ᠪᠤᠷᠤᠠᠤᠰᠤ ᠪᠠᠯᠭᠠᠰᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠪᠠᠯᠭᠠᠰᠤᠨ ᠤ ᠳᠠᠷᠤᠭ᠎ᠠ ᠵᠠᠩ ᡁᠢ ᠴᠦᠨ
ᠨᠡᠶᠢᠲᠡᠯᠡᠭᠰᠡᠨ ᠴᠠᠭ᠄
2020/4/10
          ᠲᠣᠰ ᠣᠳᠠᠭ᠎ᠠ ᠪᠤᠷᠤᠠᠤᠰᠤ ᠪᠠᠯᠭᠠᠰᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠪᠠᠯᠭᠠᠰᠤᠨ ᠤ ᠳᠠᠷᠤᠭ᠎ᠠ ᠵᠠᠩ ᡁᠢ ᠴᠦᠨ ᠤ ᠲᠣᠬᠠᠢ ᠮᠡᠳᠡᠭᠡᠯᠡᠬᠦ ᠪᠣᠯᠣᠨ᠎ᠠ᠃
                 ᠣᠶᠢᠷ᠎ᠠ ᠶᠢᠨ ᠵᠢᠯ ᠳᠤ᠂ ᠪᠠᠯᠭᠠᠰᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠪᠠᠯᠭᠠᠰᠤᠨ ᠤ ᠳᠠᠷᠤᠭ᠎ᠠ ᠵᠠᠩ ᡁᠢ ᠴᠦᠨ ᠤ ᠬᠦᠴᠦᠲᠡᠶ ᠠᠬᠢᠭᠤᠯᠭ᠎ᠠ ᠳᠣᠤᠷ᠎ᠠ᠂ ᠪᠤᠷᠤᠠᠤᠰᠤ ᠪᠠᠯᠭᠠᠰᠤ ᠶᠠᠳᠠᠭᠤ ᠠᠴᠠ ᠠᠩᠭᠢᠵᠢᠷᠠᠭᠤᠯᠬᠤ  ᠰᠢᠪᠲᠣᠯᠣᠯᠲᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠣᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠵᠦ᠂ ᠠᠮᠢ ᠠᠬᠤᠶ ᠶᠢ ᠤᠷᠢᠳ ᠢᠶᠠᠷ ᠬᠥᠭᠵᠢᠭᠦᠯᠬᠦ ᠣᠶᠢᠯᠠᠭᠠᠭᠳᠠᠬᠤᠨ ᠳᠤ ᠰᠠᠭᠤᠷᠢᠯᠠᠨ᠂ ᠲᠠᠷᠢᠶᠠᠯᠠᠩ ᠮᠠᠯ ᠠᠵᠤ ᠠᠬᠤᠶ ᠶᠢᠨ ᠪᠦᠲᠦᠴᠡ ᠶᠢᠨ ᠲᠣᠬᠢᠷᠠᠭᠤᠯᠤᠯᠲᠠ ᠶᠢ ᠭᠦᠨᠵᠡᠭᠡᠶ ᠳᠥᠯᠭᠢᠨ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠤᠨᠴᠠᠯᠢᠬᠳᠤ ᠠᠵᠤ ᠦᠢᠯᠡᠰ ᠢ  ᠬᠦᠭᠵᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠶᠢ ᠨᠠᠩ ᠴᠢᠬᠤᠯᠠᠴᠢᠯᠠᠨ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠣ ᠶᠢᠨ ᠲᠥᠷᠥᠭᠳᠡᠯ ᠢ ᠳᠡᠭᠡᠭᠰᠢᠯᠡᠭᠦᠯᠵᠦ᠂ ᠠᠵᠤ ᠦᠢᠯᠡᠰ ᠬᠥᠭᠵᠢᠭᠰᠡᠨ᠂ ᠠᠮᠢ ᠠᠬᠤᠶ ᠦᠵᠡᠰᠬᠦᠯᠡᠩᠲᠦ ᠰᠠᠶᠢᠬᠠᠨ᠂ ᠠᠷᠠᠳ ᠢᠷᠭᠡᠳ ᠪᠠᠶᠠᠨ ᠴᠢᠨᠡᠭᠡᠯᠢᠭ ᠦᠵᠡᠰᠬᠦᠯᠡᠩᠲᠦ ᠰᠠᠶᠢᠬᠠᠨ ᠰᠢᠨ᠎ᠡ ᠵᠢᠷᠤᠭ ᠢ ᠵᠢᠷᠤᠭᠯᠠᠪᠠ᠃
                   ᠪᠠᠯᠭᠠᠰᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠪᠠᠯᠭᠠᠰᠤᠨ ᠤ ᠳᠠᠷᠤᠭ᠎ᠠ ᠪᠣᠯᠤᠭᠰᠠᠨ ᠤ ᠬᠤᠪᠢ ᠳᠤ᠂ ᠲᠡᠷᠡ ᠥᠪᠡᠷ ᠤᠨ ᠬᠦᠨᠳᠦ ᠡᠭᠦᠷᠭᠡ ᠪᠠᠨ ᠭᠦᠨ ᠣᠶᠢᠯᠠᠭᠠᠵᠣ ᠂ ᠤᠯᠠᠨ ᠲᠦᠮᠡᠨ ᠤ ᠬᠦᠰᠡᠯ ᠡᠷᠡᠮᠡᠯᠵᠡᠯ ᠢ ᠡᠪᠦᠷᠯᠡᠨ᠂ ᠪᠦᠬᠦ ᠪᠠᠯᠭᠠᠰᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠣ᠂ ᠣᠯᠠᠨ ᠤ ᠰᠡᠳᠬᠢᠯ ᠢ ᠨᠢᠭᠡᠳᠬᠡᠨ᠂ ᠳᠠᠭᠠᠭᠤᠯᠤᠭᠴᠢ ᠶᠢᠨ ᠠᠵᠢᠯ ᠢ ᠰᠠᠶᠢᠲᠤᠷ ᠬᠢᠵᠡᠢ᠃
               ᠪᠤᠷᠤᠠᠤᠰᠤ ᠪᠠᠯᠭᠠᠰᠤᠨ ᠤ ᠬᠥᠭᠵᠢᠯᠲᠡ ᠶᠢᠨ ᠪᠣᠳᠠᠲᠠᠶ ᠪᠠᠶᠢᠳᠠᠯ ᠢ ᠦᠨᠳᠦᠰᠦᠯᠡᠨ᠂ ᠲᠡᠷᠡ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠬᠦᠴᠦᠲᠡᠶ ᠠᠳᠬᠤᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠳᠤᠷᠠᠳᠤᠭᠰᠠᠨ 《24 ᠦᠰᠦᠭᠲᠦ ᠴᠢᠭᠯᠡᠯᠲᠡ》ᠶᠣᠰᠣᠭᠠᠷ᠂ ᠮᠢᠬᠠᠨ ᠬᠤᠨᠢᠨ ᠤ《23456》ᠪᠠ ᠮᠢᠬᠠᠨ ᠦᠬᠡᠷ ᠤᠨ《1015》ᠲᠡᠵᠢᠭᠡᠨ ᠦᠷᠡᠵᠢᠭᠦᠯᠬᠦ ᠵᠠᠭᠪᠤᠷ  ᠢ ᠶᠡᠬᠡᠪᠡᠷ ᠳᠡᠯᠭᠡᠷᠡᠭᠦᠯᠵᠦ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠡᠵᠡᠩᠨᠡᠯᠲᠡ ᠶᠢᠨ ᠭᠤᠤᠯ ᠴᠣᠭᠴᠠ ᠶᠢ ᠪᠥᠬᠦ ᠬᠦᠴᠦᠨ ᠢᠶᠠᠷ ᠢᠶᠠᠨ ᠪᠣᠶᠢᠵᠢᠭᠤᠯᠣᠨ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢ ᠢᠳᠡᠪᠬᠢᠲᠡᠶ ᠬᠥᠭᠵᠢᠭᠦᠯᠵᠦ᠂ ᠪᠥᠬᠦ ᠪᠠᠯᠭᠠᠰᠤᠨ ᠤ ᠮᠢᠬᠠᠨ ᠬᠤᠨᠢ 38 ᠲᠦᠮᠡ᠂ ᠮᠢᠬᠠᠨ ᠦᠬᠡᠷ 4330 ᠲᠣᠯᠣᠭᠠᠶ ᠳᠤ ᠬᠦᠷᠴᠦ᠂ ᠲᠡᠵᠢᠭᠡᠨ ᠦᠷᠡᠵᠢᠭᠦᠯᠬᠦ ᠡᠷᠦᠬᠡ ᠶᠢᠨ ᠬᠥᠮᠦᠨ ᠪᠦᠷᠢ ᠶᠢᠨ ᠳᠤᠮᠳᠠᠴᠢ ᠣᠷᠣᠯᠭ᠎ᠠ ᠶᠢ 4000 ᠲᠥᠭᠦᠷᠢᠭ  ᠳᠤ ᠨᠡᠮᠡᠭᠳᠡᠭᠦᠯᠵᠡᠶ᠃ ᠲᠡᠷᠡ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ 2019 ᠣᠨ ᠳᠤ᠂ ᠱᠠᠩᠬᠠᠶ ᠶᠢᠨ ᠰᠢ ᠯᠢᠩ ᠪᠠᠷᠢᠯᠭ᠎ᠠ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢ ᠣᠷᠢᠵᠣ᠂ 6500 ᠲᠦᠮᠡᠨ ᠲᠦᠭᠦᠷᠢᠭ ᠤᠨ ᠪᠠᠯᠠ ᠣᠷᠣᠭᠤᠯᠤᠨ ᠪᠥᠲᠥᠭᠡᠨ ᠪᠠᠶᠢᠭᠤᠯᠤᠭᠰᠠᠨ ᠨᠤᠭᠤᠰᠤ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠨᠢᠭᠡᠨᠲᠡ ᠠᠰᠢᠭᠯᠠᠯᠲᠠ ᠳᠤ ᠣᠷᠣᠵᠤ᠂ ᠪᠠᠭᠠᠷᠢᠨ ᠮᠠᠯ ᠠᠵᠤ ᠠᠬᠤᠶ ᠶᠢᠨ ᠺᠣᠮᠫᠠᠨᠢ ᠶᠢᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠨᠢ ᠲᠤᠬᠠᠶ ᠶᠢᠨ ᠭᠠᠵᠠᠷ ᠤᠨ ᠮᠠᠯᠴᠢᠨ ᠲᠠᠷᠢᠶᠠᠴᠢᠨ ᠶᠢ ᠳᠠᠶᠢᠴᠢᠯᠠᠨ ᠬᠠᠰᠢᠶᠠᠯᠠᠨ ᠲᠡᠵᠢᠭᠡᠬᠦ ᠦᠷ᠎ᠡ ᠠᠰᠢᠭ ᠢᠶᠠᠷ ᠨᠡᠯᠢᠶᠡᠳ ᠰᠠᠶᠢᠨ ᠪᠠᠶᠢᠵᠤ᠂ ᠯᠢᠩ ᠰᠢᠩ ᠭᠠᠨᠲᠢᠭ ᠴᠢᠯᠠᠭᠤᠨ ᠠᠭᠤᠷᠬᠠᠶ ᠶᠢᠨ ᠬᠤᠶᠠᠳᠣᠭᠠᠷ ᠬᠤᠭᠤᠴᠠᠭᠠᠨ ᠤ ᠲᠦᠰᠦᠯ ᠢ ᠠᠮᠵᠢᠯᠲᠠ ᠲᠠᠢ ᠪᠠᠷ ᠠᠰᠢᠭᠯᠠᠯᠲᠠ ᠳᠤ ᠣᠷᠣᠭᠤᠯᠵᠤ᠂ ᠰᠢᠨ ᠳ᠋ᠢ ᠲᠠᠷᠢᠶᠠᠯᠠᠩ ᠤᠨ ᠲᠠᠷᠢᠮᠠᠯ ᠤᠨ ᠲᠤᠰᠬᠠᠶ ᠬᠤᠷᠰᠢᠶᠠᠵᠢᠯ ᠳᠤ1150 ᠲᠦᠮᠡᠨ ᠲᠥᠭᠦᠷᠢᠭ  ᠶᠡᠷᠦᠩᠬᠡᠶ ᠪᠠᠯᠠ ᠣᠷᠣᠭᠤᠯᠵᠣ᠂ ᠲᠦᠮᠡᠨ ᠮᠥ ᠨᠡᠷᠡᠨ ᠬᠤᠸᠠᠷ ᠤᠨ ᠰᠠᠭᠤᠷᠢᠨ ᠭᠠᠵᠠᠷ ᠢ ᠪᠠᠶᠢᠭᠤᠯᠵᠤ᠂ ᠴᠠᠭ ᠲᠤᠨᠢ ᠳᠣᠭᠢᠷᠠᠭᠤᠯᠤᠨ《ᠪᠤᠷᠤᠠᠤᠰᠤ ᠪᠠᠯᠭᠠᠰᠤ ᠶᠢᠨ ᠠᠩᠬᠠᠳᠤᠭᠠᠷ ᠬᠤᠭᠤᠴᠠᠭᠠᠨ ᠤ ᠨᠡᠷᠡᠨ ᠬᠤᠸᠠᠷ ᠤᠨ ᠨᠠᠶᠢᠷ》 ᠢ ᠡᠷᠭᠢᠯᠡᠵᠦ᠂ ᠲᠠᠷᠢᠮᠠᠯ ᠤᠨ ᠠᠵᠤ ᠦᠢᠯᠡᠰ ᠤᠨ ᠪᠦᠲᠦᠴᠡ ᠳᠤ ᠠᠬᠢᠭᠤᠯᠬᠤ ᠦᠢᠯᠡᠳᠦᠯ ᠦᠵᠡᠭᠦᠯᠵᠡᠶ᠃
                   ᠪᠤᠷᠤᠠᠤᠰᠤ  ᠪᠠᠯᠭᠠᠰᠣᠨ ᠤ ᠬᠦᠨᠳᠦ ᠤᠰᠤ ᠳᠤᠲᠠᠮᠠᠭ ᠭᠠᠵᠠᠷ ᠣᠷᠣᠨ ᠤ ᠪᠣᠳᠠᠲᠤ ᠪᠠᠶᠢᠳᠠᠯ ᠳᠤ ᠴᠢᠭᠯᠡᠭᠦᠯᠦᠨ᠂ ᠲᠡᠷᠡ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠴᠢᠩᠭ᠎ᠠ ᠬᠠᠮᠢᠶᠠᠷᠤᠨ ᠡᠵᠡᠮᠳᠡᠵᠦ᠂ ᠮᠠᠰᠢᠨ  ᠴᠠᠬᠢᠯᠭᠠᠨ ᠬᠤᠳᠳᠤᠭ ᠢ ᠪᠠᠭᠠᠰᠬᠠᠬᠤ ᠠᠴᠠ ᠪᠢᠰᠢ ᠨᠡᠮᠡᠭᠳᠡᠭᠦᠯᠬᠦ ᠥᠬᠡᠶ ᠪᠠᠶᠢᠬᠤ ᠶᠢ ᠪᠠᠷᠢᠮᠲᠠᠯᠠᠵᠤ᠂ ᠭᠠᠵᠠᠷ ᠳᠣᠤᠷᠠᠬᠢ ᠤᠰᠤ ᠶᠢ ᠳᠤᠷ᠎ᠠ ᠪᠠᠷ ᠢᠶᠠᠨ ᠮᠠᠯᠲᠠᠬᠤ ᠦᠢᠯᠡ ᠠᠵᠢᠯᠯᠠᠭ᠎ᠠ ᠶᠢ ᠡᠷᠡᠰ ᠬᠤᠷᠢᠭᠯᠠᠭᠰᠠᠨ ᠪᠥᠭᠡᠳ ᠥᠩᠭᠡᠨ ᠲᠠᠯ᠎ᠠ ᠶᠢ ᠵᠠᠰᠠᠵᠤ ᠦᠨᠳᠦᠰᠦ ᠠᠴᠠ ᠨᠢ ᠵᠠᠰᠠᠬᠤ ᠶᠢ ᠪᠠᠷᠢᠮᠲᠠᠯᠠᠵᠤ᠂ ᠭᠠᠩ ᠬᠠᠭᠰᠠᠷᠠᠭᠠᠨ ᠲᠠᠢ ᠲᠡᠮᠡᠴᠡᠵᠦ ᠤᠰᠤ ᠠᠷᠪᠢᠯᠠᠬᠤ ᠲᠠᠷᠢᠶᠠᠯᠠᠩ ᠂ ᠳᠤᠰᠤᠯᠭᠠᠨ ᠤᠰᠤᠯᠠᠬᠤ ᠲᠠᠷᠢᠶᠠᠯᠠᠩ ᠢ ᠶᠡᠬᠡᠪᠡᠷ ᠳᠡᠯᠭᠡᠷᠡᠭᠦᠯᠵᠦ᠂ 2019 ᠣᠨ ᠳᠤ ᠭᠠᠩ ᠬᠠᠭᠰᠠᠷᠠᠭᠠᠨ ᠲᠠᠢ ᠲᠡᠮᠡᠴᠡᠬᠦ ᠲᠠᠷᠢᠮᠠᠯ ᠢ ᠨᠡᠶᠢᠲᠡ 2 ᠲᠦᠮᠡᠨ ᠮᠥ ᠬᠥᠭᠵᠢᠭᠦᠯᠪᠡ︔《ᠭᠤᠣᠯ ᠤᠨ ᠳᠠᠷᠤᠭ᠎ᠠ ᠶᠢᠨ ᠳᠦᠷᠢᠮ》 ᠢ ᠪᠦᠬᠦ ᠬᠦᠴᠦᠨ ᠢᠶᠠᠷ ᠨᠠᠶᠢᠳᠠᠪᠦᠷᠢᠵᠢᠭᠤᠯᠵᠣ᠂ ᠭᠤᠣᠯ ᠤᠨ ᠰᠠᠪᠠ ᠭᠠᠵᠠᠷ ᠳᠠᠭᠠᠣ ᠤᠨ500 ᠭᠠᠷᠤᠢ ᠲᠣᠨ ᠬᠤᠭ ᠨᠣᠪᠰᠢ ᠶᠢ ᠴᠡᠪᠡᠷᠯᠡᠵᠦ᠂ ᠭᠤᠣᠯ ᠮᠥᠷᠡᠨ ᠤ ᠤᠰᠤᠨ ᠤ ᠬᠥᠪᠡᠭᠡ ᠶᠢᠨ ᠨᠣᠭᠤᠭᠠᠷᠠᠭᠤᠯᠣᠯᠲᠠ ᠶᠢ ᠪᠠᠲᠤᠯᠠᠵᠤ᠂ ᠡᠳ᠋ ᠤᠨ ᠵᠠᠰᠠᠭ ᠤᠨ《ᠨᠢᠭᠡ ᠶᠠᠪᠤᠳᠠᠯ ᠢ ᠨᠢᠭᠡ ᠵᠥᠪᠯᠡᠬᠦ》ᠲᠦᠰᠦᠯ ᠢ ᠭᠤᠶᠣᠴᠢᠯᠠᠨ᠂ ᠪᠦᠬᠦ ᠪᠠᠯᠭᠠᠰᠤ ᠪᠠᠷ ᠢᠶᠠᠨ ᠭᠤᠣᠯ ᠤᠨ ᠵᠠᠮ ᠢ ᠨᠡᠶᠢᠲᠡ 3070 ᠤᠷᠲᠤ ᠮᠧᠲᠷ ᠵᠠᠰᠠᠵᠠᠶ᠃
                    ᠲᠡᠷᠡ ᠶᠠᠳᠠᠭᠤ ᠬᠦᠴᠢᠷᠳᠡᠯᠲᠠᠢ ᠡᠷᠦᠬᠡ ᠶᠢᠨ《ᠳᠣᠲᠣᠭᠠᠳᠤ ᠬᠥᠳᠡᠯᠭᠡᠬᠦ ᠬᠦᠴᠦᠨ》 ᠢ ᠬᠥᠭᠵᠢᠭᠡᠬᠦ ᠶᠠᠪᠤᠳᠠᠯ ᠢ ᠳᠡᠭᠡᠳᠦ ᠬᠡᠮᠵᠢᠶ᠎ᠡ ᠪᠠᠷ  ᠴᠢᠬᠤᠯᠠᠴᠢᠯᠠᠵᠣ᠂ ᠥᠷᠭᠡᠨ ᠣᠯᠠᠨ ᠮᠠᠯᠴᠢᠨ ᠲᠠᠷᠢᠶᠠᠴᠢᠨ ᠳᠤ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ ᠣᠯᠭᠤᠪᠠ᠃ ᠲᠡᠷᠡ ᠪᠠᠩᠬᠢ ᠶᠢ ᠢᠳᠡᠪᠬᠢᠲᠡᠢ ᠵᠣᠬᠢᠴᠠᠭᠤᠯᠵᠤ ᠳᠠᠩᠰᠠᠯᠠᠵᠣ ᠺᠠᠷᠲ᠋ᠠᠯᠠᠭᠰᠠᠨ ᠡᠷᠦᠬᠡ ᠶᠢᠨ ᠠᠵᠤ ᠦᠢᠯᠡᠰ ᠢ ᠬᠥᠭᠵᠢᠭᠦᠯᠬᠦ ᠳᠤ ᠪᠡᠯᠡ ᠮᠥᠩᠭᠦ ᠶᠢᠨ ᠪᠠᠲᠤᠯᠠᠭ᠎ᠠ ᠬᠠᠩᠭᠠᠵᠣ᠂ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ ᠪᠠᠯᠠ ᠮᠥᠩᠭᠦ ᠶᠢ 1752.3 ᠲᠦᠮᠡᠨ ᠲᠥᠭᠦᠷᠢᠭ ᠨᠠᠶᠢᠳᠠᠪᠤᠷᠢᠵᠢᠭᠤᠯᠪᠠ︔ 1664 ᠲᠦᠮᠡᠨ ᠲᠥᠭᠦᠷᠢᠭ ᠤᠨ ᠪᠡᠯᠡ ᠣᠷᠣᠭᠤᠯᠵᠤ ᠶᠠᠳᠠᠭᠤ ᠬᠦᠴᠢᠷᠳᠡᠯᠲᠡᠶ ᠡᠷᠦᠬᠡ ᠶᠢᠨ 1367 ᠬᠥᠮᠦᠨ ᠳᠤ 7340  ᠲᠣᠯᠣᠭᠠᠢ ᠬᠤᠨᠢ ᠢᠮᠠᠭ᠎ᠠ ᠶᠢ ᠨᠠᠶᠢᠳᠠᠪᠦᠷᠢᠵᠢᠭᠤᠯᠣᠨ᠂ ᠰᠢᠨ᠎ᠡ ᠳᠠᠩᠰᠠᠯᠠᠵᠣ ᠺᠠᠷᠲᠯᠠᠭᠰᠠᠨ ᠡᠷᠦᠬᠡ ᠵᠢᠴᠢ ᠪᠦᠬᠦᠯᠢ ᠡᠷᠦᠬᠡ ᠪᠠᠷ ᠨᠢ ᠢᠯᠭᠠᠨ ᠲᠠᠨᠢᠬᠤ ᠳᠤ ᠣᠷᠣᠭᠤᠯᠣᠭᠰᠠᠨ ᠳᠠᠩᠰᠠᠯᠠᠵᠣ ᠺᠠᠷᠲᠯᠠᠭᠰᠠᠨ 15 ᠡᠷᠦᠬᠡ ᠶᠢᠨ 46 ᠬᠥᠮᠦᠨ ᠳᠤ 128  ᠲᠣᠯᠣᠭᠠᠢ ᠡᠬᠡ ᠮᠠᠯ ᠬᠤᠳᠠᠯᠳᠣᠨ ᠠᠪᠴᠤ ᠂ ᠪᠦᠬᠦ ᠪᠠᠯᠭᠠᠰᠤᠨ ᠤ ᠬᠥᠳᠡᠯᠮᠦᠷᠢᠯᠡᠬᠦ ᠴᠢᠳᠠᠪᠤᠷᠢ ᠲᠠᠢ ᠳᠠᠩᠰᠠᠯᠠᠵᠣ ᠺᠠᠷᠲᠯᠠᠭᠰᠠᠨ ᠡᠷᠦᠬᠡ ᠶᠢ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠲᠦᠰᠦᠯ ᠢ ᠪᠦᠬᠦᠨ ᠢ ᠬᠠᠮᠤᠷᠤᠭᠤᠯᠪᠠ᠃ ᠡᠳᠡᠭᠡᠷ ᠠᠯᠢ ᠣᠯᠠᠨ ᠠᠷᠭ᠎ᠠ ᠬᠡᠮᠵᠢᠶ᠎ᠡ ᠨᠢ ᠮᠠᠯᠴᠢᠨ ᠲᠠᠷᠢᠶᠠᠴᠢᠨ ᠢ ᠪᠠᠶᠠᠵᠢᠭᠤᠯᠵᠣ᠂ 2018 ᠣᠨ ᠳᠤ ᠪᠤᠷᠤᠠᠤᠰᠤ ᠪᠠᠯᠭᠠᠰᠤ ᠤᠯᠠᠭᠠᠨᠬᠠᠳᠠ ᠬᠤᠳᠠ ᠶᠢᠨ《ᠶᠠᠳᠠᠭᠤ ᠠᠴᠠ ᠠᠩᠭᠢᠵᠢᠷᠠᠭᠤᠯᠬᠤ ᠰᠢᠪᠲᠣᠯᠣᠯᠲᠠ ᠶᠢᠨ ᠲᠡᠷᠢᠭᠦᠨ ᠤ ᠬᠠᠮᠲᠤ ᠨᠡᠶᠢᠲᠡ》 ᠪᠠᠷ ᠦᠨᠡᠯᠡᠭᠳᠡᠵᠦ᠂ 2019 ᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠣᠯᠣᠯᠲᠠ ᠶᠢᠨ ᠠᠵᠢᠯ ᠨᠢ ᠪᠦᠬᠦ ᠬᠤᠰᠢᠭᠤᠨ ᠤ ᠲᠡᠷᠢᠭᠦᠨ ᠳᠤ ᠵᠢᠭᠰᠠᠭᠠᠭᠳᠠᠪᠠ᠃ ︵ᠪᠣᠯᠣᠷ︶
 
ᠢᠷᠡᠯᠲᠡ᠄ ᠪᠠᠭᠠᠷᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05001926号-2