ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠲᠥᠰᠥᠯ︶ | | 2020 ᠣᠨ ᠤ 4 ᠰᠠᠷ᠎ᠠ ᠶᠢᠨ 21 ᠤ ᠡᠳᠦᠷ ᠪᠠᠭᠠᠷᠢᠨ ᠪᠠᠷᠠᠭᠤᠨ ᠬᠤᠰᠢᠭᠤᠨ ᠤ | ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠳᠥᠷᠪᠡᠳᠦᠭᠡᠷ ᠬᠤᠷᠠᠯᠳᠤᠭᠠᠨ ᠳᠡᠭᠡᠷ᠎ᠡ | | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠬᠤᠪᠢᠰᠬᠠᠯᠲᠤ | | | ᠲᠥᠯᠥᠭᠡᠯᠡᠭᠴᠢᠳ ᠡ᠄ | ᠣᠳᠣ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ᠂ ᠶᠡᠭᠡ ᠬᠤᠷᠠᠯ ᠳᠤ | ᠠᠵᠢᠯ ᠤᠨ ᠮᠡᠳᠡᠭᠦᠯᠦᠯᠲᠡ ᠬᠢᠶ᠎ᠡ ᠃ ᠬᠢᠨᠠᠨ ᠵᠥᠪᠯᠡᠬᠦ ᠪᠤᠯᠪᠠᠤ᠃ ᠮᠥᠨ ᠬᠤᠰᠢᠭᠤᠨ ᠤ ᠤᠯᠤᠰ ᠲᠥᠷᠦ ᠶᠢᠨ | ᠵᠥᠪᠯᠡᠯᠭᠡᠨ ᠤ ᠭᠡᠰᠢᠭᠦᠳ ᠤᠨ ᠰᠠᠨᠠᠯ ᠢᠶᠠᠨ ᠳᠤᠷᠠᠳᠬᠤ ᠶᠢ ᠬᠦᠰᠡᠵᠦ ᠪᠠᠶᠢᠨ᠎ᠠ᠃ | ᠨᠢᠭᠡ᠂ 2019 ᠣᠨ ᠤ ᠠᠵᠢᠯ ᠤᠨ ᠡᠷᠭᠢᠴᠡᠭᠦᠯᠦᠯ | 2019 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠶ᠂ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠵᠠᠩᠭᠢᠯᠠᠭ᠎ᠠ ᠶᠢᠨ ᠵᠢᠯ ᠶᠤᠮ ᠃ ᠮᠥᠨ ᠴᠦ ᠮᠠᠨ ᠤ ᠬᠤᠰᠢᠭᠤᠨ ᠤ ᠴᠢᠨᠠᠷ | ᠰᠠᠶᠢᠲᠠᠶ ᠬᠥᠭᠵᠢᠯᠲᠡ ᠶᠢ ᠲᠦᠷᠭᠡᠳᠬᠡᠬᠦ ᠪᠠᠷ ᠡᠷᠡᠯᠬᠡᠭᠯᠡᠨ ᠤᠷᠤᠭᠰᠢᠯᠠᠭᠰᠠᠨ ᠨᠢᠭᠡ ᠵᠢᠯ ᠮᠥᠨ᠃ ᠬᠤᠲᠠ ᠶᠢᠨ | ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ ᠬᠤᠰᠢᠭᠤᠨ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠤᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ | ᠤᠯᠤᠰ ᠲᠥᠷᠥ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠳᠡᠮᠵᠢᠯᠭᠡ ᠶᠢᠨ ᠳᠣᠤᠷ᠎ᠠ᠂ | ᠬᠤᠰᠢᠭᠤ ᠳᠠᠶᠠᠭᠠᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ | ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ | ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠳᠠᠪᠰᠢᠬᠤ ᠠᠵᠢᠯ ᠤᠨ ᠶᠡᠷᠦᠩᠬᠡᠶ ᠬᠥᠭ ᠢ ᠪᠠᠷᠢᠮᠲᠠᠯᠠᠨ᠂ ᠰᠢᠨ᠎ᠡ | ᠬᠥᠭᠵᠢᠯᠲᠡ ᠶᠢᠨ ᠦᠵᠡᠯᠲᠡ ᠶᠢ ᠦᠢᠯᠡᠳᠦᠯᠭᠡᠵᠢᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠶᠢ | ᠨᠠᠶᠢᠳᠠᠪᠤᠷᠢᠵᠢᠭᠤᠯᠤᠨ᠂ ᠠᠵᠤ ᠠᠬᠤᠶ ᠨᠡᠶᠢᠭᠡᠮ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠪᠠᠲᠤᠯᠠᠪᠠ᠃ | ᠪᠦᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠳᠡᠭ 57.9 ᠳ᠋ᠦᠩᠰᠢᠭᠤᠷ | ᠲᠥᠭᠦᠷᠢᠭ ᠲᠤ ᠬᠦᠷᠴᠦ᠂ 4.3% ᠪᠠᠷ ᠨᠡᠮᠡᠭᠳᠡᠨ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 2. | 55 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠶᠢ ᠡᠰᠡ | ᠲᠣᠭᠠᠴᠠᠭᠠᠳ ᠠᠳᠠᠯᠢ ᠬᠤᠭᠤᠴᠠᠭᠠᠨ ᠤ ᠬᠢ ᠠᠴᠠ 8.1% ᠪᠠᠷ ᠪᠠᠭᠤᠷᠠᠪᠠ᠃ 500 ᠲᠦᠮᠡᠨ ᠲᠥᠭᠦᠷᠢᠭ ᠠᠴᠠ | ᠳᠡᠭᠡᠭᠰᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 17.75 ᠳ᠋ᠦᠩᠰᠢᠭᠤᠷ ᠲᠥᠭᠦᠷᠢᠭ ᠪᠡᠶᠡᠯᠡᠭᠦᠯᠵᠦ᠂ | ᠠᠳᠠᠯᠢ ᠬᠤᠭᠤᠴᠠᠭᠠᠨ ᠤ ᠬᠢ ᠠᠴᠠ 7.5% ᠪᠠᠷ ᠪᠠᠭᠤᠷᠠᠪᠠ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠶᠡᠷᠦᠩᠬᠡᠢ ᠲᠤᠭ᠎ᠠ ᠶᠢ 30.2 ᠳ᠋ᠦᠩᠰᠢᠭᠤᠷ ᠲᠥᠭᠦᠷᠢᠭ ᠪᠡᠶᠡᠯᠡᠭᠦᠯᠵᠦ᠂ 7.2% ᠢᠶᠠᠷ | ᠨᠡᠮᠡᠭᠳᠡᠪᠡ᠃ ᠬᠤᠲᠠ ᠬᠥᠳᠡᠭᠡ ᠶᠢᠨ ᠪᠠᠶᠢᠩᠭᠤ ᠶᠢᠨ ᠰᠠᠭᠤᠭᠠᠯᠢ ᠠᠷᠠᠳ ᠤᠨ ᠭᠠᠷ ᠲᠤ ᠣᠷᠣᠭᠰᠠᠨ ᠳᠤᠮᠳᠠᠴᠢ | ᠣᠷᠣᠯᠭ᠎ᠠ ᠲᠣᠰ ᠲᠣᠰ 28498 ᠲᠥᠭᠦᠷᠢᠭ ᠪᠠ 11639 ᠲᠥᠭᠦᠷᠢᠭ ᠲᠤ ᠬᠦᠷᠴᠦ᠂ ᠲᠣᠰ ᠲᠣᠰ 7.1% | ᠪᠠ 11.1% ᠪᠠᠷ ᠨᠡᠮᠡᠭᠳᠡᠪᠡ᠃ | ᠨᠢᠭᠡ ᠵᠢᠯ ᠤᠨ ᠲᠤᠷᠰᠢ᠂ ᠭᠤᠤᠯᠳᠠᠭᠤ ᠳᠠᠷᠠᠭᠠᠬᠢ ᠠᠵᠢᠯ ᠤᠳ ᠢ ᠬᠢᠪᠡ᠄ | ︵ᠨᠢᠭᠡ︶ ᠣᠨᠣᠪᠴᠢᠲᠠᠢ ᠪᠠᠶᠢᠬᠤ ᠳᠡᠭᠡᠷ᠎ᠡ ᠬᠦᠴᠦ ᠲᠠᠯᠪᠢᠵᠤ᠂ ᠭᠤᠷᠪᠠᠨ ᠶᠡᠭᠡ ᠰᠢᠪᠲᠤᠯᠤᠯᠲᠠ ᠶᠢ | ᠦᠷᠭᠦᠯᠵᠢᠯᠡᠨ ᠠᠬᠢᠭᠤᠯᠪᠠ | ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ᠂ ᠪᠣᠬᠢᠷᠲᠤᠯ ᠢ ᠰᠡᠷᠭᠡᠶᠢᠯᠡᠨ ᠵᠠᠰᠠᠬᠤ᠂ ᠬᠦᠨᠳᠦ | ᠡᠷᠡᠰᠳᠡᠯ ᠢ ᠰᠡᠷᠭᠡᠶᠢᠯᠡᠨ ᠠᠷᠢᠯᠭᠠᠬᠤ ᠶᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯᠳᠠᠯᠭ᠎ᠠ ᠶᠢᠨ | ᠳᠣᠲᠣᠷᠠᠬᠢ ᠭᠤᠤᠯᠳᠠᠯᠭ᠎ᠠ ᠪᠣᠯᠭᠠᠵᠤ᠂ ᠭᠤᠤᠯᠳᠠᠯᠭ᠎ᠠ ᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ | ᠤᠯᠠᠨ ᠵᠦᠢᠯ ᠤᠨ ᠠᠷᠭ᠎ᠠ ᠶᠢ ᠵᠡᠷᠭᠡ ᠪᠠᠷ ᠬᠡᠷᠡᠭᠯᠡᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ | ᠠᠵᠢᠯ ᠤᠨ ᠳᠤᠲᠠᠭᠳᠠᠯ ᠢᠶᠠᠨ ᠦᠨᠡᠨ ᠬᠦ ᠨᠥᠬᠦᠪᠦᠷᠢᠯᠡᠪᠡ᠃ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠡᠯᠪᠡᠭ ᠦᠷ᠎ᠡ ᠪᠦᠲᠦᠮᠵᠢ ᠤᠯᠪᠠ᠃ 4 | ᠳ᠋ᠦᠭᠡᠷ ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠮᠠᠨ ᠤ ᠬᠤᠰᠢᠭᠤᠨ ᠤ ᠶᠠᠳᠠᠭᠤ ᠬᠦᠴᠢᠷᠲᠡᠢ | ᠬᠤᠰᠢᠭᠤ ᠰᠢᠶᠠᠨ ᠤ ᠵᠢᠭᠰᠠᠭᠠᠯᠲᠠ ᠠᠴᠠ ᠭᠠᠷᠤᠭᠰᠠᠨ ᠢ ᠨᠡᠶᠢᠲᠡᠯᠡᠪᠡ᠃ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠦᠷ᠎ᠡ ᠪᠦᠲᠦᠭᠡᠯ ᠢ ᠪᠥᠬᠦ ᠲᠠᠯ᠎ᠠ ᠪᠠᠷ ᠪᠠᠬᠢᠵᠢᠭᠦᠯᠦᠨ ᠳᠡᠭᠡᠭᠰᠢᠯᠡᠭᠦᠯᠵᠦ᠂ 1.57 ᠳ᠋ᠦᠩᠰᠢᠭᠤᠷ | ᠲᠥᠭᠦᠷᠢᠭ ᠤᠨ ᠶᠠᠳᠠᠭᠤ ᠶᠢ ᠲᠡᠳᠬᠦᠬᠦ ᠪᠠᠯᠠ ᠮᠥᠩᠭᠦ ᠣᠷᠣᠭᠤᠯᠤᠨ᠂ 1 ᠳ᠋ᠦᠩᠰᠢᠭᠤᠷ ᠲᠥᠭᠦᠷᠢᠭ ᠤᠨ ᠮᠥᠩᠭᠦᠨ | ᠭᠦᠢᠯᠭᠡᠭᠡᠨ ᠤ ᠵᠢᠭᠡᠯᠡᠯᠭᠡ ᠲᠠᠯᠪᠢᠵᠤ᠂ 5959 ᠡᠷᠦᠬᠡ ᠶᠢᠨ 13563 ᠬᠥᠮᠦᠨ ᠢ ᠪᠠᠬᠢᠵᠢᠭᠦᠯᠦᠨ ᠳᠡᠭᠡᠭᠰᠢᠯᠡᠭᠦᠯᠵᠦ | ᠂ 574 ᠡᠷᠦᠬᠡ ᠶᠢᠨ 1201 ᠬᠥᠮᠦᠨ ᠢ ᠶᠠᠳᠠᠭᠤ ᠠᠴᠠ ᠠᠩᠭᠢᠵᠢᠷᠠᠭᠤᠯᠵᠤ᠂ 6 ᠶᠠᠳᠠᠭᠤ ᠬᠦᠴᠢᠷᠳᠡᠯᠲᠡᠶ | ᠭᠠᠴᠠᠭ᠎ᠠ ᠲᠣᠰᠬᠤᠨ ᠢ ᠶᠠᠳᠠᠭᠤ ᠠᠴᠠ ᠠᠩᠭᠢᠵᠢᠷᠠᠭᠤᠯᠵᠤ ᠶᠠᠳᠠᠭᠤ ᠬᠦᠴᠢᠷᠲᠡᠢ ᠶᠢᠨ ᠵᠢᠭᠰᠠᠭᠠᠯᠲᠠ ᠠᠴᠠ ᠭᠠᠷᠭᠠᠵᠤ᠂ | 10 ᠵᠦᠢᠯ ᠤᠨ ︽ᠦᠭᠡᠢ ᠪᠣᠯᠭᠠᠵᠤ ᠪᠠᠷᠢᠮᠵᠢᠶ᠎ᠠ ᠳᠤ ᠬᠦᠷᠭᠡᠬᠦ︾ ᠶᠢ ᠪᠡᠶᠡᠯᠡᠭᠦᠯᠦᠨ᠂ ︽ᠬᠤᠶᠠᠷ ᠲᠤ ᠵᠣᠪᠠᠭ᠋ᠤ | ᠥᠬᠡᠶ᠂ ᠭᠤᠷᠪᠠ ᠶᠢ ᠪᠠᠲᠤᠯᠠᠬᠤ︾ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠶᠠᠳᠠᠭᠤᠷᠠᠬᠤ | ᠨᠣᠷᠮ᠎ᠠ ᠶᠢ 0.07% ᠪᠠᠷ ᠬᠢᠵᠠᠭᠠᠷᠯᠠᠪᠠ᠃ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ | ᠬᠠᠮᠵᠢᠯᠴᠠᠭ᠎ᠠ ᠶᠢᠨ 11 ᠲᠥᠰᠥᠯ ᠢ ᠬᠡᠷᠡᠭᠵᠢᠭᠦᠯᠵᠦ᠂ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ | ᠴᠡᠭ ᠲᠣᠭᠲᠠᠭᠠᠨ ᠬᠠᠪᠰᠤᠷᠤᠨ ᠲᠡᠳᠬᠦᠬᠦ 30 ᠲᠥᠰᠥᠯ ᠢ ᠨᠠᠶᠢᠳᠠᠪᠦᠷᠢᠵᠢᠭᠤᠯᠪᠠ᠃ ᠶᠠᠳᠠᠭᠤ ᠬᠦᠴᠢᠷᠲᠡᠢ | ᠡᠷᠦᠬᠡ ᠶᠢᠨ ᠠᠵᠤ ᠦᠢᠯᠡᠰ ᠢ ᠬᠥᠭᠵᠢᠭᠦᠯᠬᠦ ᠵᠢᠯᠣᠭᠤᠳᠣᠭᠴᠢ 381 ᠶᠢ ᠰᠣᠩᠭᠤᠨ ᠤᠷᠢᠪᠠ᠃ ᠭᠠᠴᠠᠭ᠎ᠠ | ᠲᠣᠰᠬᠤᠨ ᠤ ᠨᠡᠶᠢᠭᠡᠮ ᠲᠣᠭᠤᠷᠢᠭ ᠤᠨ ︽ ᠬᠠᠯᠠᠮᠵᠢ ᠶᠢᠨ ᠬᠡᠲᠦ ᠳᠡᠯᠭᠡᠭᠦᠷ︾ ᠤᠨ ᠨᠡᠶᠢᠳᠡᠮ ᠪᠦᠷᠬᠦᠯᠲᠡ ᠶᠢ | ᠪᠡᠶᠡᠯᠡᠭᠦᠯᠪᠡ᠃ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠦᠭᠰᠡᠨ ᠦᠷ᠎ᠡ ᠪᠦᠲᠦᠮᠵᠢ ᠶᠢ ᠬᠢᠨᠠᠨ ᠰᠢᠯᠭᠠᠬᠤ ᠪᠠ | ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠡᠶᠡᠯᠡᠭᠦᠯᠪᠡ | ᠃ | ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ ᠳ᠋ᠠᠪᠠᠨ ᠤ ᠬᠤᠤ | ᠽᠧ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠤᠨ ᠠᠵᠢᠯ | ᠳᠠᠭᠤᠰᠴᠤ᠂ ᠬᠤᠲᠠ ᠪᠠᠯᠭᠠᠰᠤᠨ ᠤ ᠲᠥᠪᠯᠡᠷᠡᠩᠭᠦᠶ ᠬᠡᠯᠪᠡᠷᠢ ᠶᠢᠨ ᠤᠤᠭᠤᠬᠤ ᠤᠰᠤᠨ ᠤ ᠡᠬᠢ ᠰᠤᠷᠪᠤᠯᠵᠢ ᠶᠢᠨ | ᠤᠰᠤᠨ ᠤ ᠴᠢᠨᠠᠷ ᠤᠨ ᠪᠠᠷᠢᠮᠵᠢᠶ᠎ᠠ ᠳᠤ ᠬᠦᠷᠦᠭᠰᠡᠨ ᠨᠣᠷᠮ᠎ᠠ ᠶᠢ 100 % ᠪᠠᠷ ᠪᠠᠲᠤᠯᠠᠵᠤ᠂ 8 ᠰᠤᠮᠤ ᠪᠠᠯᠭᠠᠰᠤ | ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠢ ᠵᠠᠭᠠᠭᠯᠠᠨ ᠲᠣᠭᠲᠠᠭᠠᠵᠤ᠂ ᠬᠤᠲᠠ ᠶᠢᠨ 7 | ᠣᠭᠲᠣᠯᠤᠭᠠᠰᠤ᠂ ᠬᠤᠰᠢᠭᠤᠨ ᠤ 2 ᠣᠭᠲᠣᠯᠤᠭᠠᠰᠤ ᠶᠢᠨ ᠤᠰᠤᠨ ᠤ ᠴᠢᠨᠠᠷ ᠪᠠᠷᠢᠮᠵᠢᠶ᠎ᠠ ᠳᠤ ᠬᠦᠷᠴᠦ᠂ ᠤᠰᠤᠨ ᠤ | ᠡᠬᠢ ᠰᠤᠷᠪᠤᠯᠵᠢ ᠶᠢᠨ ᠣᠷᠣᠨ ᠠᠴᠠ ᠪᠦᠬᠦᠯᠢ ᠳᠤ ᠨᠢ ᠨᠡᠭᠦᠯᠭᠡᠬᠦ ᠲᠥᠰᠥᠯ ᠨᠢ ᠥᠪᠡᠷᠲᠡᠭᠡᠨ ᠵᠠᠰᠠᠬᠤ ᠣᠷᠣᠨ ᠤ | ᠲᠤᠰᠬᠠᠶ ᠮᠡᠷᠭᠡᠵᠢᠯᠲᠡᠨ ᠤ ᠬᠤᠷᠠᠯ ᠤᠨ ᠬᠢᠨᠠᠨ ᠲᠣᠭᠲᠠᠭᠠᠯᠲᠠ ᠪᠠᠷ ᠪᠠᠲᠤᠯᠠᠭᠳᠠᠪᠠ᠃ ᠬᠤᠲᠠ ᠶᠢᠨ ᠪᠦᠲᠦᠭᠡᠨ | ᠪᠠᠶᠢᠭᠤᠯᠤᠯᠲᠠ ᠶᠢᠨ ᠪᠦᠰᠡ ᠳᠠᠬᠢ 10 ᠲᠣᠨ ᠤ ᠪᠠ ᠲᠡᠭᠦᠨ ᠠᠴᠠ ᠪᠠᠭ᠎ᠠ ᠭᠦᠸᠧᠯᠦ 71 ᠶᠢ ᠵᠣᠭᠰᠣᠭᠠᠵᠤ᠂ | ᠳ᠋ᠠᠪᠠᠨ ᠪᠠᠯᠭᠠᠰᠤ ᠲᠣᠭᠤᠷᠢᠭ ᠤᠨ ᠠᠭᠠᠷ ᠰᠠᠶᠢᠬᠠᠨ ᠡᠳᠦᠷ ᠤᠨ ᠪᠠᠷᠢᠮᠵᠢᠶ᠎ᠠ ᠳᠤ ᠬᠦᠷᠦᠭᠰᠡᠨ ᠨᠣᠷᠮ᠎ᠠ ᠨᠢ 94% | ᠪᠣᠯᠪᠠ ᠃ 27 ᠲᠣᠰᠣ ᠨᠡᠮᠡᠬᠦ ᠥᠷᠲᠡᠭᠡ ᠶᠢᠨ ᠨᠡᠪᠴᠢᠵᠦ ᠭᠤᠭᠤᠵᠢᠬᠤ ᠶᠢ ᠰᠡᠷᠭᠡᠶᠢᠯᠡᠬᠦ ᠥᠭᠡᠷᠡᠴᠢᠯᠡᠯᠲᠡ ᠶᠢ | ᠪᠡᠶᠡᠯᠡᠭᠦᠯᠪᠡ᠃ ᠣᠯᠠᠨ ᠡᠬᠢᠲᠦ ᠪᠣᠬᠢᠷᠲᠤᠯ ᠢ ᠪᠦᠲᠦᠮᠵᠢᠲᠡᠶ ᠰᠡᠷᠭᠡᠶᠢᠯᠡᠨ ᠡᠵᠡᠮᠳᠡᠵᠦ᠂ ᠲᠠᠷᠢᠶᠠᠨ ᠡᠮ ᠬᠢᠮᠢ ᠶᠢᠨ | ᠪᠣᠷᠲᠣᠭᠤᠷ ᠬᠡᠷᠡᠭᠯᠡᠬᠦ ᠬᠡᠮᠵᠢᠶ᠎ᠡ ᠶᠢᠨ ᠰᠥᠭᠡᠷᠭᠦ ᠨᠡᠮᠡᠭᠳᠡᠯ ᠢ ᠪᠡᠶᠡᠯᠡᠭᠦᠯᠵᠦ᠂ ᠡᠰᠢ ᠰᠦᠷᠡᠯ ᠢ ᠶᠡᠷᠦᠩᠬᠡᠶᠢᠯᠡᠨ | ᠠᠰᠢᠭᠯᠠᠬᠤ ᠨᠣᠷᠮ᠎ᠠ ᠶᠢ 90% ᠳᠤ ᠬᠦᠷᠭᠡᠵᠦ᠂ ᠦᠯᠡᠳᠡᠭᠳᠡᠯ ᠰᠦᠯᠢᠶᠣᠣ ᠪᠦᠷᠬᠦᠭᠦᠯ ᠢ ᠲᠡᠭᠦᠵᠦ ᠴᠡᠪᠡᠷᠯᠡᠬᠦ | ᠨᠣᠷᠮ᠎ᠠ ᠶᠢ 80% ᠳᠤ ᠬᠦᠷᠭᠡᠪᠡ᠃ | ᠬᠦᠨᠳᠦ ᠶᠡᠭᠡ ᠠᠶᠤᠯ ᠡᠷᠡᠰᠳᠡᠯ ᠢ ᠪᠦᠲᠦᠮᠵᠢᠲᠡᠶ ᠰᠡᠷᠭᠡᠶᠢᠯᠡᠪᠡ᠃ ᠦᠯᠡᠳᠡᠭᠡᠯ ᠥᠷᠢ ᠶᠢ ᠢᠳᠡᠪᠬᠢᠲᠡᠢ | ᠠᠷᠢᠯᠭᠠᠨ᠂ ᠰᠢᠨ᠎ᠡ ᠥᠷᠢ ᠶᠢ ᠴᠢᠩᠭ᠎ᠠ ᠬᠢᠵᠠᠭᠠᠷᠯᠠᠵᠤ᠂ ᠪᠦᠬᠦ ᠵᠢᠯ ᠳᠤ 6.64 ᠳ᠋ᠦᠩᠰᠢᠭᠤᠷ ᠲᠥᠭᠦᠷᠢᠭ ᠤᠨ | ᠥᠷᠢ ᠲᠥᠯᠥᠵᠦ᠂ ᠵᠢᠯ ᠤᠨ ᠲᠥᠯᠥᠪᠯᠡᠭᠡ ᠶᠢ 153% ᠪᠠᠷ ᠪᠡᠶᠡᠯᠡᠭᠦᠯᠪᠡ᠃ ᠲᠥᠰᠦᠪ ᠤᠨ ᠦᠷ᠎ᠡ | ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠡᠩ ᠤᠨ ᠵᠠᠷᠤᠯᠭ᠎ᠠ ᠶᠢ ᠠᠳᠠᠯᠢ | ᠬᠤᠭᠤᠴᠠᠭᠠᠨ ᠤ ᠬᠢ ᠠᠴᠠ 5.1% ᠪᠠᠷ ᠪᠠᠭᠠᠰᠬᠠᠪᠠ᠃ 174 ᠨᠢᠭᠡᠴᠢ ᠶᠢᠨ ᠡᠳ᠋ ᠬᠥᠷᠥᠩᠭᠡ ᠶᠢ ᠲᠣᠳᠣᠷᠬᠠᠶᠢᠯᠠᠨ | ᠪᠠᠶᠢᠴᠠᠭᠠᠵᠤ ᠬᠢᠨᠠᠨ ᠬᠠᠷᠭᠤᠭᠤᠯᠬᠤ ᠠᠵᠢᠯ ᠢ ᠪᠡᠶᠡᠯᠡᠭᠦᠯᠪᠡ᠃ ᠬᠠᠤᠯᠢ ᠪᠤᠰᠤ ᠪᠠᠷ ᠪᠠᠯᠠ ᠴᠤᠭᠯᠠᠭᠤᠯᠬᠤ᠂ ᠮᠠᠯᠵᠢᠬᠤ | ᠲᠠᠷᠢᠶᠠᠯᠠᠬᠤ ᠣᠷᠣᠨ ᠤ ᠥᠨᠳᠥᠷ ᠬᠦᠤ ᠲᠠᠢ ᠵᠢᠭᠡᠯᠡᠯᠭᠡ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠮᠥᠩᠭᠦᠨ ᠭᠦᠢᠯᠭᠡᠭᠡᠨ ᠤ ᠡᠮᠬᠢ ᠳᠢᠭᠯᠢᠮ ᠢ ᠲᠣᠭᠲᠠᠪᠤᠷᠢᠵᠢᠭᠤᠯᠪᠠ | ᠃ | ︵ᠬᠤᠶᠠᠷ︶ ᠪᠣᠬᠢᠷᠲᠤᠯ ᠥᠬᠡᠶ ᠬᠥᠭᠵᠢᠯᠲᠡ ᠶᠢᠨ ᠲᠠᠯ᠎ᠠ ᠪᠠᠷ ᠪᠣᠳᠠᠲᠤ ᠦᠷ᠎ᠡ ᠪᠦᠲᠦᠮᠵᠢ ᠶᠢ | ᠴᠢᠬᠤᠯᠠᠴᠢᠯᠠᠵᠤ᠂ ᠠᠶᠤᠯ ᠦᠭᠡᠢ ᠶᠢᠨ ᠪᠠᠲᠤᠯᠠᠭ᠎ᠠ ᠬᠠᠯᠬᠠᠪᠴᠢ ᠨᠡᠩ ᠪᠠᠬᠢᠵᠢᠪᠡ | ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠠ ᠬᠥᠭᠵᠢᠯᠲᠡ ᠶᠢᠨ ᠬᠠᠷᠢᠴᠠᠭ᠎ᠠ ᠶᠢ ᠵᠥᠪ | ᠰᠢᠢᠳᠪᠦᠷᠢᠯᠡᠵᠦ᠂ ᠠᠭᠤᠯᠠ ᠪᠡᠯᠴᠢᠭᠡᠷ ᠤᠰᠤ ᠨᠠᠭᠤᠷ ᠣᠢ ᠲᠠᠷᠢᠶ᠎ᠠ ᠪᠣᠯ ᠠᠮᠢ ᠨᠠᠰᠤᠨ ᠤ ᠬᠠᠮᠲᠤ ᠶᠢᠨ ᠴᠣᠭᠴᠠ | ᠬᠡᠮᠡᠬᠦ ᠦᠵᠡᠯᠲᠡ ᠶᠢ ᠵᠢᠷᠣᠮᠯᠠᠨ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠠ ᠬᠠᠮᠠᠭᠠᠯᠠᠯᠲᠠ ᠶᠢ | ᠴᠢᠩᠭᠠᠳᠬᠠᠨ᠂ ︽ᠤᠨᠠᠭᠠᠨ ᠪᠠᠶᠢᠭᠠᠯᠢ︾ ᠶᠢ ᠬᠠᠮᠠᠭᠠᠯᠠᠬᠤ ᠪᠣᠯᠣᠨ ︽ ᠥᠪ ᠬᠥᠷᠥᠩᠭᠡ︾ ᠪᠦᠲᠦᠭᠡᠬᠦ ᠶᠢ | ᠤᠶᠠᠯᠳᠤᠭᠤᠯᠪᠠ᠃ | ᠣᠷᠴᠢᠨ ᠠᠬᠤᠶ ᠶᠢᠨ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠶᠢᠨ ᠠᠰᠠᠭᠤᠳᠠᠯ ᠢ ᠡᠮᠬᠢ | ᠵᠢᠷᠤᠮ ᠲᠠᠢ ᠴᠡᠭᠴᠡᠯᠡᠨ ᠰᠠᠶᠢᠵᠢᠷᠠᠭᠤᠯᠪᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ︽ᠨᠢᠭᠡ ᠠᠰᠠᠭᠤᠳᠠᠯ᠂ ᠨᠢᠭᠡ ᠲᠥᠰᠦᠯ᠂ ᠨᠢᠭᠡ ᠪᠠᠭ᠂ ᠡᠴᠦᠰ ᠲᠤᠨᠢ | ᠲᠤᠯᠲᠠᠯ᠎ᠠ ᠠᠳᠬᠤᠬᠤ︾ ᠠᠵᠢᠯ ᠤᠨ ᠲᠣᠭᠲᠠᠴᠠ ᠶᠢ ᠬᠡᠷᠡᠭᠵᠢᠭᠦᠯᠵᠦ᠂ ᠳᠡᠭᠡᠷ᠎ᠡ ᠭᠤᠷᠪᠠᠨ ᠱᠠᠲᠤᠨ ᠤ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠠᠴᠠ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠴᠢᠩᠭᠠᠳᠬᠠᠪᠠ᠃ ᠬᠠᠨ ᠯᠦ ᠷᠠᠰᠢᠶᠠᠨ ᠤᠰᠤᠨ ᠤ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠶᠢ ᠰᠠᠶᠢᠬᠠᠨ ᠬᠠᠨ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠠᠴᠠ ᠭᠠᠷᠭᠠᠬᠤ ᠵᠡᠷᠭᠡ | 23 ᠴᠡᠭᠴᠡᠯᠡᠨ ᠰᠠᠶᠢᠵᠢᠷᠠᠭᠤᠯᠬᠤ ᠵᠦᠢᠯ ᠢ ᠪᠡᠶᠡᠯᠡᠭᠦᠯᠵᠦ᠂ 57 ᠬᠤᠪᠢ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ | ᠰᠢᠢᠳᠪᠦᠷᠢᠯᠡᠵᠦ ᠳᠠᠭᠤᠰᠬᠠᠪᠠ᠃ | ᠠᠮᠢ ᠠᠬᠤᠢ ᠶᠢᠨ ᠬᠠᠮᠠᠭᠠᠯᠠᠯᠲᠠ ᠳᠤ ᠦᠷᠭᠦᠯᠵᠢᠯᠡᠨ ᠬᠦᠴᠦᠯᠡᠪᠡ᠃ ︽ᠳᠤᠷ᠎ᠠ ᠪᠠᠷ ᠢᠶᠠᠨ ᠣᠭᠲᠣᠯᠬᠤ | ᠂ ᠳᠤᠷ᠎ᠠ ᠪᠠᠷ ᠢᠶᠠᠨ ᠬᠠᠭᠠᠯᠪᠤᠷᠢᠯᠠᠬᠤ᠂ ᠳᠤᠷ᠎ᠠ ᠪᠠᠷ ᠢᠶᠠᠨ ᠪᠡᠯᠴᠢᠭᠡᠷᠯᠡᠭᠦᠯᠬᠦ᠂ ᠨᠢᠭᠤᠵᠤ ᠪᠡᠯᠴᠢᠭᠡᠷᠯᠡᠭᠦᠯᠬᠦ︾ | ᠦᠵᠡᠭᠳᠡᠯ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠠᠮᠢ ᠠᠬᠤᠶ ᠶᠢ ᠡᠪᠳᠡᠭᠰᠡᠨ | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃ ᠪᠡᠯᠴᠢᠭᠡᠷᠯᠡᠭᠦᠯᠬᠦ ᠶᠢ | ᠬᠤᠷᠢᠭᠯᠠᠵᠤ ᠰᠡᠯᠭᠦᠨ ᠮᠠᠯᠵᠢᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠳᠦᠷᠢᠮ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠰᠠᠶᠢᠨ ᠣᠷᠴᠢᠯ ᠢ ᠠᠬᠢᠭᠤᠯᠪᠠ᠃ ᠭᠤᠤᠯ ᠤᠨ | ᠳᠠᠷᠤᠭ᠎ᠠ ᠶᠢᠨ ᠲᠦᠷᠢᠮ᠂ ᠨᠠᠭᠤᠷ ᠤᠨ ᠳᠠᠷᠤᠭ᠎ᠠ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ᠭᠤᠤᠯ ᠮᠥᠷᠡᠨ | ᠨᠠᠭᠤᠷ ᠴᠥᠭᠦᠷᠥᠮ ᠤᠨ ︽ᠲᠦᠷᠪᠡᠨ ᠰᠠᠮᠠᠭᠤᠷᠠᠯ︾ ᠢ ᠲᠥᠪᠯᠡᠷᠡᠭᠦᠯᠦᠨ ᠴᠡᠭᠴᠡᠯᠡᠪᠡ᠃ ᠰᠢᠷᠠᠮᠥ᠋ᠷᠡᠨ ᠭᠤᠣᠯ ᠢ | ᠵᠠᠰᠠᠬᠤ᠂ ᠴᠠᠭᠠᠨ ᠮᠥᠷᠡᠨ ᠭᠤᠣᠯ ᠤᠨ ᠦᠶᠡᠷ ᠢ ᠰᠡᠷᠭᠡᠶᠢᠯᠡᠬᠦ ᠵᠡᠷᠭᠡ ᠢᠨᠵᠧᠨᠧᠷᠢᠩ ᠢ ᠡᠮᠬᠢ ᠵᠢᠷᠤᠮ ᠲᠠᠢ ᠲᠦᠯᠬᠢᠨ | ᠠᠬᠢᠭᠤᠯᠪᠠ᠃ ᠨᠠᠷᠠᠰᠤᠲᠠᠢ ᠶᠢᠨ ᠵᠢᠵᠢᠭ ᠰᠠᠪᠠ ᠭᠠᠵᠠᠷ ᠤᠨ ᠬᠥᠷᠥᠰᠥ ᠰᠢᠷᠣᠢ ᠶᠢᠨ ᠬᠠᠮᠠᠭᠠᠯᠠᠯᠲᠠ ᠵᠡᠷᠭᠡ ᠤᠰᠤᠨ | ᠠᠰᠢᠭᠯᠠᠯᠲᠠ ᠤᠰᠤ ᠬᠠᠮᠠᠭᠠᠯᠠᠬᠤ ᠲᠥᠰᠥᠯ 4 ᠶᠢ ᠪᠡᠶᠡᠯᠡᠭᠦᠯᠪᠡ᠃ ︽ ᠲᠣᠮᠣ ᠰᠠᠷᠠᠪᠴᠢᠨ ᠭᠡᠷ︾᠂ ᠬᠠᠤᠯᠢ | ᠪᠤᠰᠤ ᠪᠠᠷ ᠪᠠᠷᠢᠭᠰᠠᠨ ᠵᠤᠰᠠᠯᠠᠩ ᠤᠨ ᠠᠰᠠᠭᠤᠳᠠᠯ ᠢ ᠴᠡᠭᠴᠡᠯᠡᠬᠦ ᠠᠵᠢᠯ ᠢ ᠪᠦᠬᠦ ᠲᠠᠯ᠎ᠠ ᠪᠠᠷ ᠪᠡᠶᠡᠯᠡᠭᠦᠯᠪᠡ᠃ | ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠪᠠ᠃ ︽ᠪᠠᠭᠠᠷᠢᠨ | ᠪᠠᠷᠠᠭᠤᠨ ᠬᠤᠰᠢᠭᠤᠨ ᠤ ᠪᠦᠬᠦ ᠣᠷᠣᠨ ᠪᠦᠰᠡ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠠ | ᠬᠠᠮᠠᠭᠠᠯᠠᠯᠲᠠ ᠶᠢᠨ ᠲᠥᠯᠥᠪᠵᠢᠭᠦᠯᠪᠡ︾ ᠶᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠪᠡ᠃ ᠠᠮᠢ ᠠᠬᠤᠶ ᠶᠢᠨ | ᠪᠥᠲᠥᠭᠡᠨ ᠪᠠᠶᠢᠭᠤᠯᠤᠯᠲᠠ ᠶᠢ 18.5 ᠲᠦᠮᠡᠨ ᠮᠥ ᠪᠡᠶᠡᠯᠡᠭᠦᠯᠵᠦ᠂ ᠣᠶ ᠰᠢᠭᠤᠶ ᠶᠢᠨ ᠪᠦᠷᠬᠦᠴᠡ 27.8% ᠳᠤ | ᠬᠥᠷᠪᠡ᠃ ᠪᠠᠭᠠᠷᠢᠨ ᠲᠡᠨᠢᠭᠡᠷ ᠤᠨ ᠠᠭᠤᠷᠬᠠᠶ ᠥᠪᠡᠷᠲᠡᠭᠡᠨ ᠵᠠᠰᠠᠬᠤ ᠣᠷᠣᠨ ᠤ ᠱᠠᠲᠤᠨ ᠤ ᠪᠣᠬᠢᠷᠲᠤᠯ ᠥᠬᠡᠶ | ᠠᠭᠤᠷᠬᠠᠶ ᠶᠢᠨ ᠡᠩᠨᠡᠭᠡᠨ ᠳᠤ ᠣᠷᠣᠵᠤ᠂ 40 ᠠᠭᠤᠷᠬᠠᠶ ᠶᠢ ᠵᠠᠰᠠᠭᠰᠠᠨ ᠠᠵᠢᠯ ᠨᠢ ᠬᠢᠷᠢ ᠲᠡᠩᠴᠡᠪᠡ᠃ ᠰᠠᠶᠢᠬᠠᠨ | ᠬᠠᠨ ᠠᠭᠤᠯᠠᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ 1 ᠠᠭᠤᠷᠬᠠᠶ ᠮᠠᠯᠲᠠᠬᠤ ᠡᠷᠬᠡ ᠪᠠ 10 | ᠠᠭᠤᠷᠬᠠᠶ ᠬᠠᠶᠢᠬᠤ ᠡᠷᠬᠡ ᠶᠢ ᠬᠦᠴᠦᠨ ᠥᠬᠡᠶ ᠪᠣᠯᠭᠠᠪᠠ᠃ ᠮᠠᠨ ᠤ ᠬᠤᠰᠢᠭᠤ ᠨᠢ 2019 ᠣᠨ ᠤ ᠤᠯᠤᠰ ᠤᠨ | ᠰᠢᠶᠠᠨ ᠤ ᠪᠦᠰᠡ ᠶᠢᠨ ᠠᠮᠢ ᠠᠬᠤᠶ ᠶᠢᠨ ᠬᠢᠨᠠᠨ ᠰᠢᠯᠭᠠᠯᠲᠠ ᠳᠤ ᠱᠠᠩᠨᠠᠯ ᠭᠥᠷᠳᠡᠵᠦ᠂ ᠰᠠᠶᠢᠬᠠᠨ ᠬᠠᠨ ᠠᠭᠤᠯᠠ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠡᠭᠡᠷ᠎ᠡ ᠶᠢᠨ ᠠᠮᠢᠲᠠᠨ ᠤ ᠣᠯᠠᠨ ᠶᠠᠩᠵᠤᠲᠤ ᠴᠢᠨᠠᠷ ᠢ ᠬᠢᠨᠠᠨ ᠬᠡᠮᠵᠢᠬᠦ | ᠪᠠ ᠬᠠᠮᠠᠭᠠᠯᠠᠬᠤ ᠮᠡᠷᠭᠡᠵᠢᠯ ᠤᠨ ᠰᠤᠳᠤᠯᠭᠠᠨ ᠤ ᠲᠥᠰᠥᠯ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ | ᠮᠡᠷᠭᠡᠵᠢᠯ ᠳᠠᠪᠰᠢᠯᠲᠠ ᠶᠢᠨ ᠨᠢᠭᠡᠳᠦᠭᠡᠷ ᠳᠡᠰ ᠤᠨ ᠱᠠᠩᠨᠠᠯ ᠭᠥᠷᠳᠡᠪᠡ᠃ | ︵ᠭᠤᠷᠪᠠ︶ ᠬᠥᠭᠵᠢᠯᠲᠡ ᠶᠢᠨ ᠬᠥᠳᠡᠯᠭᠡᠭᠴᠢ ᠡᠨᠧᠷᠭᠢ ᠶᠢᠨ ᠲᠠᠯ᠎ᠠ ᠪᠠᠷ ᠬᠤᠷᠳᠤ ᠨᠡᠮᠡᠵᠦ᠂ ᠠᠵᠤ | ᠠᠬᠤᠶ ᠶᠢᠨ ᠶᠠᠰᠤ ᠴᠢᠨᠠᠷ ᠢᠯᠡᠳᠲᠡ ᠳᠡᠭᠡᠭᠰᠢᠯᠡᠪᠡ | ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠶᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ | ᠬᠦᠷᠢᠶ᠎ᠡ ᠪᠠ ᠪᠥᠬᠦ ᠶᠠᠪᠤᠴᠠ ᠳᠤ ᠲᠤᠭᠤᠰᠢᠯᠠᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ | ᠥᠭᠡᠷᠡᠴᠢᠯᠡᠯᠲᠡ ᠶᠢ ᠭᠦᠨᠵᠡᠭᠡᠶ ᠳᠥᠯᠭᠢᠨ ᠠᠬᠢᠭᠤᠯᠵᠤ᠂ ᠦᠯᠡᠳᠡᠭᠡᠯ ᠡᠬᠢ ᠪᠠᠶᠠᠯᠢᠭ ᠤᠨ ᠲᠣᠬᠢᠷᠠᠭᠤᠯᠤᠯᠲᠠ ᠶᠢ | ᠰᠢᠯᠢᠳᠡᠭᠵᠢᠭᠦᠯᠦᠨ᠂ ᠴᠢᠨᠠᠷ ᠰᠠᠶᠢᠲᠠᠶ ᠨᠡᠮᠡᠭᠳᠡᠯ ᠬᠠᠩᠭᠠᠯᠭ᠎ᠠ ᠶᠢ ᠥᠷᠭᠡᠳᠬᠡᠵᠦ᠂ ᠠᠵᠤ ᠠᠬᠤᠶ ᠶᠡᠭᠡ ᠬᠡᠮᠵᠢᠶᠡᠨ ᠤ | ᠴᠢᠨᠠᠷ ᠤᠨ ᠳᠡᠭᠡᠭᠰᠢᠯᠡᠯᠲᠡ ᠳᠤᠮᠳᠠ ᠲᠤᠭ᠎ᠠ ᠶᠢ ᠪᠦᠲᠦᠮᠵᠢᠲᠡᠢ ᠨᠡᠮᠡᠭᠳᠡᠭᠦᠯᠬᠦ ᠶᠢ ᠦᠨᠡᠨ ᠬᠦ ᠪᠠᠲᠤᠯᠠᠪᠠ᠃ | ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠰᠢᠯᠢᠳᠡᠭᠵᠢᠭᠦᠯᠦᠨ ᠳᠡᠰ ᠳᠡᠪᠰᠢᠭᠦᠯᠪᠡ᠃ ᠪᠦᠬᠦ | ᠬᠤᠰᠢᠭᠤᠨ ᠤ ᠮᠢᠬᠠᠨ ᠤ ᠬᠤᠨᠢ 309.2 ᠲᠦᠮᠡ ᠪᠣᠯᠵᠤ᠂ ᠮᠢᠬᠠᠨ ᠤ ᠦᠬᠡᠷ 17.8 ᠲᠦᠮᠡ ᠪᠣᠯᠪᠠ᠃ | ᠮᠢᠬᠠᠨ ᠤ ᠬᠤᠨᠢ 120 ᠲᠦᠮᠡ ᠬᠤᠳᠠᠯᠳᠤᠵᠤ᠂ ᠮᠢᠬᠠᠨ ᠤ ᠦᠬᠡᠷ 5 ᠲᠦᠮᠡ ᠬᠤᠳᠠᠯᠳᠤᠪᠠ᠃ 41 ᠲᠦᠮᠡᠨ | ᠮᠢᠬᠠᠨ ᠤ ᠬᠤᠨᠢ ᠡᠭᠦᠯᠳᠡᠷ ᠰᠠᠶᠢᠵᠢᠷᠠᠭᠤᠯᠵᠤ᠂ 5.1 ᠲᠦᠮᠡᠨ ᠮᠢᠬᠠᠨ ᠤ ᠦᠬᠡᠷ ᠢ ᠡᠭᠦᠯᠳᠡᠷ ᠰᠠᠶᠢᠵᠢᠷᠠᠭᠤᠯᠪᠠ᠃ | ᠲᠠᠷᠢᠶᠠᠨ ᠭᠠᠵᠠᠷ ᠨᠥᠭᠡᠴᠡᠯᠡᠬᠦ ᠬᠥᠮᠥᠷᠭᠡ ᠪᠠ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠲᠥᠰᠥᠯ ᠢ | ᠬᠡᠷᠡᠭᠵᠢᠭᠦᠯᠵᠦ᠂ 6749 ᠮᠦ ᠲᠠᠷᠢᠶᠠᠨ ᠭᠠᠵᠠᠷ ᠨᠡᠮᠡᠭᠳᠡᠪᠡ᠃ ᠮᠠᠨ ᠤ ᠬᠤᠰᠢᠭᠤ ᠤᠯᠤᠰ ᠤᠨ ᠠᠮᠤ ᠪᠤᠳᠠᠭᠠᠨ ᠤ | ᠭᠠᠷᠤᠯᠲᠠ ᠶᠢᠨ ᠲᠣᠮᠣ ᠰᠢᠶᠠᠨ ᠤ ᠱᠠᠩᠨᠠᠯ ᠤᠨ ᠨᠡᠷᠡᠰ ᠲᠤ ᠣᠷᠣᠪᠠ᠃ ᠵᠠᠬᠢᠶᠠᠯᠠᠭ᠎ᠠ ᠶᠢᠨ ᠲᠠᠷᠢᠶᠠᠯᠠᠩ 17.1 | ᠲᠦᠮᠡᠨ ᠮᠦ᠂ ᠲᠥᠬᠦᠭᠡᠷᠦᠮᠵᠢᠲᠦ ᠲᠠᠷᠢᠶᠠᠯᠠᠩ 3050 ᠮᠦ᠂ ᠭᠠᠵᠠᠷ ᠰᠢᠷᠤᠢ ᠶᠢᠨ ᠶᠢᠨ ᠡᠷᠭᠢᠯᠲᠡ 49.1 ᠲᠦᠮᠡᠨ | ᠮᠦ ᠳᠤ ᠬᠦᠷᠪᠡ᠃ ᠮᠠᠯᠴᠢᠨ ᠲᠠᠷᠢᠶᠠᠴᠢᠨ ᠤ ᠲᠤᠰᠬᠠᠶ ᠬᠤᠷᠰᠢᠶ᠎ᠠ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ | ᠲᠠᠯᠠᠪᠠᠶ 1446 ᠪᠣᠯᠪᠠ᠃ 27 ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠢᠯᠡᠰᠵᠢᠭᠰᠡᠨ ᠭᠤᠤᠯᠳᠠᠯᠭ᠎ᠠ ᠲᠠᠢ | ᠠᠵᠤ ᠠᠬᠤᠶᠢᠯᠠᠯ ᠬᠢᠭᠡᠳ 1.2 ᠲᠦᠮᠡᠨ ᠮᠠᠯᠵᠢᠬᠤ ᠲᠠᠷᠢᠶᠠᠯᠠᠬᠤ ᠡᠷᠦᠬᠡ ᠨᠢᠭᠲᠠ ᠬᠡᠯᠪᠡᠷᠢ ᠶᠢᠨ ᠠᠰᠢᠭ ᠲᠤᠰᠠ ᠶᠢᠨ | ᠬᠤᠯᠪᠣᠭᠠᠨ ᠤ ᠲᠣᠭᠲᠠᠴᠠ ᠶᠢ ᠪᠠᠶᠢᠭᠤᠯᠪᠠ᠃ ᠨᠠᠷᠠᠲᠤ ᠪᠦᠲᠦᠭᠡᠭᠳᠡᠭᠦᠨ ᠤ ᠨᠥᠯᠥᠭᠡᠯᠡᠬᠦ ᠬᠦᠴᠦᠨ ᠤᠯᠠᠮ ᠨᠢᠭᠡ | ᠠᠯᠬᠤᠮ ᠳᠡᠭᠡᠭᠰᠢᠯᠡᠵᠦ᠂ ᠲᠠᠯ᠎ᠠ ᠨᠤᠲᠤᠭ ᠤᠨ ᠲᠠᠷᠢᠶᠠᠨ ᠲᠦᠷᠦᠭᠦᠤ ᠲᠡᠮᠳᠡᠭᠲᠦ ᠣᠷᠭᠠᠨᠢᠭ ᠬᠤᠯᠢᠮᠠᠭ ᠠᠮᠤ ᠨᠢ | ᠠᠷᠪᠠᠨ ᠭᠤᠷᠪᠠᠳᠤᠭᠠᠷ ᠤᠳᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ ᠣᠷᠭᠠᠨᠢᠭ ᠢᠳᠡᠭᠡᠨ ᠤ | ᠦᠵᠡᠰᠬᠦᠯᠡᠩ ᠤᠨ ᠠᠯᠲᠠᠨ ᠱᠠᠩᠨᠠᠯ ᠭᠥᠷᠳᠡᠵᠦ᠂ ᠪᠠᠭᠠᠷᠢᠨ ᠤᠯᠠᠭᠠᠨ ᠢᠳᠡᠭᠡᠨ ᠤ ᠬᠢᠵᠠᠭᠠᠷᠲᠤ ᠺᠣᠮᠫᠠᠨᠢ | ᠬᠤᠷᠢᠳᠤᠭᠠᠷ ᠤᠳᠠᠭᠠᠨ ᠤ ᠳᠤᠮᠳᠠᠳᠤ ᠤᠯᠤᠰ ᠤᠨ ᠪᠣᠬᠢᠷᠲᠤᠯ ᠥᠬᠡᠶ ᠢᠳᠡᠭᠡᠨ ᠤ ᠦᠵᠡᠰᠬᠦᠯᠡᠩ ᠤᠨ ᠰᠢᠯᠢᠳᠡᠭ | ᠬᠤᠳᠠᠯᠳᠤᠭᠠᠨ ᠤ ᠶᠠᠪᠤᠳᠠᠯ ᠤᠨ ᠱᠠᠩᠨᠠᠯ ᠢ ᠭᠥᠷᠳᠡᠪᠡ᠃ | ᠠᠵᠤ ᠦᠢᠯᠡᠳᠪᠦᠷᠢ ᠶᠢᠨ ᠠᠵᠤ ᠠᠬᠤᠶ ᠲᠣᠭᠲᠠᠭᠤᠨ ᠢᠶᠠᠷ ᠬᠥᠭᠵᠢᠪᠡ᠃ ︽ᠠᠵᠤ ᠦᠢᠯᠡᠳᠪᠦᠷᠢ ᠶᠢ | ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ︾ ᠥᠷᠨᠢᠭᠦᠯᠵᠦ᠂ ᠠᠵᠤ ᠦᠢᠯᠡᠳᠪᠦᠷᠢ ᠶᠢᠨ ᠪᠡᠯᠡᠨ ᠦᠨ᠎ᠡ ᠶᠢᠨ | ᠦᠢᠯᠡᠳᠬᠦᠨ ᠤ ᠥᠷᠲᠡᠭ ᠢ 22.7 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ | 12.1% ᠨᠡᠮᠡᠭᠳᠡᠪᠡ᠃ ᠬᠡᠷᠡᠯ ᠴᠠᠬᠢᠯᠭᠠᠨ ᠢᠶᠠᠷ ᠶᠠᠳᠠᠭᠤ ᠶᠢ ᠲᠡᠳᠬᠦᠬᠦ 7 ᠲᠣᠰᠬᠤᠨ ᠱᠠᠲᠤᠨ ᠤ ᠴᠠᠬᠢᠯᠭᠠᠨ | ᠥᠷᠲᠡᠭᠡ ᠶᠢ ᠲᠣᠤᠷ ᠲᠤ ᠨᠡᠶᠢᠯᠡᠭᠦᠯᠦᠨ ᠴᠠᠬᠢᠯᠭᠠᠨ ᠭᠠᠷᠭᠠᠪᠠ᠃ ᠸᠠ ᠬᠠ ᠬᠠ ᠬᠥᠨᠥᠭ ᠲᠠᠢ ᠤᠰᠤᠨ ᠤ ᠲᠥᠰᠥᠯ | ᠤᠨ ᠨᠢᠭᠡᠳᠦᠭᠡᠷ ᠬᠤᠭᠤᠴᠠᠭ᠎ᠠ ᠠᠰᠢᠭᠯᠠᠯᠲᠠ ᠳᠤ ᠣᠷᠣᠵᠤ᠂ ᠳ᠋ᠠᠪᠠᠨ ᠤ ᠴᠠᠬᠢᠯᠭᠠᠨ ᠤ ᠦᠢᠯᠡᠳᠪᠦᠷᠢ ᠶᠢᠨ ᠡᠨᠧᠷᠭᠢ | ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠶᠡᠷᠦᠩᠬᠡᠶᠢᠯᠡᠭᠰᠡᠨ ᠮᠡᠷᠭᠡᠵᠢᠯ ᠤᠨ ᠥᠭᠡᠷᠡᠴᠢᠯᠡᠯᠲᠡ ᠶᠢ ᠪᠡᠶᠡᠯᠡᠭᠦᠯᠵᠦ | ᠂ ᠪᠠᠭᠠᠷᠢᠨ ᠤᠯᠠᠭᠠᠨ ᠤ ᠰᠢᠬᠢᠷᠯᠢᠭ ᠡᠷᠳᠡᠨᠢ ᠰᠢᠰᠢ᠂ ᠶᠤᠸᠠᠨ ᠰᠤ᠋ ᠲᠤᠲᠤᠷᠭ᠎ᠠ ᠡᠯᠳᠡᠪ ᠠᠮᠤ ᠪᠣᠯᠪᠠᠰᠤᠷᠠᠭᠤᠯᠬᠤ | ᠵᠡᠷᠭᠡ ᠲᠥᠰᠥᠯ ᠨᠢ ᠠᠯᠪᠠᠨ ᠠᠰᠠᠷ᠂ ᠦᠢᠯᠡᠳᠪᠦᠷᠢ ᠶᠢᠨ ᠲᠠᠰᠤᠭ᠂ ᠪᠦᠲᠦᠭᠡᠭᠳᠡᠬᠦᠨ ᠤ ᠬᠥᠮᠥᠷᠭᠡ ᠶᠢᠨ | ᠪᠠᠶᠢᠭᠤᠯᠤᠯᠲᠠ ᠶᠢ ᠪᠡᠶᠡᠯᠡᠭᠦᠯᠵᠦ᠂ ᠵᠢᠯ ᠤᠨ18 ᠲᠦᠮᠡᠨ ᠲᠣᠨ ᠭᠠᠷᠤᠯᠲᠠ ᠲᠠᠢ ᠥᠨᠳᠥᠷ ᠲᠡᠰ ᠤᠨ ᠵᠢᠭᠦᠷᠲᠡᠨ ᠤ | ᠪᠣᠷᠳᠤᠭ᠎ᠠ᠂ ᠪᠠᠶᠢᠭᠠᠯᠢ ᠵᠢᠨᠥᠭᠡᠬᠦᠨ ᠴᠢᠯᠠᠭᠤ ᠪᠣᠯᠪᠠᠰᠤᠷᠠᠭᠤᠯᠬᠤ ᠵᠡᠷᠭᠡ ᠲᠥᠰᠥᠯ ᠠᠵᠢᠯ ᠡᠬᠢᠯᠡᠪᠡ᠃ | ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠᠶᠢᠰᠢᠩ 3.5 ᠲᠦᠮᠡᠨ ᠲᠡᠭᠰᠢ ᠳᠥᠷᠪᠡᠯᠵᠢᠨ ᠪᠠᠶᠢᠭᠤᠯᠪᠠ᠃ | ᠴᠠᠬᠢᠯᠭᠠᠨ ᠲᠦᠭᠡᠭᠡᠬᠦ ᠬᠡᠮᠵᠢᠶ᠎ᠡ ᠶᠢ ᠨᠡᠮᠡᠭᠳᠡᠭᠦᠯᠬᠦ ᠲᠤᠬᠠᠶᠢᠯᠠᠭᠰᠠᠨ ᠠᠵᠢᠯ ᠤᠨ ᠥᠭᠡᠷᠡᠴᠢᠯᠡᠯᠲᠡ ᠶᠢᠨ ᠲᠥᠰᠥᠯ ᠤᠨ | ᠴᠠᠬᠢᠯᠭᠠᠨ ᠤ ᠲᠣᠤᠷ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠪᠠ᠃ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠶᠡᠷᠦᠩᠬᠡᠶ ᠲᠥᠯᠥᠪᠵᠢᠭᠦᠯᠭᠡ ᠵᠥᠪᠰᠢᠶᠡᠷᠡᠭᠳᠡᠪᠡ᠃ | ᠦᠢᠯᠡᠴᠢᠯᠡᠭᠡᠨ ᠤ ᠠᠵᠤ ᠦᠢᠯᠡᠰ ᠤᠨ ᠴᠢᠨᠰᠠᠭ᠎ᠠ ᠳᠡᠭᠡᠭᠰᠢᠯᠡᠵᠦ ᠬᠡᠮᠵᠢᠶ᠎ᠡ ᠨᠡᠮᠡᠭᠳᠡᠪᠡ᠃ ᠪᠣᠳᠠᠰ ᠤᠨ | ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠲᠠᠰᠤᠷᠠᠯᠲᠠ | ᠦᠭᠡᠢ ᠲᠡᠭᠦᠯᠳᠡᠷᠵᠢᠵᠦ᠂ 781 ᠮᠦ ᠭᠠᠵᠠᠷ ᠰᠢᠷᠣᠢ ᠶᠢ ᠬᠤᠷᠢᠶᠠᠨ ᠠᠪᠴᠤ ᠬᠠᠳᠠᠭᠠᠯᠠᠪᠠ᠃ ᠰᠤᠮᠤ ᠪᠠᠯᠭᠠᠰᠤᠨ ᠤ | ᠦᠨᠳᠦᠰᠦᠨ ᠱᠠᠲᠤᠨ ᠤ ᠬᠠᠩᠭᠠᠨ ᠪᠣᠷᠣᠯᠠᠭᠤᠯᠬᠤ 9 ᠬᠤᠷᠰᠢᠶ᠎ᠠ ᠶᠢ ᠥᠭᠡᠷᠡᠴᠢᠯᠡᠵᠦ᠂ ᠭᠠᠴᠠᠭ᠎ᠠ ᠲᠣᠰᠬᠤᠨ | ᠱᠠᠲᠤᠨ ᠤ ᠲᠠᠷᠢᠶᠠᠯᠠᠩ ᠳᠤ ᠦᠢᠯᠡᠴᠢᠯᠡᠬᠦ ᠲᠣᠣᠷ ᠴᠡᠭ 66 ᠶᠢ ᠪᠠᠶᠢᠭᠤᠯᠪᠠ᠃ ᠡᠯᠧᠺᠲᠷᠣᠨ ᠬᠤᠳᠠᠯᠳᠤᠭᠠᠨ ᠤ | ᠪᠣᠷᠣᠯᠠᠭᠤᠯᠭ᠎ᠠ ᠶᠢᠨ ᠬᠡᠮᠵᠢᠶ᠎ᠡ 1320 ᠲᠦᠮᠡᠨ ᠲᠥᠭᠦᠷᠢᠭ ᠲᠤ ᠬᠦᠷᠴᠦ᠂ ᠪᠠᠭᠠᠷᠢᠨ ᠦᠬᠡᠷ ᠬᠤᠨᠢᠨ ᠤ ᠮᠢᠬ᠎ᠠ ᠶᠢᠨ | ᠭᠠᠵᠠᠷ ᠣᠷᠣᠨ ᠤ ᠲᠡᠮᠳᠡᠭᠲᠦ ᠪᠦᠲᠦᠭᠡᠭᠳᠡᠬᠦᠨ 5000 ᠲᠦᠮᠡᠨ ᠲᠥᠭᠦᠷᠢᠭ ᠠᠴᠠ ᠳᠡᠭᠡᠭᠰᠢ ᠭᠡᠷ᠎ᠡ ᠲᠣᠭᠲᠠᠪᠠ᠃ | ︽ᠰᠡᠳᠬᠢᠯ ᠤᠨ ᠭᠦᠨ ᠳᠠᠬᠢ ᠲᠠᠯ᠎ᠠ ᠂ ᠦᠨᠢᠷ ᠰᠠᠶᠢᠬᠠᠨ ᠪᠠᠭᠠᠷᠢᠨ︾ ᠭᠠᠵᠠᠷ ᠣᠷᠣᠨ ᠤ ᠵᠢᠭᠤᠯᠴᠢᠯᠠᠯ ᠤᠨ | ᠨᠡᠷᠡᠲᠦ ᠲᠡᠮᠳᠡᠭ ᠤᠨ ᠨᠥᠯᠥᠭᠡᠯᠡᠬᠦ ᠬᠦᠴᠦᠨ ᠢ ᠦᠷᠭᠦᠯᠵᠢᠯᠡᠨ ᠥᠷᠭᠡᠳᠬᠡᠵᠦ᠂ ᠠᠳᠤᠭᠤᠨ ᠲᠠᠯ᠎ᠠ | ᠵᠢᠭᠤᠯᠴᠢᠯᠠᠯ ᠤᠨ ᠣᠷᠣᠨ᠂ ᠣᠩᠭᠤᠨ ᠮᠣᠳᠣ ᠡᠯᠡᠰᠦ ᠮᠠᠩᠬᠠᠨ ᠤ ᠵᠤᠭᠠᠴᠠᠯ ᠠᠮᠠᠷᠠᠯᠲᠠ ᠶᠢᠨ ᠭᠠᠵᠠᠷ ᠨᠢ ᠤᠯᠤᠰ ᠤᠨ | 2A ᠦᠵᠡᠮᠵᠢ ᠶᠢᠨ ᠣᠷᠣᠨ ᠪᠣᠯᠪᠠ᠃ ᠪᠥᠬᠦ ᠵᠢᠯ ᠳᠤ ᠵᠤᠭᠠᠴᠠᠭᠰᠠᠳ ᠢ ᠳᠠᠪᠬᠤᠷᠳᠠᠭᠰᠠᠨ ᠲᠤᠭ᠎ᠠ ᠪᠠᠷ 68 | ᠲᠦᠮᠡ ᠭᠥᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ 6.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ ᠲᠣᠰ ᠲᠣᠰ 13% ᠪᠠ 25% ᠪᠠᠷ ᠨᠡᠮᠡᠭᠳᠡᠪᠡ᠃ | ︵ᠲᠦᠷᠪᠡ︶ ᠰᠠᠭᠤᠷᠢ ᠲᠥᠬᠦᠭᠡᠷᠦᠮᠵᠢ ᠶᠢᠨ ᠲᠠᠯ᠎ᠠ ᠪᠠᠷ ᠳᠤᠲᠠᠭᠤᠳᠠᠯ ᠢᠶᠠᠨ ᠨᠥᠬᠦᠪᠥᠷᠢᠯᠡᠵᠦ᠂ ᠬᠤᠳᠠ | ᠬᠥᠳᠡᠭᠡ ᠶᠢᠨ ᠳᠦᠷᠰᠦ ᠪᠠᠶᠢᠳᠠᠯ ᠢᠯᠡᠳᠲᠡ ᠰᠠᠶᠢᠵᠢᠷᠠᠪᠠ | ᠥᠨᠳᠥᠷ ᠪᠠᠷᠢᠮᠵᠢᠶ᠎ᠠ ᠪᠠᠷ ᠲᠥᠯᠥᠪᠵᠢᠭᠦᠯᠬᠦ᠂ ᠴᠢᠨᠠᠷ ᠰᠠᠶᠢᠲᠠᠢ ᠪᠦᠲᠦᠭᠡᠨ ᠪᠠᠶᠢᠭᠤᠯᠬᠤ᠂ ᠥᠨᠳᠥᠷ | ᠪᠦᠲᠦᠮᠵᠢᠲᠡᠢ ᠬᠠᠮᠢᠶᠠᠷᠬᠤ ᠶᠢ ᠪᠠᠷᠢᠮᠲᠠᠯᠠᠵᠤ᠂ ᠬᠤᠲᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠬᠤᠲᠠ ᠬᠥᠳᠡᠭᠡ ᠶᠢᠨ ᠬᠥᠭᠵᠢᠯᠲᠡ ᠶᠢᠨ ᠶᠠᠰᠤ ᠴᠢᠨᠠᠷ ᠢ ᠲᠠᠰᠤᠷᠠᠯᠲᠠ ᠦᠭᠡᠢ | ᠳᠡᠭᠡᠭᠰᠢᠯᠡᠭᠦᠯᠪᠡ ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠣᠭᠲᠠᠭᠤᠨ ᠢᠶᠠᠷ ᠬᠡᠷᠡᠭᠵᠢᠭᠦᠯᠪᠡ᠃ ᠮᠢᠬᠠᠨ ᠤ | ᠬᠤᠨᠢᠨ ᠤ ︽23456︾ ᠪᠠ ᠮᠢᠬᠠᠨ ᠤ ᠦᠬᠡᠷ ᠤᠨ ︽1015︾ ᠲᠡᠵᠢᠭᠡᠨ ᠦᠷᠡᠵᠢᠭᠦᠯᠬᠦ ᠵᠠᠭᠪᠤᠷ ᠢ ᠶᠡᠬᠡᠪᠡᠷ | ᠳᠡᠯᠭᠡᠷᠡᠭᠦᠯᠵᠦ᠂ ᠡᠭᠦᠯᠳᠡᠷ ᠰᠠᠶᠢᠵᠢᠷᠠᠭᠤᠯᠤᠭᠰᠠᠨ ᠨᠣᠷᠮ᠎ᠠ ᠶᠢ ᠲᠣᠰ ᠲᠣᠰ 30% ᠪᠠ 85% ᠳᠤ ᠬᠦᠷᠭᠡᠪᠡ᠃ | ᠠᠮᠤ ᠪᠤᠳᠠᠭ᠎ᠠ ᠲᠠᠷᠢᠮᠠᠯ ᠲᠠᠷᠢᠬᠤ ᠲᠠᠯᠠᠪᠠᠢ 105 ᠲᠦᠮᠡᠨ ᠮᠦ ᠪᠣᠯᠵᠤ᠂ ᠠᠵᠤ ᠠᠬᠤᠢ ᠶᠢᠨ ᠲᠠᠷᠢᠮᠠᠯ 40.9 | ᠲᠦᠮᠡᠨ ᠮᠦ᠂ ᠨᠣᠭᠤᠭᠠᠨ ᠳᠠᠷᠤᠰᠢ ᠶᠢᠨ ᠡᠷᠳᠡᠨᠢ ᠰᠢᠰᠢ ᠲᠠᠷᠢᠬᠤ ᠲᠠᠯᠠᠪᠠᠢ 34.1 ᠲᠦᠮᠡᠨ ᠮᠦ ᠪᠣᠯᠪᠠ᠃ ᠠᠮᠤ | ᠪᠤᠳᠠᠭ᠎ᠠ ᠠᠵᠤ ᠠᠬᠤᠶ ᠶᠢᠨ ᠲᠠᠷᠢᠮᠠᠯ ᠪᠣᠷᠳᠣᠭᠠᠨ ᠤ ᠬᠠᠷᠢᠴᠠᠯ 58᠄ 23᠄ 19 ᠪᠣᠯᠪᠠ᠃ ᠥᠨᠳᠥᠷ ᠦᠷ᠎ᠡ | ᠠᠰᠢᠭᠲᠤ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠢ 47.2 ᠲᠦᠮᠡᠨ ᠮᠦ ᠳᠤ ᠬᠦᠷᠪᠡ᠃ ᠪᠣᠬᠢᠷᠲᠤᠯ ᠦᠭᠡᠢ | ᠲᠠᠷᠢᠶᠠᠯᠠᠩ ᠤᠨ ᠪᠦᠲᠦᠭᠡᠭᠳᠡᠬᠦᠨ 21᠂ ᠪᠣᠬᠢᠷᠲᠤᠯ ᠦᠭᠡᠢ ᠢᠳᠡᠭᠡᠨ 10 ᠶᠢ ᠪᠠᠲᠤᠯᠠᠭᠠᠵᠢᠭᠤᠯᠪᠠ᠃ ᠮᠠᠯᠴᠢᠨ | ᠲᠠᠷᠢᠶᠠᠴᠢᠨ ᠤ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠭᠤᠯᠤᠯ ᠳᠠᠪᠬᠤᠷᠳᠠᠭᠰᠠᠨ ᠲᠤᠭ᠎ᠠ ᠪᠠᠷ 2.4 ᠲᠦᠮᠡ | ᠬᠦᠷᠴᠦ᠂ ᠰᠢᠨ᠎ᠡ ᠬᠡᠯᠪᠡᠷᠢ ᠶᠢᠨ ᠮᠠᠯᠴᠢᠨ ᠲᠠᠷᠢᠶᠠᠴᠢᠨ 233 ᠬᠥᠮᠦᠵᠢᠭᠦᠯᠪᠡ᠃ ᠲᠣᠰᠬᠤᠨ ᠤ ᠳᠦᠷᠢᠮ | ᠠᠷᠠᠳ ᠤᠨ ᠭᠡᠷ᠎ᠡ ᠶᠢ ᠲᠡᠭᠦᠯᠳᠡᠷᠵᠢᠭᠦᠯᠵᠦ᠂ ︽ᠬᠠᠮᠤᠭ ᠤᠨ ᠭᠤᠶᠤ ᠭᠡᠷ ᠪᠦᠯᠢ︾᠂ ︽ᠠᠴᠢᠯᠠᠯᠲᠤ ᠣᠳᠣ ᠶᠢ | ᠰᠢᠯᠭᠠᠷᠠᠭᠤᠯᠬᠤ︾ ᠵᠡᠷᠭᠡ ᠠᠵᠢᠯᠯᠠᠭ᠎ᠠ ᠶᠢ ᠥᠷᠨᠢᠭᠦᠯᠵᠦ᠂ ᠨᠤᠲᠤᠭ ᠤᠨ ᠬᠡᠪ ᠰᠤᠷᠲᠠᠯ ᠤᠨ ᠪᠣᠯᠪᠠᠰᠤᠨ ᠤ | ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠪᠠ᠃ ︽ᠭᠤᠷᠪᠠ ᠶᠢ ᠴᠡᠪᠡᠷᠯᠡᠵᠦ ᠨᠢᠭᠡ ᠶᠢ ᠥᠭᠡᠷᠡᠴᠢᠯᠡᠬᠦ︾ | ᠲᠤᠰᠬᠠᠢ ᠠᠵᠢᠯᠯᠠᠭ᠎ᠠ ᠥᠷᠨᠢᠭᠦᠯᠵᠦ᠂ ᠡᠷᠦᠬᠡ ᠶᠢᠨ ᠵᠣᠷᠯᠣᠩ 1856 ᠪᠠᠷᠢᠵᠤ᠂ ᠦᠵᠡᠰᠬᠦᠯᠡᠩᠲᠦ ᠰᠠᠶᠢᠬᠠᠨ | ᠬᠥᠳᠡᠭᠡ ᠲᠣᠰᠬᠤᠨ ᠢ ᠣᠷᠣᠰᠢᠨ ᠠᠮᠢᠳᠤᠷᠠᠬᠤ ᠳᠤ ᠨᠡᠩ ᠲᠠᠭᠠᠯᠠᠮᠵᠢᠲᠠᠢ ᠪᠣᠯᠭᠠᠪᠠ᠃ | ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠠᠯᠬᠤᠴᠠ ᠲᠦᠷᠭᠡᠳᠪᠡ᠃ ᠤᠯᠤᠰ ᠤᠨ ᠭᠠᠵᠠᠷ | ᠰᠢᠷᠤᠢ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠠᠩᠬ᠎ᠠ ᠠᠯᠬᠤᠮ ᠤᠨ ᠲᠥᠰᠦᠯ᠂ ᠲᠥᠪ ᠬᠤᠲᠠ | ᠲᠣᠭᠤᠷᠢᠭ ᠤᠨ 6.2 ᠲᠡᠭᠰᠢ ᠳᠥᠷᠪᠡᠯᠵᠢᠨ ᠺᠢᠯᠣᠮᠧᠲᠷ ᠤᠨ ᠬᠢᠵᠠᠭᠠᠷᠯᠠᠯ ᠤᠨ ᠰᠢᠨᠵᠢ ᠲᠠᠢ ᠲᠥᠯᠥᠪᠵᠢᠭᠦᠯᠭᠡ᠂ 0. | 9 ᠲᠡᠭᠰᠢ ᠳᠥᠷᠪᠡᠯᠵᠢᠨ ᠺᠢᠯᠣᠮᠧᠲᠷ ᠤᠨ ᠬᠤᠳᠠ ᠶᠢᠨ ᠵᠢᠷᠤᠭ ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ | ᠳᠠᠭᠤᠰᠬᠠᠪᠠ᠃ ᠭᠦᠩᠵᠦ ᠵᠡᠭᠡᠯᠢ ᠵᠡᠷᠭᠡ 4 ᠵᠤᠷᠪᠤᠰ ᠬᠤᠲᠠ ᠶᠢᠨ ᠮᠤᠬᠤᠷ ᠵᠠᠮ ᠢ ᠨᠡᠪᠲᠡᠷᠡᠭᠦᠯᠵᠦ᠂ ᠶᠡᠬᠡᠨᠠᠭᠤᠷ | ᠵᠡᠭᠡᠯᠢ ᠶᠢᠨ ᠵᠡᠭᠦᠨ ᠬᠡᠰᠡᠭ ᠵᠡᠷᠭᠡ 10 ᠵᠤᠷᠪᠤᠰ ᠬᠤᠲᠠ ᠶᠢᠨ ᠶᠠᠪᠤᠳᠠᠯ ᠤᠨ ᠵᠠᠮ ᠢ ᠡᠬᠢᠯᠡᠨ ᠪᠦᠲᠦᠭᠡᠨ | ᠪᠠᠶᠢᠭᠤᠯᠪᠠ᠃ ᠬᠤᠲᠠ ᠪᠠᠯᠭᠠᠰᠤᠨ ᠤ ᠨᠣᠭᠤᠭᠠᠷᠠᠭᠤᠯᠤᠯᠲᠠ ᠶᠢᠨ ᠲᠠᠯᠠᠪᠠᠢ ᠶᠢ 0.8 ᠲᠦᠮᠡᠨ ᠲᠡᠭᠰᠢ ᠳᠥᠷᠪᠡᠯᠵᠢᠨ | ᠮᠧᠲᠷ ᠰᠢᠨ᠎ᠡ ᠪᠠᠷ ᠨᠡᠮᠡᠭᠳᠡᠭᠦᠯᠪᠡ᠃ ᠳᠥᠭᠦᠮ ᠪᠦᠳᠦᠭᠦᠯᠢᠭ ᠣᠷᠣᠨ ᠰᠠᠭᠤᠴᠠ ᠶᠢᠨ ᠲᠣᠭᠤᠷᠢᠭ ᠤᠨ 895 | ᠡᠷᠦᠬᠡ ᠶᠢᠨ ᠭᠡᠷ ᠢ ᠥᠭᠡᠷᠡᠴᠢᠯᠡᠨ ᠪᠠᠶᠢᠭᠤᠯᠵᠤ᠂ 14.2 ᠲᠦᠮᠡᠨ ᠲᠡᠭᠰᠢ ᠳᠥᠷᠪᠡᠯᠵᠢᠨ ᠮᠧᠲᠷ ᠭᠡᠷ ᠪᠠᠶᠢᠰᠢᠩ | ᠭᠠᠵᠠᠷ ᠬᠥᠷᠥᠩᠭᠡ ᠶᠢᠨ ᠨᠡᠭᠡᠭᠡᠯᠲᠡ ᠬᠢᠪᠡ᠃ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ 6370 | ᠲᠡᠭᠰᠢ ᠳᠥᠷᠪᠡᠯᠵᠢᠨ ᠮᠧᠲᠷ ᠰᠢᠨ᠎ᠡ ᠪᠠᠷ ᠪᠠᠶᠢᠭᠤᠯᠪᠠ᠃ ᠲᠡᠮᠦᠷ ᠵᠠᠮ ᠤᠨ ᠥᠷᠲᠡᠭᠡ ᠲᠣᠭᠤᠷᠢᠭ ᠤᠨ ︽ᠭᠤᠷᠪᠠᠨ | ᠬᠠᠩᠭᠠᠯᠭ᠎ᠠ ᠨᠢᠭᠡ ᠦᠢᠯᠡᠰ︾ ᠤᠨ ᠲᠥᠰᠥᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠪᠡ᠃ ᠳ᠋ᠠᠪᠠᠨ ᠤ ᠢᠯᠴᠢ | ᠴᠠᠬᠢᠯᠭᠠᠨ ᠤ ᠠᠩᠬᠠᠨ ᠤ ᠥᠷᠲᠡᠭᠡ ᠶᠢᠨ ᠥᠷᠭᠡᠳᠬᠡᠨ ᠪᠠᠶᠢᠭᠤᠯᠬᠤ ᠲᠥᠰᠥᠯ ᠢ ᠪᠠᠶᠢᠭᠤᠯᠤᠨ ᠠᠰᠢᠭᠯᠠᠯᠲᠠ ᠳᠤ | ᠣᠷᠣᠭᠤᠯᠪᠠ᠃ ᠳ᠋ᠠᠪᠠᠨ ᠤ ᠬᠤᠶᠠᠳᠤᠭᠠᠷ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠪᠠ ᠳ᠋ᠠᠪᠠᠨ ᠪᠠᠯᠭᠠᠰᠤᠨ ᠤ | ᠤᠰᠤ ᠬᠠᠩᠭᠠᠬᠤ ᠲᠥᠬᠦᠭᠡᠷᠦᠮᠵᠢ ᠶᠢᠨ ᠲᠥᠰᠥᠯ ᠤᠨ ᠭᠤᠤᠯ ᠴᠣᠭᠴᠠ ᠶᠢᠨ ᠪᠠᠷᠢᠯᠭ᠎ᠠ ᠲᠡᠭᠦᠰᠪᠡ᠃ ᠠᠳᠠᠯ | ᠠᠬᠤᠶ ᠶᠢᠨ ᠬᠠᠮᠢᠶᠠᠷᠤᠯᠲᠠ ᠶᠢ ᠳᠡᠭᠡᠭᠰᠢᠯᠡᠭᠦᠯᠬᠦ ᠣᠨ ᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠠᠳᠠᠯ | ᠠᠬᠤᠶ ᠶᠢᠨ ᠬᠠᠮᠢᠶᠠᠷᠤᠯᠲᠠ ᠥᠬᠡᠶ 100 ᠰᠠᠭᠤᠭᠠᠯᠢ ᠲᠣᠭᠤᠷᠢᠭ ᠲᠤ ᠴᠥᠮ ᠬᠤᠭ ᠨᠣᠪᠰᠢ ᠶᠢ ᠴᠡᠪᠡᠷᠯᠡᠨ | ᠲᠡᠭᠡᠭᠡᠪᠦᠷᠢᠯᠡᠬᠦ ᠪᠠ ᠠᠷᠢᠭᠤᠨ ᠴᠡᠪᠡᠷ ᠪᠠᠶᠢᠯᠭᠠᠬᠤ ᠲᠣᠭᠲᠠᠴᠠ ᠪᠠᠶᠢᠭᠤᠯᠪᠠ᠃ ᠬᠤᠲᠠ ᠶᠢᠨ ᠳᠦᠷᠢ ᠲᠥᠷᠬᠦ ᠶᠢ | ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠪᠠᠯᠭᠠᠰᠤ ᠲᠣᠭᠤᠷᠢᠭ ᠤᠨ ᠣᠷᠴᠢᠨ ᠲᠣᠭᠤᠷᠢᠨ | ᠢᠯᠡᠳᠲᠡ ᠰᠠᠶᠢᠵᠢᠷᠠᠪᠠ᠃ ᠲᠣᠭᠠᠴᠢᠯᠠᠭᠰᠠᠨ ᠬᠤᠲᠠ ᠶᠢᠨ ᠬᠠᠮᠢᠶᠠᠷᠤᠯᠲᠠ ᠶᠢᠨ ᠵᠢᠯᠣᠭᠤᠳᠬᠤ ᠲᠥᠪ ᠢ | ᠠᠰᠢᠭᠯᠠᠯᠲᠠ ᠳᠤ ᠣᠷᠣᠭᠤᠯᠪᠠ᠃ | ᠰᠠᠭᠤᠷᠢ ᠲᠥᠬᠦᠭᠡᠷᠦᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃ ᠤᠯᠤᠰ ᠤᠨ ᠲᠡᠰ ᠤᠨ | ᠵᠠᠰᠠᠮᠠᠯ ᠵᠠᠮ ᠤᠨ 303 ᠱᠤᠭᠤᠮ ᠠᠴᠠ ᠲᠠᠯ᠎ᠠ ᠨᠤᠲᠤᠭ ᠤᠨ ᠤᠰᠤᠨ ᠴᠥᠭᠦᠷᠥᠮ ᠬᠦᠷᠬᠦ ᠵᠠᠰᠠᠮᠠᠯ ᠵᠠᠮ ᠤᠨ | ᠳᠠᠭᠠᠭᠠᠴᠢᠯᠠᠯᠲᠠ ᠵᠠᠷᠯᠠᠬᠤ ᠶᠢ ᠪᠡᠶᠡᠯᠡᠭᠦᠯᠵᠦ᠂ ᠮᠤᠵᠢ ᠶᠢᠨ ᠬᠤᠭᠤᠷᠣᠨᠳᠣᠬᠢ ᠵᠠᠰᠠᠮᠠᠯ ᠵᠠᠮ ᠤᠨ ︽ ᠨᠢᠭᠡᠳᠦᠭᠡᠷ | ᠳᠡᠰ ᠤᠨ ᠵᠠᠮ ᠢ ᠬᠤᠷᠳᠤᠨ ᠤ ᠵᠠᠮ ᠪᠣᠯᠭᠠᠬᠤ︾ ᠪᠠᠭᠠᠷᠢᠨ ᠪᠠᠷᠠᠭᠤᠨ ᠬᠤᠰᠢᠭᠤᠨ ᠤ ᠬᠢᠵᠠᠭᠠᠷ ᠳᠣᠲᠣᠷᠠᠬᠢ | ᠪᠦᠲᠦᠭᠡᠨ ᠪᠠᠶᠢᠭᠤᠯᠤᠯᠲᠠ ᠶᠢᠨ ᠲᠥᠰᠥᠯ ᠢ ᠬᠠᠶᠢᠨ ᠬᠡᠮᠵᠢᠵᠦ ᠵᠠᠭᠠᠭ ᠲᠣᠭᠲᠠᠭᠠᠬᠤ ᠠᠵᠢᠯ ᠢ ᠪᠡᠶᠡᠯᠡᠭᠦᠯᠵᠦ᠂ | ᠮᠤᠵᠢ ᠶᠢᠨ ᠲᠡᠰ ᠤᠨ ᠵᠠᠰᠠᠮᠠᠯ ᠵᠠᠮ ᠤᠨ 206 ᠱᠤᠭᠤᠮ ᠤᠨ ᠳ᠋ᠠᠪᠠᠨ ᠠᠴᠠ ᠬᠠᠷᠭᠠᠨᠠᠲᠠᠢ ᠬᠦᠷᠬᠦ ᠬᠡᠰᠡᠭ ᠤᠨ ᠵᠠᠰᠠᠮᠠᠯ | ᠵᠠᠮ ᠤᠨ ᠪᠠᠷᠢᠯᠭ᠎ᠠ ᠶᠢᠨ ᠲᠥᠰᠥᠯ ᠢ ᠬᠢᠨᠠᠨ ᠲᠣᠭᠲᠠᠭᠠᠵᠤ᠂ ᠪᠣᠷᠣᠬᠤᠲᠠ ᠠᠴᠠ ᠲᠢᠶᠠᠨᠱᠠᠨ ᠬᠦᠷᠬᠦ ᠬᠤᠷᠳᠤᠨ ᠤ | ᠵᠠᠮ ︵ᠪᠠᠭᠠᠷᠢᠨ ᠪᠠᠷᠠᠭᠤᠨ ᠬᠤᠰᠢᠭᠤᠨ ᠳᠠᠬᠢ ᠬᠡᠰᠡᠭ︶ ᠤᠨ ᠲᠥᠰᠥᠯ ᠤᠨ ᠡᠮᠦᠨ᠎ᠡ ᠬᠤᠭᠤᠴᠠᠭᠠᠨ ᠤ ᠠᠵᠢᠯ | ᠶᠠᠭ ᠥᠷᠨᠢᠵᠦ ᠪᠠᠶᠢᠨ᠎ᠠ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠷᠠᠴᠢᠯᠠᠭ᠎ᠠ ᠶᠢ 82.1 | ᠺᠢᠯᠣᠮᠧᠲᠷ ᠪᠡᠶᠡᠯᠡᠭᠦᠯᠵᠦ᠂ 9 ᠠᠶᠤᠯᠲᠠᠶ ᠬᠥᠭᠦᠷᠭᠡ ᠶᠢ ᠥᠭᠡᠷᠡᠴᠢᠯᠡᠨ ᠰᠢᠨᠡᠳᠬᠡᠪᠡ᠃ ᠲᠣᠰᠬᠤᠨ ᠱᠠᠲᠤᠨ ᠤ | ᠵᠠᠰᠠᠮᠠᠯ ᠵᠠᠮ 8.2 ᠺᠢᠯᠣᠮᠧᠲᠷ ᠰᠢᠨ᠎ᠡ ᠪᠠᠷ ᠳᠡᠪᠢᠰᠪᠡ᠃ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠪᠠᠷ | ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢ ᠵᠠᠰᠠᠬᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠵᠢᠯᠣᠭᠤᠳᠬᠤ | ᠰᠢᠰᠲ᠋ᠧᠮ᠂ ᠳᠠᠭᠠᠭᠠᠴᠠ ᠠᠴᠠ ᠬᠡᠲᠦᠷᠡᠭᠰᠡᠨ ᠢ ᠵᠠᠰᠠᠬᠤ ᠪᠠᠶᠢᠴᠠᠭᠠᠨ ᠬᠡᠮᠵᠢᠬᠦ ᠥᠷᠲᠡᠭᠡ ᠴᠢᠭ ᠤᠨ ᠪᠦᠲᠦᠭᠡᠨ | ᠪᠠᠶᠢᠭᠤᠯᠤᠯᠲᠠ ᠪᠠ ᠥᠭᠡᠷᠡᠴᠢᠯᠡᠯᠲᠡ ᠶᠢᠨ ᠢᠨᠵᠧᠨᠧᠷᠢᠩ ᠢ ᠪᠡᠶᠡᠯᠡᠭᠦᠯᠪᠡ᠃ ᠵᠢᠲ᠋ᠦ᠋ᠩ ᠲᠡᠮᠦᠷ ᠵᠠᠮ ᠢ ᠥᠷᠭᠡᠳᠬᠡᠨ | ᠥᠭᠡᠷᠡᠴᠢᠯᠡᠬᠦ ᠠᠵᠢᠯ ᠤᠨ ᠵᠠᠮ ᠲᠡᠮᠦᠷ ᠳᠡᠪᠢᠰᠬᠦ ᠪᠠᠷᠢᠯᠭ᠎ᠠ ᠲᠡᠭᠦᠰᠴᠦ᠂ ᠤᠯᠠᠭᠠᠨᠬᠠᠳᠠ ᠳ᠋ᠠᠪᠠᠨ ᠪᠠᠶᠠᠨᠬᠤᠸᠠ ᠲᠡᠮᠦᠷ | ᠵᠠᠮ ᠤᠨ ᠳ᠋ᠠᠪᠠᠨ ᠤ ᠵᠡᠭᠦᠨ ᠥᠷᠲᠡᠭᠡ ᠶᠢ ᠥᠭᠡᠷᠡᠴᠢᠯᠡᠨ ᠪᠠᠶᠢᠭᠤᠯᠬᠤ ᠠᠵᠢᠯ ᠤᠨ ᠲᠣᠬᠢᠶᠠᠨ ᠤ ᠠᠰᠠᠷ ᠢ ᠥᠷᠭᠡᠳᠬᠡᠬᠦ | ᠪᠠᠷᠢᠯᠭ᠎ᠠ ᠳᠠᠭᠤᠰᠴᠤ᠂ ᠪᠠ ᠰᠢᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠲᠦᠷᠭᠡᠳᠬᠡᠨ | ᠠᠬᠢᠭᠤᠯᠪᠠ᠃ ᠨᠡᠶᠢᠳᠡᠮ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢᠨ ᠲᠥᠰᠥᠯ | ᠭᠠᠵᠠᠷ ᠲᠠᠲᠠᠪᠤᠷᠢᠯᠠᠬᠤ ᠱᠠᠲᠤᠨ ᠳᠤ ᠣᠷᠣᠪᠠ᠃ ᠴᠠᠬᠢᠯᠭᠠᠨ ᠬᠠᠩᠭᠠᠬᠤ ᠱᠤᠭᠤᠮ ᠢ 146 ᠺᠢᠯᠣᠮᠧᠲᠷ ᠰᠢᠨ᠎ᠡ ᠪᠠᠷ | ᠪᠠᠶᠢᠭᠤᠯᠤᠭᠰᠠᠨ ᠪᠠ ᠥᠭᠡᠷᠡᠴᠢᠯᠡᠪᠡ᠃ | ︵ᠲᠠᠪᠤ︶ ᠥᠭᠡᠷᠡᠴᠢᠯᠡᠯᠲᠡ ᠰᠢᠨᠡᠴᠢᠯᠡᠯᠲᠡ ᠶᠢᠨ ᠲᠠᠯ᠎ᠠ ᠪᠠᠷ ᠰᠢᠪᠲᠤᠯᠤᠯᠲᠠ ᠭᠠᠷᠭᠠᠵᠤ᠂ | ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠪᠦᠲᠦᠮᠵᠢᠲᠡᠢ ᠪᠠᠳᠠᠷᠠᠭᠤᠯᠪᠠ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠭᠤᠶᠢᠪᠢᠰᠢ ᠦᠭᠡᠢ ᠬᠢᠵᠦ᠂ ᠬᠦᠴᠦᠯᠡᠬᠦ ᠴᠡᠭ ᠢ | ᠣᠨᠣᠪᠴᠢᠲᠠᠢ ᠰᠣᠩᠭᠤᠨ᠂ ᠥᠭᠡᠷᠡᠴᠢᠯᠡᠯᠲᠡ ᠪᠠᠷ ᠬᠥᠳᠡᠯᠭᠡᠬᠦ ᠬᠦᠴᠦᠨ ᠢ ᠨᠡᠮᠡᠭᠳᠡᠭᠦᠯᠵᠦ᠂ ᠰᠢᠨᠡᠴᠢᠯᠡᠯᠲᠡ ᠪᠠᠷ | ᠠᠮᠢᠵᠢᠷᠠᠯ ᠤᠨ ᠬᠦᠴᠦᠨ ᠢ ᠴᠢᠩᠭᠠᠳᠬᠠᠵᠤ᠂ ᠪᠦᠲᠦᠭᠡᠨ ᠪᠠᠶᠢᠭᠤᠯᠤᠯᠲᠠ ᠪᠠᠷ ᠬᠥᠭᠵᠢᠯᠲᠡ ᠶᠢ ᠠᠬᠢᠭᠤᠯᠪᠠ᠃ | ᠭᠤᠤᠯᠳᠠᠯᠭ᠎ᠠ ᠲᠠᠢ ᠥᠭᠡᠷᠡᠴᠢᠯᠡᠯᠲᠡ ᠶᠢ ᠡᠮᠬᠢ ᠵᠢᠷᠤᠮ ᠲᠠᠢ ᠠᠬᠢᠭᠤᠯᠪᠠ᠃ ᠠᠵᠤ ᠠᠬᠤᠶ ᠶᠢᠨ | ᠲᠣᠭᠲᠠᠯᠴᠠᠭ᠎ᠠ᠂ ᠠᠮᠢ ᠠᠬᠤᠶ ᠶᠢᠨ ᠪᠣᠯᠪᠠᠰᠤᠨ ᠤ ᠲᠣᠭᠲᠠᠯᠴᠠᠭ᠎ᠠ ᠵᠡᠷᠭᠡ ᠬᠦᠷᠢᠶᠡᠨ ᠤ ᠥᠭᠡᠷᠡᠴᠢᠯᠡᠯᠲᠡ ᠶᠢ | ᠨᠢᠭᠡᠳᠦᠯᠲᠡᠶ ᠲᠥᠯᠥᠪᠯᠡᠨ ᠠᠬᠢᠭᠤᠯᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ | ᠥᠭᠡᠷᠡᠴᠢᠯᠡᠯᠲᠡ᠂ ᠤᠯᠤᠰ ᠤᠨ ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ ᠲᠦᠷᠢᠮ ᠤᠨ ᠲᠤᠷᠰᠢᠯᠲᠠ ᠢᠯᠡᠳᠲᠡ | ᠦᠷ᠎ᠡ ᠪᠦᠲᠦᠮᠵᠢ ᠤᠯᠪᠠ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠤᠷᠤᠭᠰᠢᠲᠠᠶ ᠪᠡᠶᠡᠯᠡᠭᠦᠯᠪᠡ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠪᠥᠬᠦ ᠵᠢᠯ ᠳᠤ 7991 ᠲᠦᠮᠡᠨ ᠲᠥᠭᠦᠷᠢᠭ ᠤᠨ ᠭᠠᠶᠢᠯᠢ ᠬᠥᠩᠭᠡᠯᠡᠵᠦ | ᠰᠦᠢᠳᠬᠡᠯ ᠪᠠᠭᠤᠷᠠᠭᠤᠯᠪᠠ᠃ ᠤᠯᠤᠰ ᠤᠨ ᠥᠮᠴᠢᠯᠡᠯ ᠤᠨ ᠬᠦᠷᠦᠩᠭᠡ ᠶᠢᠨ ᠡᠵᠡᠩᠨᠡᠯᠲᠡ ᠶᠢᠨ ᠺᠣᠮᠫᠠᠨᠢ | ᠪᠠᠶᠢᠭᠤᠯᠤᠭᠳᠠᠨ ᠠᠵᠢᠯᠯᠠᠪᠠ᠃ ᠨᠡᠶᠢᠭᠡᠮ ᠤᠨ ᠳᠠᠭᠠᠳᠬᠠᠯ ᠢ ᠭᠠᠷᠲᠠᠨ ᠭᠦᠢᠴᠡᠳᠬᠡᠬᠦ ᠪᠦᠷᠢᠨ ᠴᠢᠳᠠᠪᠤᠷᠢ ᠲᠠᠢ | ᠠᠵᠢᠯᠲᠠᠨ ᠤ ᠳᠦᠷᠢᠮ᠂ ᠠᠵᠢᠯ ᠠᠴᠠ ᠢᠶᠠᠨ ᠠᠮᠠᠷᠠᠬᠤ ᠶᠢ ᠤᠷᠢᠳᠴᠢᠯᠠᠨ ᠬᠢᠨᠠᠬᠤ ᠲᠦᠷᠢᠮ᠂ ᠨᠡᠶᠢᠭᠡᠮ ᠤᠨ | ᠪᠠᠲᠤᠯᠠᠭ᠎ᠠ ᠶᠢᠨ ᠰᠠᠭᠠᠳ ᠦᠭᠡᠢ ᠦᠢᠯᠡᠴᠢᠯᠡᠭᠡ ᠵᠡᠷᠭᠡ ᠲᠤᠷᠰᠢᠯᠭ᠎ᠠ ᠶᠢ ᠪᠥᠬᠦ ᠤᠯᠤᠰ ᠲᠤ ᠳᠡᠯᠭᠡᠷᠡᠭᠦᠯᠬᠦ ᠪᠠᠷ | ᠪᠠᠶᠢᠨ᠎ᠠ ᠃ | ᠬᠥᠷᠥᠩᠭᠡ ᠣᠷᠣᠭᠤᠯᠤᠭᠴᠢᠳ ᠢ ᠲᠠᠲᠠᠬᠤ ᠠᠵᠢᠯ ᠡᠯᠪᠡᠭ ᠦᠷ᠎ᠡ ᠪᠦᠲᠦᠭᠡᠯ ᠤᠯᠪᠠ᠃ ᠪᠦᠬᠦ | ᠬᠤᠰᠢᠭᠤᠨ ᠳᠤ 83 ᠲᠥᠰᠥᠯ ᠡᠬᠢᠯᠡᠭᠦᠯᠵᠦ᠂ 17.75 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ | ᠪᠡᠶᠡᠯᠡᠭᠦᠯᠪᠡ᠃ ᠬᠥᠷᠥᠩᠭᠡ ᠣᠷᠣᠭᠤᠯᠤᠭᠴᠢᠳ ᠢ ᠲᠠᠲᠠᠬᠤ ︽ᠡᠪᠦᠯ ᠤᠨ ᠤᠯᠠᠷᠢᠯ ᠤᠨ ᠠᠵᠢᠯᠯᠠᠭ᠎ᠠ︾ ᠪᠠᠷ 18 | ᠲᠥᠰᠥᠯ ᠨᠠᠶᠢᠳᠠᠪᠤᠷᠢᠵᠢᠭᠤᠯᠪᠠ᠃ 33 ᠲᠥᠰᠥᠯ ᠳᠤ ᠭᠡᠷ᠎ᠡ ᠲᠣᠭᠲᠠᠨ ᠣᠷᠣᠭᠤᠯᠤᠨ ᠠᠪᠴᠢᠷᠠᠵᠤ᠂ | ᠬᠡᠯᠡᠯᠴᠡᠭᠡᠷ ᠢᠶᠠᠷ ᠳᠠᠮᠵᠢᠨ 279.3 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠤᠨ ᠠᠪᠴᠢᠷᠠᠪᠠ᠃ | ᠨᠤᠲᠤᠭ ᠨᠢᠭᠡᠲᠡᠳ ᠤᠨ ᠬᠤᠷᠠᠯ ᠢᠶᠠᠷ ᠪᠦᠲᠦᠮᠵᠢᠲᠡᠶ ᠠᠴᠢᠶᠠᠯᠠᠪᠤᠷᠢ ᠪᠣᠯᠭᠠᠭᠰᠠᠨ ᠪᠠ ᠤᠯᠤᠰ ᠤᠨ | ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠲᠠᠪᠴᠠᠩ ᠢ ᠠᠰᠢᠭᠯᠠᠨ | ᠂ 5 ᠲᠥᠰᠥᠯ ᠳᠤ ᠭᠡᠷ᠎ᠡ ᠲᠣᠭᠲᠠᠵᠤ᠂ ᠭᠡᠷ᠎ᠡ ᠲᠣᠭᠲᠠᠭᠰᠠᠨ ᠪᠠᠯᠠ ᠮᠥᠩᠭᠦ ᠵᠠᠭᠤᠨ ᠳ᠋ᠦᠩᠰᠢᠭᠤᠷ ᠲᠥᠭᠦᠷᠢᠭ ᠢ | ᠳᠠᠪᠠᠪᠠ᠃ 50 ᠲᠦᠮᠡᠨ ᠦᠷ᠎ᠡ ᠶᠢᠨ ᠨᠤᠭᠤᠰᠤᠨ ᠤ ᠲᠠᠷᠢᠵᠤ ᠲᠡᠵᠢᠭᠡᠬᠦ ᠶᠢ ᠤᠶᠠᠯᠳᠤᠭᠤᠯᠬᠤ ᠪᠠ ᠨᠠᠷᠢᠯᠢᠭ | ᠡᠳ᠋ᠰᠢᠭᠦᠯᠬᠦ ᠲᠥᠰᠥᠯ᠂ ᠲᠠᠢ ᠬᠡᠦ ᠨᠠᠭᠤᠷ ᠤᠨ ᠬᠤᠨᠢ ᠶᠢ ᠲᠡᠵᠢᠭᠡᠬᠦ ᠪᠠ ᠭᠦᠨᠵᠡᠭᠡᠶ ᠡᠳ᠋ᠰᠢᠭᠦᠯᠬᠦ ᠲᠥᠰᠥᠯ ᠵᠡᠷᠭᠡ ᠳᠤ | ᠭᠡᠷ᠎ᠡ ᠲᠣᠭᠲᠠᠵᠤ ᠨᠠᠶᠢᠳᠠᠪᠤᠷᠢᠵᠢᠭᠤᠯᠪᠠ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠦᠷᠭᠦᠯᠵᠢᠯᠡᠨ ᠰᠠᠶᠢᠵᠢᠷᠠᠪᠠ᠃ ︽ᠪᠠᠭᠤᠯᠭᠠᠬᠤ | ᠤᠶᠠᠯᠳᠤᠭᠤᠯᠬᠤ ᠦᠢᠯᠡᠴᠢᠯᠡᠬᠦ︾ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ | ᠦᠢᠯᠡᠴᠢᠯᠡᠭᠡᠨ ᠤ ᠲᠢᠩᠬᠢᠮ ᠳᠤ ᠣᠷᠣᠭᠤᠯᠬᠤ ᠵᠣᠬᠢᠰᠲᠠᠢ ᠵᠦᠢᠯ ᠢ ᠴᠥᠮ ᠣᠷᠣᠭᠤᠯᠵᠤ᠂ ᠨᠢᠭᠡ ᠴᠣᠩᠬᠤ ᠪᠠᠷ | ᠬᠦᠯᠢᠶᠡᠨ ᠠᠪᠴᠤ᠂ ᠨᠢᠭᠡᠳᠦᠯᠲᠡᠢ ᠬᠢᠨᠠᠨ ᠵᠥᠪᠰᠢᠶᠡᠷᠡᠵᠦ᠂ ᠣᠯᠠᠨ ᠲᠦᠮᠡᠨ ᠤ ᠬᠠᠨᠤᠮᠵᠢ ᠶᠢᠨ ᠨᠣᠷᠮ᠎ᠠ | 98% ᠠᠴᠠ ᠳᠡᠭᠡᠭᠰᠢ ᠳᠤ ᠬᠥᠷᠪᠡ᠃ e ᠵᠠᠰᠠᠭ ᠤᠨ ᠶᠠᠪᠤᠳᠠᠯ ᠤᠨ ᠰᠦᠯᠵᠢᠶᠡᠨ ᠳᠡᠭᠡᠷ᠎ᠡ ᠠᠵᠢᠯ ᠶᠠᠪᠤᠳᠠᠯ | ᠭᠦᠢᠴᠡᠳᠬᠡᠬᠦ ᠲᠥᠪ ᠢ ᠪᠠᠶᠢᠭᠤᠯᠪᠠ᠃ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠪᠡᠯᠡ ᠣᠷᠣᠭᠤᠯᠤᠯᠲᠠ ᠶᠢᠨ | ᠲᠥᠰᠥᠯ ᠢ ᠨᠡᠶᠢᠯᠡᠭᠦᠯᠦᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ ᠡᠩ ᠤᠨ | ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠰᠥᠯ ᠤᠨ ︽ᠬᠤᠶᠠᠷ ᠰᠠᠷ᠎ᠠ ᠶᠢᠨ ᠬᠤᠭᠤᠴᠠᠭᠠᠨ ᠳᠤ | ᠭᠦᠢᠴᠡᠳᠬᠡᠬᠦ︾ ᠂ ᠡᠩ ᠤᠨ ᠪᠡᠯᠡ ᠣᠷᠣᠭᠤᠯᠤᠯᠲᠠ ᠶᠢᠨ ᠲᠥᠰᠥᠯ ᠢ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ | 120 ᠡᠳᠦᠷ ᠠᠴᠠ ᠳᠠᠪᠠᠭᠤᠯᠬᠤ ᠦᠭᠡᠶ ᠪᠠᠶᠢᠬᠤ ᠶᠢ ᠪᠠᠲᠤᠯᠠᠪᠠ᠃ ︽ᠣᠯᠠᠨ ᠦᠨᠡᠮᠯᠡᠯ ᠢ ᠨᠢᠭᠡᠳᠬᠡᠬᠦ︾ | ᠪᠦᠷᠢᠳᠬᠡᠯ ᠤᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠡᠵᠡᠩᠨᠡᠭᠴᠢ 3165 | ᠰᠢᠨ᠎ᠡ ᠪᠠᠷ ᠨᠡᠮᠡᠭᠳᠡᠪᠡ᠃ 22 ᠠᠵᠤ ᠠᠬᠤᠶᠢᠯᠠᠯ ᠨᠢ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ | ᠠᠷᠠᠯᠵᠢᠶᠠᠨ ᠤ ᠠᠵᠤ ᠠᠬᠤᠶᠢᠯᠠᠯ ᠢᠶᠠᠷ ᠲᠣᠭᠲᠠᠭᠠᠭᠳᠠᠪᠠ᠃ ︽ᠣᠷᠣᠯᠠᠨ ᠭᠦᠢᠴᠡᠳᠬᠡᠭᠴᠢ︾ ᠶᠢᠨ ᠠᠵᠢᠯ ᠤᠨ | ᠡᠩᠨᠡᠭᠡ ᠶᠢ ᠵᠣᠬᠢᠶᠠᠨ ᠪᠠᠶᠢᠭᠤᠯᠵᠤ᠂ ᠪᠡᠯᠡ ᠣᠷᠣᠭᠤᠯᠤᠯᠲᠠ ᠶᠢᠨ ᠠᠬᠤ ᠠᠬᠤᠶᠢᠯᠠᠯ ᠳᠤ ᠬᠢᠨᠠᠨ ᠵᠥᠪᠰᠢᠶᠡᠷᠡᠬᠦ | ᠦᠢᠯᠡᠴᠢᠯᠡᠭᠡᠨ ᠤ ᠰᠠᠭᠠᠳ ᠦᠭᠡᠢ ᠵᠠᠮ ᠨᠡᠭᠡᠭᠡᠵᠦ ᠥᠭᠪᠡ᠃ ᠪᠠᠩᠬᠢ ᠪᠠ ᠠᠵᠤ ᠠᠬᠤᠶᠢᠯᠠᠯ ᠤᠨ | ᠬᠠᠮᠲᠤᠷᠠᠯᠴᠠᠭᠠᠨ ᠤ ᠲᠠᠪᠴᠠᠩ ᠢ ᠢᠳᠡᠪᠬᠢᠲᠡᠶ ᠪᠠᠶᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠪᠡᠯᠡ | ᠴᠤᠭᠯᠠᠭᠤᠯᠬᠤ ᠳᠤ ᠬᠦᠴᠢᠷ᠂ ᠪᠡᠯᠡ ᠮᠥᠩᠭᠦ ᠦᠨᠡᠲᠡᠶ ᠪᠠᠶᠢᠬᠤ ᠠᠰᠠᠭᠤᠳᠠᠯ ᠢ ᠢᠳᠡᠪᠬᠢᠲᠡᠢ ᠰᠢᠢᠳᠪᠦᠷᠢᠯᠡᠪᠡ ᠃ | ︵ᠵᠢᠷᠭᠤᠭ᠎ᠠ︶ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢᠨ ᠲᠠᠯ᠎ᠠ ᠪᠠᠷ ᠬᠦᠴᠢᠷ ᠠᠰᠠᠭᠤᠳᠠᠯ ᠢ | ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠦᠷᠭᠦᠯᠵᠢᠯᠡᠨ ᠨᠡᠮᠡᠭᠳᠡᠪᠡ | ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ | ᠠᠷᠠᠳ ᠤᠨ ᠠᠮᠢᠵᠢᠷᠠᠯᠭᠠ ᠶᠢᠨ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠠᠷᠠᠳ ᠲᠤ ᠠᠰᠢᠭ ᠬᠦᠷᠲᠡᠭᠡᠬᠦ | ᠪᠣᠳᠠᠲᠤ ᠶᠠᠪᠤᠳᠠᠯ ᠢ ᠴᠢᠨᠠᠷ ᠰᠠᠶᠢᠲᠠᠢ ᠬᠢᠵᠦ᠂ ᠨᠡᠶᠢᠭᠡᠮ ᠤᠨ ᠬᠥᠭᠵᠢᠯᠲᠡ ᠶᠢ ᠨᠡᠩ ᠬᠠᠯᠠᠭᠤᠨ ᠳᠤᠯᠠᠭᠠᠨ ᠪᠣᠯᠭᠠᠵᠤ | ᠂ ᠠᠷᠠᠳ ᠤᠨ ᠠᠮᠢᠵᠢᠷᠠᠯᠭᠠ ᠳᠤ ᠨᠡᠩ ᠶᠡᠭᠡ ᠠᠰᠢᠭ ᠬᠦᠷᠲᠡᠭᠡᠨ᠂ ᠤᠯᠠᠨ ᠲᠦᠮᠡᠨ ᠤ ᠵᠣᠯ ᠵᠢᠷᠭᠠᠯ ᠢ ᠨᠡᠩ | ᠪᠤᠳᠠᠲᠠᠢ ᠪᠠᠶᠢᠯᠭᠠᠪᠠ ᠃ | ᠠᠷᠠᠳ ᠤᠨ ᠠᠮᠢᠵᠢᠷᠠᠯᠭᠠ ᠶᠢᠨ ᠪᠠᠲᠤᠯᠠᠭ᠎ᠠ ᠲᠠᠰᠤᠷᠠᠯᠲᠠ ᠦᠭᠡᠢ ᠲᠡᠭᠦᠯᠳᠡᠷᠵᠢᠪᠡ᠃ ᠡᠳ᠋ ᠤᠨ ᠵᠠᠰᠠᠭ ᠤᠨ | ᠠᠷᠠᠳ ᠤᠨ ᠠᠮᠢᠵᠢᠷᠠᠯᠭᠠ ᠳᠤ ᠣᠷᠣᠭᠤᠯᠤᠭᠰᠠᠨ ᠪᠡᠯᠡ ᠮᠥᠩᠭᠦ ᠶᠢᠨ ᠡᠵᠡᠯᠡᠬᠦ ᠬᠠᠷᠢᠴᠠᠯ 81.8% ᠪᠣᠯᠪᠠ᠃ | ᠬᠤᠲᠠ ᠪᠠᠯᠭᠠᠰᠤᠨ ᠤ 1486 ᠬᠥᠮᠦᠨ ᠳᠤ ᠰᠢᠨ᠎ᠡ ᠪᠠᠷ ᠠᠵᠢᠯ ᠣᠯᠭᠤᠵᠤ᠂ 1170 ᠨᠡᠶᠢᠲᠡ ᠶᠢᠨ | ᠠᠰᠠᠷᠠᠮᠵᠢ ᠶᠢᠨ ᠰᠢᠨᠵᠢ ᠲᠠᠢ ᠠᠵᠢᠯ ᠤᠨ ᠪᠠᠶᠢᠷᠢ ᠭᠠᠷᠭᠠᠵᠤ᠂ 10.5 ᠲᠦᠮᠡᠨ ᠬᠥᠮᠦᠨ ᠨᠠᠰᠤᠵᠢᠯ ᠤᠨ | ᠳᠠᠭᠠᠳᠬᠠᠯ ᠳᠤ ᠣᠷᠣᠯᠴᠠᠨ᠂ 16.2 ᠲᠦᠮᠡᠨ ᠬᠥᠮᠦᠨ ᠡᠮᠨᠡᠯᠭᠡ ᠶᠢᠨ ᠳᠠᠭᠠᠳᠬᠠᠯ ᠪᠠ ᠦᠷᠡᠵᠢᠯ ᠤᠨ | ᠳᠠᠭᠠᠳᠬᠠᠯ ᠳᠤ ᠣᠷᠣᠯᠴᠠᠪᠠ᠃ 1.3 ᠲᠦᠮᠡᠨ ᠬᠥᠮᠦᠨ ᠠᠵᠢᠯ ᠠᠯᠳᠠᠯᠲᠠ ᠶᠢᠨ ᠳᠠᠭᠠᠳᠬᠠᠯ ᠳᠤ ᠣᠷᠣᠯᠴᠠᠪᠠ᠃ | ᠬᠥᠳᠡᠭᠡ ᠶᠢᠨ ᠠᠵᠢᠯᠴᠢᠨ ᠤ ᠴᠠᠯᠢᠩ ᠶᠢ ᠬᠤᠶᠢᠰᠢᠯᠠᠭᠤᠯᠬᠤ ᠠᠰᠠᠭᠤᠳᠠᠯ ᠢ ᠦᠨᠳᠦᠰᠦᠨ ᠠᠴᠠ ᠨᠢ ᠵᠠᠰᠠᠬᠤ ᠠᠵᠢᠯ | ᠢᠯᠡᠳᠲᠡ ᠦᠷ᠎ᠡ ᠪᠦᠲᠦᠮᠵᠢ ᠣᠯᠪᠠ᠃ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ | ᠲᠥᠷᠥᠯ ᠤᠨ ᠴᠢᠳᠠᠪᠤᠷᠢᠲᠠᠨ ᠢ 212 ᠣᠷᠣᠭᠤᠯᠤᠨ ᠠᠪᠴᠢᠷᠠᠪᠠ᠃ ᠡᠯ᠎ᠡ ᠲᠥᠷᠥᠯ ᠤᠨ ᠠᠪᠤᠷᠠᠨ ᠲᠤᠰᠠᠯᠠᠬᠤ ᠪᠡᠯᠡ | ᠮᠥᠩᠭᠦ ᠶᠢ 1.1 ᠳ᠋ᠦᠩᠰᠢᠭᠤᠷ ᠲᠥᠭᠦᠷᠢᠭ ᠲᠠᠷᠬᠠᠭᠠᠵᠤ᠂ 4.1 ᠲᠦᠮᠡᠨ ᠬᠥᠮᠦᠨ ᠳᠤ ᠠᠰᠢᠭ ᠬᠦᠷᠲᠡᠭᠡᠪᠡ᠃ 7 | ᠰᠠᠭᠤᠭᠠᠯᠢ ᠲᠣᠭᠤᠷᠢᠭ ᠤᠨ ᠤᠯᠤᠰ ᠤᠨ ᠭᠠᠵᠠᠷ ᠰᠢᠷᠣᠶ ᠶᠢᠨ ᠬᠡᠷ ᠪᠠᠶᠢᠰᠢᠩ ᠤᠨ ᠡᠷᠬᠡ ᠶᠢᠨ ᠬᠠᠷᠢᠶᠠᠯᠠᠯ ᠢ | ᠳᠠᠩᠰᠠᠯᠠᠬᠤ ᠵᠡᠷᠭᠡ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠵᠦ᠂ 1544 ᠣᠷᠣᠨ | ᠰᠠᠭᠤᠴᠠ ᠳᠤ ᠬᠤᠯᠪᠣᠭᠳᠠᠵᠠᠶ᠃ | ᠰᠤᠷᠭᠠᠨ ᠬᠥᠮᠦᠵᠢᠯ ᠤᠨ ᠦᠢᠯᠡᠰ ᠢ ᠡᠩ ᠲᠡᠷᠢᠭᠦᠨ ᠳᠤ ᠬᠥᠭᠵᠢᠭᠦᠯᠪᠡ᠃ ᠬᠡᠤᠬᠡᠳ ᠤᠨ ᠴᠡᠴᠡᠷᠯᠢᠭ᠂ | ᠬᠥᠯ ᠪᠥᠮᠪᠦᠭᠡ ᠶᠢᠨ ᠣᠷᠳᠣᠨ ᠵᠡᠷᠭᠡ ᠲᠥᠰᠥᠯ 6 ᠪᠠᠶᠢᠭᠤᠯᠪᠠ᠃ ᠭᠤᠷᠪᠠᠳᠤᠭᠠᠷ ᠬᠤᠭᠤᠴᠠᠭᠠᠨ ᠤ | ᠰᠤᠷᠭᠠᠭᠤᠯᠢ ᠶᠢᠨ ᠡᠮᠦᠨᠡᠬᠢ ᠡᠮᠦᠨᠡᠬᠢ ᠰᠤᠷᠭᠠᠨ ᠬᠥᠮᠦᠵᠢᠯ ᠤᠨ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠵᠦ᠂ | ᠰᠤᠷᠭᠠᠭᠤᠯᠢ ᠶᠢᠨ ᠡᠮᠦᠨᠡᠬᠢ ᠭᠤᠷᠪᠠᠨ ᠵᠢᠯ ᠤᠨ ᠴᠡᠴᠡᠷᠯᠢᠭ ᠲᠤ ᠤᠷᠤᠭᠰᠠᠨ ᠨᠤᠷᠮ᠎ᠠ 90.9% ᠳᠤ ᠬᠦᠷᠪᠡ᠃ | ᠪᠠᠯᠭᠠᠰᠤ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠳᠤ ︽ᠬᠡᠰᠡᠭ ᠬᠤᠪᠢᠶᠠᠨ ᠰᠣᠷᠣᠭᠴᠢ ᠡᠯᠰᠡᠬᠦ᠂ ᠢᠯᠡ ᠪᠠᠷ | ᠠᠩᠭᠢ ᠬᠤᠪᠢᠶᠠᠬᠤ︾ ᠶᠢ ᠬᠡᠷᠡᠭᠵᠢᠭᠦᠯᠪᠡ᠃ ᠪᠥᠬᠦ ᠬᠤᠰᠢᠭᠤᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ | ᠡᠯᠰᠡᠬᠦ ᠨᠢᠭᠡᠳᠦᠯᠲᠡᠶ ᠰᠢᠯᠭᠠᠯᠲᠠ ᠶᠢᠨ ᠵᠢᠩᠬᠢᠨᠢ ᠠᠩᠭᠢ ᠶᠢᠨ ᠬᠤᠪᠢ ᠳᠤ ᠬᠦᠷᠦᠭᠰᠡᠨ ᠨᠣᠷᠮ᠎ᠠ 86.3% ᠳᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 2.6% ᠪᠠᠷ ᠳᠡᠭᠡᠭᠰᠢᠯᠡᠪᠡ᠃ ᠮᠣᠩᠭᠤᠯ ᠢᠶᠠᠷ ᠬᠢᠴᠢᠶᠡᠯᠯᠡᠬᠦ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠠᠴᠠ ᠪᠦᠬᠦ ᠬᠤᠲᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠲᠥᠷᠥᠯ ᠤᠨ | ︽ᠲᠡᠷᠢᠭᠦᠨ ︾ ᠰᠢᠯᠭᠠᠷᠠᠵᠤ᠂ 500 ᠠᠴᠠ ᠳᠡᠭᠡᠭᠰᠢ ᠬᠤᠪᠢ ᠣᠯᠣᠭᠰᠠᠨ ᠰᠤᠷᠤᠭᠴᠢ ᠶᠢᠨ ᠲᠤᠭ᠎ᠠ ᠪᠠᠷ ᠢᠶᠠᠨ | ᠪᠦᠬᠦ ᠣᠷᠣᠨ ᠤ ᠬᠤᠰᠢᠭᠤ ᠰᠢᠶᠠᠨ ᠤ ᠱᠠᠲᠤᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠨᠤᠭᠤᠳ ᠤᠨ | ᠳᠣᠲᠣᠷ᠎ᠠ ᠲᠡᠷᠢᠭᠦᠯᠡᠪᠡ᠃ ᠬᠢᠲᠠᠳ ᠢᠶᠠᠷ ᠬᠢᠴᠢᠶᠡᠯᠯᠡᠬᠦ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ 3 | ᠰᠤᠷᠤᠭᠴᠢ ᠪᠡᠭᠡᠵᠢᠩ ᠶᠡᠭᠡ ᠰᠤᠷᠭᠠᠭᠤᠯᠢ ᠳᠤ ᠡᠯᠰᠡᠭᠳᠡᠵᠡᠢ᠃ ᠦᠨᠳᠦᠰᠦᠲᠡᠨ ᠤ ᠰᠤᠷᠭᠠᠨ ᠬᠥᠮᠦᠵᠢᠯ ᠢ ᠡᠩ | ᠲᠡᠷᠢᠭᠦᠨ ᠳᠤ ᠬᠥᠭᠵᠢᠭᠦᠯᠵᠦ᠂ ᠦᠨᠳᠦᠰᠦᠲᠡᠨ ᠤ ᠣᠨᠴᠠᠯᠢᠭ ᠪᠦᠬᠦᠢ ᠰᠤᠷᠭᠠᠨ ᠬᠥᠮᠦᠵᠢᠯ ᠤᠨ ᠰᠠᠭᠤᠷᠢᠨ | ᠭᠠᠵᠠᠷ ᠢ 6 ᠪᠠᠶᠢᠭᠤᠯᠪᠠ᠃ 15 ᠰᠤᠷᠭᠠᠭᠤᠯᠢ ᠨᠢ ︽ᠤᠯᠤᠰ ᠤᠨ ᠲᠠᠰ ᠤᠨ ᠰᠤᠷᠭᠠᠭᠤᠯᠢ ᠶᠢᠨ ᠬᠦᠷᠢᠶᠡᠨ ᠤ ᠬᠥᠯ | ᠪᠥᠮᠪᠦᠭᠡ ᠶᠢᠨ ᠤᠨᠴᠠᠯᠢᠭᠳᠤ ᠰᠤᠷᠭᠠᠭᠤᠯᠢ︾ ᠶᠢᠨ ᠡᠩᠨᠡᠭᠡᠨ ᠳᠤ ᠣᠷᠣᠵᠤ᠂ 10 ᠰᠤᠷᠭᠠᠭᠤᠯᠢ ᠪᠠ ᠬᠡᠤᠬᠡᠳ ᠤᠨ | ᠴᠡᠴᠡᠷᠯᠢᠭ ᠨᠢ ︽ᠥᠪᠡᠷᠲᠡᠭᠡᠨ ᠵᠠᠰᠠᠬᠤ ᠣᠷᠣᠨ ᠤ ᠲᠠᠰ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ | ᠤᠨᠴᠠᠯᠢᠭᠳᠤ ᠰᠤᠷᠭᠠᠭᠤᠯᠢ ᠪᠠ ᠬᠡᠤᠬᠡᠳ ᠤᠨ ᠴᠡᠴᠡᠷᠯᠢᠭ︾ ᠢᠶᠠᠷ ᠵᠢᠭᠰᠠᠭᠠᠭᠳᠠᠪᠠ᠃ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠰᠢᠨ᠎ᠡ ᠠᠬᠢᠴᠠ ᠲᠠᠢ ᠪᠣᠯᠪᠠ᠃ | ︽ᠡᠷᠡᠭᠦᠯ ᠡᠩᠬᠡ ᠪᠠᠭᠠᠷᠢᠨ︾ ᠤ ᠠᠵᠢᠯ ᠯᠠᠪᠳᠠᠭᠤᠨ ᠪᠠᠲᠤᠲᠠᠢ ᠠᠬᠢᠪᠠ᠃ ᠬᠤᠰᠢᠭᠤᠨ ᠤ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠠᠰᠠᠷ᠂ ᠬᠤᠰᠢᠭᠤᠨ ᠤ ᠡᠮᠨᠡᠯᠭᠡ ᠶᠢᠨ | ᠬᠤᠷᠢᠶ᠎ᠠ ᠶᠢ ᠨᠡᠭᠦᠯᠭᠡᠨ ᠰᠢᠨ᠎ᠡ ᠪᠠᠷ ᠪᠠᠶᠢᠭᠤᠯᠬᠤ ᠲᠥᠰᠥᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ | ᠭᠠᠩᠭᠠᠨ ᠡᠷᠡᠭᠦᠯ ᠬᠠᠮᠠᠭᠠᠯᠠᠯ ᠤᠨ ᠬᠤᠷᠢᠶᠠᠨ ᠤ ᠲᠥᠰᠥᠯ ᠤᠨ ᠠᠵᠢᠯ ᠳᠠᠭᠤᠰᠴᠤ᠂ ᠬᠤᠰᠢᠭᠤᠨ ᠤ | ᠲᠣᠭᠠᠴᠢᠯᠠᠭᠰᠠᠨ ᠡᠭᠡᠯᠢᠯᠡᠭᠡ ᠶᠢᠨ ᠡᠭᠦᠳᠡᠨ ᠡᠮᠨᠡᠯᠭᠡ᠂ ᠪᠠᠶᠠᠨᠬᠤᠰᠢᠭᠤ ᠪᠠᠯᠭᠠᠰᠤᠨ ᠤ ᠭᠤᠣᠯ ᠡᠷᠡᠭᠦᠯ ᠬᠠᠮᠠᠭᠠᠯᠠᠯ ᠤᠨ | ᠬᠤᠷᠢᠶ᠎ᠠ ᠶᠢ ᠠᠰᠢᠭᠯᠠᠯᠲᠠ ᠳᠤ ᠣᠷᠣᠭᠤᠯᠪᠠ᠃ ᠬᠤᠳᠠ ᠬᠥᠳᠡᠭᠡ ᠶᠢᠨ ᠰᠠᠭᠤᠭᠠᠯᠢ ᠠᠷᠠᠳ ᠲᠤ ᠲᠥᠯᠥᠪᠥᠷᠢ | ᠦᠭᠡᠢ ᠪᠠᠷ ᠴᠢᠰᠤᠨ ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ ᠵᠡᠷᠭᠡ 14 ᠲᠦᠷᠦᠯ ᠤᠨ 56 | ᠵᠦᠢᠯ ᠤᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡ ᠬᠠᠩᠭᠠᠪᠠ᠃ ᠡᠮ | ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ 1.44 ᠳ᠋ᠦᠩᠰᠢᠭᠤᠷ ᠲᠥᠭᠦᠷᠢᠭ ᠨᠢᠭᠡᠳᠦᠯᠲᠡᠶ ᠲᠥᠯᠥᠪᠯᠡᠨ | ᠣᠯᠭᠤᠵᠤ᠂ 7116 ᠤᠳᠠᠭ᠎ᠠ ᠡᠮ ᠡᠮᠨᠡᠯᠭᠡ ᠶᠢᠨ ᠠᠪᠤᠷᠠᠨ ᠲᠤᠰᠠᠯᠠᠯᠲᠠ ᠬᠢᠪᠡ᠃ ᠪᠥᠬᠦ ᠤᠯᠤᠰ ᠤᠨ | ᠦᠨᠳᠦᠰᠦᠨ ᠱᠠᠲᠤᠨ ᠤ ᠮᠣᠩᠭᠤᠯ ᠬᠢᠲᠠᠳ ᠡᠮ ᠡᠮᠨᠡᠯᠭᠡ ᠶᠢᠨ ᠠᠵᠢᠯ ᠤᠨ ᠲᠡᠷᠢᠭᠦᠨ ᠤ ᠨᠢᠭᠡᠴᠡ ᠪᠣᠯᠣᠨ | ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢᠨ ᠳᠠᠬᠢᠨ ᠬᠢᠨᠠᠯᠲᠠ ᠳᠤ ᠬᠢᠷᠢ ᠲᠡᠩᠴᠡᠵᠦ᠂ ᠮᠠᠨ ᠤ | ᠬᠤᠰᠢᠭᠤ ᠥᠪᠡᠷᠲᠡᠭᠡᠨ ᠵᠠᠰᠠᠬᠤ ᠣᠷᠣᠨ ᠤ ᠲᠠᠰ ᠤᠨ ᠡᠷᠡᠭᠦᠯ ᠮᠡᠨᠳᠦ ᠶᠢ ᠠᠬᠢᠭᠤᠯᠬᠤ ᠬᠤᠰᠢᠭᠤ ᠪᠠᠷ | ᠨᠡᠷᠡᠶᠢᠳᠦᠭᠳᠡᠵᠦ᠂ ᠬᠤᠰᠢᠭᠤᠨ ᠤ ᠡᠮᠨᠡᠯᠭᠡ ᠶᠢᠨ ᠬᠤᠷᠢᠶ᠎ᠠ ᠶᠢᠨ ᠴᠡᠭᠡᠵᠢᠨ ᠤ ᠬᠡᠰᠡᠭ ᠤᠨ X ᠵᠢᠷᠤᠭ ᠤᠨ ᠲᠥᠪ ︵ | ᠦᠨᠳᠦᠰᠦᠨ ᠱᠠᠲᠤᠨ ᠤ︶ ᠨᠢ ᠤᠯᠤᠰ ᠤᠨ ᠪᠠᠲᠤᠯᠠᠭᠠᠵᠢᠭᠤᠯᠤᠯᠲᠠ ᠳᠤ ᠬᠢᠷᠢ ᠲᠡᠩᠴᠡᠵᠦ᠂ ᠬᠤᠰᠢᠭᠤᠨ ᠤ | ᠮᠣᠩᠭᠤᠯ ᠡᠮᠨᠡᠯᠭᠡ ᠶᠢᠨ ᠬᠤᠷᠢᠶ᠎ᠠ ᠤᠯᠤᠰ ᠤᠨ ᠭᠤᠷᠪᠠᠳᠤᠭᠠᠷ ᠳᠡᠰ ᠤᠨ ᠬᠥᠭᠡᠭᠴᠢᠨ ᠵᠡᠷᠭᠡ ᠶᠢᠨ ᠦᠨᠳᠦᠰᠦᠲᠡᠨ ᠤ | ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢᠨ ᠬᠢᠨᠠᠨ ᠲᠣᠭᠲᠠᠭᠠᠯᠲᠠ ᠳᠤ ᠬᠢᠷᠢ ᠲᠡᠩᠴᠡᠪᠡ᠃ | ᠰᠣᠶᠣᠯ ᠪᠡᠶ᠎ᠡ ᠶᠢᠨ ᠲᠠᠮᠢᠷ ᠤᠨ ᠦᠢᠯᠡᠰ ᠪᠦᠬᠦ ᠲᠠᠯ᠎ᠠ ᠪᠠᠷ ᠬᠥᠭᠵᠢᠪᠡ᠃ ᠮᠠᠨ ᠤ ᠬᠤᠰᠢᠭᠤᠨ ᠤ ︽ | ᠭᠡᠰᠡᠷ︾ ᠪᠤᠳᠠᠰ ᠤᠨ ᠪᠤᠰᠤ ᠰᠣᠶᠣᠯ ᠤᠨ ᠥᠪ ᠤᠨ ᠵᠠᠯᠭᠠᠮᠵᠢᠯᠠᠭᠴᠢ ᠶᠢᠨ ᠲᠥᠯᠥᠭᠡᠯᠡᠭᠴᠢ ᠶᠢ ᠶᠡᠷᠦᠩᠬᠡᠶ ᠱᠦᠵᠢ | ᠰᠢ ᠶᠢᠨ ᠫᠢᠩ ᠳᠣᠲᠣᠨᠣ ᠪᠠᠷ ᠭᠥᠯᠢᠶᠡᠨ ᠠᠪᠴᠤ ᠠᠭᠤᠯᠵᠠᠪᠠ᠂ ︽ᠭᠡᠰᠡᠷ︾ ᠤᠨ ᠤᠯᠠᠮᠵᠢᠯᠠᠭᠴᠢ ᠵᠢᠮᠪᠠᠵᠠᠮᠰᠤ | 2019 ᠤ ︽ᠳᠤᠮᠳᠠᠳᠤ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨ ᠤ ᠰᠣᠳᠣᠨ ᠬᠥᠮᠦᠨ︾ | ᠢᠶᠠᠷ ᠰᠣᠩᠭᠤᠭᠳᠠᠪᠠ᠃ ︽ᠪᠦᠬᠦ ᠤᠯᠤᠰ ᠤᠨ ᠭᠡᠰᠡᠷ ᠤᠨ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ | ︾᠂ ︽ᠳᠤᠮᠳᠠᠳᠤ ᠤᠯᠤᠰ ᠤᠨ ᠮᠣᠩᠭᠤᠯ ᠬᠡᠯᠡ ᠤᠳᠬ᠎ᠠ ᠵᠣᠬᠢᠶᠠᠯ ᠤᠨ ᠨᠡᠶᠢᠭᠡᠮᠯᠢᠭ ᠤᠨ ᠠᠷᠪᠠᠨ ᠬᠤᠶᠠᠳᠤᠭᠠᠷ | ᠤᠳᠠᠭᠠᠨ ᠤ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ︾ ᠪᠠ ︽ᠪᠦᠬᠦ ᠣᠷᠣᠨ ᠤ ︿ᠭᠡᠰᠡᠷ ﹀ | ᠪᠣᠯᠤᠨ ᠲᠤᠤᠯᠢ ᠬᠠᠶᠢᠯᠠᠬᠤ ᠤᠷᠤᠯᠳᠤᠭᠠᠨ︾ ᠢ ᠳᠠᠭᠠᠭᠠᠴᠢᠯᠠᠨ ᠡᠷᠬᠢᠯᠡᠪᠡ᠃ ︽ ᠬᠤᠶᠠᠳᠤᠭᠠᠷ ᠤᠳᠠᠭᠠᠨ ᠤ | ᠪᠠᠭᠠᠷᠢᠨ ᠮᠣᠩᠭᠤᠯᠴᠤᠳ ᠤᠨ ᠵᠠᠩ ᠵᠠᠩᠰᠢᠯ ᠤᠨ ᠨᠠᠶᠢᠷ︾᠂ ︽ ᠪᠠᠭᠠᠷᠢᠨ ᠪᠠᠷᠠᠭᠤᠨ ᠬᠤᠰᠢᠭᠤᠨ ᠤ | ᠭᠤᠷᠪᠠᠳᠤᠭᠠᠷ ᠤᠳᠠᠭ᠎ᠠ ᠶᠢᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠮᠢᠷ ᠤᠨ ᠤᠷᠤᠯᠳᠤᠭᠠᠨ︾ ᠢ | ᠡᠷᠬᠢᠯᠡᠪᠡ᠃ ᠯᠢᠶᠣᠤ ᠶᠢᠨ ᠴᠢᠩᠯᠢᠩ᠂ ᠬᠤᠸᠠᠶᠢᠯᠢᠩ ᠣᠩᠭᠤᠨ ᠢ ᠬᠠᠮᠠᠭᠠᠯᠠᠬᠤ ᠢᠨᠵᠧᠨᠧᠷᠢᠩ ᠤᠨ ᠲᠥᠰᠦᠯ ᠢ | ᠤᠯᠤᠰ ᠤᠨ ᠲᠡᠤᠬᠡ ᠶᠢᠨ ᠳᠤᠷᠠᠰᠬᠠᠯᠲᠤ ᠵᠦᠢᠯ ᠤᠨ ᠲᠣᠪᠴᠢᠶ᠎ᠠ ᠠᠴᠠ ᠵᠥᠪᠰᠢᠶᠡᠷᠡᠪᠡ᠃ ᠴᠣᠩᠵᠢᠨ | ᠭᠠᠴᠠᠭ᠎ᠠ ᠵᠡᠷᠭᠡ 4 ᠭᠠᠴᠠᠭ᠎ᠠ ᠲᠣᠰᠬᠤᠨ ᠢ ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ | ᠣᠨᠴᠠᠯᠢᠭ ᠪᠥᠬᠦᠶ ᠭᠤᠷᠪᠠᠳᠤᠭᠠᠷ ᠪᠦᠯᠦᠭ ᠲᠣᠰᠬᠤᠨ ᠢᠶᠠᠷ ᠨᠡᠷᠡᠶᠢᠳᠪᠡ᠃ ᠤᠯᠠᠭᠠᠨᠮᠥ᠋ᠴᠢᠷ ᠪᠥᠬᠦ ᠤᠯᠤᠰ ᠤᠨ | 10 ᠮᠤᠵᠢ ᠣᠷᠣᠨ ᠳᠤ ᠲᠣᠭᠤᠷᠢᠨ ᠲᠣᠭᠯᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠨᠠᠢᠮᠠᠳᠤᠭᠠᠷ ᠤᠳᠠᠭᠠᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠲᠤ ᠪᠦᠯᠬᠦᠮ ᠤᠨ ᠲᠣᠭᠯᠠᠯᠲᠠ ᠶᠢᠨ ᠠᠯᠲᠠᠨ | ᠱᠠᠩᠨᠠᠯ ᠵᠢᠴᠢ 4 ᠳᠠᠩ ᠱᠠᠩᠨᠠᠯ ᠭᠥᠷᠳᠡᠪᠡ᠃ ᠮᠠᠨ ᠤ ᠬᠤᠰᠢᠭᠤ ᠨᠢ ᠡᠯ᠎ᠡ ᠲᠥᠷᠥᠯ ᠤᠨ ᠲᠠᠮᠢᠷ ᠤᠨ | ᠤᠷᠤᠯᠳᠤᠭᠠᠨ ᠳᠤ ᠣᠷᠣᠯᠴᠠᠭᠠᠳ ᠥᠪᠡᠷᠲᠡᠭᠡᠨ ᠵᠠᠰᠠᠬᠤ ᠣᠷᠣᠨ ᠤ ᠳᠡᠰ ᠠᠴᠠ ᠳᠡᠭᠡᠭᠰᠢᠬᠢ ᠱᠠᠩᠨᠠᠯ ᠤᠨ ᠮᠧᠳᠠᠯ | 20 ᠣᠯᠪᠠ᠃ ᠰᠤᠪᠤᠷᠭ᠎ᠠ ᠪᠠᠯᠭᠠᠰᠤ ᠨᠢ ︽ᠪᠥᠬᠦ ᠤᠯᠤᠰ ᠤᠨ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ | ᠠᠵᠢᠯ ᠤᠨ ᠲᠡᠷᠢᠭᠦᠨ ᠤ ᠨᠢᠭᠡᠴᠢ︾ ᠪᠠᠷ ᠦᠨᠡᠯᠡᠭᠳᠡᠪᠡ᠃ ᠭᠡᠰᠡᠷ ᠤᠨ ᠤᠯᠠᠮᠵᠢᠯᠠᠨ ᠪᠣᠯᠪᠠᠰᠤᠷᠠᠭᠤᠯᠬᠤ ᠭᠠᠵᠠᠷ ᠤᠨ | ᠪᠥᠲᠥᠭᠡᠨ ᠪᠠᠶᠢᠭᠤᠯᠤᠯᠲᠠ ᠲᠡᠭᠦᠰᠴᠦ᠂ ᠤᠯᠠᠭᠠᠨᠮᠥ᠋ᠴᠢᠷ ᠤᠨ ᠤᠷᠠᠯᠢᠭ ᠤᠨ ᠲᠥᠪ ᠤᠨ ᠲᠥᠰᠥᠯ ᠢ ᠬᠢᠨᠠᠨ | ᠵᠥᠪᠰᠢᠶᠡᠷᠡᠭᠦᠯᠪᠡ᠃ | ︵ᠳᠣᠯᠤᠭ᠎ᠠ︶ ᠲᠣᠭᠲᠠᠭᠤᠨ ᠢ ᠬᠠᠮᠠᠭᠠᠯᠠᠬᠤ ᠲᠠᠯ᠎ᠠ ᠪᠠᠷ ᠪᠣᠳᠠᠲᠠᠶ ᠠᠷᠭ᠎ᠠ ᠠᠪᠴᠤ᠂ ᠵᠠᠰᠠᠬᠤ | ᠴᠢᠳᠠᠪᠤᠷᠢ ᠲᠣᠭᠲᠠᠭᠤᠨ ᠢᠶᠠᠷ ᠴᠢᠩᠭᠠᠷᠠᠪᠠ | ᠨᠡᠶᠢᠭᠡᠮ ᠤᠨ ᠵᠠᠰᠠᠯᠲᠠ ᠶᠢ ᠲᠤᠪᠤᠶᠢᠮ᠎ᠠ ᠪᠠᠶᠢᠷᠢᠨ ᠳᠤ ᠲᠠᠯᠪᠢᠵᠤ᠂ ᠠᠮᠤᠷ ᠲᠦᠪᠰᠢᠨ ᠲᠣᠭᠲᠠᠭᠤᠨ | ᠪᠠᠶᠢᠬᠤ ᠶᠠᠪᠤᠳᠠᠯ ᠢ ᠴᠠᠭ ᠢᠮᠠᠭᠲᠠ ᠴᠢᠩᠭ᠎ᠠ ᠠᠩᠬᠠᠷᠴᠤ᠂ ᠦᠨᠳᠦᠰᠦᠨ ᠱᠠᠭᠠᠷᠳᠠᠯᠭ᠎ᠠ ᠶᠢᠨ ᠰᠡᠳᠬᠢᠮᠵᠢ ᠶᠢ | ᠪᠠᠷᠢᠮᠲᠠᠯᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠵᠦᠢᠯ ᠤᠨ ᠳᠠᠯᠳᠠ ᠭᠡᠮ ᠢ | ᠤᠷᠢᠳᠴᠢᠯᠠᠨ ᠰᠡᠷᠡᠮᠵᠢᠯᠡᠵᠦ᠂ ᠡᠷᠲᠡ ᠠᠴᠠ ᠢᠯᠡᠷᠡᠭᠦᠯᠦᠨ᠂ ᠪᠠᠭ᠎ᠠ ᠳᠡᠭᠡᠷ᠎ᠡ ᠨᠢ ᠰᠢᠢᠳᠪᠦᠷᠢᠯᠡᠵᠦ᠂ | ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠪᠠ᠃ | ᠠᠮᠤᠷ ᠲᠦᠪᠰᠢᠨ ᠤ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠪᠠ᠃ ᠬᠠᠷ᠎ᠠ ᠪᠦᠯᠦᠭ ᠬᠠᠷᠭᠢᠰ | ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶ ᠥᠷᠨᠢᠭᠦᠯᠵᠦ᠂ ᠬᠠᠷᠭᠢᠰ ᠬᠦᠴᠦᠨ ᠤ ᠶᠠᠯᠠᠲᠤ ᠪᠦᠯᠦᠭᠯᠡᠯ ᠢ | 3 ᠤᠰᠠᠳᠬᠠᠵᠤ᠂ 13 ᠬᠠᠷᠭᠢᠰ ᠬᠦᠴᠦᠨ ᠳᠤ ᠬᠤᠯᠪᠣᠭᠳᠠᠭᠰᠠᠨ ᠪᠦᠯᠦᠭᠯᠡᠯ ᠳᠤ ᠴᠣᠬᠢᠯᠲᠠ ᠥᠭᠴᠦ᠂ 51 | ᠡᠷᠡᠭᠦᠤ ᠶᠢᠨ ᠬᠡᠷᠡᠭ ᠢ ᠢᠯᠡᠷᠡᠭᠦᠯᠦᠨ᠂ 113 ᠶᠠᠯᠠᠲᠤ ᠬᠡᠷᠡᠭ ᠤᠨ ᠰᠡᠵᠢᠭᠳᠡᠨ ᠢ ᠪᠠᠷᠢᠪᠴᠢᠯᠠᠵᠤ᠂ 1363 | ᠲᠦᠮᠡᠨ ᠲᠥᠭᠦᠷᠢᠭ ᠤᠨ ᠬᠡᠷᠡᠭ ᠲᠤ ᠬᠤᠯᠪᠣᠭᠳᠠᠭᠰᠠᠨ ᠡᠳ᠋ ᠬᠥᠷᠥᠩᠭᠡ ᠶᠢ ᠬᠤᠷᠢᠶᠠᠨ ᠠᠪᠴᠤ ᠪᠢᠲᠡᠭᠦᠮᠵᠢᠯᠡᠪᠡ᠃ | ᠴᠢᠬᠤᠯᠠ ᠵᠠᠩᠭᠢᠯᠠᠭ᠎ᠠ ᠶᠢᠨ ᠴᠡᠭ ᠪᠣᠯᠤᠨ ᠲᠣᠮᠣ ᠬᠡᠯᠪᠡᠷᠢ ᠶᠢᠨ ᠠᠵᠢᠯᠯᠠᠭ᠎ᠠ ᠶᠢᠨ ᠠᠮᠤᠷ ᠢ ᠬᠠᠮᠠᠭᠠᠯᠠᠬᠤ ᠠᠵᠢᠯ ᠤᠨ | ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠡᠶ᠃ ᠬᠠᠤᠯᠢ ᠠᠴᠠ ᠵᠥᠷᠢᠴᠡᠭᠰᠡᠨ ᠡᠯ᠎ᠡ ᠵᠦᠢᠯ ᠤᠨ ᠶᠠᠯᠠᠲᠤ | ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠥ᠂ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠯ ᠲᠠᠢ | ᠲᠣᠭᠲᠠᠭᠤᠨ ᠪᠣᠯᠪᠠ᠃ | ᠤᠯᠠᠨ ᠨᠡᠶᠢᠲᠡ ᠶᠢᠨ ᠠᠮᠤᠷ ᠲᠦᠪᠰᠢᠨ ᠤ ᠪᠠᠶᠢᠳᠠᠯ ᠲᠣᠭᠲᠠᠭᠤᠨ ᠪᠠᠶᠢᠨ᠎ᠠ᠃ ᠠᠶᠤᠯ ᠦᠭᠡᠶ | ᠦᠢᠯᠡᠳᠪᠦᠷᠢᠯᠡᠯ ᠤᠨ ᠥᠭᠡᠷᠡᠴᠢᠯᠡᠯᠲᠡ ᠶᠢᠨ ᠣᠨ ᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠪᠦᠬᠦ ᠵᠢᠯ ᠳᠤ | ᠠᠶᠤᠯ ᠦᠭᠡᠶ ᠦᠢᠯᠡᠳᠪᠦᠷᠢᠯᠡᠯ ᠤᠨ ᠬᠦᠨᠳᠦ ᠶᠡᠭᠡ ᠣᠨᠴᠠ ᠶᠡᠭᠡ ᠠᠳᠡᠯ ᠭᠠᠷᠤᠭᠰᠠᠨ ᠦᠭᠡᠶ᠃ ᠠᠮᠤ ᠪᠤᠳᠠᠭᠠᠨ ᠤ | ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠪᠠ᠃ ᠠᠹᠷᠢᠺᠠ ᠲᠢᠪ ᠤᠨ | ᠭᠠᠭ᠋ᠠᠶ ᠶᠢᠨ ᠮᠢᠯᠵᠠᠩ᠂ ᠬᠤᠯᠤᠭᠠᠨ᠎ᠠ ᠶᠢᠨ ᠬᠢᠵᠢᠭ ᠵᠡᠷᠭᠡ ᠬᠢᠵᠢᠭ ᠤᠨ ᠪᠠᠶᠢᠳᠠᠯ ᠭᠠᠷᠬᠤ ᠶᠢ ᠪᠦᠲᠦᠮᠵᠢᠲᠡᠢ | ᠰᠡᠷᠭᠡᠶᠢᠯᠡᠪᠡ᠃ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ | ᠪᠠᠶᠢᠭᠤᠯᠬᠤ ᠠᠵᠢᠯ ᠢ ᠦᠷᠬᠦᠯᠵᠢᠯᠡᠨ ᠠᠬᠢᠭᠤᠯᠵᠤ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠂ ᠠᠷᠠᠳ ᠣᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠠᠲᠤᠯᠠᠪᠠ᠃ | ᠨᠡᠶᠢᠭᠡᠮ ᠤᠨ ᠵᠠᠰᠠᠯᠲᠠ ᠬᠦᠴᠦᠲᠡᠶ ᠪᠥᠭᠡᠳ ᠡᠮᠬᠢ ᠵᠢᠷᠤᠮ ᠲᠠᠢ ᠪᠣᠯᠪᠠ᠃ ᠵᠠᠬᠢᠳᠠᠯ ᠰᠤᠷᠪᠤᠯᠵᠢᠯᠠᠭ᠎ᠠ ᠶᠢ | ᠨᠠᠮᠳᠠᠭᠤᠯᠬᠤ ᠳᠦᠷᠢᠮ ᠢ ᠴᠢᠩᠭ᠎ᠠ ᠨᠠᠢᠳᠠᠪᠤᠷᠢᠵᠢᠭᠤᠯᠬᠤ᠂ ᠨᠡᠶᠢᠭᠡᠮ ᠤᠨ ᠵᠥᠷᠢᠴᠡᠯ ᠬᠤᠷᠠᠮᠳᠤᠭᠰᠠᠨ ᠬᠡᠷᠡᠭ ᠢ | ᠨᠠᠮᠳᠠᠭᠤᠯᠬᠤ ᠨᠣᠷᠮ᠎ᠠ 95% ᠳᠤ ᠬᠦᠷᠴᠦ᠂ ᠵᠠᠬᠢᠳᠠᠯ ᠰᠤᠷᠪᠤᠯᠵᠢᠯᠠᠭ᠎ᠠ ᠶᠢᠨ ᠲᠤᠭ᠎ᠠ ᠨᠣᠷᠮ᠎ᠠ ᠠᠳᠠᠯᠢ | ᠬᠤᠭᠤᠴᠠᠭᠠᠨ ᠤ ᠬᠢ ᠠᠴᠠ 44% ᠪᠠᠷ ᠪᠠᠭᠤᠷᠠᠵᠤ᠂ ︽ ᠭᠤᠷᠪᠠ ᠦᠭᠡᠢ︾ ᠭᠠᠴᠠᠭ᠎ᠠ ᠲᠣᠰᠬᠤᠨ ︵ᠨᠡᠶᠢᠭᠡᠮ | ᠲᠣᠭᠤᠷᠢᠭ︶ ᠤ ᠨᠣᠷᠮ᠎ᠠ 90% ᠳᠤ ᠬᠦᠷᠪᠡ᠃ ︽ᠬᠠᠤᠯᠢ ᠴᠠᠭᠠᠵᠠ ᠶᠢ ᠵᠢᠷᠭᠤᠭ᠎ᠠ ᠳᠤ ᠣᠷᠣᠭᠤᠯᠬᠤ︾ | ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠠᠤᠯᠢ ᠴᠠᠭᠠᠵᠠ ᠲᠦᠭᠡᠮᠡᠯᠵᠢᠭᠦᠯᠬᠦ ᠠᠵᠢᠯ ᠤᠨ ᠪᠣᠳᠠᠲᠤ ᠦᠷ᠎ᠡ | ᠪᠦᠲᠦᠮᠵᠢ ᠶᠢ ᠳᠡᠭᠡᠭᠰᠢᠯᠡᠭᠦᠯᠪᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢᠯᠡᠳᠲᠡ ᠦᠷ᠎ᠡ | ᠪᠦᠲᠦᠮᠵᠢ ᠣᠯᠵᠤ᠂ ᠮᠠᠨ ᠤ ᠬᠤᠰᠢᠭᠤ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ | ᠦᠵᠡᠭᠦᠯᠬᠦ ᠬᠤᠰᠢᠭᠤ ᠪᠠᠷ ᠦᠨᠡᠯᠡᠭᠳᠡᠵᠦ᠂ ᠬᠤᠪᠢᠰᠬᠠᠯᠲᠤ ᠨᠥᠬᠦᠷ ᠪᠦᠬᠦ ᠤᠯᠤᠰ ᠤᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠪᠢ ᠬᠥᠮᠦᠨ ᠢᠶᠠᠷ ᠦᠨᠡᠯᠡᠭᠳᠡᠪᠡ᠃ | ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠪᠠᠭᠠᠴᠤᠳ᠂ | ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠤᠯᠠᠭᠠᠨ ᠵᠠᠭᠠᠯᠮᠠᠢᠲᠠᠨ᠂ ᠰᠢᠨᠵᠢᠯᠡᠬᠦ ᠤᠬᠠᠭᠠᠨ ᠮᠡᠷᠭᠡᠵᠢᠯ ᠤᠨ | ᠨᠡᠶᠢᠭᠡᠮᠯᠢᠭ ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢ ᠢᠳᠡᠪᠬᠢᠲᠡᠢ ᠳᠠᠮᠵᠢᠵᠤ | ᠂ ᠤᠯᠤᠰ ᠤᠨ ᠪᠠᠲᠤᠯᠠᠨ ᠬᠠᠮᠠᠭᠠᠯᠠᠯᠲᠠ ᠳᠤ ᠳᠠᠶᠢᠴᠢᠯᠠᠬᠤ᠂ ᠬᠤᠶᠠᠷ ᠢ ᠬᠦᠷᠢᠶᠡᠯᠡᠵᠦ ᠬᠠᠷᠠᠭᠠᠯᠵᠠᠬᠤ᠂ | ᠦᠨᠳᠦᠰᠦᠲᠡᠨ ᠂ ᠭᠠᠵᠠᠷ ᠬᠥᠳᠡᠯᠦᠯᠲᠡ ᠴᠠᠭ ᠠᠭᠤᠷ᠂ ᠳᠠᠩᠰᠠ ᠡᠪᠬᠡᠮᠡᠯ ᠲᠡᠤᠬᠡ ᠣᠶᠢᠯᠠᠯᠭ᠎ᠠ ᠵᠡᠷᠭᠡ ᠠᠵᠢᠯ ᠢ | ᠲᠠᠰᠤᠷᠠᠯᠲᠠ ᠦᠭᠡᠢ ᠴᠢᠩᠭᠠᠳᠬᠠᠵᠤ᠂ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ᠂ ᠨᠠᠰᠤᠲᠠᠶᠢᠴᠤᠳ ᠪᠣᠯᠤᠨ | ᠵᠡᠮᠳᠡᠭᠴᠦᠳ ᠤᠨ ᠠᠵᠢᠯ ᠦᠢᠯᠡᠰ ᠰᠢᠨ᠎ᠡ ᠳᠠᠪᠰᠢᠯᠲᠠ ᠲᠠᠢ ᠪᠣᠯᠵᠤ᠂ ᠳᠥᠷᠪᠡᠳᠦᠭᠡᠷ ᠤᠳᠠᠭᠠᠨ ᠤ ᠪᠦᠬᠦ ᠤᠯᠤᠰ ᠤᠨ | ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠦᠬᠦ ᠲᠠᠯ᠎ᠠ ᠪᠠᠷ ᠪᠡᠶᠡᠯᠡᠭᠦᠯᠪᠡ᠃ | ︵ ᠨᠠᠢᠮᠠ︶ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠠᠯ᠎ᠠ ᠪᠠᠷ ᠳᠠᠭᠤᠷᠢᠶᠠᠯ ᠪᠣᠯᠵᠤ᠂ ᠵᠠᠰᠠᠭ ᠤᠨ | ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠪᠠ | ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢᠶᠠᠷ ᠲᠡᠮᠡᠴᠡᠬᠦ ᠬᠠᠷᠠᠯᠲᠠ ᠪᠠᠨ | ᠣᠯᠭᠠᠨ᠂ ᠣᠯᠠᠨ ᠲᠦᠮᠡᠨ ᠤ ᠬᠠᠨᠤᠮᠵᠢᠲᠠᠶ ᠡᠰᠡᠬᠦ ᠶᠢ ᠠᠵᠢᠯ ᠤᠨ ᠴᠢᠬᠤᠯᠠ ᠦᠨᠡᠯᠡᠯᠲᠡ ᠶᠢᠨ ᠪᠠᠷᠢᠮᠵᠢᠶ᠎ᠠ ᠪᠣᠯᠭᠠᠵᠤ᠂ | ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠪᠠ᠃ | ᠲᠣᠰ ᠪᠡᠶ᠎ᠡ ᠶᠢᠨ ᠪᠠᠶᠢᠭᠤᠯᠤᠯᠲᠠ ᠲᠠᠰᠤᠷᠠᠯᠲᠠ ᠥᠬᠡᠶ ᠴᠢᠩᠭᠠᠷᠠᠪᠠ᠃ ᠤᠯᠤᠰ ᠲᠥᠷᠥ ᠶᠢᠨ | ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ | ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠤᠬᠠᠮᠰᠠᠷ ᠠᠴᠠ ᠪᠠᠨ ᠪᠡᠶᠡᠯᠡᠭᠦᠯᠵᠦ᠂ | ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠲᠦᠷᠢᠮ ᠢ ᠵᠢᠷᠤᠮᠯᠠᠬᠤ ᠶᠢ ᠢᠮᠠᠭᠲᠠ | ᠲᠡᠷᠢᠭᠦᠨ ᠪᠠᠶᠢᠷᠢᠨ ᠳᠤ ᠲᠠᠯᠪᠢᠪᠠ᠃ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠢ | ᠲᠠᠰᠤᠷᠠᠯᠲᠠ ᠦᠭᠡᠢ ᠴᠢᠩᠭᠠᠳᠬᠠᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠴᠢᠩᠳᠠᠯᠠᠵᠤ᠂ | ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ᠂ ᠲᠦᠷᠦ ᠶᠢᠨ ᠪᠤᠳᠤᠯᠭ᠎ᠠ᠂ ᠬᠠᠤᠯᠢ | ᠲᠣᠭᠲᠠᠭᠠᠯ᠂ ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ ᠶᠢ ᠳᠦᠷᠢᠮᠵᠢᠭᠦᠯᠵᠦ᠂ ᠪᠠᠶᠢᠩᠭᠤᠵᠢᠭᠤᠯᠬᠤ ᠶᠢ | ᠪᠠᠷᠢᠮᠲᠠᠯᠠᠪᠠ᠃ ᠦᠨᠳᠦᠰᠦᠨ ᠱᠠᠲᠤᠨ ᠤ ᠪᠠᠶᠢᠴᠠᠭᠠᠨ ᠰᠤᠳᠤᠯᠤᠯᠲᠠ ᠶᠢ ᠴᠢᠩᠭᠠᠳᠬᠠᠵᠤ᠂ ᠠᠵᠢᠯ ᠤᠨ ᠶᠠᠰᠤ | ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ᠃ ᠬᠥᠮᠦᠨ ᠬᠡᠷᠡᠭᠯᠡᠬᠦ ᠢᠯᠡ ᠲᠣᠳᠣ | ᠤᠳᠤᠷᠢᠳᠤᠮᠵᠢ ᠶᠢ ᠪᠤᠢ ᠪᠣᠯᠭᠠᠵᠤ᠂ ᠺᠠᠳ᠋ᠷ ᠤᠨ ᠠᠵᠢᠯ ᠬᠢᠵᠦ ᠦᠢᠯᠡᠰ ᠪᠤᠰᠬᠠᠬᠤ ᠠᠭᠤᠷ ᠠᠮᠢᠰᠬᠤᠯ ᠨᠡᠩ ᠭᠦᠨ | ᠵᠤᠵᠠᠭᠠᠨ ᠪᠣᠯᠪᠠ᠃ ᠦᠵᠡᠯ ᠤᠬᠠᠮᠰᠠᠷ ᠤᠨ ᠬᠡᠯᠪᠡᠷᠢ ᠶᠢᠨ ᠬᠠᠷᠢᠭᠤᠴᠠᠯᠭ᠎ᠠ ᠶᠢᠨ ᠳᠦᠷᠢᠮ ᠢ ᠭᠦᠨᠵᠡᠭᠡᠢ | ᠲᠤᠭᠤᠰᠢᠯᠠᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠭᠤᠣᠯ ᠵᠢᠭᠰᠠᠭᠠᠯ ᠤᠨ ᠭᠠᠵᠠᠷ ᠢ ᠪᠠᠲᠤᠲᠠᠢ ᠡᠵᠡᠯᠡᠪᠡ ᠃ | | ᠡᠷᠬᠡ ᠶᠢᠨ ᠠᠵᠢᠯᠯᠠᠭᠠᠨ ᠢ ᠤᠯᠠᠮ ᠳᠦᠷᠢᠮᠵᠢᠭᠦᠯᠪᠡ᠃ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠢᠩᠭᠤ ᠶᠢᠨ ᠬᠤᠷᠢᠶ᠎ᠠ᠂ ᠬᠤᠰᠢᠭᠤᠨ ᠤ ᠤᠯᠤᠰ ᠲᠥᠷᠦ ᠶᠢᠨ | ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠶᠢ 86 ᠬᠤᠪᠢ᠂ ᠤᠯᠤᠰ ᠲᠥᠷᠦ ᠶᠢᠨ | ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ 58 ᠬᠤᠪᠢ ᠭᠦᠢᠴᠡᠳᠬᠡᠵᠦ᠂ ᠵᠠᠰᠠᠭ ᠤᠨ ᠣᠷᠳᠣᠨ ᠤ | ᠠᠵᠢᠯ ᠢ ᠨᠠᠩ ᠰᠢᠨᠵᠢᠯᠡᠬᠦ ᠤᠬᠠᠭᠠᠨᠴᠢ ᠠᠷᠠᠳᠴᠢᠯᠠᠯ ᠲᠠᠢ ᠪᠣᠯᠭᠠᠪᠠ᠃ ︽ᠭᠤᠷᠪᠠᠨ ᠴᠢᠬᠤᠯᠠ ᠨᠢᠭᠡ ᠶᠡᠭᠡ︾ ᠶᠢᠨ | ᠳᠦᠷᠢᠮ ᠢ ᠴᠢᠩᠭ᠎ᠠ ᠬᠡᠷᠡᠭᠵᠢᠭᠦᠯᠵᠦ᠂ ᠵᠠᠰᠠᠭ ᠤᠨ ᠣᠷᠳᠣᠨ ᠬᠤᠳᠠᠯᠳᠤᠨ ᠠᠪᠬᠤ᠂ ᠪᠡᠯᠡ ᠣᠷᠣᠭᠤᠯᠤᠯᠲᠠ ᠶᠢ | ᠬᠢᠨᠠᠨ ᠲᠣᠭᠲᠠᠭᠠᠬᠤ᠂ ᠲᠥᠰᠥᠯ ᠤᠨ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠵᠡᠷᠭᠡ ᠳᠦᠷᠢᠮ ᠠᠷᠭ᠎ᠠ ᠶᠢ | ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠡᠷᠴᠢᠮ ᠢᠶᠠᠨ ᠴᠢᠩᠭᠠᠷᠠᠭᠤᠯᠤᠨ᠂ ᠵᠠᠰᠠᠭ ᠤᠨ | ᠣᠷᠳᠣᠨ ᠤ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠪᠡ᠃ ᠬᠠᠤᠯᠢ ᠪᠠᠷ ᠵᠠᠰᠠᠬᠤ | ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠭᠥᠯᠢᠶᠡᠨ ᠠᠪᠴᠤ ᠰᠢᠢᠳᠪᠦᠷᠢᠯᠡᠬᠦ ᠲᠥᠪ ᠢ | ᠪᠠᠶᠢᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠡᠮᠬᠢ ᠵᠢᠷᠤᠮ ᠲᠠᠢ ᠠᠬᠢᠭᠤᠯᠪᠠ᠃ | ᠰᠤᠷᠲᠠᠯ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠪᠠ᠃ ᠨᠠᠮ ᠢ ᠪᠥᠬᠦ ᠲᠠᠯ᠎ᠠ ᠪᠠᠷ ᠴᠢᠩᠭ᠎ᠠ | ᠵᠠᠰᠠᠬᠤ ᠶᠢ ᠪᠠᠷᠢᠮᠲᠠᠯᠠᠵᠤ᠂ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ | ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠳᠦᠷᠢᠮᠵᠢᠭᠦᠯᠬᠦ ᠶᠢ ᠠᠬᠢᠭᠤᠯᠪᠠ᠃ ︽ᠣᠭ ᠰᠠᠨᠠᠭ᠎ᠠ ᠪᠠᠨ ᠥᠯᠥ | ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠴᠢᠨᠠᠷ ᠰᠠᠶᠢᠲᠠᠶ | ᠥᠷᠨᠢᠭᠦᠯᠵᠦ᠂ ᠠᠰᠠᠭᠤᠳᠠᠯ ᠳᠤ ᠰᠢᠭᠤᠳ ᠬᠠᠨᠳᠤᠵᠤ᠂ ᠲᠦᠢᠯ ᠤᠨ ᠣᠨᠣᠪᠴᠢᠲᠠᠶ ᠪᠠᠷ ᠴᠡᠭᠴᠡᠯᠡᠨ ᠰᠠᠶᠢᠵᠢᠷᠠᠭᠤᠯᠵᠤ | ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠥᠪᠡᠷ ᠢ ᠪᠠᠨ ᠴᠡᠪᠡᠷᠰᠢᠭᠦᠯᠬᠦ᠂ ᠥᠪᠡᠷ ᠢ ᠪᠠᠨ | ᠲᠡᠭᠦᠯᠳᠡᠷᠵᠢᠭᠦᠯᠬᠦ᠂ ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ ᠳᠡᠭᠡᠭᠰᠢᠯᠡᠭᠦᠯᠬᠦ ᠴᠢᠳᠠᠪᠤᠷᠢ ᠶᠢ ᠲᠠᠰᠤᠷᠠᠯᠲᠠ ᠥᠬᠡᠶ | ᠳᠡᠭᠡᠭᠰᠢᠯᠡᠭᠦᠯᠪᠡ᠃ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠣᠨ ᠤ ᠠᠵᠢᠯᠯᠠᠭ᠎ᠠ ᠶᠢ ᠯᠠᠪᠳᠠᠭᠤᠨ | ᠪᠠᠲᠤᠲᠠᠢ ᠥᠷᠨᠢᠭᠦᠯᠵᠦ᠂ ᠵᠠᠰᠠᠭ ᠤᠨ ᠣᠷᠳᠣᠨ ᠤ ᠠᠵᠢᠯ ᠢ ᠨᠠᠩ ᠥᠨᠳᠥᠷ ᠪᠦᠲᠦᠮᠵᠢᠲᠡᠢ ᠪᠣᠯᠭᠠᠪᠠ᠃ ᠨᠠᠮ ᠤᠨ | ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠬᠢᠨᠠᠮᠠᠭᠠᠶ | ᠨᠠᠢᠳᠠᠪᠤᠷᠢᠵᠢᠭᠤᠯᠬᠤ᠂ ᠲᠥᠪ ᠤᠨ ᠨᠠᠢᠮᠠᠨ ᠵᠤᠷᠪᠤᠰ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ | ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ | ᠬᠤᠷᠢᠶᠠᠨ ᠤ ᠲᠦᠬᠦᠷᠵᠢᠭᠰᠡᠨ ᠠᠷᠭ᠎ᠠ ᠶᠢ ᠡᠷᠡᠰ ᠲᠤᠭᠤᠰᠢᠯᠠᠭᠤᠯᠪᠠ ᠃ ︽ᠳᠥᠷᠪᠡᠨ ᠨᠣᠶᠠᠨ︾ ᠤ ᠠᠰᠠᠭᠤᠳᠠᠯ ᠢ | ᠭᠦᠨᠵᠡᠭᠡᠶ ᠴᠡᠭᠴᠡᠯᠡᠨ ᠵᠠᠰᠠᠵᠤ᠂ ︽ᠳᠥᠷᠪᠡᠨ ᠰᠤᠷᠲᠠᠯ︾ ᠢ ᠰᠢᠨᠲᠠᠷᠠᠰᠢ ᠦᠭᠡᠢ ᠵᠠᠯᠠᠷᠠᠭᠤᠯᠵᠤ᠂ ᠰᠤᠷᠲᠠᠯ ᠴᠢᠬᠡᠴᠢ | ᠣᠪᠣᠷ ᠲᠥᠪ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠪᠠ᠃ | ᠲᠥᠯᠥᠭᠡᠯᠡᠭᠴᠢᠳ ᠡ᠂ ᠥᠩᠭᠡᠷᠡᠭᠴᠢ ᠨᠢᠭᠡ ᠵᠢᠯ ᠪᠣᠯ ᠪᠠᠭᠠᠷᠢᠨ ᠪᠠᠷᠠᠭᠤᠨ ᠬᠤᠰᠢᠭᠤ ᠬᠦᠴᠢᠷ | ᠪᠡᠷᠬᠡ ᠶᠢ ᠢᠯᠠᠨ ᠳᠠᠪᠠᠵᠤ᠂ ᠥᠷᠢᠰᠦᠯᠳᠦᠨ ᠲᠡᠮᠡᠴᠡᠭᠰᠡᠨ ᠨᠢᠭᠡ ᠵᠢᠯ ᠮᠥᠨ᠃ ᠮᠥᠨ ᠴᠦ ᠬᠦᠴᠦᠯᠡᠨ ᠴᠢᠷᠮᠠᠶᠢᠵᠤ | ᠠᠮᠵᠢᠯᠲᠠ ᠪᠦᠲᠦᠮᠵᠢ ᠣᠯᠣᠭᠰᠠᠨ ᠨᠢᠭᠡ ᠵᠢᠯ ᠶᠤᠮ᠃ ᠡᠳᠡᠭᠡᠷ ᠠᠮᠵᠢᠯᠲᠠ ᠶᠢ ᠪᠢᠳᠡ ᠬᠠᠨᠴᠤᠶ ᠰᠢᠮᠠᠯᠠᠨ | ᠠᠵᠢᠯᠯᠠᠵᠤ ᠪᠠᠶᠢᠵᠤ ᠣᠯᠣᠭᠰᠠᠨ ᠶᠤᠮ᠃ ᠬᠥᠯᠥᠰᠥ ᠪᠠᠨ ᠤᠷᠤᠰᠬᠠᠨ ᠲᠡᠮᠡᠴᠡᠵᠦ ᠪᠠᠶᠢᠮᠠᠨᠵᠢᠨ ᠣᠯᠣᠭᠰᠠᠨ ᠶᠤᠮ᠃ | ᠡᠨᠡ ᠪᠣᠯ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠣᠭᠤᠷᠢᠨ ᠪᠠᠶᠢᠴᠠᠭᠠᠬᠤ ᠦᠶ᠎ᠡ ᠶᠢᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠪᠣᠳᠠᠲᠠᠶ | ᠨᠠᠶᠢᠳᠠᠪᠤᠷᠢᠵᠢᠭᠤᠯᠤᠭᠰᠠᠨ ᠤ ᠦᠷ᠎ᠡ ᠳ᠋ᠦᠩ ᠮᠥᠨ᠃ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ | ᠣᠷᠳᠣᠨ ᠪᠠ ᠬᠤᠰᠢᠭᠤᠨ ᠨᠠᠮ ᠤᠨ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠪᠠᠷ | ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠦᠷ᠎ᠡ ᠳ᠋ᠦᠩ ᠮᠥᠨ᠃ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ | ᠡᠲᠡᠭᠡᠳ ᠤᠨ ᠪᠥᠬᠦ ᠲᠠᠯ᠎ᠠ ᠪᠠᠷ ᠬᠢᠨᠠᠯᠲᠠ ᠲᠠᠯᠪᠢᠵᠤ᠂ ᠬᠦᠴᠦᠲᠡᠶ ᠳᠡᠮᠵᠢᠭᠰᠡᠨ ᠤ ᠦᠷ᠎ᠡ ᠳ᠋ᠦᠩ ᠮᠥᠨ᠃ ᠪᠥᠬᠦ | ᠬᠤᠰᠢᠭᠤᠨ ᠤ ᠠᠷᠠᠳ ᠲᠦᠮᠡᠨ ᠪᠦᠯᠬᠦᠮᠳᠡᠨ ᠪᠣᠳᠠᠲᠠᠶ ᠠᠵᠢᠯᠯᠠᠵᠤ᠂ ᠮᠡᠷᠡᠶᠢᠨ ᠵᠢᠳᠬᠦᠭᠰᠡᠨ ᠤ ᠦᠷ᠎ᠡ ᠳ᠋ᠦᠩ ᠮᠥᠨ᠃ | ᠠᠳᠡ᠂ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ᠂ ᠪᠦᠬᠦ | ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠳᠤ᠂ | ᠪᠠᠭᠠᠷᠢᠨ ᠪᠠᠷᠠᠭᠤᠨ ᠬᠤᠰᠢᠭᠤᠨ ᠤ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠰᠡᠨ | ᠪᠦᠬᠦ ᠨᠥᠬᠦᠳ᠂ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ | ᠳᠡᠪᠰᠢᠭᠦᠯᠦᠶ᠎ᠡ︕ | ᠠᠮᠵᠢᠯᠲᠠ ᠪᠦᠲᠦᠮᠵᠢ ᠪᠠᠨ ᠨᠤᠲᠠᠯᠠᠬᠤ ᠶᠢᠨ ᠬᠠᠮᠲᠤ᠂ ᠪᠢᠳᠡ ᠪᠥᠬᠦ ᠬᠤᠰᠢᠭᠤᠨ ᠤ ᠠᠵᠤ ᠠᠬᠤᠶ | ᠨᠡᠶᠢᠭᠡᠮ ᠤᠨ ᠬᠥᠭᠵᠢᠯᠲᠡ ᠳᠤ ᠪᠠᠰᠠ ᠵᠠᠷᠢᠮ ᠠᠰᠠᠭᠤᠳᠠᠯ ᠪᠠ ᠬᠦᠷᠦᠯᠴᠡᠬᠦ ᠥᠬᠡᠶ ᠲᠠᠯ᠎ᠠ ᠣᠷᠣᠰᠢᠵᠤ ᠪᠠᠶᠢᠬᠤ ᠶᠢ | ᠰᠡᠷᠭᠡᠭ ᠢᠶᠠᠷ ᠣᠯᠵᠤ ᠬᠠᠷᠠᠪᠠ ᠃ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠬᠤ ᠲᠠᠯ᠎ᠠ ᠠᠴᠠ ᠦᠵᠡᠪᠡᠯ᠂ ᠠᠵᠤ | ᠠᠬᠤᠶ ᠶᠢᠨ ᠶᠡᠷᠦᠩᠬᠡᠢ ᠬᠡᠮᠵᠢᠶ᠎ᠡ ᠪᠠᠭ᠎ᠠ᠂ ᠬᠥᠳᠡᠯᠭᠡᠬᠦ ᠡᠨᠧᠷᠭᠢ ᠶᠢᠨ ᠰᠣᠯᠢᠭᠳᠠᠯ ᠤᠳᠠᠭᠠᠨ᠂ ᠠᠮᠢ ᠠᠬᠤᠶ ᠶᠢ | ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠭᠦᠯᠬᠦ ᠠᠷᠭ᠎ᠠ ᠵᠠᠮ ᠢ ᠴᠢᠨᠠᠭᠰᠢᠲᠠ ᠰᠦᠪᠡᠭᠴᠢᠯᠡᠬᠦ ᠴᠢᠬᠤᠯᠠᠲᠠᠶ | ᠪᠠᠶᠢᠨ᠎ᠠ᠃ ᠬᠥᠭᠵᠢᠯᠲᠡ ᠶᠢᠨ ᠨᠥᠭᠡᠴᠡ ᠬᠦᠴᠦᠨ ᠠᠴᠠ ᠦᠵᠡᠪᠡᠯ᠂ ᠠᠵᠤ ᠦᠢᠯᠡᠰ ᠤᠨ ᠪᠦᠲᠦᠴᠡ | ᠰᠢᠯᠢᠳᠡᠭᠵᠢᠭᠡᠳᠦᠢ᠂ ᠲᠥᠰᠥᠯ ᠤᠨ ᠲᠤᠯᠭᠠᠭᠤᠷᠢᠯᠠᠬᠤ ᠬᠦᠴᠦᠨ ᠰᠤᠯᠠ᠂ ᠬᠥᠭᠵᠢᠯᠲᠡ ᠶᠢᠨ ᠬᠥᠳᠡᠯᠭᠡᠬᠦ ᠬᠦᠴᠦᠨ | ᠬᠦᠷᠦᠯᠴᠡᠬᠦ ᠦᠭᠡᠢ ᠪᠠᠶᠢᠬᠤ ᠵᠡᠷᠭᠡ ᠡᠯᠧᠮᠧᠨ᠋ᠲ ᠤᠨ ᠬᠢᠵᠠᠭᠠᠷᠯᠠᠯ ᠬᠠᠷᠠᠬᠠᠨ ᠣᠷᠣᠰᠢᠭᠰᠠᠭᠠᠷ ᠪᠠᠶᠢᠨ᠎ᠠ ᠃ ᠬᠤᠲᠠ | ᠬᠥᠳᠡᠭᠡ ᠶᠢ ᠨᠢᠭᠡᠳᠦᠯᠲᠡᠶ ᠲᠥᠯᠥᠪᠵᠢᠭᠦᠯᠬᠦ ᠠᠴᠠ ᠦᠵᠡᠪᠡᠯ᠂ ᠣᠷᠣᠨ ᠪᠦᠰᠡ ᠶᠢᠨ ᠬᠥᠭᠵᠢᠯᠲᠡ ᠵᠣᠬᠢᠴᠠᠩᠭᠤᠶ | ᠪᠤᠰᠤ ᠂ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠬᠠᠷᠢᠴᠠᠩᠭᠤᠶ ᠬᠤᠴᠣᠷᠤᠩᠭᠤᠶ ᠂ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢ ᠪᠠᠬᠢᠵᠢᠭᠦᠯᠦᠨ ᠳᠡᠭᠡᠭᠰᠢᠯᠡᠭᠦᠯᠬᠦ ᠪᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠠᠶᠢᠭᠤᠯᠬᠤ ᠳᠤ ᠮᠥᠨ ᠬᠦ ᠬᠦᠴᠦᠯᠡᠬᠦ ᠴᠢᠬᠤᠯᠠᠲᠠᠶ ᠪᠠᠶᠢᠨ᠎ᠠ ᠃ ᠥᠭᠡᠷᠡᠴᠢᠯᠡᠯᠲᠡ ᠰᠢᠨᠡᠴᠢᠯᠡᠯᠲᠡ ᠶᠢᠨ ᠲᠠᠯ᠎ᠠ ᠠᠴᠠ | ᠦᠵᠡᠪᠡᠯ᠂ ᠰᠢᠨᠡᠴᠢᠯᠡᠯᠲᠡ ᠶᠢᠨ ᠴᠢᠳᠠᠪᠤᠷᠢ ᠬᠦᠷᠦᠯᠴᠡᠬᠦ ᠦᠭᠡᠢ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠬᠥᠭᠵᠢᠯᠲᠡ ᠬᠤᠴᠣᠷᠤᠩᠭᠤᠢ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠮᠥᠨ ᠰᠢᠯᠢᠳᠡᠭᠵᠢᠭᠦᠯᠬᠦ | ᠴᠢᠬᠤᠯᠠᠲᠠᠢ ᠪᠠᠶᠢᠨ᠎ᠠ᠃ ᠨᠡᠶᠢᠭᠡᠮ ᠤᠨ ᠬᠥᠭᠵᠢᠯᠲᠡ ᠠᠴᠠ ᠦᠵᠡᠪᠡᠯ᠂ ᠰᠠᠭᠤᠷᠢ ᠲᠥᠬᠦᠭᠡᠷᠦᠮᠵᠢ ᠪᠣᠯᠤᠨ ᠠᠷᠠᠳ ᠤᠨ | ᠠᠮᠢᠳᠤᠷᠠᠯ ᠤᠨ ᠥᠷᠢ ᠰᠢᠷᠢ ᠨᠡᠯᠢᠶᠡᠳ ᠤᠯᠠᠨ ᠪᠠᠶᠢᠵᠤ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ | ᠠᠰᠠᠷᠠᠮᠵᠢ ᠵᠡᠷᠭᠡ ᠰᠢᠯᠢᠳᠡᠭ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠪᠠᠰᠠ ᠭᠦᠢᠴᠡᠳ ᠪᠤᠰᠤ ᠪᠠᠶᠢᠨ᠎ᠠ | ᠃ ᠵᠠᠰᠠᠭ ᠤᠨ ᠣᠷᠳᠣᠨ ᠤ ᠲᠤᠰ ᠪᠡᠶ᠎ᠡ ᠠᠴᠠ ᠠᠪᠴᠤ ᠦᠵᠡᠪᠡᠯ᠂ ᠴᠥᠭᠡᠨ ᠲᠣᠭᠠᠨ ᠤ ᠺᠠᠳ᠋ᠷ ᠤᠨ ᠤᠶᠤᠨ | ᠰᠠᠨᠠᠭᠠᠨ ᠤ ᠪᠠᠶᠢᠳᠠᠯ ᠰᠠᠶᠢᠨ ᠪᠢᠰᠢ᠂ ᠠᠵᠢᠯ ᠤᠨ ᠦᠷ᠎ᠡ ᠪᠦᠲᠦᠮᠵᠢ ᠳᠣᠣᠷ᠎ᠠ᠂ ᠡᠭᠦᠷᠭᠡᠯᠡᠬᠦ ᠤᠬᠠᠮᠰᠠᠷ ᠪᠠ | ᠴᠢᠳᠠᠪᠤᠷᠢ ᠶᠢᠨ ᠲᠥᠪᠰᠢᠨ ᠢ ᠴᠢᠩᠭᠠᠳᠬᠠᠬᠤ ᠴᠢᠬᠤᠯᠠᠲᠠᠶ ᠪᠠᠶᠢᠨ᠎ᠠ᠃ ᠡᠭᠦᠨ ᠢ ᠪᠢᠳᠡ ᠯᠠᠪᠲᠠᠶ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠰᠢᠢᠳᠪᠦᠷᠢᠯᠡᠨ᠎ᠡ᠃ | | |