| | | | ᠲᠣᠰ ᠣᠳᠠᠭ᠎ᠠ ᠳ᠋ᠠᠪᠠᠨ ᠤ ᠭᠤᠷᠪᠠᠳᠤᠭᠠᠷ ᠳᠣᠮᠳᠠᠳᠣ ᠰᠣᠷᠭᠠᠭᠤᠯᠢ ᠶᠢᠨ ᠨᠠᠮ ᠤᠨ ᠶᠡᠷᠦᠩᠬᠡᠶ ᠡᠭᠦᠷ ᠤᠨ | ᠱᠦᠵᠢ᠂ ᠰᠤᠷᠭᠠᠭᠤᠯᠢ ᠶᠢᠨ ᠳᠠᠷᠤᠭ᠎ᠠ ᠨᠢᠦ ᠶᠦᠨ ᠰᠢᠨ ᠤ ᠲᠣᠬᠠᠢ ᠮᠡᠳᠡᠭᠡᠯᠡᠬᠦ ᠪᠣᠯᠣᠨ᠎ᠠ᠃ | | | | | | | | | | | 2015 ᠣᠨ ᠳᠤ ᠳ᠋ᠠᠪᠠᠨ ᠤ ᠭᠤᠷᠪᠠᠳᠤᠭᠠᠷ ᠳᠣᠮᠳᠠᠳᠣ ᠰᠣᠷᠭᠠᠭᠤᠯᠢ ᠶᠢᠨ ᠨᠠᠮ ᠤᠨ ᠶᠡᠷᠦᠩᠬᠡᠢ | ᠡᠭᠦᠷ ᠤᠨ ᠱᠦᠵᠢ᠂ ᠰᠤᠷᠭᠠᠭᠤᠯᠢ ᠶᠢᠨ ᠳᠠᠷᠤᠭ᠎ᠠ ᠶᠢᠨ ᠲᠤᠰᠢᠶᠠᠯ ᠢ ᠡᠭᠦᠷᠭᠡᠯᠡᠭᠰᠡᠨ ᠠᠴᠠ ᠨᠠᠰᠢ᠂ ᠨᠢᠦ ᠶᠦᠨ | ᠰᠢᠨ《 ᠰᠤᠷᠤᠭᠴᠢᠳ ᠤᠨ ᠤᠯᠠᠨ ᠲᠠᠯ᠎ᠠ ᠶᠢᠨ ᠤᠯᠠᠨ ᠶᠠᠩᠵᠤᠴᠢᠯᠠᠬᠰᠠᠨ ᠬᠥᠭᠵᠢᠯᠲᠡ ᠳᠤ ᠲᠣᠬᠢᠷᠠᠮᠵᠢᠲᠠᠢ | ᠰᠤᠷᠭᠠᠨ ᠬᠥᠮᠦᠵᠢᠯ ᠬᠠᠩᠭᠠᠵᠤ᠂ ᠰᠣᠷᠣᠭᠴᠢᠳ ᠲᠤ ᠠᠮᠢ ᠨᠠᠰᠣᠨ ᠤ ᠨᠡᠩ ᠣᠯᠠᠨ ᠭᠡᠷᠡᠯ ᠬᠢᠯᠪᠠᠭ᠎ᠠ ᠶᠢ | ᠨᠡᠮᠡᠷᠢᠯᠡᠬᠦ》ᠵᠢᠭᠠᠨ ᠰᠤᠷᠭᠠᠯᠲᠠ ᠶᠢᠨ ᠤᠢᠢᠯᠠᠭᠠᠭᠳᠠᠬᠤᠨ ᠢ ᠢᠳᠡᠪᠬᠢᠲᠠᠢ ᠦᠢᠯᠡᠳᠦᠯᠭᠡᠵᠢᠭᠦᠯᠵᠦ᠂ | ᠬᠠᠮᠢᠶᠠᠷᠤᠯᠲᠠ ᠠᠴᠠ ᠠᠮᠵᠢᠯᠲᠠ ᠣᠯᠵᠤ᠂ ᠬᠢᠴᠢᠶᠡᠯ ᠤᠨ ᠲᠠᠩᠬᠢᠮ ᠠᠴᠠ ᠶᠠᠰᠤ ᠴᠢᠨᠠᠷ ᠤᠯᠬᠤ ᠶᠢ ᠪᠠᠷᠢᠮᠲᠠᠯᠠᠵᠤ᠂ | ᠥᠪᠡᠷ ᠤᠨ ᠨᠡᠷᠡᠳᠦ ᠪᠠᠭᠰᠢ ᠶᠢᠨ ᠡᠩᠨᠡᠭᠡ ᠶᠢ ᠪᠠᠶᠢᠭᠤᠯᠬᠤ ᠶᠢ ᠪᠠᠷᠢᠮᠲᠠᠯᠠᠨ᠂ ᠰᠣᠶᠣᠯ ᠲᠠᠢ ᠬᠥᠮᠦᠨ ᠪᠣᠯᠭᠠᠬᠤ ᠶᠢ | ᠪᠠᠷᠢᠮᠲᠠᠯᠠᠵᠤ᠂ ᠳ᠋ᠠᠪᠠᠨ ᠤ ᠭᠤᠷᠪᠠᠳᠤᠭᠠᠷ ᠳᠣᠮᠳᠠᠳᠣ ᠰᠣᠷᠭᠠᠭᠤᠯᠢ ᠶᠢᠨ ᠪᠦᠬᠦ ᠪᠠᠭᠰᠢ ᠰᠤᠷᠤᠭᠴᠢᠳ ᠢ ᠳᠠᠭᠠᠭᠤᠯᠤᠨ | ᠵᠢᠷᠭᠠᠯᠠᠩᠲᠣ ᠪᠠᠭᠠᠷᠢᠨ ᠢ ᠴᠣᠭᠴᠠᠯᠠᠨ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠦᠮᠦᠵᠢᠯ ᠢ | ᠡᠷᠬᠢᠯᠡᠬᠦ ᠳᠤ ᠪᠦᠬᠦ ᠬᠦᠴᠦᠨ ᠢᠶᠠᠷ ᠴᠢᠷᠮᠠᠶᠢᠪᠠ᠃ | | | | | | | | | | | ᠬᠠᠮᠢᠶᠠᠷᠤᠯᠲᠠ ᠶᠢ ᠰᠠᠶᠢᠲᠣᠷ ᠬᠢᠬᠦ ᠳᠤ ᠶᠠᠭᠤᠨ ᠤ ᠣᠷᠢᠳ ᠳᠤ ᠦᠢᠯᠡᠴᠢᠯᠡᠭᠡ ᠶᠢ ᠴᠢᠩᠭᠠᠳᠬᠠᠬᠤ | ᠬᠡᠷᠡᠭᠲᠡᠢ᠃ ᠡᠨᠡᠬᠦ ᠣᠶᠢᠯᠠᠭᠠᠭᠳᠠᠬᠤᠨ ᠢᠶᠠᠷ᠂ ᠨᠢᠤ ᠶᠦᠨ ᠰᠢᠨ ᠪᠥᠬᠦ ᠰᠤᠷᠭᠠᠭᠤᠯᠢ ᠳᠤ《ᠪᠠᠷᠢᠮᠵᠢᠶ᠎ᠠ + | ᠴᠤᠪᠤᠷᠠᠯ》 ᠤᠨ ᠪᠥᠬᠦ ᠪᠠᠭᠰᠢ ᠠᠵᠢᠯᠲᠠᠨ ᠠᠵᠢᠯᠴᠢᠨ ᠤ ᠬᠠᠮᠢᠶᠠᠷᠤᠯᠲᠠ ᠶᠢᠨ ᠵᠠᠭᠪᠤᠷ ᠢ ᠪᠦᠲᠦᠭᠡᠯᠴᠢ ᠪᠠᠷ | ᠬᠡᠷᠡᠭᠵᠢᠭᠦᠯᠪᠡ᠃ ᠤᠤᠯ ᠤᠨ ᠵᠠᠰᠠᠭ ᠵᠠᠬᠢᠷᠭᠠᠨ ᠤ ᠵᠠᠷᠯᠢᠭᠳᠠᠬᠤ ᠮᠠᠶ᠋ᠢᠭ ᠤᠨ ᠬᠠᠮᠢᠶᠠᠷᠤᠯᠲᠠ ᠠᠴᠠ ᠰᠣᠯᠢᠯᠴᠠᠭ᠎ᠠ | ᠨᠡᠪᠲᠡᠷᠡᠯᠴᠡᠭᠡ ᠬᠠᠮᠢᠶᠠᠷᠤᠯᠲᠠ ᠳᠠᠰᠢ ᠬᠤᠪᠢᠷᠠᠭᠤᠯᠪᠠ︔ ᠬᠥᠭᠡᠭᠡᠴᠡᠯᠳᠦᠯ ᠮᠠᠶ᠋ᠢᠭ ᠤᠨ ᠵᠢᠭᠠᠨ ᠰᠤᠷᠭᠠᠯᠲᠠ ᠠᠴᠠ | ᠪᠡᠯᠡᠳᠬᠡᠯ ᠮᠠᠶ᠋ᠢᠭ ᠤᠨ ᠬᠠᠮᠢᠶᠠᠷᠤᠯᠲᠠ ᠲᠡᠶᠢᠰᠢ ᠬᠤᠪᠢᠷᠠᠭᠤᠯᠵᠣ᠂ ᠲᠤᠷᠰᠢᠯᠭ᠎ᠠ ᠶᠢᠨ ᠮᠠᠶ᠋ᠢᠭ ᠤᠨ ᠬᠠᠮᠢᠶᠠᠷᠤᠯᠲᠠ ᠠᠴᠠ | ᠬᠠᠮᠲᠤ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠡᠯᠪᠡᠷᠢ ᠶᠢᠨ ᠬᠠᠮᠢᠶᠠᠷᠤᠯᠲᠠ ᠳᠠᠰᠢ ᠬᠤᠪᠢᠷᠠᠭᠤᠯᠵᠣ︔ | ᠬᠤᠪᠢ ᠬᠥᠮᠦᠨ ᠤ ᠬᠠᠮᠢᠶᠠᠷᠤᠯᠲᠠ ᠠᠴᠠ ᠪᠦᠬᠦ ᠠᠵᠢᠯᠲᠠᠨ ᠠᠵᠢᠯᠴᠢᠨ ᠣᠷᠣᠯᠴᠠᠬᠤ ᠳᠠᠰᠢ ᠬᠤᠪᠢᠷᠠᠭᠤᠯᠵᠣ︔ | ᠵᠠᠰᠠᠭ ᠵᠠᠬᠢᠷᠭᠠᠨ ᠤ ᠤᠳᠤᠷᠢᠳᠤᠯᠭ᠎ᠠ ᠶᠢ ᠴᠢᠬᠤᠯᠠᠴᠢᠯᠠᠬᠤ ᠠᠴᠠ ᠬᠢᠴᠢᠶᠡᠯ ᠬᠦᠮᠦᠵᠢᠯ ᠪᠣᠯᠤᠨ ᠪᠠᠭᠰᠢ ᠶᠢ | ᠴᠢᠬᠤᠯᠠᠴᠢᠯᠠᠬᠤ ᠲᠡᠰᠢ ᠬᠤᠪᠢᠷᠠᠭᠤᠯᠪᠠ᠃ ᠰᠢᠨ᠎ᠡ ᠶᠢ ᠡᠭᠦᠳᠬᠦ ᠬᠠᠮᠢᠶᠠᠷᠤᠯᠲᠠ ᠶᠢ ᠬᠡᠷᠡᠭᠵᠢᠭᠦᠯᠦᠭᠰᠡᠨ ᠨᠢ ᠴᠥᠮ | ᠬᠠᠷᠠᠯᠲᠠ ᠲᠠᠢ ᠪᠠᠷ ᠰᠤᠮᠤ ᠬᠠᠷᠪᠤᠵᠤ᠂ ᠠᠪᠤᠨ ᠳᠣᠤᠷ᠎ᠠ ᠪᠠᠨ ᠠᠮᠵᠢᠯᠲᠠ ᠪᠦᠲᠦᠮᠵᠢ ᠣᠯᠵᠤ᠂ ᠰᠤᠷᠭᠠᠭᠤᠯᠢ ᠶᠢᠨ | ᠰᠤᠷᠲᠠᠯ ᠢ ᠬᠤᠪᠢᠷᠠᠭᠤᠯᠬᠤ᠂ ᠵᠢᠭᠠᠨ ᠰᠣᠷᠭᠠᠬᠤ ᠰᠤᠷᠲᠠᠯ ᠢ ᠬᠤᠪᠢᠷᠠᠭᠤᠯᠬᠤ᠂ ᠰᠤᠷᠤᠯᠴᠠᠬᠤ ᠰᠤᠷᠲᠠᠯ ᠢ | ᠬᠤᠪᠢᠷᠠᠭᠤᠯᠬᠤ ᠶᠢ ᠳᠠᠶᠢᠴᠢᠯᠠᠵᠣ ᠴᠢᠳᠠᠭᠰᠠᠨ ᠪᠠᠶᠢᠨ᠎ᠠ᠃ | | | | | | | | | | | ᠬᠢᠴᠢᠶᠡᠯ ᠤᠨ ᠲᠠᠩᠬᠢᠮ ᠤᠨ ᠶᠠᠰᠤ ᠴᠢᠨᠠᠷ ᠨᠢ ᠰᠤᠷᠭᠠᠭᠤᠯᠢ ᠶᠢᠨ ᠶᠠᠰᠤ ᠴᠢᠨᠠᠷ ᠢ ᠲᠣᠭᠲᠠᠭᠠᠳᠠᠭ᠃ | ᠲᠡᠷᠡ ᠭᠠᠷᠠᠭ ᠪᠦᠷᠢ ᠨᠠᠭᠠᠳᠤ ᠵᠠᠬ᠎ᠠ ᠳᠠᠭᠠᠨ 10 ᠣᠳᠠᠭᠠᠨ ᠤ ᠬᠢᠴᠢᠶᠡᠯ ᠰᠣᠨᠣᠰᠬᠤ ᠶᠢ ᠪᠠᠷᠢᠮᠲᠠᠯᠠᠵᠤ᠂ ᠨᠢᠭᠡ | ᠬᠢᠴᠢᠶᠡᠯ ᠰᠣᠨᠣᠰᠬᠤ ᠪᠦᠷᠢ ᠪᠦᠷ ᠬᠢᠴᠢᠶᠡᠯ ᠣᠷᠣᠭᠰᠠᠨ ᠪᠠᠭᠰᠢ ᠳᠤ ᠵᠥᠪ ᠣᠨᠣᠪᠴᠢᠲᠠᠢ ᠪᠥᠭᠡᠳ ᠭᠦᠨ | ᠭᠦᠨᠵᠡᠭᠡᠢ ᠦᠨᠡᠯᠡᠯᠲᠡ ᠦᠭᠴᠦ᠂ ᠪᠠᠭᠰᠢ ᠶᠢᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠳᠤ《ᠰᠤᠳᠠᠯ | ᠪᠠᠷᠢᠵᠤ ᠡᠪᠡᠳᠴᠢᠨ ᠵᠠᠰᠠᠳᠠᠭ》ᠶᠤᠮ᠃ ᠰᠢᠨ᠎ᠡ ᠣᠶᠢᠯᠠᠭᠠᠭᠳᠠᠬᠤᠨ᠂ ᠰᠢᠨ᠎ᠡ ᠬᠢᠴᠢᠶᠡᠯ᠂ ᠰᠢᠨ᠎ᠡ ᠳᠡᠭᠡᠳᠦ | ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠡᠮᠦᠨ᠎ᠡ᠂ ᠨᠢᠤ ᠶᠦᠨ ᠰᠢᠨ ᠡᠷᠡᠰ | ᠰᠢᠭᠤᠷᠬᠠᠶ ᠪᠠᠷ《ᠤᠷᠢᠵᠤ ᠣᠷᠣᠭᠤᠯᠬᠤ》ᠪᠠ《ᠭᠠᠳᠠᠭᠰᠢ ᠭᠠᠷᠬᠤ》 ᠵᠡᠷᠭᠡ ᠠᠯᠢ ᠣᠯᠠᠨ ᠠᠷᠭ᠎ᠠ ᠬᠡᠮᠵᠢᠶ᠎ᠡ | ᠠᠪᠴᠤ᠂ ᠬᠢᠴᠢᠶᠡᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠪᠡ᠃ ᠲᠠᠪᠤᠨ ᠵᠢᠯ ᠤᠨ ᠲᠤᠷᠰᠢ ᠭᠠᠳᠠᠭᠠᠳᠤ ᠶᠢᠨ | ᠲᠤᠰᠬᠠᠶ ᠮᠡᠷᠭᠡᠵᠢᠯᠲᠡᠨ ᠡᠷᠳᠡᠮᠲᠡᠨ ᠢ 16 ᠬᠥᠮᠦᠨ ᠤᠳᠠᠭ᠎ᠠ ᠤᠷᠢᠵᠤ᠂ 800 ᠭᠠᠷᠤᠶ ᠬᠥᠮᠦᠨ ᠤᠳᠠᠭ᠎ᠠ | ᠭᠠᠳᠠᠭᠰᠢ ᠭᠠᠷᠴᠤ ᠪᠣᠯᠪᠠᠰᠤᠷᠠᠯ ᠭᠥᠷᠳᠡᠵᠦ᠂ ᠰᠤᠷᠭᠠᠭᠤᠯᠢ ᠶᠢᠨ ᠪᠣᠯᠪᠠᠰᠤᠷᠠᠯ ᠤᠨ ᠵᠠᠷᠤᠳᠠᠯ ᠤᠨ ᠨᠡᠶᠢᠲᠡ ᠵᠠᠷᠤᠯᠭ᠎ᠠ | 350 ᠲᠦᠮᠡᠨ ᠲᠥᠭᠦᠷᠢᠭ ᠲᠤ ᠬᠦᠷᠴᠡᠶ︔ ᠪᠠᠭᠰᠢ ᠨᠠᠷ ᠢ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠡᠷᠬᠢᠯᠡᠭᠰᠡᠨ | ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠤᠷᠤᠯᠳᠤᠭᠠᠨ ᠤ ᠠᠵᠢᠯᠯᠠᠭ᠎ᠠ ᠳᠤ ᠣᠷᠣᠯᠴᠠᠬᠤ ᠶᠢ ᠵᠣᠷᠢᠭᠵᠢᠭᠤᠯᠣᠨ᠂ | ᠣᠶᠢᠷ᠎ᠠ ᠶᠢᠨ ᠳᠥᠷᠪᠡᠨ ᠵᠢᠯ ᠤᠨ ᠲᠤᠷᠰᠢ᠂ 38 ᠬᠥᠮᠦᠨ ᠤᠳᠠᠭ᠎ᠠ ᠥᠪᠡᠷᠲᠡᠭᠡᠨ ᠵᠠᠰᠠᠬᠤ ᠣᠷᠣᠨ᠂ ᠬᠤᠲᠠ ᠶᠢᠨ | ᠱᠠᠲᠣᠨ ᠤ ᠵᠢᠭᠠᠨ ᠰᠤᠷᠭᠠᠯᠲᠠ ᠶᠢᠨ ᠦᠨᠳᠦᠰᠦᠨ ᠪᠣᠯᠪᠠᠰᠤᠷᠠᠯ ᠤᠨ ᠤᠷᠤᠯᠳᠤᠭᠠᠨ ᠳᠤ ᠱᠠᠩᠨᠠᠯ ᠭᠥᠷᠳᠡᠵᠦ᠂ 62 | ᠬᠥᠮᠦᠨ ᠨᠢ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ᠂ ᠬᠤᠲᠠ ᠶᠢᠨ ᠲᠠᠰ ᠤᠨ ᠭᠤᠤᠯᠯᠠᠭᠴᠢ | ᠪᠠᠭᠰᠢ ᠪᠠᠷ ᠦᠨᠡᠯᠡᠭᠳᠡᠵᠦ᠂ 64 ᠬᠥᠮᠦᠨ ᠨᠢ ᠬᠤᠲᠠ ᠶᠢᠨ ᠲᠠᠰ ᠤᠨ ᠵᠢᠭᠠᠨ ᠰᠤᠷᠭᠠᠯᠲᠠ ᠶᠢᠨ ᠴᠢᠳᠠᠪᠤᠷᠢᠲᠠᠨ | ᠪᠣᠯᠵᠣ᠂ 53 ᠬᠥᠮᠦᠨ ᠨᠢ ᠬᠤᠲᠠ ᠶᠢᠨ ᠲᠠᠰ ᠤᠨ ᠰᠢᠨᠵᠢᠯᠡᠭᠡᠨ ᠤ ᠳᠠᠭᠠᠭᠤᠯᠤᠭᠴᠢ ᠪᠠᠷ ᠦᠨᠡᠯᠡᠭᠳᠡᠪᠡ︔ ᠪᠣᠳᠠᠲᠤ | ᠪᠠᠶᠢᠳᠠᠯ ᠳᠤ ᠰᠠᠭᠤᠷᠢᠯᠠᠨ᠂ ᠲᠣᠰ ᠪᠡᠶ᠎ᠡ ᠶᠢᠨ ᠳᠠᠯᠳᠠ ᠬᠦᠴᠦᠨ ᠢᠶᠠᠨ ᠭᠦᠨᠵᠡᠭᠡᠶ ᠠᠭᠤᠳᠠᠯᠵᠤ᠂ ᠰᠣᠷᠭᠠᠭᠤᠯᠢ ᠶᠢᠨ | ᠲᠣᠰ ᠪᠡᠶ᠎ᠡ ᠶᠢᠨ ᠰᠤᠳᠤᠯᠭᠠᠨ ᠢ ᠶᠡᠬᠡᠪᠡᠷ ᠦᠷᠨᠢᠭᠦᠯᠦᠨ᠂ ᠲᠣᠰ ᠰᠤᠷᠭᠠᠭᠤᠯᠢ ᠳᠤ ᠳᠣᠭᠢᠷᠠᠬᠤ ᠬᠢᠴᠢᠶᠡᠯ ᠤᠨ | ᠰᠢᠰᠲ᠋ᠧᠮ ᠢ ᠪᠠᠶᠢᠭᠤᠯᠪᠠ᠃ ᠪᠠᠭᠰᠢ ᠶᠢᠨ《ᠥᠪᠡᠰᠦᠪᠡᠨ ᠬᠢᠴᠢᠶᠡᠯ ᠰᠢᠩᠭᠡᠭᠡᠬᠦ》ᠠᠵᠢᠯᠯᠠᠭ᠎ᠠ᠂《ᠵᠠᠯᠠᠭᠤ | ᠪᠠᠭᠰᠢ ᠶᠢᠨ ᠲᠤᠰᠬᠠᠶ ᠮᠡᠷᠭᠡᠵᠢᠯ ᠤᠨ ᠮᠡᠳᠡᠯᠭᠡ ᠶᠢᠨ ᠪᠣᠭᠤᠮᠲᠠ ᠥᠩᠭᠡᠷᠡᠬᠦ ᠰᠢᠯᠭᠠᠯᠲᠠ》᠂《ᠵᠢᠷᠭᠤᠭᠠᠨ | ᠠᠯᠬᠤᠮ ᠢᠶᠠᠷ ᠪᠣᠶ ᠪᠣᠯᠬᠤ ᠵᠢᠭᠠᠨ ᠰᠤᠷᠭᠠᠬᠤ ᠠᠷᠭ᠎ᠠ》ᠪᠠ《ᠳᠠᠭᠠᠭᠤᠯᠤᠨ ᠪᠣᠯᠪᠠᠰᠤᠷᠠᠭᠤᠯᠬᠤ 》᠂《ᠵᠠᠯᠠᠭᠤ | ᠪᠠᠭᠰᠢ ᠶᠢᠨ ᠬᠢᠴᠢᠶᠡᠯ ᠤᠨ ᠬᠡᠪ ᠨᠠᠮᠪᠠ ᠶᠢ ᠳᠡᠯᠭᠡᠨ ᠦᠵᠡᠭᠦᠯᠬᠦ ᠤᠷᠤᠯᠳᠤᠭᠠᠨ》ᠪᠠ ᠠᠬᠠᠮᠠᠳ ᠪᠠᠭᠰᠢ ᠶᠢᠨ《 | ᠢᠯᠡ ᠦᠵᠡᠭᠦᠯᠦᠯᠭᠡ ᠶᠢᠨ ᠬᠢᠴᠢᠶᠡᠯ》᠂《ᠬᠠᠮᠲᠤ ᠪᠠᠷ ᠬᠢᠴᠢᠶᠡᠯ ᠪᠡᠯᠡᠳᠬᠡᠬᠦ》 ᠵᠡᠷᠭᠡ ᠵᠢᠭᠠᠨ ᠰᠤᠷᠭᠠᠯᠲᠠ ᠶᠢᠨ | ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠣᠨ᠂ ᠳ᠋ᠠᠪᠠᠨ ᠤ ᠭᠤᠷᠪᠠᠳᠤᠭᠠᠷ ᠳᠣᠮᠳᠠᠳᠣ ᠰᠣᠷᠭᠠᠭᠤᠯᠢ ᠶᠢᠨ | ᠬᠢᠴᠢᠶᠡᠯ ᠤᠨ ᠰᠢᠰᠲ᠋ᠧᠮ ᠢ ᠪᠦᠷᠢᠯᠳᠦᠭᠦᠯᠵᠦ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠶᠠᠰᠤ | ᠴᠢᠨᠠᠷ ᠤᠨ ᠳᠡᠭᠡᠭᠰᠢᠯᠡᠯᠲᠡ ᠶᠢ ᠬᠦᠴᠦᠲᠡᠶ ᠠᠬᠢᠭᠤᠯᠪᠠ᠃ | | | | | | | | | | | | | | | | ᠨᠡᠷᠡᠳᠦ ᠲᠦᠷᠦᠯ ᠲᠡᠮᠳᠡᠭ ᠤᠨ ᠰᠤᠷᠭᠠᠭᠤᠯᠢ ᠶᠢ ᠡᠭᠦᠳᠴᠦ᠂ ᠥᠪᠡᠷ ᠤᠨ ᠨᠡᠷᠡᠳᠦ ᠪᠠᠭᠰᠢ ᠶᠢᠨ | ᠡᠩᠨᠡᠭᠡ ᠶᠢ ᠪᠠᠶᠢᠭᠤᠯᠬᠤ ᠶᠢᠨ ᠲᠥᠯᠥᠭᠡ᠂ ᠲᠡᠷᠡ ᠶᠠᠭᠤᠨ ᠤ ᠤᠷᠢᠳ ᠳ᠋ᠠᠪᠠᠨ ᠤ ᠭᠤᠷᠪᠠᠳᠤᠭᠠᠷ ᠳᠣᠮᠳᠠᠳᠣ | ᠰᠣᠷᠭᠠᠭᠤᠯᠢ ᠶᠢᠨ 《 ᠨᠡᠷᠡᠳᠦ ᠪᠠᠭᠰᠢ ᠶᠢᠨ ᠶᠡᠭᠡ ᠬᠢᠴᠢᠶᠡᠯ ᠤᠨ ᠲᠠᠩᠬᠢᠮ》 ᠢ ᠨᠡᠭᠡᠭᠡᠵᠦ᠂ ᠥᠪᠡᠷ ᠤᠨ ᠨᠡᠷᠡᠳᠦ | ᠪᠠᠭᠰᠢ ᠪᠠᠨ ᠭᠠᠷᠭᠠᠵᠤ᠂ ᠨᠡᠩ ᠤᠯᠠᠨ ᠰᠣᠷᠣᠭᠴᠢᠳ ᠲᠤ ᠠᠰᠢᠭ ᠬᠦᠷᠲᠡᠭᠡᠪᠡ᠃ ᠵᠠᠯᠠᠭᠤ ᠪᠠᠭᠰᠢ ᠶᠢᠨ ᠦᠰᠦᠨ | ᠪᠤᠶᠢᠵᠢᠯᠲᠠ ᠶᠢ ᠠᠬᠢᠭᠤᠯᠬᠤ ᠶᠢᠨ ᠲᠥᠯᠥᠭᠡ᠂ ᠲᠡᠷᠡ《ᠪᠠᠭᠰᠢ ᠱᠠᠪᠢ ᠬᠤᠤᠰᠯᠠᠬᠤ》《 ᠴᠠᠩ ᠯᠠᠨ | ᠢᠨᠵᠧᠨᠧᠷᠢᠩ》 ᠢ ᠭᠤᠤᠯᠯᠠᠨ ᠬᠡᠷᠡᠭᠵᠢᠭᠦᠯᠵᠦ᠂《ᠵᠠᠯᠠᠭᠤ ᠪᠠᠭᠰᠢ ᠶᠢᠨ ᠭᠤᠷᠪᠠᠨ ᠵᠢᠯ ᠤᠨ ᠨᠢᠭᠡ ᠡᠭᠡᠯᠵᠢ ᠶᠢᠨ | ᠬᠠᠷᠢᠭᠤ ᠮᠡᠳᠡᠭᠦᠯᠦᠯᠲᠡ ᠶᠢᠨ ᠬᠢᠴᠢᠶᠡᠯ》 ᠤᠨ ᠲᠦᠷᠢᠮ ᠢ ᠲᠣᠭᠲᠠᠭᠠᠪᠠ᠃ ᠳ᠋ᠠᠪᠠᠨ ᠤ ᠭᠤᠷᠪᠠᠳᠤᠭᠠᠷ ᠳᠣᠮᠳᠠᠳᠣ | ᠰᠣᠷᠭᠠᠭᠤᠯᠢ ᠳᠤ ᠣᠳᠣ ᠤᠯᠤᠰ ᠤᠨ ᠲᠠᠰ ᠤᠨ ᠰᠢᠨᠵᠢᠯᠡᠭᠡᠨ ᠤ ᠰᠠᠯᠠᠭᠠᠨ ᠤ ᠳᠠᠭᠠᠭᠤᠯᠤᠭᠴᠢ 1 ᠬᠥᠮᠦᠨ᠂ | ᠬᠤᠲᠠ ᠶᠢᠨ ᠲᠠᠰ ᠤᠨ ᠨᠠᠷᠠᠲᠤ ᠪᠠᠭᠰᠢ 4 ᠬᠥᠮᠦᠨ᠂ ᠬᠤᠲᠠ ᠶᠢᠨ ᠲᠠᠰ ᠤᠨ ᠨᠠᠷᠠᠲᠤ ᠵᠢᠭᠠᠨ ᠰᠤᠳᠤᠯᠬᠤ | ᠳᠣᠭᠤᠶᠢᠯᠠᠩ 2 ᠪᠣᠶ︔ 2020 ᠣᠨ ᠤ ᠡᠬᠢ ᠪᠠᠷ᠂ 9 ᠪᠠᠭᠰᠢ ᠨᠢ ᠬᠤᠲᠠ ᠶᠢᠨ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠰᠤᠳᠤᠯᠭᠠᠨ ᠤ ᠲᠥᠪ ᠲᠤ ᠬᠢᠴᠢᠶᠡᠯ ᠲᠥᠷᠥᠯ ᠤᠨ ᠲᠦᠷᠦᠭᠦᠤ ᠲᠤᠰᠬᠠᠶ ᠮᠡᠷᠭᠡᠵᠢᠯᠲᠡᠨ ᠢᠶᠠᠷ | ᠤᠷᠢᠭᠳᠠᠪᠠ︔ 2019 ᠣᠨ ᠳᠤ᠂ ᠤᠯᠠᠭᠠᠨᠬᠠᠳᠠ ᠬᠤᠲᠠ ᠶᠢᠨ ᠬᠤᠶᠢᠲᠤ ᠬᠡᠰᠡᠭ ᠤᠨ ᠬᠤᠰᠢᠭᠤ ᠰᠢᠶᠠᠨ ᠤ | ᠵᠢᠭᠠᠨ ᠰᠤᠷᠭᠠᠯᠲᠠ ᠶᠢᠨ ᠲᠣᠬᠠᠢ ᠶᠢᠨ ᠲᠠᠯᠠᠪᠠᠶ ᠶᠢᠨ ᠬᠤᠷᠠᠯ᠂ ᠪᠥᠬᠦ ᠬᠤᠲᠠ ᠶᠢᠨ ᠲᠡᠤᠬᠡ ᠶᠢᠨ ᠵᠢᠭᠠᠨ | ᠰᠤᠷᠭᠠᠯᠲᠠ ᠶᠢᠨ ᠦᠨᠳᠦᠰᠦᠨ ᠪᠣᠯᠪᠠᠰᠤᠷᠠᠯ ᠤᠨ ᠤᠷᠤᠯᠳᠤᠭᠠᠨ᠂ ᠪᠥᠬᠦ ᠬᠤᠲᠠ ᠶᠢᠨ ᠶᠢᠰᠦᠨ ᠶᠡᠭᠡ ᠰᠢᠨᠵᠢᠯᠡᠭᠡᠨ ᠤ | ᠰᠠᠯᠠᠭᠠᠨ ᠤ ᠨᠢᠭᠡᠳᠦᠭᠡᠷ ᠡᠭᠡᠯᠵᠢ ᠶᠢᠨ ᠬᠢᠴᠢᠶᠡᠯ ᠤᠨ ᠵᠢᠱᠢᠶ᠎ᠡ ᠶᠢᠨ ᠰᠤᠳᠤᠯᠭᠠᠨ ᠵᠢᠴᠢ ᠰᠢᠯᠭᠠᠯᠲᠠ ᠳᠤ ᠪᠡᠯᠡᠳᠬᠡᠬᠦ | ᠪᠣᠯᠪᠠᠰᠤᠷᠠᠭᠤᠯᠤᠯ ᠤᠨ ᠬᠤᠷᠠᠯ ᠤᠷᠢᠳ ᠬᠤᠵᠢᠳ ᠳ᠋ᠠᠪᠠᠨ ᠤ ᠭᠤᠷᠪᠠᠳᠤᠭᠠᠷ ᠳᠣᠮᠳᠠᠳᠣ ᠰᠣᠷᠭᠠᠭᠤᠯᠢ ᠳᠤ | ᠶᠠᠪᠤᠭᠳᠠᠪᠠ᠃ | | | | | | | | | | | 《ᠪᠢᠴᠢᠭ ᠵᠢᠭᠠᠬᠤ ᠳᠤ ᠤᠷᠢᠳ ᠢᠶᠠᠷ ᠬᠥᠮᠦᠨ ᠢ ᠬᠥᠮᠦᠵᠢᠭᠦᠯᠵᠦ᠂ ᠬᠦᠮᠦᠨ ᠢ ᠬᠦᠮᠦᠵᠢᠭᠦᠯᠬᠦ ᠳᠤ | ᠣᠷᠢᠳ ᠢᠶᠠᠷ ᠬᠦᠮᠦᠨ ᠪᠣᠯᠬᠤ ᠶᠢᠨ ᠶᠣᠰᠣ ᠣᠴᠢᠷ ᠢ ᠵᠢᠭᠠᠨ᠎ᠠ ᠁》 ᠡᠨᠡ ᠪᠣᠯ ᠨᠢᠤ ᠶᠦᠨ ᠰᠢᠨ ᠤ ᠠᠮᠠᠨ | ᠤᠩᠰᠢᠯᠭ᠎ᠠ ᠮᠦᠨ᠃ ᠲᠡᠷᠡ ᠵᠠᠩ ᠮᠣᠷᠠᠯ ᠢ ᠲᠡᠷᠢᠭᠦᠯᠡᠨ ᠬᠦᠮᠦᠵᠢᠭᠦᠯᠬᠦ ᠶᠢ ᠰᠤᠷᠭᠠᠨ ᠬᠦᠮᠦᠵᠢᠯ ᠵᠢᠭᠠᠨ | ᠰᠤᠷᠭᠠᠯᠲᠠ ᠶᠢᠨ ᠠᠵᠢᠯ ᠤᠨ ᠦᠨᠳᠦᠰᠦᠨ ᠪᠠᠷᠢᠮᠲᠠᠯᠠᠯ ᠪᠣᠯᠭᠠᠪᠠ᠃ ᠨᠣᠮ ᠤᠩᠰᠢᠬᠤ ᠰᠠᠷ᠎ᠠ ᠶᠢᠨ ᠠᠵᠢᠯᠯᠠᠭ᠎ᠠ ᠶᠢ | ᠵᠣᠬᠢᠶᠠᠨ ᠪᠠᠶᠢᠭᠤᠯᠤᠨ ᠥᠷᠨᠢᠭᠦᠯᠬᠦ᠂ ᠬᠤᠪᠢᠰᠬᠠᠯ ᠤᠨ ᠤᠯᠠᠮᠵᠢᠯᠠᠯᠲᠤ ᠵᠠᠭᠤᠨ ᠪᠦᠯᠦᠭ ᠺᠢᠨᠣ᠋ ᠶᠢ ᠰᠣᠨᠢᠷᠬᠠᠬᠤ᠂ | ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠠᠵᠢᠯᠲᠠᠨ ᠢ ᠤᠷᠢᠵᠤ ᠬᠠᠤᠯᠢ ᠴᠠᠭᠠᠵᠠ ᠶᠢᠨ | ᠶᠡᠷᠦ ᠶᠢᠨ ᠮᠡᠳᠡᠯᠭᠡ ᠶᠢ ᠲᠦᠭᠡᠮᠡᠯᠵᠢᠭᠦᠯᠦᠨ ᠣᠬᠠᠭᠤᠯᠬᠤ ᠵᠢᠴᠢ ᠰᠤᠷᠭᠠᠭᠤᠯᠢ ᠶᠢᠨ ᠬᠦᠷᠢᠶᠡᠨ ᠤ | ᠨᠣᠭᠤᠭᠠᠷᠠᠭᠤᠯᠤᠯᠲᠠ ᠶᠢᠨ ᠪᠦᠲᠦᠭᠡᠨ ᠪᠠᠶᠢᠭᠤᠯᠤᠯᠲᠠ ᠪᠠ ᠬᠤᠨᠭ᠍ᠬᠢᠯ ᠤᠨ ᠰᠣᠶᠣᠯ ᠤᠨ ᠪᠦᠲᠦᠭᠡᠨ ᠪᠠᠶᠢᠭᠤᠯᠤᠯᠲᠠ | ᠵᠡᠷᠭᠡ ᠪᠠᠷ ᠳᠠᠮᠵᠢᠭᠤᠯᠤᠨ᠂ ᠰᠤᠷᠭᠠᠭᠤᠯᠢ ᠶᠢᠨ ᠥᠪᠡᠷ ᠤᠨ ᠬᠢᠴᠢᠶᠡᠯ ᠤᠨ ᠬᠡᠷᠡᠭᠵᠢᠭᠦᠯᠦᠯᠲᠡ ᠶᠢ ᠢᠳᠡᠪᠬᠢᠲᠡᠢ | ᠠᠬᠢᠭᠤᠯᠵᠤ᠂ ᠰᠤᠷᠤᠭᠴᠢᠳ ᠲᠤ ᠶᠠᠭᠤ ᠪᠣᠯ ᠰᠠᠶ᠋ᠢ ᠵᠥᠪ ᠠᠮᠢᠳᠤᠷᠠᠬᠤᠢ ᠶᠢᠨ ᠦᠵᠡᠯᠲᠡ᠂ ᠶᠢᠷᠲᠢᠨᠴᠦ ᠶᠢᠨ | ᠦᠵᠡᠯᠲᠡ ᠪᠠ ᠦᠷᠲᠡᠭ ᠤᠨ ᠦᠵᠡᠯᠲᠡ ᠭᠡᠳᠡᠭ ᠢ ᠲᠣᠳᠣᠷᠬᠠᠶᠢᠯᠠᠵᠤ᠂ ᠬᠤᠵᠢᠮ ᠶᠠᠮᠠᠷ ᠬᠥᠮᠦᠨ ᠪᠣᠯᠬᠤ᠂ ᠬᠡᠷᠬᠢᠨ | ᠬᠥᠮᠦᠨ ᠪᠣᠯᠬᠤ ᠵᠡᠷᠭᠡ ᠶᠢ ᠣᠶᠢᠯᠭᠠᠭᠤᠯᠪᠠ᠃ ᠶᠠᠳᠠᠭᠤ ᠶᠢ ᠲᠡᠳᠬᠦᠬᠦ ᠰᠢᠪᠲᠣᠯᠣᠯᠲᠠ ᠶᠢᠨ ᠠᠵᠢᠯ ᠤᠨ ᠳᠤᠮᠳᠠ᠂ | ᠨᠢᠦ ᠶᠦᠨ ᠰᠢᠨ ᠲᠦᠷᠦᠭᠦᠯᠡᠨ ᠦᠯᠢᠭᠡᠷ ᠵᠢᠱᠢᠶ᠎ᠡ ᠦᠵᠡᠭᠦᠯᠵᠦ᠂ ᠶᠠᠳᠠᠭᠤ ᠬᠦᠴᠢᠷᠳᠡᠯᠲᠡᠢ ᠰᠤᠷᠤᠭᠴᠢᠳ ᠤᠨ ᠭᠡᠷ | ᠪᠦᠯᠢ ᠳᠤ ᠤᠯᠠᠨ ᠤᠳᠠᠭ᠎ᠠ ᠭᠦᠨᠵᠡᠭᠡᠶᠢᠷᠡᠨ ᠲᠣᠬᠤᠨᠢᠭᠤᠯᠣᠨ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠤᠷᠢᠳ | ᠬᠤᠵᠢᠳ 30 ᠡᠷᠦᠬᠡ ᠤᠳᠠᠭ᠎ᠠ ᠶᠢᠨ ᠶᠠᠳᠠᠭᠤ ᠬᠦᠴᠢᠷᠳᠡᠯᠲᠡᠢ ᠰᠤᠷᠤᠭᠴᠢᠳ ᠤᠨ ᠭᠡᠷ ᠪᠦᠯᠢ ᠳᠤ 6000 | ᠲᠥᠭᠦᠷᠢᠭ ᠤᠨ ᠲᠣᠬᠤᠨᠢᠭᠤᠯᠬᠤ ᠮᠥᠩᠭᠦ ᠣᠯᠭᠤᠵᠠᠢ ᠁ | | | | | | | | | | | | | | | | ᠨᠢᠤ ᠶᠦᠨ ᠰᠢᠨ ᠲᠡᠭᠦᠨ ᠤ ᠲᠡᠷᠢᠭᠦᠨ ᠤ ᠰᠤᠷᠭᠠᠭᠤᠯᠢ ᠡᠷᠬᠢᠯᠡᠬᠦ ᠣᠶᠢᠯᠠᠭᠠᠭᠳᠠᠬᠤᠨ᠂ ᠭᠠᠷᠮᠠᠭᠠᠢ | ᠪᠦᠲᠦᠮᠵᠢᠲᠡᠢ ᠬᠠᠮᠢᠶᠠᠷᠣᠯᠲᠠ ᠶᠢᠨ ᠠᠷᠭ᠎ᠠ᠂ ᠴᠢᠩᠭ᠎ᠠ ᠨᠢᠮᠪᠠᠢ ᠪᠣᠳᠠᠲᠠᠢ ᠶᠢ ᠡᠷᠬᠢᠮᠯᠡᠬᠦ ᠠᠵᠢᠯ ᠤᠨ ᠰᠤᠷᠲᠠᠯ᠂ | ᠠᠵᠢᠯ ᠦᠢᠯᠡᠰ ᠢ ᠳᠡᠭᠡᠳᠦᠯᠡᠬᠦ ᠥᠨᠳᠥᠷ ᠪᠦᠲᠦᠮᠵᠢᠲᠡᠢ ᠠᠵᠢᠯ ᠤᠨ ᠣᠪᠣᠷ ᠢᠶᠠᠷ ᠢᠶᠠᠨ ᠠᠷᠠᠳ ᠲᠦᠮᠡᠨ ᠤ ᠰᠡᠳᠬᠢᠯ | ᠬᠠᠨᠤᠮᠵᠢᠲᠠᠢ ᠰᠣᠷᠭᠠᠭᠤᠯᠢ ᠶᠢ ᠡᠷᠬᠢᠯᠡᠬᠦ᠂ ᠵᠢᠷᠭᠠᠯᠠᠩᠲᠣ ᠪᠠᠭᠠᠷᠢᠨ ᠢ ᠴᠣᠭᠴᠠᠯᠠᠬᠤ ᠳᠤ ᠬᠤᠪᠢ ᠨᠡᠮᠡᠷᠢ ᠦᠵᠡᠭᠦᠯᠵᠦ | ᠪᠠᠶᠢᠨ᠎ᠠ᠃ ︵ᠪᠣᠯᠣᠷ︶ |