ᠳ᠋ᠠᠪᠠᠨ ᠪᠠᠯᠭᠠᠰᠣᠨ ᠤ ᠨᠠᠮ ᠤᠨ ᠬᠤᠷᠢᠶ᠎ᠠ ᠶᠢᠨ ᠱᠦᠵᠢ ᠵᠠᠩ ᠯᠸᠢ
ᠨᠡᠶᠢᠲᠡᠯᠡᠭᠰᠡᠨ ᠴᠠᠭ᠄
2020/4/14
        ᠲᠣᠰ ᠣᠳᠠᠭ᠎ᠠ ᠳ᠋ᠠᠪᠠᠨ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠵᠠᠩ ᠯᠧᠢ ᠤ ᠲᠣᠬᠠᠢ ᠮᠡᠳᠡᠭᠡᠯᠡᠬᠦ ᠪᠣᠯᠣᠨ᠎ᠠ᠃
                    ᠵᠠᠩ ᠯᠸᠢ᠂ 2017 ᠣᠨ ᠤ 9 ᠰᠠᠷ᠎ᠠ ᠳᠤ ᠪᠠᠭᠠᠷᠢᠨ ᠪᠠᠷᠠᠭᠤᠨ ᠬᠤᠰᠢᠭᠤᠨ ᠤ ᠳ᠋ᠠᠪᠠᠨ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠶᠢᠨ ᠲᠤᠰᠢᠶᠠᠯ ᠢ ᠬᠠᠷᠢᠭᠤᠴᠠᠭᠰᠠᠨ ᠠᠴᠠ ᠨᠠᠰᠢ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠠᠵᠢᠯ ᠢᠶᠠᠨ ᠪᠣᠳᠠᠲᠠᠶ ᠬᠢᠵᠦ᠂《 ᠲᠣᠰᠢᠶᠠᠯ ᠬᠠᠷᠢᠭᠤᠴᠠᠪᠠᠯ ᠲᠦᠮᠡᠨ ᠤ ᠲᠦᠯᠦᠭᠡ ᠪᠠᠶᠢᠬᠤ》ᠪᠣᠯ ᠲᠡᠭᠦᠨ ᠤ ᠢᠮᠠᠭᠲᠠ ᠪᠠᠷᠢᠮᠲᠠᠯᠠᠭᠰᠠᠭᠠᠷ ᠢᠷᠡᠭᠰᠡᠨ ᠬᠠᠷᠠᠯᠲᠠ ᠪᠠ ᠠᠵᠢᠯᠯᠠᠭᠠᠨ ᠤ ᠵᠦᠭᠯᠡᠭᠦᠷ ᠮᠥᠨ᠃ ᠠᠵᠢᠯ ᠤᠨ ᠳᠤᠮᠳᠠ ᠪᠠᠨ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠵᠦ᠂  ᠰᠢᠨ᠎ᠡ ᠶᠢ ᠰᠡᠳᠬᠢᠨ ᠤᠷᠤᠭᠰᠢᠯᠠᠵᠤ᠂ ᠠᠮᠢᠳᠣᠷᠠᠯ ᠤᠨ ᠳᠤᠮᠳᠠ ᠪᠡᠶ᠎ᠡ ᠪᠠᠨ ᠴᠢᠩᠭ᠎ᠠ ᠱᠠᠭᠠᠷᠳᠠᠨ᠂ ᠪᠤᠰᠤᠳ ᠲᠤ ᠠᠭᠤᠳᠠᠮᠴᠢ ᠪᠠᠭᠲᠠᠭᠠᠮᠵᠢᠲᠠᠢ ᠬᠠᠨᠳᠤᠵᠤ᠂ ᠡᠯ᠎ᠡ ᠦᠨᠳᠣᠰᠣᠲᠡᠨ ᠤ ᠺᠠᠳ᠋ᠷ ᠣᠯᠠᠨ ᠲᠦᠮᠡᠨ ᠢ ᠳᠠᠭᠠᠭᠤᠯᠤᠨ᠂ ᠪᠣᠳᠠᠲᠠᠶ ᠶᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠵᠦ᠂ ᠯᠠᠪᠳᠠᠭᠤᠨ ᠪᠠᠲᠤᠲᠠᠶ ᠬᠠᠲᠠᠭᠤᠵᠢᠯᠲᠠᠶ ᠪᠠᠷ ᠠᠵᠢᠯᠯᠠᠨ᠂ ᠳ᠋ᠠᠪᠠᠨ ᠪᠠᠯᠭᠠᠰᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠠᠰᠣᠷᠠᠯᠲᠠ ᠥᠬᠡᠶ ᠰᠢᠨ᠎ᠡ ᠳᠠᠪᠰᠢᠯᠲᠠ ᠰᠢᠨ᠎ᠡ ᠦᠷ᠎ᠡ ᠪᠦᠲᠦᠮᠵᠢ ᠤᠯᠬᠤ ᠳᠤ ᠬᠦᠴᠦᠨ ᠵᠢᠳᠬᠦᠯ ᠢᠶᠠᠨ ᠦᠵᠡᠭᠦᠯᠵᠦ᠂  ᠵᠢᠷᠭᠠᠯᠠᠩᠲᠣ ᠪᠠᠭᠠᠷᠢᠨ ᠪᠠᠷᠠᠭᠤᠨ ᠬᠤᠰᠢᠭᠤᠨ ᠤ ᠪᠥᠲᠥᠭᠡᠨ ᠪᠠᠶᠢᠭᠤᠯᠤᠯᠲᠠ ᠳᠤ ᠲᠣᠪᠤᠶᠢᠮ᠎ᠠ ᠬᠤᠪᠢ ᠨᠡᠮᠡᠷᠢ ᠦᠵᠡᠭᠦᠯᠪᠡ᠃
                 ᠳᠡᠭᠡᠳᠦ ᠱᠠᠲᠤ ᠨᠢ ᠳᠣᠤᠷᠠᠳᠤ ᠱᠠᠲᠤ ᠪᠠᠨ ᠳᠠᠭᠠᠭᠤᠯᠤᠨ ᠶᠠᠳᠠᠭᠤ ᠠᠴᠠ ᠠᠩᠭᠢᠵᠢᠷᠠᠭᠤᠯᠬᠤ ᠰᠢᠪᠲᠣᠯᠣᠯᠲᠠ ᠶᠢ ᠬᠦᠴᠦᠯᠡᠨ ᠠᠬᠢᠭᠤᠯᠪᠠ᠃《ᠲᠠᠪᠤᠨ ᠱᠠᠲᠤᠨ ᠤ ᠱᠦᠵᠢ ᠶᠠᠳᠠᠭᠤ ᠶᠢ ᠲᠡᠳᠬᠦᠬᠦ ᠠᠵᠢᠯ ᠢ ᠠᠳᠬᠤᠬᠤ》 ᠠᠵᠢᠯ ᠤᠨ ᠱᠠᠭᠠᠷᠳᠠᠯᠭ᠎ᠠ ᠶᠣᠰᠣᠭᠠᠷ᠂ ᠵᠠᠩ ᠯᠸᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ ᠠᠷᠠᠳ ᠤᠨ ᠠᠮᠢᠳᠤᠷᠠᠯ ᠤᠨ ᠲᠡᠷᠢᠭᠦᠨ ᠴᠢᠬᠤᠯᠠ ᠢᠨᠵᠧᠨᠧᠷᠢᠭ ᠪᠣᠯᠭᠠᠵᠤ᠂ ᠡᠯ᠎ᠡ ᠵᠦᠢᠯ ᠤᠨ ᠠᠵᠢᠯ ᠤᠨ ᠲᠡᠷᠢᠭᠦᠨ ᠪᠠᠶᠢᠷᠢᠨ ᠳᠤ ᠲᠠᠯᠪᠢᠵᠤ᠂ ᠦᠪᠡᠷ ᠤᠨ ᠪᠡᠶ᠎ᠡ ᠪᠠᠷ ᠲᠡᠷᠢᠭᠦᠯᠡᠨ ᠴᠢᠷᠮᠠᠶᠢᠨ ᠬᠢᠬᠦ  ᠶᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠡᠮᠦᠨ᠎ᠡ ᠹᠷᠣᠨᠲ ᠲᠤ ᠣᠷᠳᠣ ᠬᠤᠭᠤᠴᠠᠭ᠎ᠠ ᠪᠠᠷ ᠡᠷᠡᠯᠬᠡᠭᠯᠡᠨ ᠲᠡᠮᠡᠴᠡᠵᠦ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ᠂ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ᠂ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ ᠵᠡᠷᠭᠡ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠥᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠪᠠ᠃ ᠲᠡᠭᠦᠨ ᠤ ᠳᠠᠭᠠᠭᠤᠯᠭ᠎ᠠ ᠳᠣᠣᠷ᠎ᠠ᠂ ᠪᠦᠬᠦ ᠪᠠᠯᠭᠠᠰᠤ ᠪᠠᠷ ᠢᠶᠠᠨ ᠪᠦᠯᠬᠦᠮᠳᠡᠨ ᠨᠢᠭᠡᠳᠴᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠣᠯᠣᠯᠲᠠ ᠶᠢᠨ ᠠᠵᠢᠯ ᠲᠤᠪᠤᠶᠢᠮ᠎ᠠ ᠦᠷ᠎ᠡ ᠪᠦᠲᠦᠮᠵᠢ ᠣᠯᠵᠤ᠂ ᠪᠦᠬᠦ ᠪᠠᠯᠭᠠᠰᠤᠨ ᠤ 11 ᠶᠠᠳᠠᠭᠤ ᠬᠦᠴᠢᠷᠳᠡᠯᠲᠡᠢ ᠭᠠᠴᠠᠭ᠎ᠠ ᠲᠣᠰᠬᠤᠨ ᠪᠦᠬᠦᠨ ᠢᠶᠠᠷ ᠢᠶᠠᠨ ᠶᠠᠳᠠᠭᠤ ᠠᠴᠠ ᠠᠩᠭᠢᠵᠢᠷᠠᠵᠤ᠂ ᠶᠠᠳᠠᠭᠤ ᠠᠴᠠ ᠠᠩᠭᠢᠵᠢᠷᠠᠭᠠᠳᠤᠢ ᠨᠢ 2019 ᠣᠨ ᠳᠤ ᠰᠢᠨ᠎ᠡ ᠪᠠᠷ ᠢᠯᠭᠠᠨ ᠭᠠᠷᠭᠠᠭᠰᠠᠨ 6 ᠡᠷᠦᠬᠡ  ᠶᠢᠨ12 ᠬᠥᠮᠦᠨ ᠦᠯᠡᠳᠡᠵᠦ᠂  ᠶᠠᠳᠠᠭᠤᠷᠠᠬᠤ ᠶᠡᠷᠦᠩᠬᠡᠢ ᠨᠤᠷᠮ᠎ᠠ 0.06% ᠪᠣᠯᠤᠨ ᠪᠠᠭᠤᠷᠠᠪᠠ᠃
                   ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠵᠦ ᠲᠠᠷᠢᠶᠠᠯᠠᠩ ᠮᠠᠯ ᠠᠵᠤ ᠠᠬᠤᠢ ᠶᠢᠨ ᠪᠦᠲᠦᠴᠡ ᠶᠢ ᠲᠣᠬᠢᠷᠠᠭᠤᠯᠬᠤ ᠠᠷᠭ᠎ᠠ ᠮᠠᠶ᠋ᠢᠭ ᠢᠶᠠᠨ ᠬᠤᠪᠢᠷᠠᠭᠤᠯᠬᠤ ᠶᠢ ᠲᠦᠯᠬᠢᠨ ᠠᠬᠢᠭᠤᠯᠪᠠ᠃ ᠳ᠋ᠠᠪᠠᠨ ᠪᠠᠯᠭᠠᠰᠤᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ《ᠪᠠᠭ᠎ᠠ᠂ ᠲᠠᠷᠠᠬᠠᠶ᠂ ᠪᠠᠭᠤᠷᠠᠶ》ᠪᠠᠶᠢᠬᠤ ᠣᠳᠣᠬᠢ ᠪᠠᠶᠢᠳᠠᠯ ᠳᠤ ᠴᠢᠭᠯᠡᠭᠦᠯᠦᠨ᠂ ᠲᠡᠷᠡ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ  ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂《ᠳᠥᠷᠪᠡ ᠶᠢ ᠠᠳᠬᠤᠬᠤ》ᠠᠵᠢᠯ ᠤᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠲᠠᠷᠢᠶᠠᠯᠠᠩ ᠮᠠᠯ ᠠᠵᠤ ᠠᠬᠤᠶ ᠶᠢᠨ ᠪᠦᠲᠦᠴᠡ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂《ᠮᠢᠬ᠎ᠠ᠂ ᠠᠵᠤ ᠠᠬᠤᠶ᠂ ᠡᠪᠡᠰᠦ》ᠭᠤᠷᠪᠠᠨ ᠶᠡᠭᠡ ᠠᠵᠤ ᠦᠢᠯᠡᠰ ᠢ ᠬᠦᠴᠦᠯᠡᠨ ᠪᠣᠶ ᠪᠣᠯᠭᠠᠪᠠ᠃ 2019 ᠣᠨ ᠤ 6 ᠰᠠᠷ᠎ᠠ ᠶᠢᠨ ᠰᠡᠭᠦᠯᠴᠢ ᠪᠣᠯᠬᠤ ᠳᠤ᠂ ᠳ᠋ᠠᠪᠠᠨ ᠪᠠᠯᠭᠠᠰᠤᠨ ᠤ ᠰᠢᠯᠢᠳᠡᠭ ᠮᠢᠬᠠᠨ ᠦᠬᠡᠷ 4.8 ᠲᠦᠮᠡᠨ ᠲᠣᠯᠣᠭᠠᠶ ᠳᠤ ᠬᠦᠷᠴᠦ᠂ ᠪᠥᠬᠦ ᠬᠤᠰᠢᠭᠤᠨ ᠤ ᠮᠠᠯ ᠤᠨ ᠶᠡᠷᠦᠩᠬᠡᠶ ᠲᠣᠭᠠᠨ ᠤ ᠭᠤᠷᠪᠠᠨ ᠤ ᠨᠢᠭᠡ ᠶᠢ ᠡᠵᠡᠯᠡᠵᠦ᠂ ᠬᠤᠷᠤᠭᠠᠴᠢᠨ᠂ ᠪᠤᠯᠠᠭ ᠭᠠᠴᠠᠭ᠎ᠠ ᠪᠠᠷ ᠭᠤᠤᠯ ᠪᠣᠯᠭᠠᠵᠤ᠂ 12 ᠭᠠᠴᠠᠭ᠎ᠠ ᠲᠣᠰᠬᠤᠨ ᠢ ᠬᠠᠮᠤᠷᠤᠭᠰᠠᠨ ᠴᠢᠨᠠᠷ ᠰᠠᠶᠢᠲᠠᠶ ᠮᠢᠬᠠᠨ ᠦᠬᠡᠷ ᠤᠨ ᠬᠥᠭᠵᠢᠯᠲᠡ ᠶᠢᠨ ᠠᠵᠤ ᠦᠢᠯᠡᠰ ᠤᠨ ᠪᠦᠰᠡ ᠶᠢ ᠪᠦᠷᠢᠯᠳᠦᠭᠦᠯᠪᠡ᠃ ᠪᠥᠬᠦ ᠪᠠᠯᠭᠠᠰᠤᠨ ᠤ ᠬᠤ᠋ ᠶᠠᠩ ᠬᠤᠨᠢ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠡᠷᠦᠬᠡ ᠶᠢ 78 ᠡᠷᠦᠬᠡ ᠳᠤ ᠬᠦᠷᠦᠭᠦᠯᠵᠦ᠂ ᠬᠤ᠋ ᠶᠠᠩ ᠬᠤᠨᠢ ᠲᠡᠵᠢᠭᠡᠨ ᠦᠷᠡᠵᠢᠭᠦᠯᠬᠦ ᠪᠠᠷᠢᠮᠵᠢᠶᠠᠵᠢᠭᠰᠠᠨ ᠲᠠᠯᠠᠪᠠᠢ 2 ᠶᠢ ᠪᠠᠶᠢᠭᠤᠯᠵᠤ᠂ ᠬᠤ᠋ ᠶᠠᠩ ᠬᠤᠨᠢ ᠶᠢᠨ ᠶᠡᠷᠦᠩᠬᠡᠶ ᠲᠤᠭ᠎ᠠ ᠶᠢ 5000 ᠭᠠᠷᠤᠶ ᠪᠣᠯᠪᠠ᠃ 25815 ᠮᠦ ᠨᠣᠭᠤᠭᠠᠨ ᠳᠠᠷᠣᠰᠢ ᠲᠠᠷᠢᠬᠤ ᠶᠢ ᠪᠡᠶᠡᠯᠡᠭᠦᠯᠵᠦ᠂ 90% ᠠᠴᠠ ᠳᠡᠭᠡᠭᠰᠢᠬᠢ ᠡᠷᠳᠡᠨᠢ ᠰᠢᠰᠢ ᠶᠢᠨ ᠡᠰᠢ ᠰᠦᠷᠡᠯ ᠢ ᠬᠡᠮᠬᠡᠯᠦᠨ ᠪᠣᠭᠤᠵᠢᠯᠠᠬᠤ ᠶᠢ ᠪᠡᠶᠡᠯᠡᠭᠦᠯᠪᠡ᠃ ᠠᠵᠤ ᠠᠬᠤᠢ ᠶᠢᠨ ᠲᠠᠷᠢᠮᠠᠯ᠂ ᠣᠨᠴᠠᠯᠢᠭᠲᠤ ᠲᠠᠷᠢᠮᠠᠯ ᠪᠠ ᠲᠡᠵᠢᠭᠡᠯ ᠡᠪᠡᠰᠦ ᠪᠣᠷᠳᠤᠭ᠎ᠠ ᠶᠢᠨ ᠲᠠᠷᠢᠮᠠᠯ ᠤᠨ ᠲᠠᠯᠠᠪᠠᠢ 7 ᠲᠦᠮᠡᠨ ᠮᠦ ᠣᠷᠴᠢᠮ ᠳᠤ ᠬᠦᠷᠴᠦ᠂ ᠲᠠᠷᠢᠮᠠᠯ ᠤᠨ ᠦᠢᠯᠡᠰ ᠤᠨ  ᠬᠠᠭᠠᠰ ᠢ ᠡᠵᠡᠯᠡᠵᠦ᠂  ᠴᠢᠶᠠᠨ ᠶᠢᠨ᠂  ᠾᠥᠩ ᠰᠢᠩ᠂ ᠰᠢᠨ ᠯᠢ᠂ ᠮᠥᠷᠭᠦᠴᠡᠭ ᠵᠡᠷᠭᠡ 8 ᠭᠠᠴᠠᠭ᠎ᠠ ᠲᠣᠰᠬᠤᠨ ᠢᠶᠠᠷ ᠭᠤᠣᠯ ᠪᠣᠯᠭᠠᠭᠰᠠᠨ ᠠᠵᠤ ᠠᠬᠤᠢ ᠶᠢᠨ ᠣᠨᠴᠠᠯᠢᠭ ᠲᠠᠢ ᠲᠠᠷᠢᠮᠠᠯ ᠲᠠᠷᠢᠬᠤ ᠣᠷᠣᠨ ᠢ ᠪᠦᠷᠢᠯᠳᠦᠭᠦᠯᠵᠦ᠂ ᠠᠮᠢ ᠠᠬᠤᠢ ᠶᠢᠨ ᠠᠮᠤ᠂ ᠳ᠋ᠠᠪᠠᠨ ᠤ ᠠᠮᠲᠠᠲᠤ ᠬᠡᠮᠬᠡ ᠂ ᠲᠣᠲᠣᠷᠭ᠎ᠠ ᠶᠢᠨ ᠲᠠᠷᠢᠶᠠᠨ ᠤ ᠨᠠᠶᠢᠮᠠᠯᠵᠢ᠂  ᠬᠠᠨ ᠹᠦ᠋ ᠠᠯᠮᠤᠷᠠᠳ ᠨᠢ ᠳ᠋ᠠᠪᠠᠨ ᠪᠠᠯᠭᠠᠰᠤᠨ ᠤ ᠲᠠᠷᠢᠶᠠᠯᠠᠩ ᠤᠨ ᠪᠦᠲᠦᠴᠡ ᠶᠢᠨ ᠲᠣᠬᠢᠷᠠᠭᠤᠯᠤᠯᠲᠠ ᠶᠢᠨ ᠦᠵᠡᠰᠬᠦᠯᠡᠩᠲᠦ ᠰᠠᠶᠢᠬᠠᠨ《ᠨᠡᠷ᠎ᠡ ᠶᠢᠨ ᠬᠠᠭᠤᠳᠠᠰᠤ》ᠪᠣᠯᠪᠠ᠃  ᠵᠠᠩ ᠯᠧᠢ ᠲᠦᠷᠦᠭᠦᠯᠡᠨ《ᠪᠠᠭᠠᠷᠢᠨ ᠪᠠᠷᠠᠭᠤᠨ ᠬᠤᠰᠢᠭᠤᠨ ᠤ ᠳ᠋ᠠᠪᠠᠨ ᠤ ᠠᠮᠲᠠᠲᠤ ᠬᠡᠮᠬᠡ ᠶᠢᠨ ᠣᠷᠣᠨ ᠪᠦᠰᠡ ᠶᠢᠨ ᠣᠯᠠᠨ ᠨᠡᠶᠢᠲᠡ ᠶᠢᠨ ᠨᠠᠷᠠᠲᠤ ᠲᠥᠷᠥᠯ ᠲᠡᠮᠳᠡᠭᠲᠦ ᠶᠢᠨ ᠪᠥᠲᠥᠭᠡᠨ ᠪᠠᠶᠢᠭᠤᠯᠤᠯᠲᠠ ᠶᠢᠨ ᠲᠦᠰᠦᠯ》 ᠢ  ᠠᠷᠭ᠎ᠠ ᠰᠦᠪᠡᠭᠴᠢᠯᠡᠨ ᠬᠡᠷᠡᠭᠵᠢᠭᠦᠯᠵᠦ᠂ ᠠᠩᠬᠠᠳᠤᠭᠠᠷ ᠬᠤᠭᠤᠴᠠᠭᠠᠨ ᠤ ᠪᠠᠭᠠᠷᠢᠨ ᠪᠠᠷᠠᠭᠤᠨ ᠬᠤᠰᠢᠭᠤᠨ ᠤ ᠳ᠋ᠠᠪᠠᠨ ᠤ ᠠᠮᠲᠠᠲᠤ ᠬᠡᠮᠬᠡ ᠶᠢᠨ ᠨᠠᠶᠢᠷ ᠢ ᠠᠮᠵᠢᠯᠲᠠ ᠲᠠᠢ ᠡᠷᠭᠢᠯᠡᠵᠦ᠂ ᠳ᠋ᠠᠪᠠᠨ ᠪᠠᠯᠭᠠᠰᠤᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ  ᠨᠡᠷ᠎ᠡ ᠠᠯᠳᠠᠷᠰᠢᠯ ᠪᠠ ᠥᠷᠢᠰᠦᠯᠳᠦᠬᠦ ᠬᠦᠴᠦᠨ ᠢ ᠳᠡᠭᠡᠭᠰᠢᠯᠡᠭᠦᠯᠪᠡ᠃
                     ᠠᠷᠠᠯᠵᠢᠶᠠᠴᠢᠨ ᠤᠷᠢᠵᠤ ᠪᠠᠯᠠ ᠲᠠᠲᠠᠬᠤ ᠪᠠ ᠲᠦᠰᠦᠯ ᠤᠨ ᠪᠥᠲᠥᠭᠡᠨ ᠪᠠᠶᠢᠭᠤᠯᠤᠯᠲᠠ ᠶᠢ ᠪᠡᠶ᠎ᠡ ᠪᠠᠷ ᠢᠶᠠᠨ ᠬᠡᠷᠡᠭᠵᠢᠭᠦᠯᠦᠨ ᠠᠬᠢᠭᠤᠯᠪᠠ᠃ ᠠᠵᠢᠯ ᠤᠨ ᠳᠤᠮᠳᠠ᠂ ᠲᠡᠷᠡ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ  ᠲᠦᠰᠦᠯ ᠤᠨ ᠪᠦᠲᠦᠭᠡᠨ ᠪᠠᠶᠢᠭᠤᠯᠣᠯᠲᠠ ᠶᠢ ᠬᠥᠭᠵᠢᠯᠲᠡ ᠶᠢ ᠠᠬᠢᠭᠤᠯᠬᠤ ᠪᠠᠷ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠠᠷᠭ᠎ᠠ ᠪᠣᠳᠣᠯᠭ᠎ᠠ ᠪᠣᠯᠭᠠᠬᠤ ᠶᠢ ᠪᠠᠷᠢᠮᠲᠠᠯᠠᠨ᠂ ᠠᠷᠠᠯᠵᠢᠶᠠᠴᠢᠨ ᠤᠷᠢᠵᠤ ᠪᠡᠯᠡ ᠲᠠᠲᠠᠬᠤ ᠲᠦᠰᠦᠯ ᠢ  ᠲᠦᠯᠦᠪᠯᠡᠬᠦ ᠠᠵᠢᠯ ᠢ ᠨᠠᠷᠢᠨ ᠨᠢᠮᠪᠠᠶ ᠰᠠᠶᠢᠲᠤᠷ ᠬᠢᠵᠦ᠂ ᠰᠠᠨᠠᠭᠠᠴᠢᠯᠠᠭ᠎ᠠ ᠠᠴᠠ ᠪᠠᠨ ᠭᠠᠳᠠᠭᠰᠢ ᠭᠠᠷᠴᠤ᠂ ᠤᠷᠢᠵᠤ ᠠᠪᠴᠢᠷᠠᠵᠣ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ᠂ ᠰᠣᠶᠣᠯ ᠵᠢᠭᠤᠯᠴᠢᠯᠠᠯ ᠵᠡᠷᠭᠡ   ᠴᠠᠷ᠎ᠠ ᠬᠦᠷᠢᠶᠡᠨ ᠤ ᠲᠣᠭᠤᠷᠢᠨ ᠳᠤ ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯᠯᠠᠭ᠎ᠠ ᠶᠢ ᠢᠳᠡᠪᠬᠢᠲᠡᠶ ᠦᠷᠨᠢᠭᠦᠯᠵᠦ᠂ ᠤᠷᠢᠳ ᠬᠤᠵᠢᠳ 2 ᠳ᠋ᠦᠩᠰᠢᠭᠤᠷ ᠲᠥᠭᠦᠷᠢᠭ ᠤᠨ ᠶᠡᠷᠦᠩᠬᠡᠶ ᠪᠡᠯᠡ ᠣᠷᠣᠭᠤᠯᠤᠯᠲᠠ ᠲᠠᠢ ᠠᠳᠣᠭᠤᠨ ᠲᠠᠯ᠎ᠠ ᠶᠢᠨ ᠵᠢᠭᠤᠯᠴᠢᠯᠠᠯ ᠤᠨ ᠭᠠᠵᠠᠷ᠂ ᠰᠢᠶᠠᠩ ᠵᠧᠨ ᠮᠠᠯ ᠠᠵᠤ ᠠᠬᠤᠶ ᠶᠢᠨ ᠰᠠᠭᠠᠯᠢ ᠶᠢᠨ ᠢᠮᠠᠭ᠎ᠠ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠬᠡᠪᠢᠭᠴᠢ ᠠᠮᠢᠲᠠᠨ ᠤ ᠠᠮᠢᠳᠤ ᠪᠣᠳᠠᠰ ᠤᠨ ᠪᠣᠷᠳᠤᠭ᠎ᠠ ᠪᠣᠯᠪᠠᠰᠣᠷᠠᠭᠤᠯᠬᠤ᠂ 《 ᠾᠦᠩᠨᠦ》ᠦᠨᠳᠦᠰᠦᠲᠡᠨ ᠤ ᠬᠡᠷᠡᠭᠰᠡᠯ ᠪᠣᠯᠪᠠᠰᠤᠷᠠᠭᠤᠯᠬᠤ ᠵᠡᠷᠭᠡ ᠨᠢᠭᠡ ᠪᠦᠯᠦᠭ ᠲᠦᠰᠦᠯ ᠢ ᠣᠷᠣᠭᠤᠯᠤᠨ ᠠᠪᠴᠢᠷᠠᠵᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠲᠠᠢ ᠵᠠᠭᠤᠨ ᠳ᠋ᠦᠩᠰᠢᠭᠤᠷ ᠲᠥᠭᠦᠷᠢᠭ ᠤᠨ ᠶᠡᠷᠦᠩᠬᠡᠶ ᠪᠡᠯᠡ ᠣᠷᠣᠭᠤᠯᠤᠯᠲᠠ ᠲᠠᠢ ᠭᠡᠰᠡᠷ ᠰᠣᠶᠣᠯ ᠤᠨ ᠵᠢᠭᠤᠯᠴᠢᠯᠠᠯ ᠤᠨ ᠲᠦᠰᠦᠯ ᠤᠨ ᠬᠠᠮᠲᠣᠷᠠᠯᠴᠠᠬᠤ  ᠬᠠᠨᠳᠣᠰᠢ ᠲᠠᠢ  ᠪᠣᠯᠵᠣ᠂ ᠳ᠋ᠠᠪᠠᠨ ᠪᠠᠯᠭᠠᠰᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠬᠦᠴᠦᠲᠡᠶ ᠠᠬᠢᠭᠤᠯᠵᠠᠶ᠃
                    ᠠᠷᠠᠳ ᠤᠨ ᠲᠥᠯᠥᠭᠡ ᠬᠠᠷᠢᠭᠤᠴᠠᠯᠭ᠎ᠠ ᠡᠭᠦᠷᠭᠡᠯᠡᠵᠦ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠪᠡ᠃ ᠤᠷᠳᠤ ᠬᠤᠭᠤᠴᠠᠭᠠᠨ ᠤ ᠲᠤᠷᠰᠢ᠂ ᠲᠡᠷᠡ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠷᠢᠮᠲᠠᠯᠠᠵᠤ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠤᠨ ᠪᠠᠲᠣᠯᠠᠭ᠎ᠠ ᠶᠢ ᠰᠠᠶᠢᠵᠢᠷᠠᠭᠤᠯᠬᠤ ᠶᠢ ᠪᠠᠷᠢᠮᠲᠠᠯᠠᠵᠣ᠂ ᠠᠷᠠᠳ ᠤᠨ ᠠᠮᠢᠳᠤᠷᠠᠯ ᠤᠨ ᠠᠰᠢᠭ ᠲᠤᠰᠠ ᠶᠢ ᠢᠯᠡᠭᠦᠬᠡᠨ ᠡᠷᠢᠯᠬᠢᠯᠡᠵᠦ᠂ ᠠᠷᠠᠳ ᠤᠨ ᠠᠮᠢᠳᠤᠷᠠᠯ ᠤᠨ ᠵᠣᠪᠠᠨᠢᠯ ᠢ ᠰᠢᠢᠳᠪᠦᠷᠢᠯᠡᠵᠦ᠂ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠲᠡᠷᠡ ᠶᠣᠰᠣᠭᠠᠷ ᠨᠢ ᠪᠣᠳᠠᠲᠠᠢ ᠳᠤ ᠨᠠᠶᠢᠳᠠᠪᠤᠷᠢᠵᠢᠭᠤᠯᠪᠠ᠃ ᠳ᠋ᠠᠪᠠᠨ ᠪᠠᠯᠭᠠᠰᠤᠨ ᠤ  ᠭᠠᠴᠠᠭ᠎ᠠ ᠲᠣᠰᠬᠤᠨ ᠣᠯᠠᠨ᠂ ᠵᠥᠷᠢᠴᠡᠯ ᠠᠮᠠᠷᠬᠠᠨ ᠡᠭᠦᠰᠬᠦ ᠤᠯᠠᠨ ᠡᠭᠦᠰᠬᠦ ᠪᠣᠳᠠᠲᠤ ᠪᠠᠶᠢᠳᠠᠯ ᠤᠨ ᠡᠮᠦᠨ᠎ᠡ᠂ ᠲᠡᠷᠡ ᠬᠠᠷᠢᠭᠤᠴᠠᠯᠭ᠎ᠠ ᠡᠭᠦᠷᠭᠡᠯᠡᠨ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠪᠠᠭᠤᠷᠠᠢ ᠭᠠᠵᠠᠷ ᠲᠤ ᠰᠠᠨᠠᠭᠠᠴᠢᠯᠠᠭ᠎ᠠ ᠠᠴᠠ ᠪᠠᠨ ᠵᠥᠷᠢᠴᠡᠯ ᠮᠦᠷᠭᠦᠯᠳᠦᠭᠡᠨ ᠬᠤᠷᠴᠠ ᠰᠢᠷᠦᠭᠦᠨ᠂ ᠤᠯᠠᠨ ᠲᠦᠮᠡᠨ ᠤ ᠰᠠᠨᠠᠯ ᠠᠷᠪᠢᠨ ᠭᠠᠵᠠᠷ ᠲᠤ ᠣᠴᠢᠵᠤ᠂ ᠵᠥᠷᠢᠴᠡᠯ ᠢ ᠨᠠᠮᠳᠠᠭᠤᠯᠬᠤ ᠲᠠᠯ᠎ᠠ ᠪᠠᠷ ᠶᠡᠭᠡ ᠬᠡᠮᠵᠢᠶᠡᠨ ᠤ ᠬᠦᠴᠦ ᠬᠥᠯᠥᠰᠥ ᠤᠷᠤᠰᠬᠠᠵᠤ᠂ ᠨᠢᠭᠡ ᠪᠦᠯᠦᠭ ᠬᠦᠴᠢᠷ ᠲᠦᠪᠡᠭᠲᠡᠢ ᠨᠠᠷᠢᠨ ᠪᠤᠳᠤᠯᠢᠶᠠᠨᠲᠠᠢ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠲᠦᠪᠰᠢᠷᠡᠨ ᠪᠦᠯᠬᠦᠮᠳᠡᠭᠰᠡᠨ ᠨᠡᠶᠢᠭᠡᠮ ᠤᠨ ᠣᠷᠴᠢᠨ ᠨᠥᠬᠦᠴᠡᠯ ᠢ ᠪᠤᠢ ᠪᠣᠯᠭᠠᠵᠤ ᠥᠭᠭᠦᠭᠰᠡᠨ ᠪᠠᠶᠢᠨ᠎ᠠ᠃
                    ᠤᠯᠠᠨ ᠲᠦᠮᠡᠨ ᠢ ᠳᠣᠲᠣᠨᠣ ᠬᠥᠮᠦᠨ ᠢᠶᠠᠨ ᠪᠣᠯᠭᠠᠵᠤ᠂ ᠦᠨᠡᠨ ᠰᠡᠳᠬᠢᠯ ᠠᠴᠠ ᠪᠠᠨ ᠠᠷᠠᠳ ᠤᠨ ᠲᠦᠯᠦᠭᠡ ᠴᠢᠷᠮᠠᠶᠢᠵᠣ᠂ ᠵᠠᠩ ᠯᠸᠢ ᠢᠮᠠᠭᠲᠠ ᠦᠪᠡᠷ ᠤᠨ ᠪᠡᠶ᠎ᠡ ᠪᠠᠷ ᠲᠦᠷᠦᠭᠦᠯᠡᠨ ᠭᠠᠪᠰᠢᠭᠠᠶᠢᠯᠠᠵᠣ᠂ ᠬᠠᠯᠠᠰᠢᠷᠠᠯ ᠵᠦᠳᠡᠭᠦᠷᠢ ᠢ ᠬᠠᠶᠢᠬᠤᠷᠠᠯ ᠦᠭᠡᠢ᠂ ᠬᠦᠴᠢᠷ ᠵᠣᠪᠠᠭᠤᠷᠢ ᠠᠴᠠ ᠣᠬᠤᠷᠢᠯ ᠦᠭᠡᠢ ᠴᠢᠷᠮᠠᠶᠢᠨ ᠲᠡᠮᠡᠴᠡᠵᠦ ᠢᠷᠡᠵᠠᠢ᠃ ᠲᠡᠷᠡ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠬᠦᠴᠢᠷ ᠢ ᠰᠢᠪᠲᠣᠯᠣᠨ ᠲᠣᠭᠤᠯᠵᠣ᠂ ᠡᠪ ᠬᠠᠮᠲᠤᠴᠤᠳ ᠤᠨ ᠤᠯᠤᠰ ᠬᠦᠷᠦᠨ ᠤ ᠬᠠᠶᠢᠷ᠎ᠠ ᠰᠡᠳᠬᠢᠯᠭᠡ ᠶᠢ ᠢᠯᠡᠷᠡᠭᠦᠯᠵᠦ᠂ ᠱᠠᠳᠤ ᠦᠶ᠎ᠡ ᠶᠢᠨ ᠠᠵᠢᠯ ᠤᠨ ᠪᠣᠳᠠᠲᠤ ᠠᠮᠵᠢᠯᠲᠠ ᠣᠯᠵᠤ᠂ ᠤᠯᠠᠨ ᠲᠦᠮᠡᠨ ᠤ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃  ︵ᠪᠣᠯᠣᠷ︶
 
ᠢᠷᠡᠯᠲᠡ᠄ ᠪᠭᠠᠷᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05001926号-2