ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠡᠷᠬᠢᠯᠡᠭᠴᠢ ᠬᠤᠷᠴᠠ
ᠨᠡᠶᠢᠲᠡᠯᠡᠭᠰᠡᠨ ᠴᠠᠭ᠄
2020/4/22
         ᠲᠣᠰ ᠣᠳᠠᠭ᠎ᠠ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠡᠷᠬᠢᠯᠡᠭᠴᠢ ᠬᠤᠷᠴᠠ ᠶᠢ ᠮᠡᠳᠡᠭᠡᠯᠡᠬᠦ ᠪᠣᠯᠣᠨ᠎ᠠ᠃  
                  ᠬᠤᠷᠴᠠ ᠨᠥᠬᠦᠷ 2017 ᠣᠨ ᠤ 9 ᠰᠠᠷ᠎ᠠ ᠳᠤ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠡᠷᠬᠢᠯᠡᠭᠴᠢ ᠪᠣᠯᠣᠭᠰᠠᠨ ᠠᠴᠠ ᠨᠠᠰᠢ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠪᠠᠭ ᠤᠨ ᠪᠦᠷᠢᠯᠳᠦᠬᠦᠨ ᠪᠠ  ᠪᠠᠶᠢᠭᠤᠯᠭ᠎ᠠ ᠶᠢᠨ ᠨᠠᠮ ᠤᠨ ᠭᠡᠰᠢᠭᠦᠨ ᠺᠠᠳ᠋ᠷ ᠢ ᠪᠦᠯᠬᠦᠮᠳᠡᠭᠦᠯᠦᠨ ᠳᠠᠭᠠᠭᠤᠯᠵᠤ᠂  ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠭᠤᠤᠯ ᠠᠵᠢᠯ ᠲᠠᠢ ᠨᠢᠭᠲᠠ ᠤᠶᠠᠯᠳᠤᠭᠤᠯᠤᠨ᠂ ᠪᠣᠳᠠᠲᠠᠶ ᠳᠤ ᠰᠠᠭᠤᠷᠢᠯᠠᠨ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠵᠣᠯ ᠵᠢᠷᠭᠠᠯᠲᠤ ᠪᠠᠭᠠᠷᠢᠨ ᠪᠠᠷᠠᠭᠤᠨ ᠬᠤᠰᠢᠭᠤᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠬᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠤ ᠦᠵᠡᠭᠦᠯᠪᠡᠰᠦ  ᠵᠣᠬᠢᠬᠤ ᠬᠤᠪᠢ ᠨᠡᠮᠡᠷᠢ ᠪᠠᠨ ᠦᠵᠡᠭᠦᠯᠪᠡ᠃
                   ᠪᠠᠶᠢᠭᠤᠯᠭ᠎ᠠ ᠶᠢᠨ ᠠᠭᠤᠰᠣᠯᠴᠠᠭᠰᠠᠨ ᠨᠠᠮ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ ᠶᠢᠨ ᠲᠥᠯᠥᠭᠡ᠂ ᠲᠡᠷᠡ ᠢᠳᠡᠪᠬᠢᠲᠠᠢ ᠪᠠᠷ ᠬᠤᠯᠪᠣᠭ᠎ᠠ ᠪᠠᠷᠢᠭᠰᠠᠨ ᠪᠠᠢ ᠯᠢᠩ ᠨᠡᠶᠢᠭᠡᠮ ᠲᠣᠭᠤᠷᠢᠭ ᠲᠠᠢ ᠬᠠᠮᠲᠤᠷᠠᠭᠰᠠᠨ ᠨᠠᠮ ᠤᠨ ᠬᠤᠷᠢᠶ᠎ᠠ ᠪᠠᠶᠢᠭᠤᠯᠵᠣ᠂ ᠴᠠᠭᠠᠨᠮᠥ᠋ᠷᠡᠨ ᠰᠤᠮᠤᠨ ᠤ ᠪᠠᠶᠢᠭᠠᠯᠢᠯᠢᠭ ᠬᠤᠯᠪᠣᠭᠠᠲᠣ ᠨᠠᠮ ᠤᠨ ᠬᠤᠷᠢᠶ᠎ᠠ ᠲᠠᠢ ᠠᠭᠤᠰᠣᠯᠴᠠᠭᠤᠯᠣᠨ ᠬᠠᠮᠲᠤ ᠪᠠᠷ ᠪᠠᠶᠢᠭᠤᠯᠬᠤ ᠠᠵᠢᠯ ᠥᠷᠨᠢᠭᠦᠯᠪᠡ︔ ᠳᠡᠭᠡᠳᠦ ᠭᠤᠷᠪᠠᠨ ᠱᠠᠲᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠪᠠᠶᠢᠭᠤᠯᠭ᠎ᠠ ᠲᠠᠢ ᠢᠳᠡᠪᠬᠢᠲᠡᠢ ᠬᠠᠮᠲᠣᠷᠠᠵᠣ᠂ ᠴᠠᠭᠠᠨᠮᠥ᠋ᠷᠡᠨ ᠰᠤᠮᠤ ᠶᠢᠨ ᠪᠠᠶᠢᠭᠠᠯᠢᠯᠢᠭ ᠬᠤᠯᠪᠣᠭᠠᠲᠤ ᠨᠠᠮ ᠤᠨ ᠬᠤᠷᠢᠶᠠᠨ ᠳᠤ ᠣᠷᠣᠪᠠ᠃ ᠡᠭᠦᠨ ᠤ ᠬᠠᠮᠲᠤ᠂ ᠡᠯ᠎ᠡ ᠲᠠᠯ᠎ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ  ᠠᠰᠢᠭᠯᠠᠨ᠂ ᠴᠠᠭᠠᠨᠮᠥ᠋ᠷᠡᠨ ᠰᠤᠮᠤ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠵᠦ᠂《ᠨᠢᠭᠡ ᠬᠡᠷ ᠪᠦᠯᠢ ᠮᠡᠲᠦ ᠳᠣᠲᠣᠨᠣ》ᠰᠢᠷᠢᠰ ᠮᠠᠯᠴᠢᠨ ᠠᠶᠢᠯ ᠤᠨ ᠪᠠᠶᠠᠰᠤᠯ᠂ ᠬᠠᠭᠠᠰ ᠡᠳᠦᠷ ᠤᠨ ᠵᠤᠭᠠᠴᠠᠯ ᠵᠡᠷᠭᠡ 6 ᠰᠣᠶᠣᠯ ᠵᠢᠭᠤᠯᠴᠢᠯᠠᠯ ᠤᠨ ᠲᠦᠰᠦᠯ ᠢ ᠵᠠᠯᠭᠠᠪᠠᠷ ᠨᠠᠶᠢᠳᠠᠪᠦᠷᠢᠵᠢᠭᠤᠯᠵᠣ᠂ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠵᠢᠯᠣᠭᠤᠳᠤᠨ ᠡᠭᠦᠳᠦᠨ ᠪᠠᠶᠢᠭᠤᠯᠤᠭᠰᠠᠨ《ᠨᠢᠭᠡ ᠬᠡᠷ ᠪᠦᠯᠢ ᠮᠡᠲᠦ ᠳᠣᠲᠣᠨᠣ》ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠨᠠᠮ ᠤᠨ ᠪᠠᠶᠢᠭᠤᠯᠣᠯᠲᠠ ᠶᠢᠨ ᠬᠤᠯᠪᠣᠭᠠᠲᠤ ᠴᠣᠭᠴᠠ ᠶᠢ ᠪᠠᠶᠢᠭᠤᠯᠬᠤ ᠪᠡᠯᠡᠳᠬᠡᠯ ᠠᠵᠢᠯ ᠢ ᠶᠠᠭ ᠡᠮᠬᠢ ᠵᠢᠷᠤᠮ ᠲᠠᠢ ᠠᠬᠢᠭᠤᠯᠵᠤ ᠪᠠᠶᠢᠨ᠎ᠠ᠃
                ᠬᠤᠷᠴᠠ ᠨᠥᠬᠦᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠦᠨᠳᠦᠰᠦᠲᠡᠨ ᠤ ᠬᠡᠷᠡᠭ  ᠡᠷᠬᠢᠯᠡᠬᠦ ᠵᠥᠪᠯᠡᠯ ᠤᠨ ᠡᠯ᠎ᠡ ᠵᠦᠢᠯ ᠤᠨ ᠠᠵᠢᠯ ᠤᠨ ᠭᠤᠣᠯ ᠱᠤᠭᠤᠮ ᠪᠣᠯᠭᠠᠬᠤ ᠶᠢ ᠢᠮᠠᠭᠲᠠ ᠪᠠᠷᠢᠮᠲᠠᠯᠠᠵᠤ᠂ 《ᠪᠠᠶᠢᠭᠤᠯᠭ᠎ᠠ ᠳᠤ ᠣᠷᠣᠭᠤᠯᠬᠤ᠂ ᠭᠠᠴᠠᠭ᠎ᠠ ᠲᠣᠰᠬᠤᠨ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠰᠣᠷᠭᠠᠭᠤᠯᠢ ᠳᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠴᠡᠷᠢᠭ ᠤᠨ ᠬᠤᠸᠠᠷᠠᠨ ᠳᠤ ᠣᠷᠣᠭᠤᠯᠬᠤ ︵ᠴᠠᠭᠳᠠᠭ᠎ᠠ︶᠂ ᠰᠦᠮ᠎ᠡ ᠬᠡᠶᠢᠳ ᠲᠤ ᠣᠷᠣᠭᠤᠯᠬᠤ᠂ ᠭᠡᠷ ᠪᠦᠯᠢ ᠳᠤ ᠣᠷᠣᠭᠤᠯᠬᠤ》《ᠨᠠᠢᠮᠠ ᠳᠤ ᠣᠷᠣᠭᠤᠯᠬᠤ》ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠪᠠ᠃ 2019 ᠣᠨ ᠳᠤ᠂ ᠪᠠᠭᠠᠷᠢᠨ ᠪᠠᠷᠠᠭᠤᠨ ᠬᠤᠰᠢᠭᠤ ᠪᠥᠬᠦ ᠬᠤᠲᠠ ᠳᠤ ᠡᠩ ᠲᠡᠷᠢᠭᠦᠨ ᠳᠤ《ᠪᠥᠬᠦ ᠤᠯᠤᠰ ᠤᠨ ᠵᠢᠱᠢᠶ᠎ᠡ ᠦᠵᠡᠭᠦᠯᠬᠦ ᠬᠤᠰᠢᠭᠤ ᠰᠢᠶᠠᠨ ᠢ ᠡᠭᠦᠳᠦᠨ ᠪᠠᠶᠢᠭᠤᠯᠬᠤ》ᠡᠩᠨᠡᠭᠡᠨ ᠳᠤ ᠣᠷᠣᠪᠠ᠃ ᠣᠲᠣ ᠪᠣᠯᠲᠠᠯ᠎ᠠ᠂ ᠪᠥᠬᠦ ᠬᠤᠰᠢᠭᠤᠨ ᠳᠤ ᠤᠯᠤᠰ ᠤᠨ ᠲᠠᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ  ᠵᠢᠱᠢᠶ᠎ᠡ ᠦᠵᠡᠭᠦᠯᠬᠦ ᠨᠢᠭᠡᠴᠡ 2᠂ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ ᠨᠢᠭᠡᠴᠡ 3᠂  ᠬᠤᠲᠠ  ᠶᠢᠨ ᠲᠠᠰ ᠤᠨ ᠵᠢᠱᠢᠶ᠎ᠡ ᠦᠵᠡᠭᠦᠯᠬᠦ ᠨᠢᠭᠡᠴᠡ 10 ᠪᠠᠶᠢᠵᠣ᠂ 2 ᠨᠡᠶᠢᠭᠡᠮ ᠲᠣᠭᠤᠷᠢᠭ ᠢ ᠪᠥᠬᠦ ᠬᠤᠲᠠ ᠶᠢᠨ ᠬᠤᠲᠠ ᠶᠢᠨ ᠦᠨᠳᠦᠰᠦᠲᠡᠨ ᠤ ᠠᠵᠢᠯ ᠤᠨ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ ᠭᠡᠵᠦ ᠨᠡᠷᠡᠶᠢᠳᠴᠦ᠂ 4 ᠨᠢᠭᠡᠴᠡ ᠨᠢ ᠪᠥᠬᠦ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ ᠭᠡᠵᠦ ᠨᠡᠷᠡᠶᠢᠳᠪᠡ᠃
                     ᠮᠠᠨ ᠤ ᠬᠤᠰᠢᠭᠤ ᠪᠣᠯ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠨᠢᠭᠡᠴᠡ ᠪᠣᠯᠤᠨ᠎ᠠ᠂ ᠡᠨᠡᠬᠦ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠬᠤ ᠪᠠ ᠠᠰᠢᠭᠯᠠᠬᠤ ᠶᠢᠨ ᠲᠥᠯᠥᠭᠡ ᠬᠤᠷᠴᠠ ᠨᠥᠬᠦᠷ ᠪᠣᠳᠠᠲᠤ  ᠪᠠᠶᠢᠳᠠᠯ ᠲᠠᠢ ᠪᠠᠨ ᠤᠶᠠᠯᠳᠤᠭᠤᠯᠤᠨ᠂ ᠡᠬᠢ ᠪᠠᠶᠠᠯᠢᠭ ᠢ ᠠᠭᠤᠳᠠᠯᠵᠤ᠂ ᠲᠦᠰᠦᠯ ᠢ ᠲᠡᠮᠡᠴᠡᠨ ᠣᠯᠵᠤ᠂ ᠪᠡᠯᠡ ᠮᠥᠩᠭᠦ ᠶᠢ ᠵᠣᠯᠭᠠᠭᠤᠯᠪᠠ᠃ 2019 ᠣᠨ ᠳᠤ᠂ ᠤᠷᠢᠳ ᠬᠤᠵᠢᠳ ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠬᠡᠷᠡᠭᠵᠢᠭᠦᠯᠬᠦ ᠴᠡᠭ ᠤᠨ 30 ᠭᠠᠷᠤᠶ ᠶᠠᠳᠠᠭᠤ ᠶᠢ ᠲᠡᠳᠬᠦᠬᠦ ᠲᠦᠰᠦᠯ ᠢ ᠴᠢᠷᠮᠠᠶᠢᠨ ᠣᠯᠵᠣ᠂ ᠪᠥᠬᠦ ᠬᠤᠰᠢᠭᠤᠨ ᠤ 3500 ᠮᠠᠯᠵᠢᠬᠤ ᠲᠠᠷᠢᠶᠠᠯᠠᠬᠤ ᠡᠷᠦᠬᠡ ᠶᠢᠨ 5900 ᠭᠠᠷᠤᠶ ᠬᠥᠮᠦᠨ ᠳᠤ ᠠᠰᠢᠭ ᠬᠦᠷᠲᠡᠭᠡᠪᠡ᠃《ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠪᠣᠯᠤᠨ ᠬᠤᠰᠢᠭᠤᠨ ᠤ  ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠬᠠᠮᠲᠤᠷᠠᠯᠴᠠᠭ᠎ᠠ ᠰᠣᠯᠢᠯᠴᠠᠭᠠᠨ ᠤ ᠵᠥᠪᠯᠡᠯᠴᠡᠭᠡᠷ》 ᠲᠤ ᠭᠠᠷ ᠤᠨ ᠦᠰᠦᠭ ᠵᠢᠷᠤᠵᠤ᠂《ᠰᠢ ᠶᠢᠨ ᠫᠢᠩ ᠲᠦᠷᠦ ᠶᠢ ᠵᠠᠰᠠᠬᠤ ᠲᠤᠬᠠᠢ 》᠂《ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠴᠢᠨ ᠶᠠᠷᠢᠶ᠎ᠠ》ᠵᠡᠷᠭᠡ ᠨᠣᠮ ᠪᠢᠴᠢᠭ ᠤᠨ 9000 ᠰᠢᠬᠠᠮ ᠳᠠᠪᠲᠡᠷ ᠢ ᠬᠠᠨᠳᠢᠪᠯᠠᠨ᠂ ᠦᠨ᠎ᠡ ᠦᠷᠳᠡᠭ ᠨᠢ ᠪᠠᠷᠤᠭ 38 ᠲᠦᠮᠡᠨ ᠲᠥᠭᠦᠷᠢᠭ ᠲᠤ ᠬᠦᠷᠴᠦ᠂ ᠶᠠᠳᠠᠭᠤ ᠬᠦᠴᠢᠷᠳᠡᠯᠲᠠᠢ 61 ᠨᠡᠷ᠎ᠡ ᠰᠤᠷᠤᠭᠴᠢ ᠶᠢ 6.42 ᠲᠦᠮᠡᠨ ᠲᠥᠭᠦᠷᠢᠭ ᠢᠶᠠᠷ ᠳᠠᠮᠵᠢᠨ ᠲᠤᠰᠠᠯᠠᠵᠤ᠂ ᠪᠣᠯᠪᠠᠰᠤᠷᠠᠯ ᠤᠨ ᠠᠩᠬᠢ 18 ᠬᠤᠭᠤᠴᠠᠭ᠎ᠠ ᠡᠷᠬᠢᠯᠡᠵᠦ᠂ 1467 ᠬᠥᠮᠦᠨ ᠤᠳᠠᠭ᠎ᠠ ᠪᠣᠯᠪᠠᠰᠤᠷᠠᠯ ᠳᠤ ᠣᠷᠣᠯᠴᠠᠪᠠ
                 《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠳᠦᠷᠢᠮ》 ᠢ  ᠨᠡᠶᠢᠲᠡᠯᠡᠨ ᠬᠡᠷᠡᠭᠵᠢᠭᠦᠯᠦᠭᠰᠡᠨ 14 ᠵᠢᠯ ᠤᠨ ᠤᠢ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠣ ᠦᠷᠨᠢᠭᠦᠯᠪᠡ᠃ ᠮᠣᠩᠭᠤᠯ ᠦᠨᠳᠦᠰᠦᠲᠡᠨ ᠤ ᠡᠷᠲᠡᠨ ᠤ ᠨᠣᠮ ᠪᠢᠴᠢᠭ ᠢ ᠴᠤᠭᠯᠠᠭᠤᠯᠬᠤ ᠠᠵᠢᠯ ᠢ ᠢᠳᠡᠪᠬᠢᠲᠡᠢ ᠰᠠᠶᠢᠲᠤᠷ ᠬᠢᠵᠦ᠂《ᠦᠨᠳᠦᠰᠦᠲᠡᠨ ᠤ ᠨᠠᠨᠳᠢᠨ‌ᠦᠪ — ᠰᠣᠶᠣᠯᠲᠣ ᠵᠤᠤ ᠤᠳᠠ — ᠤᠯᠠᠭᠠᠨᠬᠠᠳᠠ ᠬᠤᠲᠠ ᠶᠢᠨ ᠠᠩᠬᠠᠳᠣᠭᠠᠷ ᠣᠳᠠᠭᠠᠨ ᠤ ᠴᠥᠭᠡᠨ ᠲᠣᠭᠠᠲᠤ ᠦᠨᠳᠦᠰᠦᠲᠡᠨ ᠤ ᠰᠣᠳᠣᠷ ᠪᠢᠴᠢᠭ ᠢ ᠬᠢᠨᠠᠨ ᠲᠣᠭᠲᠠᠭᠠᠬᠤ ᠵᠢᠴᠢ ︿ᠭᠡᠰᠡᠷ﹀ ᠤᠨ ᠪᠦᠲᠦᠭᠡᠯ ᠤᠨ ᠲᠡᠯᠭᠡᠨ ᠦᠵᠡᠭᠦᠯᠦᠯᠭᠡ》 ᠶᠢ ᠠᠮᠵᠢᠯᠲᠠᠲᠠᠢ ᠡᠷᠬᠢᠯᠡᠵᠦ᠂ 34 ᠳᠡᠪᠲᠡᠷ ᠡᠷᠲᠡᠨ ᠤ ᠨᠣᠮ ᠪᠢᠴᠢᠭ ᠤᠨ ᠦᠷ᠎ᠡ ᠪᠦᠲᠦᠭᠡᠯ ᠢ ᠬᠥᠬᠡᠬᠤᠲᠠ ᠳᠤ ᠶᠠᠪᠤᠭᠳᠠᠭᠰᠠᠨ《ᠦᠨᠳᠦᠰᠦᠲᠡᠨ ᠤ ᠨᠠᠨᠳᠢᠨ‌ᠦᠪ — ᠰᠣᠶᠣᠯᠲᠣ ᠳᠣᠮᠳᠠᠳᠣ ᠣᠯᠣᠰ — ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠰᠣᠳᠣᠷ ᠪᠢᠴᠢᠭ ᠢ ᠬᠢᠨᠠᠨ ᠲᠣᠭᠲᠠᠭᠠᠬᠤ ᠵᠢᠴᠢ ᠬᠠᠮᠠᠭᠠᠯᠠᠯᠲᠠ ᠶᠢᠨ ᠪᠦᠲᠦᠭᠡᠯ ᠤᠨ ᠲᠡᠯᠭᠡᠨ ᠦᠵᠡᠭᠦᠯᠦᠯᠭᠡ》 ᠶᠢᠨ ᠪᠦᠬᠦ ᠤᠯᠤᠰ ᠤᠨ ᠲᠣᠭᠤᠷᠢᠨ ᠦᠵᠡᠭᠦᠯᠭᠡ ᠳᠤ ᠣᠷᠣᠯᠴᠠᠭᠤᠯᠪᠠ᠃ 2019 ᠣᠨ ᠤ 10 ᠰᠠᠷ᠎ᠠ ᠳᠤ᠂ ᠳᠤᠮᠳᠠᠳᠤ ᠤᠯᠤᠰ ᠤᠨ ᠦᠨᠳᠦᠰᠦᠲᠡᠨ ᠤ ᠬᠡᠯᠡᠨ ᠤ ᠣᠷᠴᠢᠭᠤᠯᠭ᠎ᠠ ᠶᠢᠨ ᠲᠣᠪᠴᠢᠶ᠎ᠠ ᠮᠠᠨ ᠤ ᠬᠤᠰᠢᠭᠤᠨ ᠳᠤ ᠢᠷᠡᠵᠦ ᠶᠠᠳᠠᠭᠤ ᠶᠢ ᠲᠡᠳᠬᠦᠬᠦ ᠨᠣᠮ ᠬᠦᠷᠭᠡᠬᠦ ᠠᠵᠢᠯᠯᠠᠭ᠎ᠠ ᠥᠷᠨᠢᠭᠦᠯᠦᠭᠰᠡᠨ ᠪᠥᠭᠡᠳ ᠪᠥᠬᠦ ᠬᠤᠲᠠ ᠶᠢᠨ ᠮᠣᠩᠭᠤᠯ ᠬᠡᠯᠡᠨ ᠤ ᠣᠷᠴᠢᠭᠤᠯᠭ᠎ᠠ ᠶᠢᠨ ᠪᠣᠯᠪᠠᠰᠤᠷᠠᠯ ᠤᠨ ᠠᠩᠭᠢ ᠡᠷᠭᠢᠯᠡᠪᠡ᠃ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠶᠢ ᠬᠢᠨᠠᠨ ᠬᠠᠮᠢᠶᠠᠷᠬᠤ ᠡᠷᠴᠢᠮ  ᠢ ᠴᠢᠩᠭᠠᠷᠠᠭᠤᠯᠵᠤ᠂ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ  ᠣᠨᠣᠪᠴᠢᠲᠠᠢ ᠨᠣᠷᠮ᠎ᠠ᠂ ᠵᠢᠷᠤᠮᠵᠢᠭᠰᠠᠨ ᠨᠣᠷᠮ᠎ᠠ ᠶᠢ ᠪᠠᠬᠢᠵᠢᠭᠦᠯᠦᠨ ᠳᠡᠭᠡᠭᠰᠢᠯᠡᠭᠦᠯᠪᠡ᠃
       
          ᠴᠥᠭᠡᠨ ᠲᠣᠭᠠᠲᠤ ᠦᠨᠳᠦᠰᠦᠲᠡᠨ ᠤ ᠣᠨᠴᠠᠯᠢᠭ ᠪᠦᠬᠦᠢ  ᠬᠦᠳᠡᠭᠡ ᠲᠣᠰᠬᠤᠨ ᠢ ᠬᠠᠮᠠᠭᠠᠯᠠᠬᠤ ᠪᠠ ᠬᠥᠭᠵᠢᠭᠦᠯᠬᠦ ᠠᠵᠢᠯ ᠢ ᠦᠨᠡᠩᠬᠦ ᠰᠠᠶᠢᠲᠤᠷ ᠬᠢᠵᠦ᠂ ᠮᠠᠨ ᠤ ᠬᠤᠰᠢᠭᠤᠨ ᠤ 4 ᠭᠠᠴᠠᠭ᠎ᠠ ᠨᠢ ᠭᠤᠷᠪᠠᠳᠤᠭᠠᠷ ᠪᠦᠯᠦᠭ ᠤᠨ ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠣᠨᠴᠠᠯᠢᠭ ᠪᠦᠬᠦᠢ ᠬᠦᠳᠡᠭᠡ ᠲᠣᠰᠬᠤᠨ ᠢᠶᠠᠷ ᠨᠡᠷᠡᠯᠡᠭᠳᠡᠪᠡ᠃ 22 ᠠᠵᠤ ᠠᠬᠤᠶᠢᠯᠠᠯ ᠨᠢ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠠᠷᠠᠯᠵᠢᠶᠠᠨ ᠤ ᠠᠵᠤ ᠠᠬᠤᠶᠢᠯᠠᠯ ᠢᠶᠠᠷ ᠲᠣᠭᠲᠠᠭᠠᠭᠳᠠᠪᠠ᠃ ᠦᠨᠳᠦᠰᠦᠲᠡᠨ ᠤ ᠭᠠᠷ ᠤᠷᠠᠯᠠᠯ ᠢ ᠤᠯᠠᠮᠵᠢᠯᠠᠨ ᠵᠠᠯᠭᠠᠮᠵᠢᠯᠠᠬᠤ ᠪᠠ ᠬᠠᠮᠠᠭᠠᠯᠠᠬᠤ ᠶᠢ ᠴᠢᠬᠤᠯᠠᠴᠢᠯᠠᠵᠤ᠂ ᠰᠢᠷᠠᠮᠥ᠋ᠷᠡᠨ ᠰᠤᠮᠤᠨ ᠳᠤ ᠦᠨᠳᠦᠰᠦᠲᠡᠨ ᠤ ᠭᠠᠷ ᠤᠷᠠᠯᠠᠯ ᠤᠨ ᠪᠣᠯᠪᠠᠰᠤᠷᠠᠯ ᠤᠨ ᠰᠠᠭᠤᠷᠢᠨ ᠭᠠᠵᠠᠷ ᠪᠠᠶᠢᠭᠤᠯᠬᠤ ᠶᠢᠨ ᠬᠠᠮᠲᠣ ᠦᠨᠳᠦᠰᠦᠲᠡᠨ ᠤ ᠭᠠᠷ ᠤᠷᠠᠯᠠᠯ ᠤᠨ ᠠᠵᠤ ᠦᠢᠯᠡᠰ ᠤᠨ ᠠᠩᠬᠠᠳᠤᠭᠠᠷ ᠬᠤᠭᠤᠴᠠᠭᠠᠨ ᠤ ᠪᠣᠯᠪᠠᠰᠤᠷᠠᠯ ᠤᠨ ᠠᠩᠭᠢ ᠶᠢ ᠠᠮᠵᠢᠯᠲᠠ ᠲᠠᠢ ᠡᠷᠬᠢᠯᠡᠪᠡ︔ ᠪᠥᠬᠦ ᠬᠤᠲᠠ ᠶᠢᠨ《ᠵᠣᠣ ᠤᠳᠠ ᠬᠤᠨᠳᠠᠭᠠᠲᠤ》 ᠳᠤᠮᠳᠠᠳᠤ ᠰᠤᠷᠭᠠᠭᠤᠯᠢ ᠶᠢᠨ ᠰᠣᠷᠣᠭᠴᠢ ᠶᠢᠨ ᠪᠥᠬᠡ ᠶᠢᠨ ᠣᠷᠣᠯᠳᠣᠭᠠᠨ ᠢ ᠤᠬᠠᠭᠠᠯᠠᠨ ᠲᠦᠰᠦᠪᠯᠡᠨ ᠡᠷᠬᠢᠯᠡᠪᠡ︔ ᠵᠢᠷᠭᠤᠳᠤᠭᠠᠷ ᠬᠤᠭᠤᠴᠠᠭᠠᠨ ᠤ《ᠭᠡᠰᠡᠷ ᠬᠤᠨᠳᠠᠭᠠᠲᠤ》ᠪᠥᠬᠡ ᠶᠢᠨ ᠤᠷᠤᠯᠳᠤᠭᠠᠨ ᠢ ᠠᠮᠵᠢᠯᠲᠠ ᠲᠠᠢ ᠡᠷᠬᠢᠯᠡᠪᠡ᠃
                   ᠤᠢᠢᠷ᠎ᠠ ᠶᠢᠨ ᠵᠢᠯ ᠠᠴᠠ᠂ ᠪᠠᠭᠠᠷᠢᠨ ᠪᠠᠷᠠᠭᠤᠨ ᠬᠤᠰᠢᠭᠤᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯ ᠲᠦᠷᠭᠡᠨ ᠬᠦᠭᠵᠢᠯᠲᠡ ᠲᠠᠢ ᠪᠣᠯᠵᠣ᠂ ᠤᠷᠢᠳ ᠬᠤᠵᠢᠳ 3 ᠤᠳᠠᠭ᠎ᠠ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶᠡᠴᠢ ᠬᠠᠮᠲᠤ ᠨᠠᠶᠢᠳᠠ᠂ 5 ᠤᠳᠠᠭ᠎ᠠ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶᠡᠴᠢ ᠬᠠᠮᠲᠤ ᠨᠡᠶᠢᠲᠡ ᠪᠠᠷ ᠦᠨᠡᠯᠡᠭᠳᠡᠵᠦ᠂ 2018 ᠣᠨ ᠳᠤ《ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠣᠭᠰᠠᠨ ᠵᠢᠱᠢᠶ᠎ᠡ ᠦᠵᠡᠭᠦᠯᠬᠦ ᠬᠤᠰᠢᠭᠤ》 ᠪᠠᠷ ᠨᠡᠷᠡᠶᠢᠳᠦᠭᠳᠡᠵᠦ᠂ 2019 ᠣᠨ ᠳᠤ《ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ  ᠪᠠᠶᠢᠭᠤᠯᠣᠭᠰᠠᠨ ᠵᠢᠱᠢᠶ᠎ᠡ ᠦᠵᠡᠭᠦᠯᠬᠦ ᠬᠤᠰᠢᠭᠤ ᠰᠢᠶᠠᠨ》 ᠤ ᠡᠩᠨᠡᠭᠡᠨ ᠳᠤ ᠣᠷᠣᠪᠠ᠃  ︵ᠪᠣᠯᠣᠷ︶
 
ᠢᠷᠡᠯᠲᠡ᠄ ᠪᠠᠭᠠᠷᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05001926号-2