| | | | ᠲᠣᠰ ᠣᠳᠠᠭ᠎ᠠ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠲᠣᠪᠴᠢᠶᠠᠨ ᠤ ᠳᠠᠷᠤᠭ᠎ᠠ ᠸᠠᠩ ᠱᠦ ᠬᠠᠶ ᠤ ᠲᠣᠬᠠᠢ ᠮᠡᠳᠡᠭᠡᠯᠡᠬᠦ ᠪᠣᠯᠣᠨ᠎ᠠ᠃ | | | | | | | | | | | 2018 ᠣᠨ ᠤ 5 ᠰᠠᠷ᠎ᠠ ᠳᠤ᠂ ᠵᠣᠬᠢᠶᠠᠨ ᠪᠠᠶᠢᠭᠤᠯᠤᠯᠲᠠ ᠶᠢᠨ ᠲᠣᠬᠢᠷᠠᠭᠤᠯᠤᠯᠲᠠ ᠶᠣᠰᠣᠭᠠᠷ ᠸᠠᠩ | ᠱᠦ ᠬᠠᠶ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ | ᠲᠣᠪᠴᠢᠶᠠᠨ ᠳᠠᠷᠤᠭ᠎ᠠ ᠶᠢᠨ ᠲᠤᠰᠢᠶᠠᠯ ᠢ ᠬᠠᠷᠢᠭᠤᠴᠠᠪᠠ᠃ ᠬᠤᠶᠠᠷ ᠵᠢᠯ ᠤᠨ ᠲᠤᠷᠰᠢ᠂ ᠲᠡᠷᠡ ᠪᠣᠳᠠᠲᠠᠢ ᠶᠢ | ᠡᠷᠬᠢᠮᠯᠡᠬᠦ ᠡᠷᠴᠢ ᠵᠣᠷᠢᠭ ᠪᠠ ᠲᠠᠰᠤᠷᠠᠯᠲᠠ ᠦᠭᠡᠢ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ᠂ ᠯᠠᠪᠳᠠᠭᠤᠨ ᠪᠠᠲᠤᠲᠠᠢ | ᠠᠵᠢᠯᠯᠠᠨ᠂ ᠦᠭᠡ ᠳᠠᠭᠤᠨ ᠦᠭᠡᠢ ᠪᠠᠷ ᠬᠤᠪᠢ ᠨᠡᠮᠡᠷᠢ ᠦᠵᠡᠭᠦᠯᠵᠦ᠂ ᠪᠦᠬᠦ ᠲᠣᠪᠴᠢᠶᠠᠨ ᠤ ᠺᠠᠳ᠋ᠷ ᠠᠵᠢᠯᠲᠠᠨ | ᠠᠵᠢᠯᠴᠢᠨ ᠢ ᠳᠠᠭᠠᠭᠤᠯᠤᠨ ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠡᠭᠦᠷᠭᠡᠯᠡᠵᠦ᠂ ᠬᠦᠴᠢᠷ ᠢ | ᠲᠤᠭᠤᠯᠤᠨ ᠪᠡᠷᠬᠡ ᠶᠢ ᠳᠠᠪᠠᠵᠤ᠂ ᠳᠣᠲᠣᠭᠠᠳᠤ ᠳᠠᠭᠠᠨ ᠰᠠᠭᠤᠷᠢ ᠪᠠᠨ ᠴᠢᠩ ᠭᠠᠳᠬᠠᠵᠤ᠂ ᠭᠠᠳᠠᠨ᠎ᠠ ᠪᠠᠨ ᠰᠠᠶᠢᠨ | ᠰᠠᠶᠢᠬᠠᠨ ᠳᠦᠷᠢ ᠲᠥᠷᠬᠦ ᠶᠢ ᠪᠤᠢ ᠪᠣᠯᠭᠠᠨ᠂ ᠬᠤᠳᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠶᠡᠬᠡᠬᠡᠨ | ᠬᠤᠪᠢᠷᠠᠯᠲᠠ ᠲᠠᠢ ᠪᠤᠯᠵᠤ᠂ ᠡᠯ᠎ᠡ ᠱᠠᠲᠤᠨ ᠤ ᠤᠳᠤᠷᠢᠳᠤᠯᠭ᠎ᠠ ᠪᠠ ᠤᠯᠠᠨ ᠲᠦᠮᠡᠨ ᠤ ᠨᠢᠭᠡᠳᠦᠯᠲᠡᠶ ᠵᠥᠪᠰᠢᠶᠡᠷᠡᠯ | ᠪᠣᠯᠣᠨ ᠰᠠᠶᠢᠨ ᠦᠨᠡᠯᠡᠯᠲᠡ ᠶᠢ ᠤᠯᠪᠠ᠃ | | | | | | | | | | | | | | | | ᠲᠤᠰᠢᠶᠠᠯ ᠳᠤ ᠭᠠᠷᠤᠭᠰᠠᠨ ᠠᠴᠠ ᠨᠠᠰᠢ᠂ ᠸᠠᠩ ᠱᠦ ᠬᠠᠶ ᠢᠮᠠᠭᠲᠠ《ᠤᠯᠤᠰ ᠲᠥᠷᠥ ᠪᠠᠲᠤ ᠴᠢᠩᠭ᠎ᠠ | ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠣᠪᠣᠷ ᠰᠤᠷᠲᠠᠯ ᠲᠥᠪ᠂ ᠰᠠᠬᠢᠯᠭ᠎ᠠ ᠪᠠᠲᠤ | ᠴᠢᠩᠭ᠎ᠠ》ᠭᠡᠳᠡᠭ ᠢᠶᠠᠷ ᠡᠩᠨᠡᠭᠡᠨ ᠤ ᠪᠠᠶᠢᠭᠤᠯᠤᠯᠲᠠ ᠶᠢᠨ ᠬᠠᠷᠠᠯᠲᠠ ᠪᠣᠯᠭᠠᠵᠤ᠂ ᠴᠥᠬᠦᠷᠡᠰᠢ ᠥᠬᠡᠶ ᠴᠢᠩᠭ᠎ᠠ | ᠠᠳᠬᠤᠭᠰᠠᠭᠠᠷ ᠢᠷᠡᠵᠡᠶ᠃ ᠰᠠᠭᠤᠷᠢ ᠶᠢ ᠴᠢᠩᠭᠠᠳᠬᠠᠵᠤ᠂ ᠬᠡᠪ ᠰᠤᠷᠲᠠᠯ ᠢ ᠬᠤᠪᠢᠷᠠᠭᠤᠯᠬᠤ ᠪᠠᠷ ᠳᠠᠮᠵᠢᠭᠤᠯᠤᠨ᠂ | ᠳᠦᠷᠢ ᠲᠥᠷᠬᠦ ᠶᠢ ᠪᠣᠶ ᠪᠣᠯᠭᠠᠵᠣ᠂ ᠬᠡᠪ ᠴᠢᠨᠠᠷ ᠢᠶᠠᠷ ᠴᠢᠩᠭ᠎ᠠ᠂ ᠬᠡᠪ ᠰᠤᠷᠲᠠᠯ ᠢᠶᠠᠷ ᠰᠢᠯᠢᠳᠡᠭ ᠰᠠᠶᠢᠨ ᠰᠢᠨ᠎ᠡ ᠴᠠᠭ | ᠦᠶ᠎ᠡ ᠶᠢᠨ ᠬᠠᠤᠯᠢ ᠬᠡᠷᠡᠭᠵᠢᠭᠦᠯᠬᠦ ᠡᠩᠨᠡᠭᠡ ᠶᠢ ᠪᠣᠶ ᠪᠣᠯᠭᠠᠭᠰᠠᠨ ᠪᠠᠶᠢᠨ᠎ᠠ᠃ ᠪᠦᠬᠦ ᠲᠠᠯ᠎ᠠ ᠶᠢᠨ ᠺᠠᠳ᠋ᠷ ᠠᠵᠢᠯᠳᠠᠨ | ᠠᠵᠢᠯᠴᠢᠨ ᠤ ᠰᠤᠷᠤᠯᠴᠠᠬᠤ ᠠᠵᠢᠯ ᠤᠨ ᠬᠠᠯᠠᠭᠤᠨ ᠰᠡᠳᠬᠢᠯᠭᠡ ᠣᠷᠭᠢᠯᠣᠨ᠂ ᠦᠩᠭᠡᠷᠡᠭᠰᠡᠨ ᠤ ᠰᠤᠯᠠ ᠵᠠᠳᠠᠭᠠᠶ | ᠡᠮᠬᠢ ᠵᠠᠮᠪᠠᠷᠠᠭ᠎ᠠ ᠦᠭᠡᠢ ᠪᠠᠶᠢᠭᠰᠠᠨ ᠪᠠᠶᠢᠳᠠᠯ ᠢ ᠬᠤᠪᠢᠷᠠᠭᠤᠯᠵᠣ᠂ ᠨᠡᠶᠢᠭᠡᠮ ᠤᠨ ᠡᠯ᠎ᠡ ᠡᠲᠡᠭᠡᠳ ᠤᠨ ᠮᠠᠭᠲᠠᠭᠠᠯ | ᠰᠠᠶᠢᠰᠢᠶᠠᠯ ᠢ ᠣᠯᠤᠭᠰᠠᠨ ᠪᠠ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠦᠢᠴᠡᠳ | ᠨᠤᠲᠠᠯᠠᠯᠲᠠ ᠶᠢ ᠣᠯᠵᠤ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ᠂ ᠨᠡᠶᠢᠭᠡᠮ ᠤᠨ ᠢᠲᠡᠬᠡᠮᠵᠢ ᠶᠢᠨ ᠬᠡᠮᠵᠢᠶ᠎ᠡ | ᠦᠷᠭᠦᠯᠵᠢᠯᠡᠨ ᠳᠡᠭᠡᠭᠰᠢᠯᠡᠪᠡ᠃ | | | | | | | | | | | | | | | | ᠬᠤᠲᠠ ᠶᠢᠨ ᠬᠠᠮᠢᠶᠠᠷᠤᠯᠲᠠ ᠶᠢᠨ ᠬᠦᠷᠢᠶᠡᠨ ᠳᠠᠬᠢ ᠠᠷᠠᠳ ᠤᠨ ᠠᠮᠢᠳᠤᠷᠠᠯ ᠤᠨ ᠠᠰᠠᠭᠤᠳᠠᠯ ᠳᠤ | ᠴᠢᠭᠯᠡᠭᠦᠯᠦᠨ ᠨᠠᠷᠢᠨ ᠬᠢᠨᠠᠮᠠᠭᠠᠢ ᠪᠠᠶᠢᠴᠠᠭᠠᠨ᠂ ᠬᠦᠴᠢᠷ ᠢ ᠢᠯᠠᠬᠤ᠂ ᠪᠣᠭᠤᠮᠲᠠ ᠰᠢᠪᠲᠤᠯᠬᠤ ᠳᠠᠶᠢᠯᠠᠯᠳᠤᠭᠠᠨ ᠬᠢᠬᠦ᠂ | ᠨᠠᠷᠢᠨ ᠲᠠᠩᠰᠠ ᠶᠢ ᠬᠠᠷᠭᠤᠭᠤᠯᠬᠤ᠂ ᠲᠠᠩᠰᠠᠨ ᠨᠣᠮᠧᠷ ᠢ ᠬᠦᠴᠦᠨ ᠥᠬᠡᠶ ᠪᠣᠯᠭᠠᠬᠤ ᠶᠢ ᠪᠠᠷᠢᠮᠲᠠᠯᠠᠵᠤ᠂ ᠣᠯᠠᠨ | ᠲᠦᠮᠡᠨ ᠤ ᠬᠠᠮᠤᠭ ᠤᠨ ᠪᠠᠴᠢᠮ᠂ ᠬᠠᠮᠤᠭ ᠤᠨ ᠵᠣᠪᠠᠨᠢᠯ ᠲᠠᠢ᠂ ᠬᠠᠮᠤᠭ ᠤᠨ ᠬᠦᠰᠡᠨ ᠡᠷᠡᠮᠡᠯᠵᠡᠵᠦ ᠪᠠᠶᠢᠭ᠎ᠠ ᠬᠦᠴᠢᠷ | ᠲᠦᠪᠡᠭ ᠲᠠᠢ ᠶᠠᠪᠤᠳᠠᠯ ᠢ ᠰᠢᠢᠳᠪᠦᠷᠢᠯᠡᠵᠦ᠂ ᠰᠠᠨᠠᠭᠠᠰᠢᠷᠠᠵᠤ ᠪᠠᠶᠢᠭ᠎ᠠ ᠶᠠᠪᠤᠳᠠᠯ ᠢ ᠰᠢᠢᠳᠪᠦᠷᠢᠯᠡᠵᠠᠢ᠃ | | | | | | | | | | | | | | | | ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠤᠨ ᠳᠥᠷᠪᠡᠨ ᠲᠠᠯ᠎ᠠ ᠶᠢᠨ 184 ᠵᠠᠮ ᠤᠨ | ᠳ᠋ᠧᠩ ᠢ ᠰᠡᠯᠪᠢᠨ ᠵᠠᠰᠠᠵᠣ ᠡᠵᠡᠮᠰᠢᠭᠦᠷ ᠲᠣᠬᠢᠷᠠᠭᠤᠯᠣᠨ᠂ ᠵᠦᠶ ᠵᠣᠬᠢᠰᠲᠠᠶ᠂ ᠬᠡᠰᠡᠭ ᠬᠤᠪᠢᠶᠠᠵᠤ᠂ ᠴᠠᠭ ᠢ | ᠵᠥᠷᠢᠭᠦᠯᠦᠨ᠂ ᠥᠨᠳᠥᠷ ᠪᠦᠲᠦᠮᠵᠢᠲᠠᠢ ᠪᠠᠷ ᠭᠡᠷᠡᠯᠲᠦᠭᠦᠯᠭᠡ ᠶᠢᠨ ᠴᠠᠭ ᠢ ᠲᠣᠬᠢᠷᠠᠭᠤᠯᠵᠤ᠂ ᠣᠯᠠᠨ ᠲᠦᠮᠡᠨ ᠤ | ᠥᠷᠯᠥᠭᠡ ᠶᠢᠨ ᠪᠣᠯᠪᠠᠰᠤᠷᠠᠯ ᠤᠨ ᠭᠡᠷᠡᠯᠲᠦᠭᠦᠯᠭᠡ ᠶᠢᠨ ᠠᠰᠠᠭᠤᠳᠠᠯ ᠢ ᠬᠠᠮᠤᠭ ᠲᠡᠷᠢᠭᠦᠨ ᠳᠤ ᠰᠢᠢᠳᠪᠦᠷᠢᠯᠡᠵᠠᠢ︔ | ᠪᠠᠭᠠᠷᠢᠨ ᠵᠠᠮ᠂ ᠬᠠᠨ ᠠᠭᠤᠯᠠᠨ ᠵᠠᠮ ᠤᠨ ᠰᠣᠯᠢᠭᠳᠠᠭᠰᠠᠨ ᠵᠠᠮ ᠤᠨ ᠳ᠋ᠧᠩ ᠤᠨ ᠪᠠᠭᠠᠨ᠎ᠠ ᠢ ᠥᠭᠡᠷᠡᠴᠢᠯᠡᠨ | ᠰᠢᠨᠡᠳᠬᠡᠵᠦ ᠲᠡᠮᠦᠷ ᠵᠠᠮ ᠤᠨ ᠥᠷᠲᠡᠭᠡ ᠶᠢᠨ ᠡᠮᠦᠨ᠎ᠡ ᠵᠡᠭᠡᠯᠢ ᠶᠢᠨ ᠬᠤᠶᠠᠷ ᠬᠠᠵᠠᠭᠤ ᠪᠠᠷ ᠭᠡᠷᠡᠯᠲᠦᠭᠦᠯᠦᠨ᠂ ᠵᠠᠮ ᠤᠨ | ᠳ᠋ᠧᠩ ᠤᠨ ᠪᠠᠭᠠᠨ᠎ᠠ 14 ᠤᠭᠰᠠᠷᠠᠵᠤ᠂《ᠬᠤᠲᠠ ᠶᠢᠨ ᠴᠣᠩᠬᠤ》 ᠶᠢ ᠭᠡᠷᠡᠯᠳᠦᠭᠦᠯᠦᠭᠰᠡᠨ ᠪᠠᠶᠢᠨ᠎ᠠ︔ ᠪᠠᠶᠢᠰᠢᠩ | ᠭᠡᠷ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠵᠠᠰᠠᠬᠤ ᠵᠠᠭᠪᠤᠷ ᠲᠤ ᠰᠢᠨ᠎ᠡ ᠶᠢ ᠡᠭᠦᠳᠴᠦ᠂ | ᠨᠡᠮᠡᠵᠦ ᠪᠠᠶᠢᠭᠤᠯᠤᠭᠰᠠᠨ ᠣᠰᠣ ᠬᠠᠳᠠᠭᠠᠯᠠᠬᠤ ᠣᠩᠭᠤᠴᠠ ᠨᠢ ᠬᠠᠭᠤᠷᠠᠶ ᠨᠦᠢᠲᠠᠨ ᠢ ᠰᠠᠯᠭᠠᠬᠤ ᠶᠢ ᠪᠡᠶᠡᠯᠡᠭᠦᠯᠵᠦ᠂ | ᠭᠠᠳᠠᠨ᠎ᠠ ᠵᠣᠷᠯᠣᠩ ᠢ ᠰᠡᠯᠪᠢᠨ ᠵᠠᠰᠠᠵᠤ ᠥᠭᠡᠷᠡᠴᠢᠯᠡᠬᠦ ᠶᠢᠨ ᠬᠠᠮᠲᠤ ᠨᠡᠷᠡᠨ ᠡᠨᠧᠷᠭᠢ ᠶᠢᠨ ᠭᠡᠷᠡᠯ ᠮᠡᠳᠡᠷᠡᠬᠦ ᠳ᠋ᠧᠩ ᠢ | ᠤᠭᠰᠠᠷᠠᠵᠤ᠂ ᠰᠥᠨᠢ ᠶᠢᠨ ᠵᠣᠷᠯᠣᠩ ᠤᠨ ᠭᠡᠷᠡᠯᠲᠦᠭᠦᠯᠭᠡ ᠶᠢᠨ ᠠᠰᠠᠭᠤᠳᠠᠯ ᠢ ᠰᠢᠢᠳᠪᠦᠷᠢᠯᠡᠪᠡ᠃ ᠬᠤᠲᠠ ᠶᠢᠨ | ᠦᠶᠡᠷ ᠢ ᠰᠡᠷᠭᠡᠶᠢᠯᠡᠬᠦ ᠵᠠᠰᠠᠯᠲᠠ ᠶᠢᠨ ᠲᠠᠯ᠎ᠠ ᠪᠠᠷ ᠢᠳᠡᠪᠬᠢᠲᠡᠶ ᠰᠢᠨ᠎ᠡ ᠶᠢ ᠡᠭᠦᠳᠴᠦ᠂ ᠥᠩᠭᠡᠷᠡᠭᠰᠡᠨ ᠵᠢᠯ ᠤᠳ ᠤᠨ | ᠬᠤᠲᠠ ᠶᠢᠨ ᠬᠤᠶᠢᠲᠤ ᠬᠡᠰᠡᠭ ᠤᠨ ᠠᠭᠤᠯᠠᠨ ᠦᠶᠡᠷ ᠤᠨ ᠬᠤᠳᠠ ᠳᠤ ᠣᠷᠣᠵᠤ ᠢᠷᠡᠬᠦ ᠠᠰᠠᠭᠤᠳᠠᠯ ᠢ | ᠰᠢᠢᠳᠪᠦᠷᠢᠯᠡᠵᠠᠢ︔《ᠵᠣᠷᠯᠣᠩ ᠤᠨ ᠬᠤᠪᠢᠰᠬᠠᠯ》 ᠢ ᠠᠬᠢᠭᠤᠯᠵᠤ᠂ ᠪᠣᠯᠪᠠᠰᠤᠨ ᠪᠠᠭᠠᠷᠢᠨ ᠪᠠᠷᠠᠭᠤᠨ ᠬᠤᠰᠢᠭᠤᠨ ᠤ | ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠰᠣᠶᠣᠯ ᠤᠨ ᠠᠭᠤᠳᠠᠮ ᠲᠠᠯᠠᠪᠠᠶ᠂ ᠺᠠᠩ ᠨᠢᠩ ᠠᠭᠤᠳᠠᠮ | ᠲᠠᠯᠠᠪᠠᠶ ᠳᠤ ᠨᠢᠭᠡᠳᠦᠭᠡᠷ ᠲᠥᠷᠥᠯ ᠤᠨ ᠤᠰᠤ ᠪᠠᠷ ᠤᠬᠢᠶᠠᠬᠤ ᠵᠣᠷᠯᠣᠩ ᠪᠠᠶᠢᠭᠤᠯᠵᠤ᠂ ᠲᠠᠷᠢᠶᠠᠯᠠᠩ ᠤᠨ | ᠠᠷᠠᠯᠵᠢᠶᠠᠨ ᠤ ᠵᠠᠬ᠎ᠠ ᠳᠡᠯᠭᠡᠭᠦᠷ ᠤᠨ ᠤᠰᠤ ᠪᠠᠷ ᠤᠬᠢᠶᠠᠬᠤ ᠵᠣᠷᠯᠣᠩ ᠢ ᠰᠢᠨ᠎ᠡ ᠪᠠᠷ ᠨᠡᠭᠡᠭᠡᠵᠦ᠂ ᠣᠯᠠᠨ ᠲᠦᠮᠡᠨ ᠤ | ᠵᠣᠷᠯᠣᠩ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠭᠰᠠᠨ ᠪᠠᠶᠢᠨ᠎ᠠ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ | PPP ᠶᠢ ᠨᠢᠭᠡ ᠴᠣᠭᠴᠠᠵᠢᠭᠤᠯᠤᠨ ᠠᠵᠢᠯᠯᠠᠭᠤᠯᠬᠤ ᠶᠢ ᠴᠢᠩᠭ᠎ᠠ ᠬᠠᠮᠢᠶᠠᠷᠴᠣ᠂ ᠬᠤᠲᠠ ᠶᠢᠨ ᠲᠣᠭᠤᠷᠢᠭ ᠤᠨ | ᠠᠷᠢᠭᠤᠨ ᠴᠡᠪᠡᠷ ᠳᠡᠷᠢ ᠲᠡᠭᠰᠢ ᠪᠠᠶᠢᠬᠤ ᠶᠢ ᠪᠡᠶᠡᠯᠡᠭᠦᠯᠪᠡ︔ ᠬᠦᠴᠢᠷ ᠪᠡᠷᠬᠡᠰᠢᠶᠡᠯ ᠢ ᠳᠠᠪᠠᠵᠤ᠂ ᠶᠡᠷᠦᠩᠬᠡᠶᠢᠯᠡᠨ | ᠴᠡᠭᠴᠡᠯᠡᠨ ᠵᠠᠰᠠᠵᠤ᠂ ᠬᠤᠲᠠ ᠶᠢᠨ ᠳᠦᠷᠰᠦ ᠪᠠᠶᠢᠳᠠᠯ ᠤᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ | ᠵᠠᠰᠠᠬᠤ ᠶᠢ ᠥᠷᠨᠢᠭᠦᠯᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠵᠠᠢ᠃ ᠨᠡᠶᠢᠲᠡ | 15 ᠤᠳᠠᠭ᠎ᠠ ᠲᠤᠰᠬᠠᠶ ᠴᠡᠭᠴᠡᠯᠡᠨ ᠵᠠᠰᠠᠬᠤ ᠠᠵᠢᠯ ᠥᠷᠨᠢᠭᠦᠯᠵᠦ᠂ ᠰᠣᠶᠣᠯ ᠤᠨ ᠠᠭᠤᠳᠠᠮ ᠲᠠᠯᠠᠪᠠᠶ᠂ ᠪᠠ ᠢ | ᠪᠠᠭ᠎ᠠ ᠬᠦᠭᠦᠷᠭᠡ᠂ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ᠂ ᠪᠠᠭᠠᠷᠢᠨ ᠲᠡᠨᠢᠭᠡᠷ ᠤᠨ ᠬᠤᠲᠠ᠂ ᠬᠠᠨ | ᠠᠭᠤᠯᠠᠨ ᠵᠠᠮ ᠤᠨ ᠱᠠᠨᠳᠦ᠋ᠩ ᠪᠢᠴᠢᠭ ᠤᠨ ᠬᠡᠷᠡᠭᠰᠡᠯ᠂ ᠪᠣᠶᠠᠨ ᠴᠣᠭᠯᠠᠭᠤᠯᠣᠭᠴᠢ ᠵᠠᠮ ᠤᠨ ᠠᠮᠤ ᠪᠤᠳᠠᠭ᠎ᠠ | ᠪᠣᠯᠪᠠᠰᠤᠷᠠᠭᠤᠯᠬᠤ ᠦᠢᠯᠡᠳᠪᠦᠷᠢ᠂ ᠳ᠋ᠠᠪᠠᠨ ᠵᠡᠭᠡᠯᠢ ᠶᠢᠨ ᠲᠠᠷᠢᠶᠠᠯᠠᠩ ᠤᠨ ᠪᠠᠩᠬᠢ ᠶᠢᠨ ᠶᠢᠨ ᠼᠠᠢ ᠬᠡᠲᠦ ᠳᠡᠯᠭᠡᠭᠦᠷ᠂ | ᠬᠤᠲᠠ ᠶᠢᠨ ᠬᠤᠶᠢᠲᠣ ᠵᠡᠭᠡᠯᠢ ᠶᠢᠨ ᠲᠡᠷᠭᠡᠨ ᠥᠷᠲᠡᠭᠡ᠂ ᠷᠠᠰᠢᠶᠠᠨ ᠵᠠᠮ ᠤᠨ ᠠᠷᠢᠬᠢᠨ ᠤ ᠦᠢᠯᠡᠳᠪᠦᠷᠢ ᠵᠡᠷᠭᠡ | ᠵᠠᠮ ᠤᠨ ᠣᠯᠠᠨ ᠲᠦᠮᠡᠨ ᠤ ᠠᠩᠬᠠᠷᠴᠤ ᠪᠠᠶᠢᠭ᠎ᠠ 30 ᠭᠠᠷᠤᠶ ᠵᠦᠢᠯ ᠤᠨ ᠭᠤᠤᠯᠳᠠᠯᠭ᠎ᠠ ᠲᠠᠢ ᠬᠦᠴᠢᠷ ᠠᠰᠠᠭᠤᠳᠠᠯ᠂ | 《ᠵᠠᠰᠠᠮᠠᠯ ᠵᠠᠮ ᠤᠨ ᠵᠠᠬ᠎ᠠ ᠳᠡᠯᠭᠡᠭᠦᠷ》᠂《ᠵᠠᠮ ᠡᠵᠡᠯᠡᠨ ᠡᠵᠡᠩᠨᠡᠬᠦ》᠂《ᠲᠣᠭᠲᠠᠭᠠᠯ ᠠᠴᠠ ᠵᠥᠷᠢᠴᠡᠨ ᠵᠠᠮ | ᠡᠵᠡᠯᠡᠬᠦ》ᠵᠡᠷᠭᠡ ᠠᠰᠠᠭᠤᠳᠠᠯ ᠢ ᠵᠠᠰᠠᠨ ᠴᠡᠭᠴᠡᠯᠡᠵᠦ ᠰᠠᠶᠢᠵᠢᠷᠠᠭᠤᠯᠣᠨ᠂ ᠳᠠᠷᠬᠠᠭᠠᠬᠤ ᠪᠠ ᠪᠦᠭᠯᠡᠷᠡᠬᠦ ᠶᠢ | ᠤᠶᠠᠯᠳᠤᠭᠤᠯᠤᠨ᠂ ᠲᠤᠬᠠᠶ ᠶᠢᠨ ᠭᠠᠵᠠᠷ ᠤᠨ ᠪᠠᠶᠢᠳᠠᠯ ᠳᠤᠨᠢ ᠲᠣᠬᠢᠷᠠᠭᠤᠯᠵᠣ᠂ ᠲᠦᠷ ᠴᠠᠭ ᠤᠨ ᠡᠷᠲᠡ ᠶᠢᠨ ᠵᠠᠬ᠎ᠠ | ᠳᠡᠯᠭᠡᠭᠦᠷ 3 ᠪᠠ ᠪᠦᠬᠦᠯᠢ ᠡᠳᠦᠷ ᠤᠨ ᠵᠠᠬ᠎ᠠ ᠳᠡᠯᠭᠡᠭᠦᠷ 3 ᠬᠡᠰᠡᠭ ᠪᠠᠶᠢᠭᠤᠯᠵᠣ᠂ 290 ᠨᠠᠮᠤᠷ ᠤᠨ ᠢᠳᠡᠰᠢᠨ | ᠨᠣᠭᠤᠭ᠎ᠠ ᠶᠢᠨ ᠵᠠᠬ᠎ᠠ ᠳᠡᠯᠭᠡᠭᠦᠷ ᠢ ᠡᠮᠬᠢᠯᠡᠨ ᠲᠡᠭᠦᠯᠳᠡᠷᠵᠢᠭᠦᠯᠵᠦ᠂ ᠵᠡᠭᠡᠯᠢ ᠳᠠᠭᠠᠤ ᠵᠠᠮ ᠡᠵᠡᠯᠡᠭᠰᠡᠨ | ᠬᠤᠳᠠᠯᠳᠤᠭᠠᠴᠢᠨ ᠢ ᠬᠥᠲᠥᠯᠥᠨ ᠵᠢᠯᠣᠭᠤᠳᠴᠤ ᠵᠢᠭᠠᠨ ᠲᠣᠭᠲᠠᠭᠠᠭᠰᠠᠨ ᠵᠠᠬ᠎ᠠ ᠳᠡᠯᠭᠡᠭᠦᠷ ᠲᠤ ᠣᠴᠢᠭᠤᠯᠵᠤ | ᠡᠵᠡᠩᠨᠡᠭᠦᠯᠦᠨ᠂ ᠪᠥᠬᠦ ᠡᠳᠦᠷ ᠢᠶᠠᠷ ᠵᠢᠷᠦᠮᠵᠢᠭᠤᠯᠣᠨ ᠬᠠᠮᠢᠶᠠᠷᠴᠤ᠂ ᠵᠠᠮ ᠵᠡᠭᠡᠯᠢ ᠶᠢ ᠡᠵᠡᠯᠡᠬᠦ ᠦᠭᠡᠢ᠂ ᠲᠣᠰᠬᠠᠢ | ᠨᠣᠭᠤᠭ᠎ᠠ ᠬᠤᠳᠠᠯᠳᠣᠬᠤ ᠲᠢᠩᠬᠢᠮ ᠭᠠᠷᠭᠠᠨ᠂《ᠪᠠᠭᠠᠷᠢᠨ ᠪᠠᠷᠠᠭᠤᠨ ᠬᠤᠰᠢᠭᠤᠨ ᠤ ᠬᠤᠲᠠ ᠶᠢᠨ ᠲᠣᠭᠤᠷᠢᠭ ᠤᠨ | ᠲᠡᠷᠭᠡ ᠬᠥᠰᠬᠡ ᠶᠢ ᠵᠢᠷᠤᠮᠵᠢᠭᠤᠯᠤᠨ ᠬᠠᠮᠢᠶᠠᠷᠬᠤ ᠠᠷᠭ᠎ᠠ》 ᠶᠢ ᠨᠡᠶᠢᠲᠡᠯᠡᠵᠦ᠂ ᠬᠤᠲᠠ ᠲᠣᠭᠤᠷᠢᠭ ᠤᠨ ᠲᠡᠷᠭᠡ | ᠬᠥᠰᠬᠡ ᠶᠢᠨ ᠬᠠᠮᠢᠶᠠᠷᠤᠯᠲᠠ ᠶᠢ ᠵᠢᠷᠤᠮᠵᠢᠭᠤᠯᠪᠠ᠃ | | | | | | | | | | | | | | | | ᠳᠡᠭᠡᠷ᠎ᠡ ᠳᠤᠷᠠᠳᠤᠭᠰᠠᠨ ᠠᠵᠢᠯ ᠢᠶᠠᠷ ᠳᠡᠮᠵᠢᠨ᠂ ᠤᠯᠠᠭᠠᠨᠬᠠᠳᠠ ᠬᠤᠲᠠ ᠶᠢᠨ ᠬᠤᠲᠠ ᠶᠢᠨ | ᠬᠠᠮᠢᠶᠠᠷᠤᠯᠲᠠ ᠶᠢᠨ ᠵᠥᠪᠯᠡᠯ ᠡᠯ᠎ᠡ ᠬᠤᠰᠢᠭᠤ ᠰᠢᠶᠠᠨ ᠤ《ᠵᠢᠷᠭᠤᠭ᠎ᠠ ᠶᠢ ᠥᠴᠦᠬᠡᠨ ᠴᠦ ᠠᠭᠤᠴᠢᠯᠠᠬᠤ | ᠥᠬᠡᠶ》《ᠠᠷᠪᠠᠨ ᠬᠤᠶᠠᠷ ᠴᠢᠩᠭ᠎ᠠ ᠬᠠᠮᠢᠶᠠᠷᠬᠤ》ᠠᠵᠢᠯ ᠤᠨ ᠪᠠᠶᠢᠳᠠᠯ ᠳᠤ ᠨᠢᠭᠤᠴᠠ ᠰᠤᠷᠪᠤᠯᠵᠢᠯᠠᠭ᠎ᠠ ᠬᠢᠵᠦ | ᠬᠢᠨᠠᠨ ᠰᠢᠯᠭᠠᠭᠠᠳ᠂ ᠮᠠᠨ ᠤ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠠᠵᠢᠯ ᠰᠠᠷ᠎ᠠ ᠳᠠᠷᠠᠭᠠᠯᠠᠨ ᠪᠥᠬᠦ | ᠬᠤᠲᠠ ᠶᠢᠨ ᠡᠮᠦᠨ᠎ᠡ ᠭᠤᠷᠪᠠ ᠳᠤ ᠵᠢᠭᠰᠠᠭᠠᠭᠳᠠᠵᠠᠢ᠃《ᠪᠠᠭᠠᠷᠢᠨ ᠪᠠᠷᠠᠭᠤᠨ ᠬᠤᠰᠢᠭᠤᠨ ᠤ ᠠᠳᠠᠯ ᠠᠬᠤᠶ ᠶᠢᠨ | ᠬᠠᠮᠢᠶᠠᠷᠤᠯᠲᠠ ᠶᠢᠨ ᠦᠢᠯᠡᠴᠢᠯᠡᠭᠡ ᠶᠢ ᠳᠡᠭᠡᠭᠰᠢᠯᠡᠭᠦᠯᠬᠦ ᠣᠨ ᠤ ᠬᠡᠷᠡᠭᠵᠢᠭᠦᠯᠬᠦ ᠲᠥᠰᠦᠯ》 ᠢ ᠨᠡᠶᠢᠲᠡᠯᠡᠵᠦ᠂ 100 | ᠬᠠᠮᠢᠶᠠᠷᠣᠯᠲᠠ ᠬᠠᠶᠠᠭᠳᠠᠭᠰᠠᠨ ᠰᠠᠭᠤᠭᠠᠯᠢ ᠲᠣᠭᠤᠷᠢᠭ ᠤᠨ ᠣᠷᠴᠢᠨ ᠠᠬᠤᠶ ᠶᠢᠨ ᠡᠷᠡᠭᠦᠯ ᠬᠠᠮᠠᠭᠠᠯᠠᠯ ᠢ ᠬᠠᠮᠢᠶᠠᠷᠬᠤ | ᠠᠵᠢᠯ ᠢ ᠢᠳᠡᠪᠬᠢᠲᠡᠶ ᠠᠬᠢᠭᠤᠯᠣᠨ᠂ ᠠᠷᠠᠳ ᠤᠨ ᠠᠮᠢᠳᠤᠷᠠᠯ ᠤᠨ ᠪᠠᠲᠣᠯᠠᠭ᠎ᠠ ᠶᠢ ᠬᠦᠴᠦᠯᠡᠨ ᠰᠠᠶᠢᠵᠢᠷᠠᠭᠤᠯᠵᠣ᠂ | ᠠᠷᠢᠭᠤᠨ ᠴᠡᠪᠡᠷ ᠢ ᠬᠠᠮᠠᠭᠠᠯᠠᠬᠤ ᠵᠢᠴᠢ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠰᠢᠰᠲ᠋ᠧᠮ ᠢ ᠪᠠᠶᠢᠭᠤᠯᠣᠨ᠂ | ᠠᠮᠢᠳᠤᠷᠠᠯ ᠤᠨ ᠬᠤᠭ ᠨᠣᠪᠰᠢ ᠶᠢ ᠡᠳᠦᠷ ᠪᠦᠷᠢ ᠠᠷᠢᠯᠭᠠᠨ ᠴᠡᠪᠡᠷᠯᠡᠬᠦ ᠰᠠᠶᠢᠨ ᠰᠠᠶᠢᠬᠠᠨ ᠪᠠᠶᠢᠳᠠᠯ ᠲᠠᠢ ᠪᠣᠯᠭᠠᠪᠠ︔ | ᠠᠳᠠᠯ ᠠᠬᠤᠢ ᠶᠢᠨ ᠬᠠᠮᠢᠶᠠᠷᠤᠯᠲᠠ ᠶᠢᠨ ᠬᠠᠮᠲᠤᠷᠠᠭᠰᠠᠨ ᠬᠤᠷᠠᠯ ᠤᠨ ᠳᠦᠷᠢᠮ ᠢ ᠬᠡᠷᠡᠭᠵᠢᠭᠦᠯᠵᠦ᠂ ᠠᠳᠠᠯ ᠠᠬᠤᠢ | ᠶᠢᠨ ᠦᠢᠯᠡᠴᠢᠯᠡᠭᠡᠨ ᠤ ᠲᠦᠰᠦᠯ ᠤᠨ ᠵᠠᠷᠤᠳᠠᠯ ᠢ ᠨᠠᠷᠢᠯᠢᠭᠵᠢᠭᠤᠯᠤᠨ ᠨᠡᠶᠢᠲᠡ ᠳᠤ ᠵᠠᠷᠯᠠᠬᠤ ᠠᠵᠢᠯ ᠢ ᠡᠮᠬᠢ | ᠵᠢᠷᠤᠮ ᠲᠠᠢ ᠲᠦᠯᠬᠢᠨ ᠠᠬᠢᠭᠤᠯᠣᠭᠰᠠᠨ ᠪᠠᠶᠢᠨ᠎ᠠ᠃ ︵ᠪᠣᠯᠣᠷ︶ |