠶᠢ 1 ᠲᠦᠮᠡᠨ ᠲᠥᠭᠦᠷᠢᠭ ᠠᠴᠠ ᠳᠡᠭᠡᠭᠰᠢ 5 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ ᠣᠢ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠭᠠᠷᠭᠠᠭᠰᠠᠨ ᠪᠣᠯ ᠦᠢᠯᠡ ᠪᠠᠶᠢᠳᠠᠯ ᠢ ᠨᠢ ᠦᠨᠳᠦᠰᠦᠯᠡᠨ ᠬᠤᠭᠤᠴᠠᠭ᠎ᠠ ᠬᠢᠵᠠᠭᠠᠷᠯᠠᠨ ᠴᠢᠬᠢ ᠮᠣᠳᠣ ᠨᠥᠬᠦᠵᠦ ᠲᠠᠷᠢᠬᠤ᠂ ᠣᠢ ᠰᠢᠭᠤᠶ ᠨᠤᠲᠤᠭ ᠪᠡᠯᠴᠢᠭᠡᠷ ᠤᠨ ᠬᠤᠬᠢᠷᠠᠯ ᠢ ᠲᠥᠯᠥᠬᠦ᠂ ᠭᠠᠯ ᠤᠨᠲᠠᠷᠠᠭᠠᠵᠤ ᠠᠶᠤᠯ ᠠᠴᠠ ᠠᠪᠤᠷᠠᠬᠤ ᠵᠠᠷᠤᠳᠠᠯ ᠡᠭᠦᠷᠭᠡᠯᠡᠭᠦᠯᠬᠦ᠂ ᠠᠮᠤᠷ ᠢ ᠬᠠᠮᠠᠭᠠᠯᠠᠬᠤ ᠲᠦᠷ ᠬᠤᠷᠢᠬᠤ ᠵᠡᠷᠭᠡ ᠪᠠᠷ ᠰᠢᠢᠳᠬᠡᠯ ᠣᠯᠣᠭᠤᠨ᠎ᠠ  ᠃ ᠶᠠᠯ᠎ᠠ ᠬᠢᠭᠰᠡᠨ ᠬᠡᠮᠵᠢᠶᠡᠨ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠃        ᠲᠠᠪᠤ᠂ ᠪᠤᠰᠤᠳ ᠵᠦᠢᠯ        ︵ᠨᠢᠭᠡ︶ ᠭᠠᠯ ᠢ ᠰᠡᠷᠭᠡᠶᠢᠯᠡᠬᠦ ᠬᠤᠭᠤᠴᠠᠭᠠᠨ ᠳᠤ ᠨᠠᠮ ᠤᠨ ᠭᠡᠰᠢᠭᠦᠨ ᠺᠠᠳ᠋ᠷ ᠣᠩᠭᠤᠨ  ᠳᠡᠭᠡᠷ᠎ᠡ ᠬᠦᠷᠴᠦ  ᠳᠣᠶ᠋ᠢᠩ ᠰᠢᠲᠠᠭᠠᠬᠤ ᠵᠡᠷᠭᠡ ᠠᠵᠢᠯᠯᠠᠭ᠎ᠠ ᠳᠤ ᠣᠷᠣᠯᠴᠠᠭᠠᠳ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠭᠠᠷᠤᠭᠰᠠᠨ ᠪᠣᠯ ᠴᠥᠮ ᠨᠠᠮ ᠤᠨ ᠰᠠᠬᠢᠯᠭ᠎ᠠ ᠵᠠᠰᠠᠭ ᠤᠨ ᠰᠠᠬᠢᠯᠭ᠎ᠠ ᠪᠠᠲᠤ ᠶᠢᠨ  ᠰᠢᠢᠳᠬᠡᠯ ᠥᠭᠴᠦ᠂ ᠦᠢᠯᠡ ᠪᠠᠶᠢᠳᠠᠯ ᠨᠢ ᠨᠡᠯᠢᠶᠡᠳ ᠬᠦᠨᠳᠦ ᠪᠣᠯ ᠬᠠᠤᠯᠢ ᠶᠣᠰᠣᠭᠠᠷ ᠵᠠᠰᠠᠭ ᠵᠠᠬᠢᠷᠭᠠᠨ ᠤ ᠪᠤᠶᠤ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠃        ︵ᠬᠤᠶᠠᠷ︶ ᠥᠷᠭᠡᠨ ᠣᠯᠠᠨ ᠺᠠᠳ᠋ᠷ ᠣᠢ ᠰᠢᠭᠤᠶ ᠨᠤᠲᠤᠭ ᠪᠡᠯᠴᠢᠭᠡᠷ ᠤᠨ ᠭᠠᠯ  ᠢ ᠰᠡᠷᠭᠡᠶᠢᠯᠡᠬᠦ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠲᠣᠭᠲᠠᠭᠠᠯ ᠠᠴᠠ ᠵᠥᠷᠢᠴᠡᠨ ᠭᠠᠯ  ᠬᠡᠷᠡᠭᠯᠡᠵᠦ ᠪᠠᠶᠢᠭ᠎ᠠ ᠪᠠᠶᠢᠳᠠᠯ ᠪᠠ ᠣᠢ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠤᠨ ᠪᠠᠶᠢᠳᠠᠯ ᠢ ᠣᠯᠵᠤ ᠮᠡᠳᠡᠪᠡᠯ᠂ ᠣᠢ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠤᠨ ᠰᠡᠷᠡᠮᠵᠢ ᠶᠢᠨ ᠳ᠋ᠢᠶᠠᠩᠬᠤᠸᠠ 12119 ᠳᠤ ᠳᠠᠷᠤᠶ ᠲᠦᠷᠭᠡᠨ ᠤᠲᠠᠰᠤᠳᠠᠬᠤ ᠬᠡᠷᠡᠭᠲᠡᠶ᠃         ᠡᠭᠦᠨ ᠤ ᠲᠤᠯᠠ‌ᠣᠨᠴᠠᠭᠠᠶᠢᠯᠠᠨ ᠵᠠᠷᠯᠠᠪᠠ                       2020 ᠣᠨ ᠤ 3 ᠰᠠᠷ᠎ᠠ ᠶᠢᠨ 16 ᠤ ᠡᠳᠦᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05001926号-2