ᠵᠠᠰᠠᠭ ᠤᠨ ᠣᠷᠳᠣᠨ ᠤ ᠠᠵᠢᠯ ᠤᠨ ᠢᠯᠡᠳᠬᠡᠯ  ︵ᠲᠥᠰᠥᠯ︶ (ᠬᠤᠶᠠᠷ︶
ᠨᠡᠶᠢᠲᠡᠯᠡᠭᠰᠡᠨ ᠴᠠᠭ᠄
2020/5/29
      ᠬᠤᠶᠠᠷ᠂ 2020 ᠣᠨ ᠤ  ᠠᠵᠢᠯ ᠤᠨ ᠲᠣᠬᠢᠷᠠᠭᠤᠯᠤᠯᠲᠠ       ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ  ᠲᠤᠭᠤᠰᠢᠯᠠᠭᠤᠯᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ  ᠪᠠᠶᠢᠷᠢᠯᠠᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠳᠥᠷᠪᠡᠨ ᠪᠥᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ  ᠠᠬᠢᠭᠤᠯᠵᠤ᠂ ᠲᠣᠭᠲᠠᠭᠤᠨ ᠤ ᠳᠤᠮᠳᠠ  ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠨ᠂  ᠰᠢᠨ᠎ᠡ ᠬᠥᠭᠵᠢᠯᠲᠡ ᠶᠢᠨ  ᠦᠵᠡᠯᠲᠡ ᠶᠢ ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠂ ᠭᠤᠷᠪᠠᠨ ᠶᠡᠭᠡ ᠰᠢᠪᠲᠤᠯᠤᠯᠲᠠ ᠶᠢᠨ ᠢᠯᠠᠯᠲᠠ ᠶᠢ ᠡᠷᠡᠰ ᠲᠡᠮᠡᠴᠡᠨ ᠣᠯᠵᠤ᠂ ︽ᠵᠢᠷᠭᠤᠭᠠᠨ ᠲᠣᠭᠲᠠᠭᠤᠨ︾ ᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂  ᠡᠷᠡᠰᠳᠡᠯ ᠢ ᠰᠡᠷᠭᠡᠶᠢᠯᠡᠬᠦ᠂ ᠲᠣᠭᠲᠠᠭᠤᠨ  ᠢ ᠪᠠᠲᠤᠯᠠᠬᠤ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠪᠠ  ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠠᠮᠵᠢᠯᠲᠠ ᠲᠠᠢ ᠲᠡᠭᠦᠰᠬᠡᠬᠦ ᠶᠢ ᠪᠠᠲᠤᠯᠠᠨ᠎ᠠ᠃       ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 5% ᠪᠠᠷ ᠨᠡᠮᠡᠭᠳᠡᠭᠦᠯᠦᠨ᠎ᠡ  ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠠᠴᠠ ᠨᠢᠭᠡ ᠯᠡ ᠤᠳᠠᠭ᠎ᠠ ᠶᠢᠨ  ᠰᠢᠨᠵᠢ ᠲᠠᠢ ᠣᠷᠣᠯᠭ᠎ᠠ  ᠶᠢ ᠬᠠᠰᠤᠭᠠᠳ᠂ ᠠᠳᠠᠯᠢ ᠬᠤᠭᠤᠴᠠᠭᠠᠨ ᠤ ᠬᠢ ᠠᠴᠠ 6.8% ᠠᠴᠠ ᠳᠡᠭᠡᠭᠰᠢ ᠨᠡᠮᠡᠭᠳᠡᠭᠦᠯᠦᠨ᠎ᠡ᠃ ᠬᠡᠪᠴᠢᠶᠡᠵᠢᠯ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 6.5% ᠪᠠᠷ  ᠨᠡᠮᠡᠭᠳᠡᠭᠦᠯᠦᠨ᠎ᠡ᠃ ᠨᠡᠶᠢᠭᠡᠮ ᠤᠨ ᠬᠡᠷᠡᠭᠯᠡᠭᠡᠨ ᠤ  ᠵᠦᠢᠯ  ᠢ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠶᠢ 7% ᠪᠠᠷ ᠨᠡᠮᠡᠭᠳᠡᠭᠦᠯᠦᠨ᠎ᠡ᠃ ᠬᠤᠳᠠ ᠬᠥᠳᠡᠭᠡ ᠶᠢᠨ ᠪᠠᠶᠢᠩᠭᠤ  ᠶᠢᠨ ᠰᠠᠭᠤᠭᠠᠯᠢ ᠠᠷᠠᠳ ᠤᠨ ᠭᠠᠷ ᠲᠤ ᠣᠷᠣᠭᠰᠠᠨ ᠳᠤᠮᠳᠠᠴᠢ ᠣᠷᠣᠯᠭ᠎ᠠ ᠶᠢ ᠲᠤᠰ ᠲᠤᠰ 7.5% ᠪᠠ 9% ᠪᠠᠷ ᠨᠡᠮᠡᠭᠳᠡᠭᠦᠯᠦᠨ᠎ᠡ᠃ ᠳᠡᠭᠡᠳᠦ ᠱᠠᠲᠤᠨ ᠠᠴᠠ ᠪᠠᠭᠤᠯᠭᠠᠭᠰᠠᠨ ᠪᠤᠰᠤᠳ ᠬᠢᠵᠠᠭᠠᠷᠯᠠᠬᠤ ᠴᠢᠨᠠᠷᠲᠠᠶ ᠭᠦᠢᠴᠡᠳᠬᠡᠬᠦ ᠲᠤᠭ᠎ᠠ ᠶᠢ ᠪᠡᠶᠡᠯᠡᠭᠦᠯᠦᠨ᠎ᠡ᠃        ᠵᠢᠯ ᠤᠨ ᠡᠬᠢᠨ ᠠᠴᠠ ᠨᠠᠰᠢ  ᠂ ᠭᠡᠨᠡᠳᠲᠡ ᠡᠭᠦᠰᠦᠭᠰᠡᠨ ᠰᠢᠨ᠎ᠡ ᠲᠢᠲᠢᠮᠯᠢᠭ ᠠᠭᠤᠰᠬᠢᠨ ᠤ ᠥᠷᠪᠢᠰᠦᠯ ᠤᠨ ᠬᠢᠵᠢᠭ ᠤᠨ ᠪᠠᠶᠢᠳᠠᠯ ᠪᠦᠬᠦ ᠤᠯᠤᠰ ᠢ ᠬᠠᠮᠤᠷᠴᠤ᠂ ᠮᠠᠨ ᠤ ᠬᠤᠰᠢᠭᠤ ᠨᠢ ᠴᠦ ᠬᠢᠵᠢᠭ ᠠᠴᠠ ᠪᠣᠯᠣᠭᠰᠠᠨ ᠨᠣᠴᠢᠲᠠᠢ ᠰᠢᠯᠭᠠᠯᠲᠠ ᠳᠤ ᠲᠤᠯᠭᠠᠷᠠᠪᠠ  ᠃ ᠬᠤᠰᠢᠭᠤ ᠳᠠᠶᠠᠭᠠᠷ ᠢᠶᠠᠨ ᠵᠠᠷᠯᠢᠭ ᠵᠢᠭᠠᠪᠤᠷᠢ ᠶᠢᠨ ᠳᠠᠭᠠᠤ᠂ ᠰᠡᠳᠬᠢᠯ ᠨᠢᠭᠡᠳᠦᠨ ᠴᠢᠷᠮᠠᠶᠢᠵᠤ᠂ ᠬᠢᠵᠢᠭ ᠤᠨ ᠨᠥᠯᠥᠭᠡ ᠶᠢ ᠢᠳᠡᠪᠬᠢᠲᠡᠢ ᠮᠥᠷᠲᠡᠭᠡᠨ ᠠᠮᠵᠢᠯᠲᠠ ᠲᠠᠢ ᠲᠤᠯᠵᠤ᠂ ᠬᠢᠵᠢᠭ ᠢ ᠰᠡᠷᠭᠡᠶᠢᠯᠡᠬᠦ ᠠᠵᠢᠯ ᠤᠨ ᠱᠠᠲᠤ ᠦᠶ᠎ᠡ ᠶᠢᠨ ᠰᠢᠨᠵᠢ ᠲᠠᠢ ᠢᠯᠠᠯᠲᠠ ᠶᠢ ᠣᠯᠪᠠ᠃ ᠣᠳᠣᠬᠠᠨ ᠳᠤ ᠬᠢᠵᠢᠭ ᠤᠨ ᠪᠠᠶᠢᠳᠠᠯ ᠮᠥᠨ ᠯᠡ ᠦᠷᠬᠦᠯᠵᠢᠯᠡᠵᠦ᠂ ᠬᠢᠯᠢ ᠶᠢᠨ ᠭᠠᠳᠠᠨᠠᠬᠢ ᠬᠢᠵᠢᠭ ᠤᠨ ᠪᠠᠶᠢᠳᠠᠯ ᠥᠳᠲᠡᠷ ᠥᠷᠭᠡᠵᠢᠨ ᠲᠠᠷᠬᠠᠬᠤ ᠬᠠᠨᠳᠤᠰᠢ ᠲᠠᠢ ᠪᠠᠶᠢᠵᠤ᠂ ᠭᠠᠳᠠᠨ᠎ᠠ ᠠᠴᠠ ᠢᠷᠡᠬᠦ ᠳᠠᠷᠤᠯᠲᠠ ᠦᠷᠬᠦᠯᠵᠢᠯᠡᠨ ᠨᠡᠮᠡᠭᠳᠡᠵᠦ ᠪᠠᠶᠢᠨ᠎ᠠ᠃ ᠪᠢᠳᠡ ᠡᠷᠬᠡᠪᠰᠢ ᠢᠮᠠᠭᠲᠠ ᠬᠢᠨᠠᠮᠠᠭᠠᠢ ᠬᠠᠨᠳᠤᠵᠤ᠂ ᠯᠠᠪᠲᠠᠢ ᠢᠯᠠᠬᠤ ᠢᠲᠡᠭᠡᠯ ᠢᠶᠠᠨ ᠪᠠᠲᠤᠳᠬᠠᠨ᠂ ᠴᠢᠬᠤᠯᠠ ᠬᠡᠰᠡᠭ᠂ ᠴᠢᠬᠤᠯᠠ ᠬᠥᠮᠥᠰ ᠢ ᠳᠠᠷᠤᠨ ᠪᠠᠶᠢᠴᠠᠭᠠᠵᠤ ᠬᠠᠮᠢᠶᠠᠷᠤᠨ ᠡᠵᠡᠮᠳᠡᠬᠦ ᠶᠢ ᠴᠢᠩᠭᠠᠳᠬᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤ ᠶᠢᠨ ᠴᠢᠨᠠᠷ ᠲᠠᠢ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠵᠣᠬᠢᠴᠠᠭᠤᠯᠤᠨ ᠠᠬᠢᠭᠤᠯᠵᠤ᠂ ᠬᠢᠵᠢᠭ ᠢ ᠰᠡᠷᠭᠡᠶᠢᠯᠡᠨ ᠡᠵᠡᠮᠳᠡᠬᠦ ᠠᠷᠠᠳ ᠤᠨ ᠳᠠᠶᠢᠨ᠂ ᠶᠡᠷᠦᠩᠬᠡᠢ  ᠳᠠᠶᠢᠨ᠂ ᠬᠤᠷᠢᠭᠯᠠᠯᠲᠠ ᠶᠢᠨ ᠳᠠᠶᠢᠨ  ᠳᠤ ᠡᠷᠡᠰ ᠢᠯᠠᠬᠤ ᠬᠡᠷᠡᠭᠲᠡᠢ᠃       ᠡᠨᠡ ᠵᠢᠯ ᠤᠨ ᠠᠵᠢᠯ ᠢ ᠰᠠᠶᠢᠲᠤᠷ ᠬᠢᠬᠦ ᠳᠤ᠂ ᠪᠢᠳᠡ ᠣᠳᠣᠬᠠᠨ ᠤ ᠠᠵᠤ ᠠᠬᠤᠶ ᠶᠢᠨ ᠪᠠᠶᠢᠳᠠᠯ ᠳᠤ ᠵᠥᠪ ᠬᠠᠨᠳᠤᠵᠤ᠂ ᠵᠣᠯ ᠵᠢᠷᠭᠠᠯᠲᠤ ᠪᠠᠭᠠᠷᠢᠨ ᠪᠠᠷᠠᠭᠤᠨ ᠬᠤᠰᠢᠭᠤ ᠶᠢ ᠪᠥᠲᠥᠭᠡᠨ ᠪᠠᠶᠢᠭᠤᠯᠬᠤ ᠠᠭᠤᠯᠭ᠎ᠠ ᠶᠢ ᠭᠦᠨᠵᠡᠭᠡᠶ  ᠡᠵᠡᠮᠰᠢᠵᠦ᠂ ︽ᠪᠣᠬᠢᠷᠲᠤᠯ ᠥᠬᠡᠶ ᠪᠠᠭᠠᠷᠢᠨ︾᠂ ︽ᠣᠲᠣ ᠦᠶ᠎ᠡ ᠶᠢᠨ ᠪᠠᠭᠠᠷᠢᠨ︾᠂ ︽ᠰᠣᠶᠣᠯ ᠤᠨ ᠪᠠᠭᠠᠷᠢᠨ︾ ᠂ ︽ᠠᠮᠢᠵᠢᠷᠠᠯ ᠤᠨ ᠬᠦᠴᠦᠨ ᠲᠠᠢ ᠪᠠᠭᠠᠷᠢᠨ︾᠂ ︽ᠡᠶ᠎ᠡ ᠵᠣᠬᠢᠴᠠᠯ ᠲᠠᠢ ᠪᠠᠭᠠᠷᠢᠨ︾ ᠢ ᠴᠣᠭᠴᠠᠯᠠᠬᠤ ᠪᠠᠷ ᠭᠤᠤᠯ ᠪᠣᠯᠭᠠᠭᠰᠠᠨ ᠵᠣᠯ ᠵᠢᠷᠭᠠᠯᠲᠤ ᠪᠠᠭᠠᠷᠢᠨ ᠢ ᠪᠠᠶᠢᠭᠤᠯᠬᠤ ᠳᠤᠮᠳᠠ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠭᠦᠯᠬᠦ  ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠨᠡᠭᠡᠭᠡᠬᠦ ᠬᠡᠷᠡᠭᠲᠡᠶ᠃ ︽ᠲᠣᠭᠲᠠᠭᠤᠨ︾ ᠪᠠ ︽ ᠳᠠᠪᠰᠢᠯᠲᠠ︾  ᠶᠢ ᠡᠵᠡᠮᠳᠡᠨ᠂ ᠬᠦᠴᠢᠷ ᠢ ᠰᠦᠷᠦᠨ ᠤᠷᠤᠭᠰᠢᠯᠠᠵᠤ᠂ ᠪᠠᠶᠢᠯᠳᠤᠬᠤ ᠪᠣᠳᠣᠯᠭ᠎ᠠ ᠶᠢᠨ  ᠬᠦᠴᠦᠨ ᠢᠶᠠᠨ ᠪᠠᠲᠤᠯᠠᠨ᠎ᠠ᠃ ︽ᠬᠡᠯᠪᠡᠷᠢ︾ ᠪᠠ ︽ᠪᠠᠶᠢᠳᠠᠯ︾ ᠨᠢᠭᠡᠳᠬᠡᠬᠦ ᠳᠤᠮᠳᠠ ᠡᠷᠡᠮᠡᠬᠡᠶᠢᠯᠡᠨ ᠤᠷᠤᠭᠰᠢᠯᠠᠵᠤ᠂ ᠵᠠᠪᠠᠯ ᠢᠯᠠᠬᠤ ᠢᠲᠡᠭᠡᠯ ᠢᠶᠠᠨ ᠪᠠᠲᠤᠳᠬᠠᠬᠤ ᠬᠡᠷᠡᠭᠲᠡᠢ᠃ ︽ᠬᠢᠮᠤᠷᠠᠯ︾ ᠪᠣᠯᠤᠨ ︽ᠲᠣᠬᠢᠶᠠᠯ︾ ᠤᠨ ᠰᠣᠯᠢᠭᠳᠠᠯ ᠳᠤᠮᠳᠠ  ᠵᠠᠪᠰᠢᠶᠠᠨ ᠢ ᠡᠵᠡᠮᠳᠡᠨ᠂ ᠰᠠᠨᠠᠭᠠᠴᠢᠯᠠᠭᠠᠲᠤ ᠬᠥᠭᠵᠢᠯᠲᠡ ᠶᠢ  ᠣᠯᠤᠨ᠎ᠠ  ᠃ ︽ᠬᠠᠩᠭᠠᠯᠭ᠎ᠠ︾ ᠪᠠ ︽ᠬᠡᠷᠡᠭᠴᠡᠭᠡ︾ ᠶᠢ ᠳᠠᠬᠢᠨ ᠵᠣᠬᠢᠴᠠᠭᠤᠯᠬᠤ  ᠳᠤᠮᠳᠠ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠠᠪᠠᠭᠤᠯᠢᠭ ᠢᠶᠠᠨ ᠪᠤᠵᠠᠭᠠᠶᠢᠷᠠᠭᠤᠯᠤᠨ᠎ᠠ᠃ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠦᠬᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠦᠨ᠎ᠡ᠃        ︵ᠨᠢᠭᠡ︶ ᠠᠰᠠᠭᠤᠳᠠᠯ ᠢ  ᠰᠢᠢᠳᠪᠦᠷᠢᠯᠡᠬᠦ ᠪᠠᠷ ᠵᠠᠩᠭᠢᠯᠠᠭ᠎ᠠ ᠪᠣᠯᠭᠠᠵᠤ᠂ ᠭᠤᠷᠪᠠᠨ ᠶᠡᠭᠡ ᠰᠢᠪᠲᠤᠯᠤᠯᠲᠠ ᠶᠢ ᠰᠠᠶᠢᠲᠤᠷ ᠬᠢᠵᠦ ᠢᠯᠠᠯᠲᠠ ᠣᠯᠤᠨ᠎ᠠ          ᠭᠤᠷᠪᠠᠨ ᠶᠡᠭᠡ ᠰᠢᠪᠲᠤᠯᠤᠯᠲᠠ ᠶᠢ ᠰᠠᠶᠢᠲᠤᠷ ᠬᠢᠵᠦ ᠢᠯᠠᠯᠲᠠ ᠤᠯᠬᠤ ᠨᠢ ᠴᠢᠨᠡᠭᠡᠯᠢᠭ  ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠶᠠᠰᠤ ᠴᠢᠨᠠᠷ ᠲᠤ ᠬᠤᠯᠪᠣᠭᠳᠠᠨ᠎ᠠ᠃ ᠪᠢᠳᠡ ᠡᠷᠬᠡᠪᠰᠢ ᠰᠢᠢᠳᠪᠦᠷᠢᠲᠦ  ᠲᠤᠯᠤᠯᠳᠤᠭᠠᠨ ᠳᠤ  ᠰᠢᠢᠳᠪᠦᠷᠢᠯᠡᠬᠦ ᠢᠯᠠᠯᠲᠠ ᠤᠯᠬᠤ ᠲᠡᠮᠡᠴᠡᠯ ᠤᠨ  ᠪᠠᠶᠢᠳᠠᠯ ᠪᠣᠯᠤᠨ  ᠢᠯᠠᠯᠲᠠ ᠳᠤ ᠬᠦᠷᠬᠦ ᠦᠭᠡᠢ ᠪᠣᠯ ᠵᠣᠭᠰᠣᠬᠤ ᠦᠭᠡᠢ ᠪᠠᠶᠢᠬᠤ ᠬᠠᠳᠠᠨ ᠵᠣᠷᠢᠭ ᠢᠶᠠᠷ ᠳᠠᠪᠠᠭᠤᠯᠢᠭ ᠬᠦᠴᠦᠨ ᠢᠶᠠᠨ  ᠲᠥᠪᠯᠡᠷᠡᠭᠦᠯᠦᠨ ᠬᠦᠴᠢᠷ ᠠᠰᠠᠭᠤᠳᠠᠯ ᠢ ᠡᠷᠡᠰ ᠰᠢᠢᠳᠪᠦᠷᠢᠯᠡᠵᠦ᠂ ᠬᠠᠲᠠᠭᠤ ᠡᠭᠦᠷᠭᠡ ᠶᠢ ᠡᠷᠬᠡᠪᠰᠢ  ᠪᠡᠶᠡᠯᠡᠭᠦᠯᠬᠦ ᠬᠡᠷᠡᠭᠲᠡᠢ᠃        ᠨᠢᠭᠡ ᠳᠤ  ᠶᠠᠳᠠᠭᠤ ᠠᠴᠠ ᠣᠨᠣᠪᠴᠢᠲᠠᠢ ᠠᠩᠭᠢᠵᠢᠷᠠᠭᠤᠯᠬᠤ  ︽ᠰᠡᠭᠦᠯ ᠬᠤᠷᠢᠶᠠᠬᠤ ᠠᠵᠢᠯ︾ ᠢ ᠰᠠᠶᠢᠲᠤᠷ ᠬᠢᠨ᠎ᠠ᠃ ︽ᠳᠥᠷᠪᠡ ᠶᠢ ᠲᠠᠶᠠᠭᠳᠠᠬᠤ ᠥᠬᠡᠶ︾ ᠶᠡᠷᠦᠩᠬᠡᠶ ᠱᠠᠭᠠᠷᠳᠠᠯᠭ᠎ᠠ ᠶᠣᠰᠣᠭᠠᠷ᠂ ᠬᠠᠷᠠᠯᠲᠠ ᠪᠠᠨ ᠬᠤᠪᠢᠷᠠᠭᠤᠯᠬᠤ ᠥᠬᠡᠶ᠂ ᠵᠣᠷᠢᠯᠲᠠ ᠠᠴᠠ ᠪᠠᠨ ᠰᠢᠯᠵᠢᠬᠦ ᠥᠬᠡᠶ  ᠪᠠᠶᠢᠬᠤ ᠶᠢ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠦᠨ᠎ᠡ᠃ ᠶᠠᠳᠠᠭᠤ ᠶᠢ ᠲᠡᠳᠬᠦᠬᠦ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠶᠠᠳᠠᠭᠤ ᠶᠢ ᠲᠡᠳᠬᠦᠬᠦ ᠲᠤᠰᠬᠠᠶ ᠲᠥᠰᠥᠯ᠂ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ᠂ ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠵᠡᠷᠭᠡ ᠡᠯ᠎ᠡ ᠱᠠᠲᠤᠨ ᠤ ᠡᠯ᠎ᠡ ᠲᠥᠷᠥᠯ ᠤᠨ ᠶᠠᠳᠠᠭᠤ ᠶᠢ ᠲᠡᠳᠬᠦᠬᠦ ᠪᠠᠯᠠ ᠮᠥᠩᠭᠦ ᠶᠢ  ᠭᠦᠢᠴᠡᠳ ᠰᠠᠶᠢᠲᠤᠷ ᠬᠡᠷᠡᠭᠯᠡᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠪᠠᠭᠤᠷᠠᠶ  ᠵᠠᠩᠭᠢᠯᠠᠭ᠎ᠠ ᠶᠢ ᠰᠠᠶᠢᠲᠤᠷ ᠰᠢᠢᠳᠪᠦᠷᠢᠯᠡᠵᠦ᠂ ᠮᠠᠯᠵᠢᠬᠤ ᠲᠠᠷᠢᠶᠠᠯᠠᠬᠤ ᠣᠷᠣᠨ ᠤ ᠠᠵᠤ ᠦᠢᠯᠡᠰ ᠤᠨ ᠬᠥᠭᠵᠢᠯᠲᠡ ᠪᠠ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢ ᠨᠥᠬᠦᠪᠦᠷᠢᠯᠡᠵᠦ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠠᠪᠤᠳᠠᠯ ᠢ ᠶᠠᠳᠠᠭᠤ ᠠᠴᠠ ᠠᠩᠬᠢᠵᠢᠷᠠᠭᠤᠯᠬᠤ ᠦᠷ᠎ᠡ ᠪᠦᠲᠦᠭᠡᠯ ᠢ ᠪᠠᠬᠢᠵᠢᠭᠦᠯᠬᠦ ᠦᠨᠳᠦᠰᠦᠨ ᠠᠷᠭ᠎ᠠ ᠬᠡᠮᠵᠢᠶ᠎ᠡ ᠪᠣᠯᠭᠠᠵᠤ᠂ ᠪᠥᠬᠦ ᠬᠤᠰᠢᠭᠤᠨ ᠤ ᠭᠤᠤᠯᠯᠠᠬᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ  ᠶᠢ ᠶᠠᠪ ᠴᠠᠪ  ᠵᠣᠯᠭᠠᠭᠤᠯᠤᠨ᠎ᠠ᠃ ᠬᠥᠪᠡᠭᠡᠳᠡᠮᠡᠯ ᠬᠥᠮᠦᠨ ᠠᠮᠠ ᠶᠢ ᠬᠢᠨᠠᠨ ᠬᠡᠮᠵᠢᠬᠦ ᠪᠠ ᠲᠡᠳᠬᠦᠨ ᠳᠡᠮᠵᠢᠬᠦ ᠠᠵᠢᠯ ᠢ ᠢᠳᠡᠪᠬᠢᠲᠡᠶ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ  ᠬᠦᠴᠢᠷ ᠠᠰᠠᠭᠤᠳᠠᠯ ᠢ ᠰᠢᠢᠳᠪᠦᠷᠢᠯᠡᠬᠦ ᠠᠵᠢᠯ ᠢ ᠪᠠᠬᠢᠵᠢᠭᠦᠯᠬᠦ ᠤᠷᠲᠤᠮᠵᠢ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ︽ᠶᠠᠳᠠᠭᠤ ᠠᠴᠠ ᠰᠡᠷᠭᠡᠶᠢᠯᠡᠬᠦ  ᠪᠠᠲᠤᠯᠠᠭ᠎ᠠ ᠶᠢᠨ ᠰᠠᠭᠤᠷᠢ ᠮᠥᠩᠭᠦ︾ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠰᠢᠨ᠎ᠡ ᠶᠠᠳᠠᠭᠤᠷᠠᠯ ᠢ ᠰᠡᠷᠭᠡᠶᠢᠯᠡᠨ᠎ᠡ᠃         ᠬᠤᠶᠠᠷ ᠲᠤ ᠪᠣᠬᠢᠷᠲᠤᠯ ᠢ ᠰᠡᠷᠭᠡᠶᠢᠯᠡᠨ ᠵᠠᠰᠠᠬᠤ ︽ᠰᠢᠪᠲᠤᠯᠤᠯᠲᠠ︾  ᠶᠢ ᠰᠠᠶᠢᠲᠤᠷ ᠬᠢᠨ᠎ᠡ᠃ ᠡᠯ᠎ᠡ ᠱᠠᠲᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠠᠴᠠ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ  ᠴᠢᠩᠭᠠᠳᠬᠠᠵᠤ᠂ ᠦᠨᠡᠨᠬᠦ ᠪᠣᠳᠠᠲᠠᠢ ᠪᠠᠷ  ᠬᠠᠯᠠᠨ ᠰᠠᠶᠢᠵᠢᠷᠠᠭᠤᠯᠬᠤ ᠶᠢ ᠪᠠᠲᠤᠯᠠᠨ᠎ᠠ᠃ ᠲᠡᠤᠬᠡᠨ ᠠᠴᠠ ᠦᠯᠡᠳᠡᠭᠳᠡᠵᠦ ᠢᠷᠡᠭᠰᠡᠨ 19 ᠠᠭᠤᠷᠬᠠᠶ ᠪᠠ ᠬᠠᠷᠢᠭᠤᠴᠠᠬᠤ ᠡᠵᠡᠨ‌ᠥᠬᠡᠶ ᠠᠭᠤᠷᠬᠠᠢ ᠶᠢᠨ ᠭᠠᠵᠠᠷ ᠰᠢᠨᠵᠢᠯᠡᠭᠡ ᠣᠷᠴᠢᠨ ᠲᠣᠭᠤᠷᠢᠨ ᠢ ᠵᠠᠰᠠᠬᠤ ᠠᠰᠠᠭᠤᠳᠠᠯ ᠢ ᠭᠦᠢᠴᠡᠳ ᠴᠡᠭᠴᠡᠯᠡᠨ ᠰᠠᠶᠢᠵᠢᠷᠠᠭᠤᠯᠪᠠ᠃ ᠬᠤᠲᠠ ᠪᠠᠯᠭᠠᠰᠤᠨ ᠤ ᠪᠣᠬᠢᠷ ᠤᠰᠤ ᠴᠤᠭᠯᠠᠭᠤᠯᠬᠤ ᠬᠤᠭᠤᠯᠠᠶ ᠶᠢᠨ ᠲᠣᠤᠷ ᠪᠣᠯᠤᠨ ᠰᠢᠢᠳᠪᠦᠷᠢᠯᠡᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠣᠬᠢᠷ ᠤᠰᠤ ᠰᠢᠢᠳᠪᠦᠷᠢᠯᠡᠬᠦ ᠨᠣᠷᠮ᠎ᠠ ᠶᠢ  ᠳᠡᠭᠡᠭᠰᠢᠯᠡᠭᠦᠯᠦᠨ᠎ᠡ᠃ ᠤᠰᠤᠨ  ᠤ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠳᠠᠷᠤᠨ ᠪᠠᠶᠢᠴᠠᠭᠠᠬᠤ ᠪᠠ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠥᠷᠨᠢᠭᠦᠯᠦᠨ᠎ᠡ᠃ ᠳ᠋ᠠᠪᠠᠨ ᠪᠠᠯᠭᠠᠰᠤᠨ ᠳᠠᠬᠢ ᠪᠠᠶᠢᠰᠢᠩ  ᠭᠡᠷ ᠲᠣᠭᠤᠷᠢᠭ ᠤᠨ ᠨᠡᠭᠦᠷᠡᠰᠦ ᠲᠦᠯᠡᠵᠦ ᠪᠠᠶᠢᠭ᠎ᠠ 600 ᠡᠷᠦᠬᠡ  ᠳᠤ ᠥᠭᠡᠷᠡᠴᠢᠯᠡᠯᠲᠡ ᠬᠢᠨ᠎ᠡ᠃ ᠪᠠᠷᠢᠯᠭ᠎ᠠ ᠶᠢᠨ ᠲᠣᠭᠤᠰᠣ ᠳᠡᠭᠳᠡᠬᠦ ᠶᠢ ᠬᠠᠮᠢᠶᠠᠷᠤᠨ  ᠬᠢᠵᠠᠭᠠᠷᠯᠠᠬᠤ᠂ ᠲᠣᠰᠣ ᠨᠡᠮᠡᠬᠦ ᠥᠷᠲᠡᠭᠡ ᠶᠢᠨ ᠨᠡᠪᠴᠢᠯᠲᠡ ᠶᠢ ᠰᠡᠷᠭᠡᠶᠢᠯᠡᠬᠦ ᠥᠭᠡᠷᠡᠴᠢᠯᠡᠯᠲᠡ ᠶᠢᠨ ᠠᠵᠢᠯ ᠢ ᠥᠷᠨᠢᠭᠦᠯᠦᠨ᠎ᠡ᠃ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠡᠷᠴᠢᠮ ᠢᠶᠠᠨ ᠨᠡᠮᠡᠭᠳᠡᠭᠦᠯᠵᠦ᠂ ᠬᠢᠮᠢ ᠶᠢᠨ ᠪᠣᠷᠳᠣᠭᠤᠷ᠂ ᠲᠠᠷᠢᠶᠠᠨ ᠡᠮ ᠬᠡᠷᠡᠭᠯᠡᠬᠦ ᠬᠡᠮᠵᠢᠶ᠎ᠡ ᠶᠢᠨ ᠰᠥᠭᠡᠷᠭᠦ ᠨᠡᠮᠡᠭᠳᠡᠯ ᠢ ᠪᠡᠶᠡᠯᠡᠭᠦᠯᠵᠦ᠂  ᠬᠠᠶᠠᠭᠳᠠᠮᠠᠯ ᠬᠠᠭᠤᠴᠢᠨ ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠬᠤ ᠨᠣᠷᠮ᠎ᠠ ᠶᠢ 85% ᠠᠴᠠ ᠳᠡᠭᠡᠭᠰᠢ ᠳᠤ ᠬᠦᠷᠭᠡᠨ᠎ᠡ᠃ ᠬᠦᠨᠳᠦ ᠲᠡᠮᠦᠷᠯᠢᠭ ᠭᠠᠳᠠᠭᠰᠢᠯᠠᠭᠤᠯᠬᠤ 6 ᠠᠵᠤ ᠠᠬᠤᠶᠢᠯᠠᠯ ᠳᠤ ᠪᠣᠬᠢᠷᠲᠤᠯ ᠢ ᠰᠡᠷᠭᠡᠶᠢᠯᠡᠨ ᠵᠠᠰᠠᠬᠤ  ᠲᠥᠬᠦᠭᠡᠷᠦᠮᠵᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠬᠡᠷᠡᠭᠵᠢᠭᠦᠯᠦᠨ᠎ᠡ᠃        ᠭᠤᠷᠪᠠ ᠳᠤ ᠬᠦᠨᠳᠦ ᠶᠡᠭᠡ ᠡᠷᠡᠰᠳᠡᠯ ᠤᠨ ︽ ᠬᠤᠷᠢᠭᠯᠠᠯᠲᠠ︾  ᠶᠢ  ᠰᠠᠶᠢᠲᠤᠷ ᠬᠢᠨ᠎ᠠ᠃ ᠮᠥᠩᠭᠦᠨ ᠭᠦᠢᠯᠭᠡᠭᠡᠨ ᠤ ᠡᠷᠡᠰᠳᠡᠯ ᠤᠨ ᠦᠨᠳᠦᠰᠦᠨ ᠱᠠᠭᠠᠷᠳᠠᠯᠭ᠎ᠠ  ᠶᠢ ᠡᠷᠡᠰ ᠰᠠᠬᠢᠵᠤ᠂ ᠡᠳ᠋ ᠤᠨ ᠢᠷᠡᠯᠲᠡ ᠶᠢᠨ ᠪᠠᠶᠢᠭᠤᠯᠤᠯᠲᠠ ᠶᠢ ᠴᠢᠩᠭᠠᠳᠬᠠᠬᠤ᠂ ᠲᠥᠰᠦᠪ ᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠬᠦ᠂  ᠳᠡᠭᠡᠳᠦ ᠱᠠᠲᠤᠨ ᠤ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠦ ᠶᠢ ᠭᠦᠢᠴᠡᠳ ᠠᠰᠢᠭᠯᠠᠬᠤ ᠵᠡᠷᠭᠡ ᠠᠷᠭ᠎ᠠ  ᠪᠠᠷ ᠳᠠᠮᠵᠢᠭᠤᠯᠤᠨ᠂ ᠥᠷᠢ ᠥᠭᠴᠡᠭᠡ ᠶᠢ ᠦᠷᠭᠦᠯᠵᠢᠯᠡᠨ ᠳᠠᠷᠤᠬᠤ ᠪᠡᠯᠡ ᠮᠥᠩᠭᠦ ᠲᠠᠢ ᠪᠠᠶᠢᠬᠤ ᠶᠢ ᠦᠨᠡᠨᠬᠦ ᠪᠠᠲᠤᠯᠠᠵᠤ᠂ ᠥᠷᠢ ᠥᠭᠴᠡᠭᠡ ᠶᠢ ᠳᠠᠷᠤᠬᠤ ᠣᠨ ᠤ ᠬᠠᠷᠠᠯᠲᠠ ᠪᠠᠨ ᠪᠡᠶᠡᠯᠡᠭᠦᠯᠦᠨ᠎ᠡ᠃ ︽ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠳᠦᠷᠢᠮ︾ ᠢ ᠴᠢᠩᠭ᠎ᠠ ᠬᠡᠷᠡᠭᠵᠢᠭᠦᠯᠵᠦ᠂ ᠵᠠᠰᠠᠭ  ᠤᠨ ᠣᠷᠳᠣᠨ ᠤ ᠪᠡᠯᠡ ᠣᠷᠣᠭᠤᠯᠤᠯᠲᠠ ᠶᠢᠨ  ᠲᠥᠰᠥᠯ ᠤᠨ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠬᠦ ᠳᠡᠰ ᠳᠠᠷᠠᠭᠠᠯᠠᠯ ᠢ ᠵᠢᠷᠤᠮᠵᠢᠭᠤᠯᠤᠨ᠎ᠠ᠃ ᠬᠠᠤᠯᠢ ᠪᠤᠰᠤ ᠪᠠᠷ ᠪᠠᠯᠠ ᠴᠤᠭᠯᠠᠭᠤᠯᠬᠤ ᠪᠠ ᠮᠠᠯᠵᠢᠬᠤ ᠲᠠᠷᠢᠶᠠᠯᠠᠬᠤ ᠣᠷᠣᠨ ᠤ ᠥᠨᠳᠥᠷ ᠬᠦᠤ ᠲᠠᠢ ᠵᠢᠭᠡᠯᠡᠯᠭᠡ ᠶᠢ ᠵᠠᠰᠠᠬᠤ ᠶᠢ ᠴᠢᠩᠭᠠᠷᠠᠭᠤᠯᠵᠤ᠂ ᠮᠥᠩᠭᠦᠨ ᠡᠷᠡᠰᠳᠡᠯ ᠢ  ᠴᠢᠩᠭ᠎ᠠ  ᠬᠢᠵᠠᠭᠠᠷᠯᠠᠨ᠎ᠠ᠃        ︵ᠬᠤᠶᠠᠷ︶ ᠪᠣᠬᠢᠷᠲᠤᠯ ᠥᠬᠡᠶ ᠬᠥᠭᠵᠢᠯᠲᠡ ᠪᠠᠷ ᠶᠡᠷᠦᠩᠬᠡᠶᠢᠯᠡᠨ ᠵᠢᠯᠣᠭᠤᠳᠴᠤ᠂ ᠠᠮᠢ ᠠᠬᠤᠶ ᠶᠢᠨ ᠠᠮᠤᠷ ᠲᠦᠪᠰᠢᠨ  ᠤ ᠬᠠᠯᠬᠠᠪᠴᠢ ᠶᠢ ᠪᠠᠬᠢᠵᠢᠭᠦᠯᠦᠨ᠎ᠡ        ᠤᠨᠠᠭᠠᠨ ᠪᠠᠶᠢᠭᠠᠯᠢ ᠪᠣᠯ ᠪᠠᠶᠢᠭᠠᠯᠢ ᠶᠢᠨ  ᠡᠬᠢ ᠪᠠᠶᠠᠯᠢᠭ᠂ ᠠᠮᠢ ᠠᠬᠤᠢ ᠶᠢᠨ ᠡᠬᠢ ᠪᠠᠶᠠᠯᠢᠭ ᠮᠥᠨ  ᠢᠶᠠᠷ ᠪᠠᠷᠠᠬᠤ ᠦᠭᠡᠢ ᠪᠠᠰᠠ ᠨᠡᠶᠢᠭᠡᠮ ᠤᠨ ᠪᠠᠶᠠᠯᠢᠭ᠂ ᠠᠵᠤ ᠠᠬᠤᠢ ᠶᠢᠨ  ᠪᠠᠶᠠᠯᠢᠭ  ᠶᠤᠮ᠃ ᠪᠢᠳᠡ ᠵᠠᠪᠠᠯ ᠣᠷᠴᠢᠨ ᠠᠬᠤᠶ ᠶᠢ ᠬᠠᠮᠠᠭᠠᠯᠠᠬᠤ ᠪᠣᠯ ᠦᠢᠯᠡᠳᠪᠦᠷᠢᠯᠡᠯ ᠤᠨ ᠬᠦᠴᠦᠨ ᠢ ᠬᠠᠮᠠᠭᠠᠯᠠᠵᠤ  ᠪᠠᠶᠢᠭ᠎ᠠ ᠶᠠᠪᠤᠳᠠᠯ ᠮᠥᠨ᠃ ᠣᠷᠴᠢᠨ ᠠᠬᠤᠶ ᠶᠢ ᠰᠠᠶᠢᠵᠢᠷᠠᠭᠤᠯᠬᠤ ᠪᠣᠯ  ᠦᠢᠯᠡᠳᠪᠦᠷᠢᠯᠡᠯ ᠤᠨ ᠬᠦᠴᠦᠨ ᠢ  ᠬᠥᠭᠵᠢᠭᠦᠯᠵᠦ ᠪᠠᠶᠢᠭ᠎ᠠ ᠶᠠᠪᠤᠳᠠᠯ ᠮᠥᠨ ᠭᠡᠳᠡᠭ ᠦᠵᠡᠯᠲᠡ ᠢ ᠪᠤᠢ ᠪᠣᠯᠭᠠᠵᠤ᠂ ᠬᠠᠮᠤᠭ ᠤᠨ ᠴᠢᠩᠭ᠎ᠠ ᠲᠦᠷᠢᠮ᠂  ᠬᠠᠮᠤᠭ ᠤᠨ ᠴᠢᠩᠭ᠎ᠠ ᠬᠠᠤᠯᠢ ᠪᠠᠷ ᠠᠮᠢ ᠠᠬᠤᠶ ᠶᠢᠨ ᠣᠷᠴᠢᠨ ᠢ ᠬᠠᠮᠠᠭᠠᠯᠠᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ︽ ᠪᠣᠬᠢᠷᠳᠤᠯ ᠦᠭᠡᠢ ᠪᠠᠭᠠᠷᠢᠨ︾ ᠢ  ᠪᠦᠲᠦᠭᠡᠨ  ᠪᠠᠶᠢᠭᠤᠯᠤᠨ᠎ᠠ᠃       ᠨᠢᠭᠡ ᠳᠤ  ᠠᠮᠢ ᠠᠬᠤᠢ ᠶᠢᠨ  ᠦᠵᠡᠯᠲᠡ  ᠶᠢ ᠦᠢᠯᠡᠳᠦᠯᠭᠡᠵᠢᠭᠦᠯᠦᠨ᠎ᠡ᠃ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠣᠷᠣᠨ ᠵᠠᠶ ᠶᠢᠨ ᠪᠠᠶᠢᠷᠢᠰᠢᠯ ᠢ ᠰᠢᠯᠢᠳᠡᠭᠵᠢᠭᠦᠯᠦᠨ᠂ ᠠᠵᠤ  ᠦᠢᠯᠡᠰ ᠤᠨ ᠪᠦᠲᠦᠴᠡ ᠶᠢ ᠲᠣᠬᠢᠷᠠᠭᠤᠯᠵᠤ᠂ ᠦᠢᠯᠡᠳᠪᠦᠷᠢᠯᠡᠯ ᠤᠨ ᠠᠷᠭ᠎ᠠ ᠮᠠᠶ᠋ᠢᠭ ᠢ ᠰᠠᠶᠢᠵᠢᠷᠠᠭᠤᠯᠵᠤ᠂ ᠪᠣᠬᠢᠷᠲᠤᠯ ᠦᠭᠡᠢ ᠠᠮᠢᠳᠤᠷᠠᠯ ᠢ ᠰᠠᠨᠠᠭᠠᠴᠢᠯᠠᠨ᠂ ᠦᠢᠯᠡᠳᠪᠦᠷᠢᠯᠡᠯ ᠬᠥᠭᠵᠢᠭᠰᠡᠨ᠂ ᠠᠮᠢᠳᠤᠷᠠᠯ  ᠴᠢᠨᠡᠭᠡᠯᠢᠭ᠂ ᠠᠮᠢ ᠠᠬᠤᠶ ᠰᠠᠶᠢᠨ  ᠬᠥᠭᠵᠢᠯᠲᠡ ᠶᠢᠨ ᠵᠠᠮ ᠢᠶᠠᠷ  ᠭᠤᠶᠢᠪᠢᠰᠢ ᠦᠭᠡᠢ ᠵᠠᠮᠨᠠᠨ᠎ᠠ᠃ ᠠᠮᠢ ᠠᠬᠤᠢ ᠶᠢᠨ ᠪᠣᠯᠪᠠᠰᠤᠨ ᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠬᠠᠮᠰᠠᠷ ᠢ ᠴᠢᠩᠭᠠᠷᠠᠭᠤᠯᠤᠨ᠂ ᠪᠦᠬᠦ ᠨᠡᠶᠢᠭᠡᠮ ᠢᠶᠠᠷ ᠢᠶᠠᠨ ᠬᠠᠮᠲᠤᠪᠠᠷ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠶᠢᠨ ᠰᠢᠰᠲ᠋ᠧᠮ ᠢ ᠴᠢᠩᠭ᠎ᠠ  ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠤᠰ ᠲᠥᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠪᠦᠬᠦ ᠬᠤᠰᠢᠭᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ  ᠦᠷᠭᠦᠯᠵᠢᠯᠡᠨ  ᠰᠠᠶᠢᠵᠢᠷᠠᠬᠤ ᠶᠢ ᠠᠬᠢᠭᠤᠯᠤᠨ᠎ᠠ᠃         ᠬᠤᠶᠠᠷ ᠲᠤ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ ︽ᠪᠠᠭᠠᠷᠢᠨ ᠪᠠᠷᠠᠭᠤᠨ ᠬᠤᠰᠢᠭᠤᠨ ᠤ ᠠᠮᠢ ᠠᠬᠤᠢ ᠶᠢᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢᠨ  ᠲᠥᠯᠥᠪᠵᠢᠭᠦᠯᠭᠡ︾ ᠶᠢ ᠲᠣᠭᠲᠠᠭᠠᠨ ᠬᠡᠷᠡᠭᠵᠢᠭᠦᠯᠵᠦ᠂ ᠣᠢ ᠰᠢᠭᠤᠢ᠂ ᠲᠠᠯ᠎ᠠ ᠨᠤᠲᠤᠭ ᠤᠨ ᠡᠬᠢ ᠪᠠᠶᠠᠯᠢᠭ ᠢ ᠬᠠᠮᠠᠭᠠᠯᠠᠬᠤ ᠶᠢ ᠪᠦᠬᠦ ᠬᠤᠰᠢᠭᠤᠨ ᠤ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠶᠢᠨ ᠲᠡᠷᠢᠭᠦᠨ ᠴᠢᠬᠤᠯᠠ ᠡᠭᠦᠷᠭᠡ ᠪᠣᠯᠭᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠦᠨᠳᠦᠰᠦᠨ ᠱᠠᠭᠠᠷᠳᠠᠯᠭ᠎ᠠ ᠶᠢ ᠪᠠᠲᠤ ᠰᠠᠬᠢᠨ᠎ᠠ᠃ ᠪᠡᠯᠴᠢᠭᠡᠷ ᠢ ᠪᠢᠲᠡᠭᠦᠮᠵᠢᠯᠡᠨ ᠪᠡᠯᠴᠢᠭᠡᠷᠯᠡᠭᠦᠯᠬᠦ ᠶᠢ ᠬᠤᠷᠢᠭᠯᠠᠬᠤ᠂ ᠰᠡᠯᠭᠦᠨ ᠮᠠᠯᠵᠢᠬᠤ  ᠪᠠ  ᠮᠠᠯ ᠪᠡᠯᠴᠢᠭᠡᠷ  ᠤᠨ ᠲᠡᠩᠴᠡᠭᠦᠷᠢ  ᠶᠢᠨ ᠳᠦᠷᠢᠮ  ᠢ ᠴᠢᠩᠭ᠎ᠠ ᠨᠠᠶᠢᠳᠠᠪᠤᠷᠢᠵᠢᠭᠤᠯᠵᠤ᠂ ︽ᠳᠤᠷ᠎ᠠ  ᠪᠠᠷ ᠢᠶᠠᠨ  ᠣᠭᠲᠣᠯᠬᠤ᠂ ᠳᠤᠷ᠎ᠠ ᠪᠠᠷ ᠢᠶᠠᠨ ᠨᠡᠭᠡᠭᠡᠵᠦ ᠳᠤᠷ᠎ᠠ ᠪᠠᠷ ᠢᠶᠠᠨ ᠬᠠᠭᠠᠯᠪᠤᠷᠢᠯᠠᠬᠤ᠂ ᠳᠤᠷ᠎ᠠ ᠪᠠᠷ ᠢᠶᠠᠨ ᠪᠡᠯᠴᠢᠭᠡᠷᠯᠡᠭᠦᠯᠵᠦ ᠨᠢᠭᠤᠵᠤ  ᠪᠡᠯᠴᠢᠭᠡᠷᠯᠡᠭᠦᠯᠬᠦ︾ ᠶᠢ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠭᠰᠡᠨ ᠡᠯ᠎ᠡ ᠵᠦᠢᠯ ᠤᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃ ᠭᠤᠣᠯ ᠤᠨ ᠳᠠᠷᠤᠭ᠎ᠠ ᠶᠢᠨ ᠳᠦᠷᠢᠮ᠂ ᠨᠠᠭᠤᠷ  ᠤᠨ ᠳᠠᠷᠤᠭ᠎ᠠ ᠶᠢᠨ ᠳᠦᠷᠢᠮ ᠢ ᠴᠢᠩᠭ᠎ᠠ  ᠨᠠᠶᠢᠳᠠᠪᠤᠷᠢᠵᠢᠭᠤᠯᠵᠤ᠂ ᠨᠠᠭᠤᠷ ᠭᠤᠣᠯ ᠤᠨ ᠠᠮᠢ ᠠᠬᠤᠢ ᠡᠷᠡᠭᠦᠯ ᠪᠠᠶᠢᠬᠤ ᠶᠢ ᠬᠠᠮᠠᠭᠠᠯᠠᠨ᠎ᠠ᠃ ᠤᠰᠤᠨ ᠤ ᠡᠬᠢ ᠪᠠᠶᠠᠯᠢᠭ ᠢ ᠵᠦᠶ ᠵᠣᠬᠢᠰᠲᠠᠶ ᠠᠰᠢᠭᠯᠠᠵᠤ᠂ ᠪᠠᠭᠠᠷᠢᠨ ᠪᠠᠷᠠᠭᠤᠨ ᠬᠤᠰᠢᠭᠤᠨ ᠤ  ᠪᠣᠷᠣᠠᠤᠰᠤ ᠰᠢᠷᠠᠮᠦ᠋ᠷᠡᠨ ᠤ ᠤᠰᠤ ᠲᠠᠲᠠᠬᠤ  ᠤᠰᠤᠯᠠᠯᠲᠠ ᠶᠢᠨ ᠢᠨᠵᠧᠨᠧᠷᠢᠩ  ᠢ ᠡᠬᠢᠯᠡᠭᠦᠯᠦᠨ᠎ᠡ᠃ ᠴᠠᠭᠠᠨ ᠮᠥᠷᠡᠨ ᠭᠤᠤᠯ ᠤᠨ ᠦᠶᠡᠷ ᠢ ᠰᠡᠷᠭᠡᠶᠢᠯᠡᠬᠦ ᠢᠨᠵᠧᠨᠧᠷᠢᠩ ᠵᠡᠷᠭᠡ ᠨᠢᠭᠡ ᠪᠦᠯᠦᠭ ᠤᠰᠤᠨ ᠠᠰᠢᠭᠯᠠᠯᠲᠠ ᠤᠰᠤᠨ ᠤ ᠬᠠᠮᠠᠭᠠᠯᠠᠯᠲᠠ ᠶᠢᠨ ᠲᠥᠰᠥᠯ ᠢ ᠬᠡᠷᠡᠭᠵᠢᠭᠦᠯᠦᠨ᠎ᠡ᠃ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ  ᠲᠥᠰᠥᠯ 8920 ᠮᠥ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ  ᠲᠠᠢ ᠬᠤᠯᠪᠣᠭᠳᠠᠭᠤᠯᠬᠤ ᠲᠥᠰᠥᠯ 2629 ᠮᠥ  ᠬᠡᠷᠡᠭᠵᠢᠭᠦᠯᠦᠨ᠎ᠡ᠃ ᠬᠤᠵᠢᠷᠯᠢᠭ ᠭᠠᠵᠠᠷ ᠢ ᠵᠠᠰᠠᠬᠤ ᠲᠤᠷᠰᠢᠯᠲᠠ ᠵᠢᠨ‌ᠠᠵᠢᠯ ᠢ ᠥᠷᠨᠢᠭᠦᠯᠵᠦ᠂ ᠪᠦᠬᠦ ᠣᠷᠣᠨ ᠪᠦᠰᠡ ᠶᠢᠨ ᠠᠮᠢ ᠠᠬᠤᠢ ᠶᠢ ᠰᠡᠷᠭᠦᠭᠡᠨ ᠵᠠᠰᠠᠬᠤ ᠰᠢᠨ᠎ᠡ ᠵᠠᠭᠪᠤᠷ ᠢ ᠢᠳᠡᠪᠬᠢᠲᠡᠢ ᠰᠦᠪᠡᠭᠴᠢᠯᠡᠨ᠎ᠡ᠃        ᠭᠤᠷᠪᠠ ᠳᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠬᠢᠭᠡᠳ ᠬᠠᠮᠠᠭᠠᠯᠠᠯᠲᠠ ᠶᠢᠨ  ᠲᠥᠰᠥᠯ ᠢ ᠰᠢᠨᠵᠢᠯᠡᠬᠦ  ᠤᠬᠠᠭᠠᠨᠴᠢ ᠪᠠᠷ ᠲᠥᠯᠥᠪᠯᠡᠨ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠴᠠᠭᠠᠨ ᠮᠥᠷᠡᠨ ᠭᠤᠤᠯ  ᠤᠨ ᠰᠠᠪᠠ ᠭᠠᠵᠠᠷ ᠤᠨ ᠡᠯᠡᠰᠦᠷᠬᠡᠭ ᠭᠠᠵᠠᠷ ᠤᠨ ᠠᠮᠢ ᠠᠬᠤᠶ ᠶᠢ ᠶᠡᠷᠦᠩᠬᠡᠶᠢᠯᠡᠨ ᠵᠠᠰᠠᠬᠤ᠂  ᠳ᠋ᠠᠪᠠᠨ ᠤ ᠬᠤᠲᠠ ᠲᠣᠭᠤᠷᠢᠭ  ᠤᠨ ᠪᠠᠶᠠᠨᠬᠤᠰᠢᠭᠤ ᠠᠭᠤᠯᠠ ᠪᠠ ᠬᠠᠷᠠᠬᠤᠸᠠ ᠶᠢᠨ ᠨᠣᠭᠤᠭᠠᠷᠠᠭᠤᠯᠤᠯᠲᠠ᠂ ᠠᠶᠢᠯ ᠲᠣᠰᠬᠤᠨ ᠤ ᠨᠣᠭᠤᠭᠠᠷᠠᠭᠤᠯᠤᠯᠲᠠ ᠵᠡᠷᠭᠡ ᠢᠨᠵᠧᠨᠧᠷᠢᠩ ᠢ ᠬᠡᠷᠡᠭᠵᠢᠭᠦᠯᠦᠨ᠎ᠡ᠃ 4.3 ᠲᠦᠮᠡᠨ ᠮᠥ ᠣᠶ ᠰᠢᠭᠤᠶ ᠶᠢᠨ ᠪᠥᠲᠥᠭᠡᠨ ᠪᠠᠶᠢᠭᠤᠯᠤᠯᠲᠠ᠂ 2.2 ᠲᠦᠮᠡᠨ ᠮᠥ ᠨᠤᠲᠤᠭ ᠪᠡᠯᠴᠢᠭᠡᠷ ᠤᠨ ᠪᠥᠲᠥᠭᠡᠨ ᠪᠠᠶᠢᠭᠤᠯᠤᠯᠲᠠ᠂ 2000 ᠮᠥ ᠭᠤᠤᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢ ᠨᠠᠶᠢᠳᠠᠪᠤᠷᠢᠵᠢᠭᠤᠯᠤᠨ᠎ᠠ᠃ ᠬᠠᠤᠯᠢ ᠲᠣᠭᠲᠠᠭᠠᠯ ᠠᠴᠠ ᠵᠥᠷᠢᠴᠡᠭᠰᠡᠨ  ᠲᠥᠰᠥᠯ ᠤᠨ ᠪᠦᠲᠦᠭᠡᠨ ᠪᠠᠶᠢᠭᠤᠯᠤᠯᠲᠠ ᠳᠤ ᠴᠣᠬᠢᠯᠲᠠ ᠥᠭᠬᠦ ᠡᠷᠴᠢᠮ ᠢᠶᠠᠨ ᠨᠡᠮᠡᠭᠳᠡᠭᠦᠯᠵᠦ᠂ ᠣᠷᠴᠢᠨ ᠲᠣᠭᠤᠷᠢᠨ  ᠢ ᠡᠪᠳᠡᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠡᠭᠦᠰᠬᠦ ᠶᠢ ᠡᠷᠡᠰ ᠬᠤᠷᠢᠭᠯᠠᠨ᠎ᠠ  ᠃        ︵ᠭᠤᠷᠪᠠ︶ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠪᠠᠷ  ᠪᠠᠷᠢᠴᠠ ᠪᠣᠯᠭᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ         ᠬᠥᠭᠵᠢᠭᠦᠯᠬᠦ ᠪᠣᠯ ᠬᠠᠲᠠᠭᠤ ᠶᠣᠰᠣ ᠮᠥᠨ᠃ ᠪᠢᠳᠡ ᠴᠢᠨᠠᠷ ᠰᠠᠶᠢᠲᠠᠶ ᠬᠥᠭᠵᠢᠯᠲᠡ ᠶᠢᠨ  ᠠᠭᠤᠯᠭ᠎ᠠ ᠶᠢ ᠣᠨᠣᠪᠴᠢᠲᠠᠶ ᠡᠵᠡᠮᠰᠢᠵᠦ᠂ ᠠᠵᠤ  ᠦᠢᠯᠡᠰ  ᠤᠨ  ᠪᠦᠯᠦᠭᠯᠡᠯ ᠤᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠳᠠᠭᠠᠯᠠᠯᠲᠠ ᠶᠢᠨ ᠬᠡᠮᠵᠢᠶ᠎ᠡ ᠶᠢᠨ ᠲᠠᠯ᠎ᠠ ᠪᠠᠷ  ᠳᠡᠭᠡᠭᠰᠢᠯᠡᠭᠦᠯᠬᠦ ᠪᠠᠷ ᠬᠦᠴᠦᠯᠡᠨ ᠴᠢᠷᠮᠠᠶᠢᠵᠤ᠂ ᠨᠡᠮᠡᠭᠳᠡᠯ ᠤᠨ ᠬᠡᠮᠵᠢᠶ᠎ᠡ ᠶᠢᠨ ᠲᠠᠯ᠎ᠠ ᠪᠠᠷ ᠴᠢᠨᠠᠷ  ᠰᠠᠶᠢᠲᠠᠢ ᠪᠠᠶᠢᠬᠤ ᠶᠢ  ᠡᠷᠬᠢᠮᠯᠡᠨ᠂ ᠪᠦᠲᠦᠴᠡ ᠶᠢᠨ ᠲᠠᠯ᠎ᠠ ᠪᠠᠷ ᠰᠢᠯᠢᠳᠡᠭᠵᠢᠭᠦᠯᠬᠦ ᠪᠠᠷ ᠴᠢᠷᠮᠠᠶᠢᠵᠤ᠂ ᠠᠵᠤ ᠠᠬᠤᠶ ᠶᠢᠨ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠪᠠ ᠬᠡᠪᠴᠢᠶ᠎ᠡ ᠬᠡᠮᠵᠢᠶ᠎ᠡ ᠶᠢᠨ ᠲᠦᠷᠭᠡᠨ ᠢᠶᠠᠷ ᠳᠡᠭᠡᠭᠰᠢᠯᠡᠬᠦ ᠶᠢ ᠠᠬᠢᠭᠤᠯᠵᠤ᠂ ︽ᠣᠲᠣ ᠦᠶ᠎ᠡ ᠶᠢᠨ ᠪᠠᠭᠠᠷᠢᠨ︾ ᠢ  ᠪᠦᠲᠦᠭᠡᠨ ᠪᠠᠶᠢᠭᠤᠯᠤᠨ᠎ᠠ  ᠃        ᠨᠢᠭᠡ ᠳᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ  ᠡᠬᠢᠯᠡᠭᠦᠯᠦᠨ᠎ᠡ᠃ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠰᠢᠰᠲ᠋ᠧᠮ ᠲᠠᠢ ᠤᠬᠠᠭᠠᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠥᠨᠳᠥᠷ ᠬᠢᠷᠢ ᠲᠦᠪᠰᠢᠨ᠂ ᠴᠢᠨᠠᠷ ᠰᠠᠶᠢᠲᠠᠶ ᠥᠷᠨᠢᠭᠦᠯᠦᠨ᠎ᠡ᠃ ᠮᠠᠨ ᠤ ᠬᠤᠰᠢᠭᠤᠨ ᠤ ᠢᠷᠡᠭᠡᠳᠦᠢ ᠶᠢᠨ ᠲᠠᠪᠤᠨ ᠵᠢᠯ ᠤᠨ ᠬᠥᠭᠵᠢᠯᠲᠡ ᠶᠢᠨ ᠪᠣᠳᠠᠲᠠᠢ ᠲᠠᠢ ᠨᠢᠭᠲᠠ ᠤᠶᠠᠯᠳᠤᠭᠤᠯᠤᠨ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠰᠢᠨᠵᠢᠯᠡᠬᠦ ᠤᠬᠠᠭᠠᠨᠴᠢ ᠪᠠᠷ ᠨᠣᠲᠠᠯᠠᠨ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠬᠠᠷᠢᠯᠴᠠᠨ ᠨᠢᠭᠡᠳᠬᠡᠵᠦ᠂ ᠬᠤᠰᠢᠭᠤᠨ ᠤ ᠪᠠᠶᠢᠳᠠᠯ ᠳᠤ ᠰᠠᠭᠤᠷᠢᠯᠠᠬᠤ ᠪᠠ ᠪᠦᠬᠦ ᠤᠯᠤᠰ ᠶᠢᠨ ᠪᠠᠶᠢᠳᠠᠯ ᠢ  ᠬᠠᠷᠠᠬᠤ ᠶᠢ ᠤᠶᠠᠯᠳᠤᠭᠤᠯᠵᠤ᠂ ᠪᠦᠬᠦ  ᠲᠠᠯ᠎ᠠ  ᠪᠠᠷ ᠲᠥᠯᠥᠪᠵᠢᠭᠦᠯᠬᠦ ᠪᠠ ᠭᠤᠣᠯᠳᠠᠯᠭ᠎ᠠ ᠪᠠᠨ ᠳᠣᠪᠤᠶᠢᠯᠭᠠᠬᠤ ᠶᠢ ᠬᠠᠷᠢᠯᠴᠠᠨ ᠵᠣᠬᠢᠴᠠᠭᠤᠯᠵᠤ᠂ ᠪᠠᠶᠢᠯᠳᠤᠬᠤ ᠪᠣᠳᠣᠯᠭ᠎ᠠ ᠶᠢᠨ  ᠰᠢᠨᠵᠢ ᠪᠠ ᠬᠡᠷᠡᠭᠵᠢᠭᠦᠯᠬᠦ  ᠰᠢᠨᠵᠢ ᠶᠢ ᠬᠠᠷᠢᠯᠴᠠᠨ ᠤᠶᠠᠯᠳᠤᠭᠤᠯᠵᠤ᠂ ᠡᠯ᠎ᠡ ᠲᠥᠷᠥᠯ ᠤᠨ  ᠭᠦᠢᠴᠡᠳᠬᠡᠯ ᠲᠤᠭ᠎ᠠ ᠶᠢᠨ ᠲᠣᠬᠢᠷᠠᠭᠤᠯᠤᠯᠲᠠ ᠶᠢ ᠪᠣᠳᠠᠲᠠᠢ ᠲᠠᠢ ᠨᠡᠶᠢᠴᠡᠭᠦᠯᠵᠦ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠪᠠᠶᠢᠬᠤ ᠶᠢ ᠪᠠᠲᠤᠯᠠᠨ᠎ᠠ᠃         ᠬᠤᠶᠠᠷ ᠲᠤ ᠲᠥᠰᠥᠯ  ᠢ ᠳᠡᠭᠡᠭᠰᠢᠯᠡᠭᠦᠯᠬᠦ ᠬᠥᠳᠡᠯᠭᠡᠬᠦ ᠬᠦᠴᠦᠨ ᠢ ᠠᠬᠢᠭᠤᠯᠤᠨ᠎ᠠ᠃ ᠲᠥᠰᠥᠯ  ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠣᠨ ᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠲᠥᠰᠥᠯ ᠤᠨ ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ ᠠᠳᠬᠤᠨ᠎ᠠ᠃ ᠤᠯᠤᠰ ᠤᠨ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠶᠢ ᠴᠢᠩᠭ᠎ᠠ ᠠᠩᠬᠠᠷᠴᠤ᠂ ᠨᠢᠭᠡ ᠪᠦᠯᠦᠭ ᠠᠵᠤ  ᠦᠢᠯᠡᠰ ᠤᠨ ᠬᠡᠯᠪᠡᠷᠢ ᠶᠢ ᠬᠤᠪᠢᠷᠠᠭᠤᠯᠬᠤ᠂ ᠠᠮᠢ ᠠᠬᠤᠶ ᠶᠢᠨ ᠣᠷᠴᠢᠨ ᠨᠥᠬᠦᠴᠡᠯ ᠢ ᠬᠠᠮᠠᠭᠠᠯᠠᠬᠤ᠂ ᠰᠠᠭᠤᠷᠢ ᠲᠥᠬᠦᠭᠡᠷᠦᠮᠵᠢ ᠵᠡᠷᠭᠡ ᠴᠢᠬᠤᠯᠠ ᠶᠡᠭᠡ ᠵᠦᠢᠯᠡᠰ ᠢ ᠨᠠᠷᠢᠨ ᠨᠢᠮᠪᠠᠶ ᠲᠥᠯᠥᠪᠯᠡᠨ ᠬᠡᠷᠡᠭᠵᠢᠭᠦᠯᠦᠨ᠎ᠡ᠃ ᠵᠢᠯ ᠤᠨ ᠳᠣᠲᠣᠷ᠎ᠠ 100 ᠠᠴᠠ  ᠳᠡᠭᠡᠭᠰᠢ ᠲᠥᠰᠥᠯ ᠢ ᠴᠢᠷᠮᠠᠶᠢᠨ ᠬᠡᠷᠡᠭᠵᠢᠭᠦᠯᠵᠦ᠂ 18 ᠳ᠋ᠦᠩᠰᠢᠭᠤᠷ  ᠲᠥᠭᠦᠷᠢᠭ ᠠᠴᠠ ᠳᠡᠭᠡᠭᠰᠢ ᠪᠡᠯᠡ ᠣᠷᠣᠭᠤᠯᠤᠯᠲᠠ ᠶᠢ ᠪᠡᠶᠡᠯᠡᠭᠦᠯᠦᠨ᠎ᠡ᠃ ᠲᠥᠰᠥᠯ ᠤᠨ ᠲᠣᠬᠢᠷᠠᠭᠤᠯᠤᠯᠲᠠ ᠶᠢ ᠴᠢᠩᠭᠠᠳᠬᠠᠵᠤ᠂ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠷᠠᠭᠤᠯᠤᠨ᠂ ︽ᠨᠢᠭᠡ  ᠲᠥᠰᠥᠯ᠂ ᠨᠢᠭᠡ  ᠪᠠᠭ᠂ ᠲᠤᠶᠢᠯᠪᠤᠷᠢᠲᠠᠢ ᠠᠳᠬᠤᠬᠤ︾ ᠠᠵᠢᠯ ᠤᠨ ᠲᠣᠭᠲᠠᠴᠠ ᠶᠢ ᠨᠠᠶᠢᠳᠠᠪᠤᠷᠢᠵᠢᠭᠤᠯᠵᠤ᠂  ᠲᠥᠰᠥᠯ ᠤᠨ ᠭᠡᠷ᠎ᠡ ᠪᠠᠨ  ᠭᠦᠢᠴᠡᠳᠬᠡᠭᠰᠡᠨ ᠨᠣᠷᠮ᠎ᠠ᠂ ᠠᠵᠢᠯ ᠡᠬᠢᠯᠡᠭᠦᠯᠦᠭᠰᠡᠨ ᠨᠣᠷᠮ᠎ᠠ᠂ ᠠᠰᠢᠭᠯᠠᠯᠲᠠ ᠳᠤ ᠣᠷᠣᠭᠤᠯᠤᠭᠰᠠᠨ ᠨᠣᠷᠮ᠎ᠠ ᠶᠢ ᠦᠨᠡᠨᠬᠦ  ᠳᠡᠭᠡᠭᠰᠢᠯᠡᠭᠦᠯᠦᠨ᠎ᠡ  ᠃         ᠭᠤᠷᠪᠠ ᠳᠤ ᠠᠵᠤ  ᠦᠢᠯᠡᠳᠪᠦᠷᠢ ᠶᠢᠨ  ᠶᠠᠰᠤ ᠴᠢᠨᠠᠷ  ᠪᠠᠨ ᠳᠡᠭᠡᠭᠰᠢᠯᠡᠭᠦᠯᠬᠦ  ᠶᠢ ᠠᠬᠢᠭᠤᠯᠤᠨ᠎ᠠ᠃  5000 ᠲᠦᠮᠡᠨ ᠲᠥᠭᠦᠷᠢᠭ ᠠᠴᠠ ᠳᠡᠭᠡᠭᠰᠢ ᠪᠡᠯᠡ ᠣᠷᠣᠭᠤᠯᠤᠯᠲᠠ ᠲᠠᠢ  ᠲᠥᠰᠥᠯ 10ᠬᠡᠷᠡᠭᠵᠢᠭᠦᠯᠬᠦ ᠪᠠᠷ ᠲᠥᠯᠥᠪᠯᠡᠵᠦ᠂ 5.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠪᠡᠶᠡᠯᠡᠭᠦᠯᠬᠦ ᠪᠠᠷ ᠵᠢᠱᠢᠵᠦ ᠪᠠᠶᠢᠨ᠎ᠠ᠃ ᠬᠥᠪ ᠤᠨ ᠮᠤᠬᠤᠷ ᠤᠨ ᠵᠢᠯ  ᠤᠨ 30 ᠲᠦᠮᠡᠨ ᠲᠣᠨ ᠤ ᠬᠠᠷ᠎ᠠ ᠲᠤᠭᠤᠯᠭ᠎ᠠ  ᠴᠠᠶᠢᠷ ᠮᠥᠩᠭᠦᠨ ᠤ ᠬᠦᠳᠡᠷ ᠰᠣᠩᠭᠤᠬᠤ᠂ ᠤᠯᠤᠰ  ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ  ᠴᠠᠬᠢᠯᠭᠠᠨ ᠬᠠᠩᠭᠠᠯᠭ᠎ᠠ  ᠶᠢ ᠠᠮᠢᠳᠤᠯᠢᠭ ᠢᠶᠠᠷ ᠲᠣᠬᠢᠷᠠᠭᠤᠯᠬᠤ ᠥᠭᠡᠷᠡᠴᠢᠯᠡᠯᠲᠡ᠂ ᠱᠠᠨᠳᠦ᠋ᠩ ᠤᠨ ᠶᠠᠩ ᠭᠤᠸᠠᠩ ᠬᠤᠸᠠ ᠸᠧ ᠪᠦᠯᠦᠭᠯᠡᠯ ᠤᠨ ᠳᠡᠭᠡᠳᠦ ᠰᠢᠨᠵᠢᠯᠡᠬᠦ ᠤᠬᠠᠭᠠᠨ  ᠮᠡᠷᠭᠡᠵᠢᠯ ᠤᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠵᠡᠷᠭᠡ ᠲᠥᠰᠥᠯ ᠤᠨ ᠠᠵᠢᠯ ᠡᠬᠢᠯᠡᠬᠦ ᠶᠢ ᠠᠬᠢᠭᠤᠯᠤᠨ᠎ᠠ᠃  ᠬᠡᠮᠵᠢᠶ᠎ᠡ ᠶᠢ ᠨᠡᠮᠡᠵᠦ ᠴᠠᠬᠢᠯᠭᠠᠨ ᠬᠦᠷᠭᠡᠬᠦ ᠲᠤᠬᠠᠶᠢᠯᠠᠭᠰᠠᠨ ᠠᠵᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ ᠤᠨ ᠠᠵᠢᠯ ᠢ ᠥᠷᠨᠢᠭᠦᠯᠵᠦ᠂ 1 ᠲᠦᠮᠡᠨ ᠲᠡᠭᠰᠢ ᠳᠥᠷᠪᠡᠯᠵᠢᠨ ᠮᠧᠲᠷ ᠪᠠᠷᠢᠮᠵᠢᠶᠠᠵᠢᠭᠰᠠᠨ  ᠦᠢᠯᠡᠳᠪᠦᠷᠢ ᠶᠢᠨ ᠭᠡᠷ  ᠪᠠᠶᠢᠰᠢᠩ ᠢ ᠪᠦᠲᠦᠭᠡᠨ ᠪᠠᠶᠢᠭᠤᠯᠵᠤ᠂ ᠠᠵᠤ  ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠤᠭᠤᠯᠠᠶ ᠲᠣᠤᠷ᠂  ᠬᠤᠭ ᠬᠠᠶᠠᠭᠳᠠᠯ ᠤᠨ ᠲᠠᠯᠠᠪᠠᠢ ᠵᠡᠷᠭᠡ ᠰᠠᠭᠤᠷᠢ  ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃         ᠳᠥᠷᠪᠡ ᠳᠤ ᠲᠠᠷᠢᠶᠠᠯᠠᠩ ᠮᠠᠯ ᠠᠵᠤ ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠶ ᠶᠢ ᠬᠥᠭᠵᠢᠭᠦᠯᠬᠦ  ︽24 ᠥᠰᠥᠭ ᠤᠨ ᠴᠢᠭᠯᠡᠯᠲᠡ︾ ᠪᠠᠷ ᠶᠡᠷᠦᠩᠬᠡᠶᠢᠯᠡᠨ ᠵᠢᠯᠣᠭᠤᠳᠴᠤ᠂ ᠲᠡᠵᠢᠭᠡᠬᠦ ᠶᠢᠨ ᠲᠥᠯᠥᠭᠡ ᠳᠠᠷᠢᠵᠤ᠂  ᠮᠠᠯᠵᠢᠬᠤ ᠶᠢᠨ ᠲᠥᠯᠥᠭᠡ ᠲᠠᠷᠢᠶᠠᠯᠠᠬᠤ ᠶᠢ ᠪᠠᠷᠢᠮᠲᠠᠯᠠᠨ᠂ ᠡᠭᠦᠯᠳᠡᠷ ᠰᠠᠶᠢᠵᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ᠂ ᠨᠠᠷᠠᠲᠤ  ᠪᠦᠲᠦᠭᠡᠭᠳᠡᠭᠦᠨ ᠦᠢᠯᠡᠳᠬᠦ ᠪᠠᠷ ᠭᠤᠤᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠲᠥᠪᠯᠡᠷᠡᠩᠭᠦᠶ ᠪᠥᠭᠡᠳ ᠡᠷᠴᠢᠮᠯᠢᠭ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠨ᠎ᠠ᠃  ᠮᠢᠬᠠᠨ ᠤ ᠬᠤᠨᠢᠨ ᠤ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠰᠬᠤᠨ 15᠂ ᠮᠢᠬᠠᠨ ᠤ ᠬᠤᠨᠢ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠡᠷᠦᠬᠡ 150  ᠭᠠᠷᠭᠠᠨ᠎ᠠ᠃ ᠮᠢᠬᠠᠨ ᠤ ᠦᠬᠡᠷ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠰᠬᠤᠨ 10᠂ ᠮᠢᠬᠠᠨ ᠤ ᠦᠬᠡᠷ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠡᠷᠦᠬᠡ 100 ᠶᠢ ᠬᠥᠭᠵᠢᠭᠦᠯᠦᠨ᠎ᠡ᠃ ᠰᠠᠶᠢᠨ ᠡᠭᠦᠯᠳᠡᠷ ᠤᠨ ᠮᠢᠬᠠᠨ ᠤ ᠦᠬᠡᠷ ᠪᠠ  ᠡᠮ᠎ᠡ  ᠬᠤᠨᠢᠨ ᠤ ᠲᠤᠭ᠎ᠠ  ᠶᠢ ᠨᠡᠮᠡᠭᠳᠡᠭᠦᠯᠵᠦ᠂ 40 ᠲᠦᠮᠡᠨ  ᠮᠢᠬᠠᠨ ᠤ ᠬᠤᠨᠢ  ᠂ 7 ᠲᠦᠮᠡᠨ  ᠮᠢᠬᠠᠨ ᠤ ᠦᠬᠡᠷ ᠢ  ᠡᠭᠦᠯᠳᠡᠷ ᠰᠠᠶᠢᠵᠢᠷᠠᠭᠤᠯᠤᠨ᠎ᠠ᠃ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢ ᠰᠢᠨ᠎ᠡ ᠪᠠᠷ 70 ᠨᠡᠮᠡᠭᠳᠡᠭᠦᠯᠵᠦ᠂ ᠮᠠᠯᠴᠢᠨ  ᠲᠠᠷᠢᠶᠠᠴᠢᠨ ᠤ ᠬᠤᠷᠰᠢᠶ᠎ᠠ 2 ᠢ ᠵᠢᠭᠠᠨ ᠵᠢᠯᠣᠭᠤᠳᠴᠤ ᠪᠠᠶᠢᠭᠤᠯᠤᠨ᠎ᠠ᠃ ᠠᠮᠢ ᠠᠬᠤᠢ ᠶᠢᠨ ᠮᠢᠬᠠᠨ ᠤ ᠨᠤᠭᠤᠰᠤ ᠵᠡᠷᠭᠡ ᠵᠢᠭᠦᠷᠲᠡᠨ ᠤ ᠲᠥᠷᠥᠯ ᠢ ᠲᠡᠵᠢᠭᠡᠨ ᠦᠷᠡᠵᠢᠭᠦᠯᠬᠦ ᠡᠳ᠋ᠰᠢᠭᠦᠯᠬᠦ ᠠᠵᠤ ᠦᠢᠯᠡᠰ ᠢ ᠲᠦᠯᠬᠢᠨ ᠠᠬᠢᠭᠤᠯᠤᠨ᠎ᠠ᠃ ᠰᠢᠬᠢᠷᠯᠢᠭ ᠡᠷᠳᠡᠨᠢ ᠰᠢᠰᠢ᠂ ᠰᠢᠬᠢᠷ ᠯᠤᠤᠪᠠᠩ᠂ ᠨᠡᠷᠡᠨ ᠬᠤᠸᠠᠷ᠂ ᠠᠮᠲᠠᠲᠤ ᠬᠡᠮᠬᠡ ᠵᠡᠷᠭᠡ ᠠᠵᠤ ᠠᠬᠤᠶ ᠶᠢᠨ ᠲᠠᠷᠢᠮᠠᠯ᠂ ᠣᠨᠴᠠᠯᠢᠭᠲᠤ ᠲᠠᠷᠢᠮᠠᠯ 40 ᠲᠦᠮᠡᠨ ᠮᠦ᠂ ᠨᠣᠭᠤᠭᠠᠨ ᠳᠠᠷᠤᠰᠢ 40 ᠲᠦᠮᠡᠨ ᠮᠦ ᠲᠠᠷᠢᠵᠤ᠂ ᠬᠠᠷᠭᠠᠨ᠎ᠠ ᠵᠡᠷᠭᠡ  ᠪᠤᠲᠠᠯᠢᠭ ᠮᠣᠳᠣ ᠶᠢ ᠶᠡᠷᠦᠩᠬᠡᠶᠢᠯᠡᠨ ᠠᠰᠢᠭᠯᠠᠬᠤ ᠶᠢ ᠵᠣᠷᠢᠭᠵᠢᠭᠤᠯᠤᠨ᠎ᠠ᠃ ᠤᠢ ᠰᠢᠭᠤᠶ ᠵᠢᠮᠢᠰ ᠤᠨ ᠠᠵᠤ ᠦᠢᠯᠡᠰ ᠢ ᠢᠳᠡᠪᠬᠢᠲᠡᠶ ᠬᠥᠭᠵᠢᠭᠦᠯᠦᠨ᠎ᠡ᠃ ᠲᠥᠬᠦᠭᠡᠷᠦᠮᠵᠢᠲᠦ ᠲᠠᠷᠢᠶᠠᠯᠠᠩ ᠤᠨ ᠬᠦᠷᠢᠶᠡᠯᠡᠩ ᠲᠣᠭᠤᠷᠢᠭ 1᠂ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ 2 ᠢ ᠰᠢᠨ᠎ᠡ ᠪᠠᠷ ᠪᠠᠶᠢᠭᠤᠯᠤᠨ᠎ᠠ᠃ ᠤᠰᠤᠨ ᠤ ᠬᠡᠮᠵᠢᠶ᠎ᠡ ᠪᠠᠷ ᠠᠵᠢᠯᠯᠠᠬᠤ ᠶᠢ ᠪᠠᠷᠢᠮᠲᠠᠯᠠᠵᠤ᠂ 7.9 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠰᠢᠨ᠎ᠡ ᠪᠠᠷ ᠪᠠᠶᠢᠭᠤᠯᠵᠤ᠂ ᠥᠨᠳᠥᠷ ᠦᠷ᠎ᠡ ᠠᠰᠢᠭᠲᠤ ᠤᠰᠤ ᠠᠷᠪᠢᠯᠠᠬᠤ  ᠲᠠᠷᠢᠶᠠᠨ ᠭᠠᠵᠠᠷ 55.1 ᠲᠦᠮᠡᠨ ᠮᠦ  ᠬᠥᠭᠵᠢᠭᠦᠯᠦᠨ᠎ᠡ᠃ 42 ᠲᠦᠮᠡᠨ ᠮᠥ ᠭᠠᠵᠠᠷ ᠰᠢᠷᠣᠶ ᠶᠢ ᠡᠷᠭᠢᠯᠲᠡ ᠳᠤ ᠣᠷᠣᠭᠤᠯᠤᠨ᠎ᠠ᠃ ᠠᠮᠤ ᠪᠤᠳᠠᠭᠠᠨ ᠤ ᠶᠡᠷᠦᠩᠬᠡᠶ ᠤᠨᠠᠯᠲᠠ ᠶᠢ 10 ᠳ᠋ᠦᠩᠰᠢᠭᠤᠷ ᠵᠢᠩ ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ᠃ ᠬᠠᠮᠠᠭᠠᠯᠠᠯᠲᠠ ᠶᠢᠨ ᠰᠢᠨᠵᠢ ᠲᠠᠢ ᠲᠠᠷᠢᠶᠠᠯᠠᠬᠤ ᠮᠡᠷᠭᠡᠵᠢᠯ ᠢ ᠢᠳᠡᠪᠬᠢᠲᠡᠶ ᠳᠡᠯᠭᠡᠷᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠮᠠᠰᠢᠨᠴᠢᠯᠠᠯᠲᠠ ᠶᠢ ᠲᠦᠯᠬᠢᠨ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢ  ᠲᠡᠭᠦᠯᠳᠡᠷᠵᠢᠭᠦᠯᠵᠦ᠂ ᠦᠢᠯᠡᠴᠢᠯᠡᠭᠡᠨ  ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠪᠠᠭᠠᠷᠢᠨ︾ ᠨᠠᠷᠠᠲᠤ ᠲᠡᠮᠳᠡᠭ ᠪᠠ ︽ᠤᠯᠠᠭᠠᠨᠬᠠᠳᠠ ᠶᠢᠨ ᠨᠠᠷᠢᠮᠤ︾ ᠨᠡᠶᠢᠲᠡ ᠶᠢᠨ ᠬᠡᠷᠡᠭᠯᠡᠭᠡᠨ ᠤ ᠨᠠᠷᠠᠲᠤ  ᠲᠡᠮᠳᠡᠭ  ᠢ ᠰᠠᠶᠢᠲᠤᠷ ᠬᠡᠷᠡᠭᠯᠡᠵᠦ᠂  ᠦᠢᠯᠡᠳᠪᠦᠷᠢᠯᠡᠯ ᠤᠨ ᠠᠵᠤ ᠠᠬᠤᠶᠢᠯᠠᠯ ᠤᠨ ᠦᠢᠯᠡᠳᠬᠦᠨ ᠤ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾  ᠪᠠᠲᠤᠯᠠᠭᠠᠵᠢᠭᠤᠯᠬᠤ ᠶᠢ ᠳᠡᠮᠵᠢᠬᠦ ᠪᠠ ᠬᠥᠲᠥᠯᠦᠨ ᠵᠢᠯᠣᠭᠤᠳᠤᠨ᠎ᠠ᠃ ᠵᠠᠬᠢᠶᠠᠯᠠᠭ᠎ᠠ ᠶᠢᠨ ᠭᠡᠷ᠎ᠡ ᠲᠣᠭᠲᠠᠬᠤ ᠬᠡᠯᠪᠡᠷᠢ᠂  ᠦᠢᠯᠡᠴᠢᠯᠡᠭᠡᠨ ᠤ ᠬᠠᠮᠵᠢᠯᠴᠠᠬᠤ ᠬᠡᠯᠪᠡᠷᠢ ᠵᠡᠷᠭᠡ ᠣᠯᠠᠨ ᠶᠠᠩᠵᠤ ᠶᠢᠨ ᠠᠰᠢᠭ ᠲᠤᠰᠠ ᠶᠢᠨ  ᠬᠤᠯᠪᠣᠭᠠᠯᠠᠯ ᠤᠨ ᠵᠠᠭᠪᠤᠷ  ᠢ ᠪᠠᠶᠢᠭᠤᠯᠵᠤ᠂ ᠮᠠᠯᠴᠢᠨ ᠲᠠᠷᠢᠶᠠᠴᠢᠨ ᠢ ᠳᠠᠶᠢᠴᠢᠯᠠᠨ ᠣᠷᠣᠯᠭ᠎ᠠ ᠶᠢ ᠨᠢ  ᠨᠡᠮᠡᠭᠳᠡᠭᠦᠯᠵᠦ ᠪᠠᠶᠠᠵᠢᠭᠤᠯᠤᠨ᠎ᠠ᠃         ᠲᠠᠪᠤ ᠳᠤ  ᠦᠢᠯᠡᠴᠢᠯᠡᠭᠡᠨ ᠤ  ᠦᠢᠯᠡᠰ ᠤᠨ ᠲᠠᠰ ᠳᠡᠪᠰᠢᠬᠦ ᠶᠢ ᠠᠬᠢᠭᠤᠯᠤᠨ᠎ᠠ᠃ ᠪᠡᠭᠡᠵᠢᠩ ᠤᠨ ᠮᠢ ᠶᠦᠨ ᠲᠣᠭᠤᠷᠢᠭ ᠵᠡᠷᠭᠡ ᠭᠠᠵᠠᠷ ᠣᠷᠣᠨ ᠯᠤᠭ᠎ᠠ ᠶᠢᠨ ᠠᠷᠠᠯᠵᠢᠶ᠎ᠠ ᠬᠤᠳᠠᠯᠳᠤᠭᠠᠨ ᠤ  ᠬᠠᠮᠲᠤᠷᠠᠯᠴᠠᠭ᠎ᠠ ᠶᠢ ᠴᠢᠩᠭᠠᠳᠬᠠᠵᠤ᠂ ᠡᠯᠧᠺᠲᠷᠣᠨ ᠬᠤᠳᠠᠯᠳᠤᠭᠠᠨ ᠤ ᠪᠣᠷᠣᠯᠠᠭᠤᠯᠭ᠎ᠠ ᠶᠢᠨ ᠬᠡᠮᠵᠢᠶ᠎ᠡ ᠶᠢ ᠲᠠᠰᠤᠷᠠᠯᠲᠠ ᠦᠭᠡᠢ ᠥᠷᠭᠡᠳᠬᠡᠨ᠎ᠡ᠃  ᠪᠠᠷᠠᠭᠠᠨ ᠤ  ᠭᠦᠢᠯᠭᠡᠭᠡᠨ ᠤ ᠬᠦᠷᠢᠶᠡᠯᠡᠩ ᠲᠣᠭᠤᠷᠢᠭ ᠤᠨ ︽ᠬᠦᠷᠢᠶᠡᠯᠡᠩ ᠳᠣᠲᠣᠷᠠᠬᠢ ᠬᠦᠷᠢᠶᠡᠯᠡᠩ︾ ᠤᠨ  ᠬᠥᠭᠵᠢᠯᠲᠡ ᠶᠢᠨ ᠵᠠᠭᠪᠤᠷ ᠢ ᠰᠦᠪᠡᠭᠴᠢᠯᠡᠵᠦ᠂ ᠮᠠᠰᠢᠨ ᠲᠡᠷᠭᠡᠨ ᠤ  ᠦᠢᠯᠡᠴᠢᠯᠡᠭᠡ᠂ ᠲᠠᠷᠢᠶᠠᠯᠠᠩ ᠤᠨ ᠮᠠᠰᠢᠨ ᠤ  ᠪᠣᠷᠣᠯᠠᠭᠤᠯᠭ᠎ᠠ ᠵᠡᠷᠭᠡ ᠲᠤᠰᠬᠠᠶ ᠵᠠᠬ᠎ᠠ ᠳᠡᠯᠭᠡᠭᠦᠷ ᠢ ᠪᠣᠶ ᠪᠣᠯᠭᠠᠵᠤ᠂ 440 ᠮᠥ ᠭᠠᠵᠠᠷ ᠰᠢᠷᠣᠶ ᠬᠤᠳᠠᠯᠳᠤᠨ ᠠᠪᠴᠤ ᠨᠥᠭᠡᠴᠡᠯᠡᠵᠦ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠶᠢᠨ ᠣᠷᠴᠢᠨ ᠲᠣᠭᠤᠷᠢᠨ ᠤ ᠦᠨᠡᠯᠡᠯᠲᠡ ᠶᠢᠨ ᠠᠵᠢᠯ ᠢ ᠥᠷᠨᠢᠭᠦᠯᠦᠨ᠎ᠡ᠃ ᠲᠡᠮᠦᠷ ᠵᠠᠮ ᠵᠢᠴᠢ ᠵᠠᠰᠠᠮᠠᠯ ᠵᠠᠮ ᠤᠨ ᠵᠠᠮ ᠬᠠᠷᠢᠯᠴᠠᠭᠠᠨ ᠤ ᠬᠦᠢᠰᠦ ᠣᠷᠣᠨ ᠤ  ᠳᠠᠪᠠᠭᠤᠯᠢᠭ ᠢ ᠪᠠᠳᠠᠷᠠᠭᠤᠯᠵᠤ᠂ ᠶᠡᠭᠡ ᠬᠡᠮᠵᠢᠶᠡᠨ ᠤ  ᠦᠢᠯᠡᠳᠪᠦᠷᠢ ᠠᠭᠤᠷᠬᠠᠶ ᠶᠢᠨ  ᠦᠢᠯᠡᠳᠬᠦᠨ ᠤ ᠠᠷᠠᠯᠵᠢᠶᠠᠨ ᠤ ᠵᠢᠵᠢᠭ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ ᠲᠥᠯᠥᠪᠵᠢᠭᠦᠯᠦᠨ᠎ᠡ᠃ ᠳᠤᠮᠳᠠᠳᠤ ᠤᠯᠤᠰ  ᠤᠨ ᠴᠢᠯᠠᠭᠤᠨ ᠲᠣᠰᠣᠨ ᠤ ᠪᠠᠭᠠᠷᠢᠨ ᠪᠠᠷᠠᠭᠤᠨ ᠬᠤᠰᠢᠭᠤᠨ ᠤ ᠲᠣᠰᠣ ᠨᠡᠮᠡᠬᠦ ᠥᠷᠲᠡᠭᠡ  ᠶᠢ ᠰᠢᠯᠵᠢᠭᠦᠯᠦᠨ ᠰᠢᠨ᠎ᠡ ᠪᠠᠷ ᠪᠠᠶᠢᠭᠤᠯᠬᠤ  ᠲᠥᠰᠥᠯ ᠢ ᠬᠡᠷᠡᠭᠵᠢᠭᠦᠯᠦᠨ᠎ᠡ᠃ ᠪᠥᠬᠦ ᠣᠷᠣᠨ ᠪᠦᠰᠡ ᠶᠢᠨ ᠵᠢᠭᠤᠯᠴᠢᠯᠠᠯ ᠢ ᠬᠥᠭᠵᠢᠭᠦᠯᠬᠦ ᠳᠡᠭᠡᠷ᠎ᠡ ᠬᠦᠴᠦ ᠲᠠᠯᠪᠢᠵᠤ᠂ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠡᠷᠴᠢᠮ ᠢ ᠴᠢᠩᠭᠠᠷᠠᠭᠤᠯᠤᠨ᠂ ︽ ᠰᠡᠳᠬᠢᠯ ᠤᠨ ᠭᠦᠨ ᠳᠠᠬᠢ ᠲᠠᠯ᠎ᠠ᠂ ᠦᠨᠢᠷ  ᠰᠠᠶᠢᠬᠠᠨ ᠪᠠᠭᠠᠷᠢᠨ︾ ᠵᠢᠭᠤᠯᠴᠢᠯᠠᠯ ᠤᠨ ᠨᠠᠷᠠᠲᠤ ᠲᠡᠮᠳᠡᠭ  ᠤᠨ ᠨᠥᠯᠥᠭᠡᠯᠡᠬᠦ ᠬᠦᠴᠦᠨ ᠢ ᠪᠥᠬᠦ ᠲᠠᠯ᠎ᠠ  ᠪᠠᠷ ᠳᠡᠭᠡᠭᠰᠢᠯᠡᠭᠦᠯᠦᠨ᠎ᠡ ᠃ ᠭᠡᠰᠡᠷ ᠰᠣᠶᠣᠯ ᠤᠨ ᠪᠦᠲᠦᠭᠡᠯᠴᠢ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠪᠠᠭᠠᠷᠢᠨ ᠨᠠᠭᠤᠷ ᠪᠠ ᠡᠷᠭᠢᠨ ᠲᠣᠭᠤᠷᠢᠨ ᠤ ᠣᠷᠣᠨ ᠪᠦᠰᠡ ᠶᠢᠨ ᠵᠢᠭᠤᠯᠴᠢᠯᠠᠯ  ᠢ ᠨᠡᠭᠡᠭᠡᠨ  ᠬᠥᠭᠵᠢᠭᠦᠯᠬᠦ᠂ ᠠᠭᠤᠷ ᠤᠨ ᠪᠤᠬ᠎ᠠ ᠲᠡᠷᠭᠡ  ᠪᠠᠷ ᠵᠤᠭᠠᠴᠠᠨ ᠲᠣᠭᠤᠷᠢᠬᠤ  ᠬᠦᠷᠢᠶᠡᠯᠡᠩ ᠵᠡᠷᠭᠡ  ᠲᠥᠰᠥᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠨᠢᠭᠡ ᠪᠦᠯᠦᠭ ᠵᠢᠭᠤᠯᠴᠢᠯᠠᠯ ᠤᠨ ᠣᠨᠴᠠᠯᠢᠭᠲᠤ  ᠪᠦᠲᠦᠭᠡᠭᠳᠡᠭᠦᠨ ᠢ  ᠪᠤᠢ ᠪᠣᠯᠭᠠᠨ᠎ᠠ᠃ ᠠᠳᠤᠭᠤᠨ ᠲᠠᠯ᠎ᠠ ᠵᠤᠭᠠᠴᠠᠯ ᠤᠨ ᠣᠷᠣᠨ ᠤ ᠤᠯᠤᠰ  ᠤᠨ 3A ᠲᠡᠰ ᠤᠨ  ᠦᠵᠡᠮᠵᠢ ᠶᠢᠨ ᠣᠷᠣᠨ ᠢ  ᠪᠠᠶᠢᠭᠤᠯᠬᠤ  ᠠᠵᠢᠯ ᠢ ᠠᠬᠢᠭᠤᠯᠤᠨ᠎ᠠ᠃        ︵ᠳᠥᠷᠪᠡ︶ ᠴᠢᠨᠠᠷ ᠳᠡᠰ ᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠨ᠂ ᠬᠤᠲᠠ ᠬᠥᠳᠡᠭᠡ ᠶᠢᠨ ᠨᠢᠭᠡ  ᠴᠣᠭᠴᠠᠵᠢᠭᠰᠠᠨ ᠬᠥᠭᠵᠢᠯᠲᠡ ᠶᠢ ᠠᠬᠢᠭᠤᠯᠤᠨ᠎ᠠ         ᠶᠡᠷᠦᠩᠬᠡᠶ ᠱᠦᠵᠢ ᠰᠢ ᠶᠢᠨ ᠫᠢᠩ  ᠂ ᠣᠳᠣᠬᠢᠴᠢᠯᠠᠯᠲᠠ ᠶᠢᠨ ᠠᠬᠢᠴᠠ ᠳᠤᠮᠳᠠ᠂ ᠠᠵᠤ ᠦᠢᠯᠡᠳᠪᠦᠷᠢ ᠲᠠᠷᠢᠶᠠᠯᠠᠩ ᠤᠨ ᠬᠠᠷᠢᠴᠠᠭ᠎ᠠ᠂ ᠬᠤᠳᠠ ᠬᠥᠳᠡᠭᠡ ᠶᠢᠨ ᠬᠠᠷᠢᠴᠠᠭ᠎ᠠ ᠶᠢ ᠬᠡᠷᠬᠢᠨ ᠰᠠᠶᠢᠲᠤᠷ  ᠰᠢᠢᠳᠪᠦᠷᠢᠯᠡᠬᠦ ᠨᠢ  ᠣᠳᠣᠬᠢᠴᠢᠯᠠᠯᠲᠠ ᠶᠢᠨ ᠢᠯᠠᠵᠤ ᠢᠯᠠᠭᠳᠠᠬᠤ ᠶᠢ ᠵᠣᠬᠢᠬᠤ ᠲᠠᠯ᠎ᠠ ᠠᠴᠠ ᠲᠣᠭᠲᠠᠭᠠᠵᠤ ᠪᠠᠶᠢᠳᠠᠭ᠃ ᠪᠢᠳᠡ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠲᠣᠭᠲᠠᠴᠠ ᠶᠢ ᠤᠯᠠᠮ ᠨᠢᠭᠡ ᠠᠯᠬᠤᠮ ᠪᠠᠶᠢᠭᠤᠯᠤᠨ  ᠲᠡᠭᠦᠯᠳᠡᠷᠵᠢᠭᠦᠯᠵᠦ᠂ ᠬᠤᠳᠠ ᠬᠥᠳᠡᠭᠡ ᠶᠢᠨ ᠲᠥᠯᠥᠪᠵᠢᠭᠦᠯᠭᠡ ᠪᠠᠶᠢᠷᠢᠯᠠᠭᠤᠯᠤᠯᠲᠠ᠂ ᠡᠯᠧᠮᠧᠨ᠋ᠲ ᠤᠨ ᠲᠤᠬᠢᠷᠠᠭᠤᠯᠤᠯᠳᠠ᠂ ᠠᠵᠤ  ᠦᠢᠯᠡᠰ ᠤᠨ ᠬᠥᠭᠵᠢᠯᠲᠡ᠂ ᠤᠯᠠᠨ ᠨᠡᠶᠢᠲᠡ ᠶᠢᠨ  ᠦᠢᠯᠡᠴᠢᠯᠡᠭᠡ ᠵᠡᠷᠭᠡ ᠲᠠᠯ᠎ᠠ ᠪᠠᠷ ᠬᠠᠷᠢᠯᠴᠠᠨ ᠠᠭᠤᠰᠤᠯᠴᠠᠵᠤ᠂ ᠬᠠᠮᠲᠤ ᠪᠠᠷ ᠬᠥᠭᠵᠢᠬᠦ ᠶᠢ ᠠᠬᠢᠭᠤᠯᠬᠤ ᠬᠡᠷᠡᠭᠲᠡᠶ ᠭᠡᠵᠦ ᠵᠢᠭᠠᠨ ᠭᠠᠷᠭᠠᠭᠰᠠᠨ ᠪᠠᠶᠢᠳᠠᠭ  ᠃        ᠨᠢᠭᠡ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠬᠡᠷᠡᠭᠵᠢᠭᠦᠯᠦᠨ᠎ᠡ᠃ ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠢᠶᠠᠷ  ᠪᠠᠷᠢᠴᠠ  ᠪᠣᠯᠭᠠᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ  ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠷᠰᠢᠯᠲᠠ ᠶᠢᠨ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠤ  ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠮᠠᠨ ᠤ ᠬᠤᠰᠢᠭᠤᠨ ᠤ ᠪᠣᠳᠠᠲᠤ ᠪᠠᠶᠢᠳᠠᠯ ᠳᠤ ᠲᠣᠬᠢᠷᠠᠭᠰᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠭᠪᠤᠷ  ᠢ ᠰᠦᠪᠡᠭᠴᠢᠯᠡᠨ᠎ᠡ᠃  ᠮᠢᠬᠠᠨ ᠤ ᠬᠤᠨᠢᠨ ᠤ ︽23456︾᠂  ᠮᠢᠬᠠᠨ ᠤ ᠦᠬᠡᠷ ᠤᠨ ︽1015︾ ᠲᠡᠵᠢᠭᠡᠨ ᠦᠷᠡᠵᠢᠭᠦᠯᠬᠦ ᠵᠠᠭᠪᠤᠷ ᠢ ᠦᠷᠭᠦᠯᠵᠢᠯᠡᠨ ᠳᠡᠯᠭᠡᠷᠡᠭᠦᠯᠵᠦ᠂  ᠮᠢᠬᠠᠨ ᠤ  ᠬᠤᠨᠢ  ᠮᠢᠬᠠᠨ ᠤ ᠦᠬᠡᠷ ᠤᠨ  ᠭᠤᠣᠯᠯᠠᠬᠤ ᠠᠵᠤ ᠦᠢᠯᠡᠰ ᠢ ᠶᠡᠬᠡᠪᠡᠷ ᠬᠥᠭᠵᠢᠭᠦᠯᠵᠦ ᠂ ᠤᠯᠠᠭᠠᠨᠬᠠᠳᠠ ᠬᠤᠲᠠ ᠶᠢᠨ  ᠮᠢᠬᠠᠨ ᠤ ᠬᠤᠨᠢ ᠮᠢᠬᠠᠨ ᠤ ᠦᠬᠡᠷ ᠤᠨ ᠠᠵᠤ  ᠦᠢᠯᠡᠰ ᠤᠨ ᠲᠣᠮᠣ ᠬᠤᠰᠢᠭᠤ ᠶᠢ ᠪᠠᠶᠢᠭᠤᠯᠤᠨ᠎ᠠ᠃ ᠵᠢᠯ ᠳᠤ 140 ᠲᠦᠮᠡ ᠠᠴᠠ ᠳᠡᠭᠡᠭᠰᠢ  ᠮᠢᠬᠠᠨ ᠤ ᠬᠤᠨᠢ᠂ 6 ᠲᠦᠮᠡ ᠠᠴᠠ ᠳᠡᠭᠡᠭᠰᠢ  ᠮᠢᠬᠠᠨ ᠤ ᠦᠬᠡᠷ ᠪᠣᠷᠣᠯᠠᠭᠤᠯᠤᠨ᠎ᠠ᠃ ᠰᠡᠯᠡᠭᠦᠴᠡᠯ ᠤᠨ ᠲᠠᠷᠢᠶᠠᠯᠠᠩ᠂ ᠦᠵᠡᠮᠦᠷᠢ ᠶᠢᠨ ᠲᠠᠷᠢᠶᠠᠯᠠᠩ᠂ ᠵᠢᠭᠤᠯᠴᠢᠯᠠᠯ ᠤᠨ ᠲᠠᠷᠢᠶᠠᠯᠠᠩ ᠵᠡᠷᠭᠡ ᠲᠠᠷᠢᠶᠠᠯᠠᠩ  ᠤᠨ ᠬᠥᠭᠵᠢᠯᠲᠡ ᠶᠢᠨ ᠰᠢᠨ᠎ᠡ ᠠᠷᠭ᠎ᠠ ᠵᠠᠮ ᠢ ᠰᠦᠪᠡᠭᠴᠢᠯᠡᠵᠦ᠂ ᠲᠠᠷᠢᠶᠠᠯᠠᠩ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃  ᠲᠥᠬᠦᠭᠡᠷᠥᠮᠵᠢᠲᠦ ᠲᠠᠷᠢᠶᠠᠯᠠᠩ ᠢ 3000 ᠮᠦ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠵᠠᠬᠢᠶᠠᠯᠠᠭ᠎ᠠ ᠶᠢᠨ ᠲᠠᠷᠢᠶᠠᠯᠠᠩ ᠢ 30 ᠲᠦᠮᠡᠨ ᠮᠦ ᠬᠥᠭᠵᠢᠭᠦᠯᠦᠨ᠎ᠡ᠃ ᠮᠠᠯᠴᠢᠨ ᠲᠠᠷᠢᠶᠠᠴᠢᠨ ᠤ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠯ 2.2 ᠲᠦᠮᠡᠨ ᠬᠥᠮᠥᠨ ᠳᠤ ᠬᠦᠷᠲᠡᠭᠡᠵᠦ᠂ ᠰᠢᠨ᠎ᠡ  ᠮᠠᠶ᠋ᠢᠭ ᠤᠨ ᠮᠡᠷᠭᠡᠵᠢᠯ ᠤᠨ ᠮᠠᠯᠴᠢᠨ ᠲᠠᠷᠢᠶᠠᠴᠢᠨ  2000 ᠠᠴᠠ ᠳᠡᠭᠡᠭᠰᠢ ᠬᠥᠮᠥᠵᠢᠭᠦᠯᠦᠨ᠎ᠡ᠃ ᠲᠣᠰᠬᠤᠨ ᠤ ᠳᠦᠷᠢᠮ ᠠᠷᠠᠳ ᠤᠨ ᠭᠡᠷ᠎ᠡ ᠶᠢ ᠪᠦᠷᠢᠨ ᠪᠣᠯᠭᠠᠨ ᠲᠡᠭᠦᠯᠳᠡᠷᠵᠢᠭᠦᠯᠵᠦ᠂ ᠵᠠᠩ ᠳᠠᠳᠬᠠᠯ ᠢ  ᠥᠭᠡᠷᠡᠴᠢᠯᠡᠬᠦ ᠶᠢ ᠦᠷᠭᠦᠯᠵᠢᠯᠡᠨ ᠠᠬᠢᠭᠤᠯᠵᠤ᠂ ᠨᠤᠲᠤᠭ ᠤᠨ ᠬᠡᠪ ᠰᠤᠷᠲᠠᠯ ᠤᠨ ᠪᠣᠯᠪᠠᠰᠤᠨ ᠢ ᠪᠦᠬᠦ ᠲᠠᠯ᠎ᠠ ᠪᠠᠷ  ᠰᠠᠶᠢᠵᠢᠷᠠᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ  ᠢ ᠴᠡᠭᠴᠡᠯᠡᠨ ᠵᠠᠰᠠᠬᠤ ᠶᠢ ᠭᠦᠨᠵᠡᠭᠡᠶ ᠥᠷᠨᠢᠭᠦᠯᠵᠦ᠂ ᠡᠷᠦᠬᠡ ᠶᠢᠨ ᠵᠣᠷᠯᠣᠩ ᠤᠨ  ᠪᠠᠭᠠᠰᠤ ᠰᠢᠭᠡᠰᠦ᠂ ᠮᠠᠯ ᠵᠢᠭᠦᠷᠲᠡᠨ ᠲᠡᠵᠢᠭᠡᠭᠰᠡᠨ ᠬᠠᠶᠠᠭᠳᠠᠮᠠᠯ ᠪᠣᠳᠠᠰ ᠪᠠ ᠲᠠᠷᠢᠮᠠᠯ ᠤᠨ ᠡᠰᠢ ᠰᠦᠷᠡᠯ ᠵᠡᠷᠭᠡ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠵᠤ᠂ ᠠᠮᠢ ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ᠃        ᠬᠤᠶᠠᠷ ᠲᠤ ᠬᠤᠲᠠ ᠪᠠᠯᠭᠠᠰᠤᠨ ᠤ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ︽ᠲᠠᠯ᠎ᠠ ᠨᠤᠲᠤᠭ ᠳᠡᠭᠡᠷᠡᠬᠢ ᠬᠤᠲᠠ᠂ ᠬᠤᠲᠠ  ᠳᠣᠲᠣᠷᠠᠬᠢ ᠲᠠᠯ᠎ᠠ ᠨᠤᠲᠤᠭ︾ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠣᠰᠣᠭᠠᠷ᠂ ᠬᠤᠲᠠ ᠶᠢᠨ ᠵᠢᠷᠤᠭ ᠲᠥᠯᠥᠪᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠰᠢᠨᠵᠢᠯᠡᠬᠦ  ᠤᠬᠠᠭᠠᠨᠴᠢ ᠪᠥᠭᠡᠳ ᠵᠦᠶ ᠵᠣᠬᠢᠰᠲᠠᠶ  ᠬᠤᠲᠠᠴᠢᠯᠠᠯᠲᠠ ᠶᠢᠨ  ᠪᠠᠶᠢᠳᠠᠯ ᠢ ᠲᠦᠷᠭᠡᠳᠬᠡᠨ ᠪᠠᠶᠢᠭᠤᠯᠵᠤ᠂  ᠠᠵᠢᠯᠯᠠᠬᠤ ᠳᠤ ᠲᠣᠬᠢᠷᠠᠮᠵᠢᠲᠠᠶ᠂ ᠰᠠᠭᠤᠷᠢᠰᠢᠬᠤ ᠳᠤ ᠲᠣᠬᠢᠷᠠᠮᠵᠢᠲᠠᠶ᠂  ᠵᠤᠭᠠᠴᠠᠨ ᠲᠣᠭᠤᠷᠢᠬᠤ ᠳᠤ ᠲᠣᠬᠢᠷᠠᠮᠵᠢᠲᠠᠶ ᠠᠮᠢ ᠠᠬᠤᠶ ᠶᠢᠨ ᠬᠤᠲᠠ ᠪᠠᠯᠭᠠᠰᠤ ᠶᠢ ᠴᠢᠷᠮᠠᠶᠢᠨ ᠪᠠᠶᠢᠭᠤᠯᠤᠨ᠎ᠠ᠃ ᠳ᠋ᠠᠪᠠᠨ ᠪᠠᠯᠭᠠᠰᠤ  ᠲᠣᠭᠤᠷᠢᠭ ᠤᠨ ᠬᠤᠲᠠ ᠶᠢᠨ ᠵᠢᠷᠤᠭ ᠲᠥᠯᠥᠪᠯᠡᠭᠡ᠂ ᠤᠯᠤᠰ  ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠶᠢ ᠨᠠᠶᠢᠷᠠᠭᠤᠯᠤᠨ  ᠵᠣᠬᠢᠶᠠᠵᠤ᠂ ᠪᠠᠭᠠᠷᠢᠨ ᠵᠠᠮ ᠠᠴᠠ ᠵᠡᠭᠦᠨᠰᠢᠬᠢ 7.3 ᠲᠡᠭᠰᠢ ᠳᠥᠷᠪᠡᠯᠵᠢᠨ ᠺᠢᠯᠣᠮᠧᠲᠷ ᠬᠡᠰᠡᠭ  ᠂ ᠠᠵᠤ  ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠢᠵᠠᠭᠠᠷᠯᠠᠯ ᠤᠨ ᠰᠢᠨᠵᠢ ᠲᠠᠢ ᠲᠥᠯᠥᠪᠵᠢᠭᠦᠯᠭᠡ ᠪᠠ ᠪᠥᠬᠦ ᠬᠤᠰᠢᠭᠤᠨ ᠤ ᠠᠶᠢᠯ ᠲᠣᠰᠬᠤᠨ ᠤ ᠲᠥᠯᠥᠪᠵᠢᠭᠦᠯᠭᠡ ᠶᠢ ᠡᠬᠢᠯᠡᠭᠦᠯᠦᠨ᠎ᠡ᠃  ᠬᠠᠨ ᠠᠭᠤᠯᠠ ᠵᠠᠮ ᠤᠨ ᠡᠮᠦᠨ᠎ᠡ ᠬᠡᠰᠡᠭ ᠵᠡᠷᠭᠡ 12 ᠵᠤᠷᠪᠤᠰ ᠬᠤᠲᠠ ᠶᠢᠨ ᠶᠠᠪᠤᠳᠠᠯ ᠤᠨ ᠵᠠᠮ ᠤᠨ ᠢᠨᠵᠧᠨᠧᠷᠢᠩ ᠢ ᠬᠡᠷᠡᠭᠵᠢᠭᠦᠯᠦᠨ᠎ᠡ᠃ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ  ᠢ ᠥᠭᠡᠷᠡᠴᠢᠯᠡᠨ ᠰᠢᠨᠡᠳᠬᠡᠬᠦ  ᠰᠢᠪᠲᠤᠯᠤᠯᠲᠠ ᠶᠢᠨ ᠡᠷᠴᠢᠮ  ᠢ ᠨᠡᠮᠡᠭᠳᠡᠭᠦᠯᠵᠦ᠂ ᠪᠤᠴᠠᠭᠠᠨ ᠨᠡᠭᠦᠯᠭᠡᠵᠦ ᠲᠥᠪᠬᠢᠨᠡᠭᠦᠯᠬᠦ ᠭᠡᠷ ᠪᠠᠶᠢᠰᠢᠩ ᠤᠨ ᠢᠷᠡᠯᠲᠡ ᠶᠢᠨ  ᠲᠥᠰᠥᠯ ᠢ ᠡᠬᠢᠯᠡᠭᠦᠯᠦᠨ ᠪᠦᠲᠦᠭᠡᠨ ᠪᠠᠶᠢᠭᠤᠯᠤᠨ᠎ᠠ᠃ ᠲᠡᠮᠦᠷ ᠵᠠᠮ ᠤᠨ ᠥᠷᠲᠡᠭᠡ ᠲᠣᠭᠤᠷᠢᠭ ᠤᠨ ︽ᠭᠤᠷᠪᠠᠨ ᠬᠠᠩᠭᠠᠯᠭ᠎ᠠ ᠨᠢᠭᠡ  ᠠᠳᠠᠯ ᠠᠬᠤᠢ  ︾᠂ 805  ᠲᠣᠯᠭᠢᠶᠠᠨ ᠳᠠᠮᠵᠢᠭᠤᠯᠬᠤ ᠥᠷᠲᠡᠭᠡ ᠶᠢ ᠨᠡᠭᠦᠯᠭᠡᠨ ᠰᠢᠨ᠎ᠡ ᠪᠠᠷ ᠪᠠᠶᠢᠭᠤᠯᠬᠤ  ᠲᠥᠰᠥᠯ ᠢ ᠬᠡᠷᠡᠭᠵᠢᠭᠦᠯᠵᠦ᠂ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ᠂ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ᠂ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠬᠦ  ᠲᠥᠰᠥᠯ ᠢ ᠠᠬᠢᠭᠤᠯᠤᠨ᠎ᠠ ᠃ ᠬᠤᠲᠠ ᠪᠠᠯᠭᠠᠰᠤᠨ ᠤ ᠪᠣᠬᠢᠷ ᠤᠰᠤ  ᠰᠢᠢᠳᠪᠦᠷᠢᠯᠡᠬᠦ ᠶᠠᠰᠤ ᠴᠢᠨᠠᠷ  ᠢ ᠳᠡᠭᠡᠭᠰᠢᠯᠡᠭᠦᠯᠦᠨ ᠦᠷ᠎ᠡ ᠠᠰᠢᠭ ᠢ  ᠨᠡᠮᠡᠭᠳᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠥᠷᠨᠢᠭᠦᠯᠵᠦ᠂ ᠳ᠋ᠠᠪᠠᠨ ᠤ ᠬᠤᠶᠠᠳᠤᠭᠠᠷ ᠪᠣᠬᠢᠷ ᠤᠰᠤ  ᠰᠢᠢᠳᠪᠦᠷᠢᠯᠡᠬᠦ ᠦᠢᠯᠡᠳᠪᠦᠷᠢ᠂ ᠳ᠋ᠠᠪᠠᠨ ᠤ ᠪᠠᠯᠭᠠᠰᠤᠨ ᠤ ᠤᠰᠤ ᠬᠠᠩᠭᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ  ᠲᠥᠰᠥᠯ ᠢ ᠦᠷᠭᠦᠯᠵᠢᠯᠡᠨ ᠪᠠᠶᠢᠭᠤᠯᠤᠨ᠎ᠠ᠃  ᠳ᠋ᠠᠪᠠᠨ ᠪᠠᠯᠭᠠᠰᠤᠨ ᠤ  ᠬᠤᠭ ᠨᠣᠪᠰᠢ ᠪᠤᠯᠠᠬᠤ ᠬᠤᠶᠠᠳᠤᠭᠠᠷ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ  ᠲᠦᠷᠭᠡᠳᠬᠡᠵᠦ᠂ ᠠᠮᠢᠳᠤᠷᠠᠯ ᠤᠨ ᠬᠤᠭ ᠨᠣᠪᠰᠢ ᠶᠢ ᠢᠯᠭᠠᠨ ᠰᠣᠩᠭᠤᠬᠤ ᠲᠠᠯᠠᠪᠠᠢ  ᠶᠢᠨ ᠢᠯᠭᠠᠨ ᠰᠣᠩᠭᠤᠬᠤ ᠬᠡᠯᠬᠢᠶ᠎ᠡ ᠶᠢ  ᠲᠡᠭᠦᠯᠳᠡᠷᠵᠢᠭᠦᠯᠵᠦ᠂ ᠰᠦᠯᠢᠶᠣᠣ ᠮᠥᠬᠦᠯᠢᠭ  ᠡᠳ᠋ᠰᠢᠭᠦᠯᠦᠨ᠂ ᠠᠮᠢᠳᠤᠷᠠᠯ ᠤᠨ ᠬᠤᠭ ᠨᠣᠪᠰᠢ  ᠶᠢᠨ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ᠂ ᠬᠤᠤᠷ ᠦᠭᠡᠶᠢᠵᠢᠬᠦᠯᠦᠨ ᠰᠢᠢᠳᠪᠦᠷᠢᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠤᠲᠠ ᠶᠢᠨ ᠳᠦᠷᠰᠦ ᠪᠠᠶᠢᠳᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠴᠢᠩᠭᠠᠳᠬᠠᠵᠤ᠂ ᠬᠤᠲᠠ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠨᠢᠭᠡ ᠴᠣᠭᠴᠠᠵᠢᠭᠤᠯᠤᠭᠰᠠᠨ PPP ᠲᠥᠰᠥᠯ  ᠤᠨ ᠠᠵᠢᠯᠯᠠᠭᠠᠨ ᠤ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠠᠳᠠᠯ ᠠᠬᠤᠢ ᠶᠢᠨ ᠬᠠᠮᠢᠶᠠᠷᠤᠯᠲᠠ ᠶᠢᠨ  ᠦᠢᠯᠡᠴᠢᠯᠡᠭᠡᠨ ᠤ ᠶᠠᠰᠤ ᠴᠢᠨᠠᠷ  ᠢ ᠳᠡᠭᠡᠭᠰᠢᠯᠡᠭᠦᠯᠬᠦ ᠣᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠠᠳᠠᠯ ᠠᠬᠤᠢ ᠶᠢᠨ  ᠦᠢᠯᠡᠴᠢᠯᠡᠭᠡᠨ ᠤ ᠬᠢᠷᠢ ᠬᠡᠮᠵᠢᠶ᠎ᠡ ᠶᠢ ᠪᠠᠬᠢᠵᠢᠭᠦᠯᠦᠨ ᠳᠡᠭᠡᠭᠰᠢᠯᠡᠭᠦᠯᠦᠨ᠎ᠡ᠃        ᠭᠤᠷᠪᠠ ᠳᠤ ᠵᠠᠮ ᠬᠠᠷᠢᠯᠴᠠᠭᠠᠨ ᠤ ᠵᠠᠮ ᠤᠨ ᠲᠣᠤᠷ ᠤᠨ ᠪᠦᠲᠦᠭᠡᠨ ᠪᠠᠶᠢᠭᠤᠯᠤᠯᠲᠠ ᠶᠢ ᠪᠠᠬᠢᠵᠢᠭᠦᠯᠦᠨ᠎ᠡ᠃ ᠮᠤᠵᠢ ᠬᠤᠭᠤᠷᠣᠨᠳᠣᠬᠢ ᠶᠡᠭᠡ ᠵᠠᠮ ᠤᠨ ︽ ᠨᠢᠭᠡᠳᠦᠭᠡᠷ ᠳᠡᠰ ᠤᠨ ᠵᠠᠮ ᠢ  ᠬᠤᠷᠳᠤᠨ ᠤ ᠵᠠᠮ ᠪᠣᠯᠭᠠᠬᠤ︾ ︵ ᠪᠠᠭᠠᠷᠢᠨ ᠪᠠᠷᠠᠭᠤᠨ ᠬᠤᠰᠢᠭᠤᠨ  ᠤ ᠬᠡᠰᠡᠭ︶  ᠲᠥᠰᠥᠯ ᠪᠠ  ᠴᠢᠪᠠᠭ᠎ᠠ ᠠᠴᠠ ᠪᠣᠷᠣᠬᠤᠲᠠ ᠬᠥᠷᠬᠦ  ᠬᠤᠷᠳᠤᠨ ᠤ ᠵᠠᠮ  ︵ᠪᠠᠭᠠᠷᠢᠨ ᠪᠠᠷᠠᠭᠤᠨ ᠬᠤᠰᠢᠭᠤᠨ  ᠤ ᠬᠡᠰᠡᠭ  ︶ ᠤᠨ ᠲᠥᠰᠥᠯ ᠢ ᠵᠣᠬᠢᠴᠠᠭᠤᠯᠤᠨ ᠠᠬᠢᠭᠤᠯᠤᠨ᠎ᠠ᠃ ᠮᠤᠵᠢ ᠶᠢᠨ ᠲᠡᠰ ᠤᠨ ᠵᠠᠰᠠᠮᠠᠯ ᠵᠠᠮ ᠤᠨ 206 ᠱᠤᠭᠤᠮ᠂ ᠤᠯᠤᠰ  ᠤᠨ ᠲᠡᠰ ᠤᠨ ᠵᠠᠰᠠᠮᠠᠯ ᠵᠠᠮ ᠤᠨ 303 ᠱᠤᠭᠤᠮ  ᠠᠴᠠ ᠲᠠᠯ᠎ᠠ ᠨᠤᠲᠤᠭ ᠤᠨ  ᠴᠥᠭᠦᠷᠥᠮ  ᠬᠦᠷᠬᠦ ᠵᠠᠰᠠᠮᠠᠯ ᠵᠠᠮ ᠤᠨ ᠢᠨᠵᠧᠨᠧᠷᠢᠩ  ᠤᠨ ᠠᠵᠢᠯ  ᠢ ᠡᠬᠢᠯᠡᠵᠦ ᠪᠦᠲᠦᠭᠡᠨ ᠪᠠᠶᠢᠭᠤᠯᠤᠨ᠎ᠠ᠃  ᠤᠯᠤᠰ ᠤᠨ ᠵᠠᠮ ᠤᠨ 305  ᠱᠤᠭᠤᠮ ᠤᠨ  ᠪᠣᠷᠣᠠᠤᠰᠤ ᠠᠴᠠ  ᠶᠧ  ᠵᠤ᠋ ᠭᠧᠤ ᠬᠦᠷᠬᠦ  ᠬᠡᠰᠡᠭ ᠢ  ᠤᠷᠢᠳᠴᠢᠯᠠᠭᠰᠠᠨ ᠴᠢᠨᠠᠷᠲᠠᠶ ᠠᠷᠠᠴᠢᠯᠠᠨ  ᠬᠠᠮᠠᠭᠠᠯᠠᠨ᠎ᠠ᠃  3 ᠬᠥᠭᠦᠷᠭᠡ᠂ ᠭᠠᠴᠠᠭ᠎ᠠ ᠲᠣᠰᠬᠤᠨ ᠳᠤ ᠨᠡᠪᠲᠡᠷᠡᠬᠦ ᠵᠠᠰᠠᠮᠠᠯ ᠵᠠᠮ 95 ᠺᠢᠯᠣᠮᠧᠲᠷ ᠰᠢᠨ᠎ᠡ ᠪᠠᠷ ᠪᠠᠶᠢᠭᠤᠯᠤᠨ᠎ᠠ᠃ ᠪᠠ ᠰᠢᠨ ᠳᠡᠮᠤᠷ ᠵᠠᠮ ᠤᠨ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠢ  ᠳᠠᠬᠢᠨ ᠡᠬᠢᠯᠡᠭᠦᠯᠵᠦ᠂ ᠵᠢᠲ᠋ᠦ᠋ᠩ ᠲᠡᠮᠦᠷ ᠵᠠᠮ ᠶᠢᠨ ᠴᠢᠳᠠᠮᠵᠢ ᠶᠢ ᠥᠷᠭᠡᠳᠬᠡᠬᠦ ᠥᠭᠡᠷᠡᠴᠢᠯᠡᠯᠲᠡ᠂ ᠤᠯᠠᠭᠠᠨᠬᠠᠳᠠ ᠳ᠋ᠠᠪᠠᠨ ᠪᠠᠶᠠᠨᠬᠤᠸᠠ ᠬᠦᠷᠬᠦ ᠳᠡᠮᠤᠷ ᠵᠠᠮ ᠤᠨ ᠳ᠋ᠠᠪᠠᠨ ᠤ ᠵᠡᠭᠦᠨ ᠦᠷᠲᠡᠭᠡ ᠶᠢ ᠥᠭᠡᠷᠡᠴᠢᠯᠡᠬᠦ ᠪᠠᠷᠢᠯᠭ᠎ᠠ ᠶᠢ ᠲᠦᠷᠭᠡᠨ ᠳᠠᠭᠤᠰᠬᠠᠵᠤ᠂ ᠳ᠋ᠠᠪᠠᠨ ᠤ ᠳᠡᠮᠤᠷ ᠵᠠᠮ ᠤᠨ ᠵᠠᠮ ᠬᠠᠷᠢᠯᠴᠠᠭᠠᠨ ᠤ ᠬᠦᠢᠰᠦ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠲᠥᠰᠥᠯ  ᠡᠬᠢᠯᠡᠨ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃         ︵ᠲᠠᠪᠤ︶ ᠥᠭᠡᠷᠡᠴᠢᠯᠡᠯᠲᠡ  ᠰᠢᠨᠡᠴᠢᠯᠡᠯᠲᠡ ᠪᠠᠷ ᠭᠤᠤᠯ ᠰᠢᠵᠢᠮ ᠪᠣᠯᠭᠠᠵᠤ᠂ ᠭᠤᠤᠯᠳᠠᠯᠭ᠎ᠠ ᠲᠠᠢ  ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ         ᠥᠭᠡᠷᠡᠴᠢᠯᠡᠯᠲᠡ ᠬᠢᠪᠡᠯ ᠳᠠᠪᠰᠢᠵᠤ᠂ ᠰᠢᠨᠡᠴᠢᠯᠡᠪᠡᠯ ᠬᠦᠴᠦᠷᠬᠡᠭᠵᠢᠨ᠎ᠡ᠃ ᠣᠳᠣᠬᠠᠨ ᠳᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠰᠢᠪᠲᠤᠯᠤᠯᠲᠠ ᠶᠢᠨ ᠱᠠᠲᠤ ᠵᠠᠩᠭᠢᠯᠠᠭ᠎ᠠ ᠶᠢᠨ ᠦᠶ᠎ᠡ ᠳᠡᠭᠡᠨ ᠣᠷᠣᠪᠠ  ᠃ ᠪᠢᠳᠡ ᠡᠷᠬᠡᠪᠰᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠥᠭᠵᠢᠯᠲᠡ  ᠪᠠᠷ ᠬᠠᠨᠳᠤᠰᠢ  ᠪᠣᠯᠭᠠᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠬᠦᠷᠢᠶ᠎ᠡ ᠪᠣᠯᠤᠨ ᠵᠠᠩᠭᠢᠯᠠᠭ᠎ᠠ ᠶᠢᠨ ᠬᠡᠰᠡᠭ ᠤᠨ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ᠂ ᠥᠭᠡᠷᠡᠴᠢᠯᠡᠯᠲᠡ ᠶᠢᠨ ᠦᠷ᠎ᠡ ᠪᠦᠲᠦᠮᠵᠢ ᠪᠣᠯᠤᠨ  ᠰᠢᠨᠡᠴᠢᠯᠡᠯᠲᠡ  ᠶᠢᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ︽ᠠᠮᠢᠵᠢᠷᠠᠯ ᠤᠨ ᠬᠦᠴᠦᠨ   ᠲᠠᠢ ᠪᠠᠭᠠᠷᠢᠨ︾ ᠢ ᠴᠣᠭᠴᠠᠯᠠᠬᠤ ᠬᠡᠷᠡᠭᠲᠡᠢ᠃         ᠨᠢᠭᠡ ᠳᠤ ᠥᠭᠡᠷᠡᠴᠢᠯᠡᠯᠲᠡ ᠠᠴᠠ ︽ᠬᠥᠳᠡᠯᠭᠡᠬᠦ ᠬᠦᠴᠦᠨ︾  ᠣᠯᠣᠨ᠎ᠠ᠃ ᠡᠯ᠎ᠡ ᠬᠦᠷᠢᠶᠡᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠢ ᠠᠷᠢᠯᠭᠠᠨ᠎ᠠ᠃ ᠠᠵᠢᠯ  ᠦᠢᠯᠡᠰ ᠤᠨ ᠨᠢᠭᠡᠴᠢ ᠶᠢᠨ ᠥᠭᠡᠷᠡᠴᠢᠯᠡᠯᠲᠡ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠤᠨ᠎ᠠ᠃ ᠤᠯᠤᠰ ᠤᠨ ᠬᠥᠷᠥᠩᠭᠡ ᠶᠢᠨ ᠡᠷᠭᠢᠯᠲᠡ ᠶᠢᠨ ᠺᠣᠮᠫᠠᠨᠢ ᠶᠢᠨ ᠡᠭᠦᠷᠭᠡ ᠴᠢᠳᠠᠪᠤᠷᠢ ᠶᠢ  ᠴᠢᠩᠭᠠᠳᠬᠠᠵᠤ᠂ ᠤᠯᠤᠰ  ᠤᠨ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠦᠨ᠎ᠡ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠶᠢᠨ ᠦᠷ᠎ᠡ ᠠᠰᠢᠭ ᠢ ᠲᠠᠰᠤᠷᠠᠯᠲᠠ ᠥᠬᠡᠶ ᠪᠠᠳᠠᠷᠠᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ᠂ ᠰᠤᠷᠭᠠᠨ ᠬᠥᠮᠦᠵᠢᠯ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠠᠬᠢ  ᠲᠣᠭᠲᠠᠯᠴᠠᠭ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠠᠨ ᠲᠡᠰ ᠳᠠᠪᠬᠤᠷᠭ᠎ᠠ ᠶᠢᠨ ᠪᠠᠲᠤᠯᠠᠭ᠎ᠠ ᠶᠢᠨ  ᠰᠢᠰᠲ᠋ᠧᠮ ᠢ ᠪᠠᠶᠢᠭᠤᠯᠤᠨ᠎ᠠ᠃ ᠪᠠᠯᠠ ᠣᠷᠣᠭᠤᠯᠤᠯᠲᠠ ᠪᠠᠯᠠ ᠲᠣᠬᠢᠷᠠᠭᠤᠯᠭ᠎ᠠ᠂ ᠡᠳ᠋ ᠤᠨ ᠵᠠᠰᠠᠭ ᠭᠠᠶᠢᠯᠢ ᠶᠢᠨ ᠬᠠᠮᠢᠶᠠᠷᠤᠯᠲᠠ ᠵᠡᠷᠭᠡ ᠭᠤᠤᠯᠳᠠᠯᠭ ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃          ᠬᠤᠶᠠᠷ ᠲᠤ ᠬᠤᠳᠠᠯᠳᠤᠭᠠᠴᠢᠨ ᠤᠷᠢᠵᠤ ︽ᠳᠠᠯᠳᠠ ᠬᠦᠴᠦᠨ︾  ᠣᠯᠣᠨ᠎ᠠ᠃ ᠮᠠᠨ ᠤ ᠬᠤᠰᠢᠭᠤᠨ ᠤ ᠡᠬᠢ ᠪᠠᠶᠠᠯᠢᠭ ᠤᠨ ᠳᠠᠪᠠᠭᠤᠯᠢᠭ᠂ ᠣᠷᠣᠨ ᠪᠠᠶᠢᠷᠢ ᠶᠢᠨ ᠵᠠᠮ ᠬᠠᠷᠢᠯᠴᠠᠭ᠎ᠠ ᠪᠣᠯᠤᠨ ᠠᠵᠤ  ᠦᠢᠯᠡᠰ ᠤᠨ ᠰᠠᠭᠤᠷᠢ ᠵᠡᠷᠭᠡ ᠳᠠᠪᠠᠭᠤᠯᠢᠭ ᠲᠤ ᠰᠠᠭᠤᠷᠢᠯᠠᠨ᠂  ᠯᠢᠶᠣᠤᠨᠢᠩ  ᠱᠠᠨᠳᠦ᠋ᠩ᠂ ᠪᠡᠭᠡᠵᠢᠩ ᠲᠢᠶᠠᠨᠵᠢᠨ ᠾᠧᠪᠧᠶ᠂ ᠪᠦᠸᠧᠬᠠᠶ ᠲᠠᠩᠭᠢᠰ  ᠤᠨ ᠲᠣᠭᠤᠷᠢᠨ᠂ ᠬᠥᠬᠡᠮᠥ᠋ᠷᠡᠨ ᠤ ᠭᠤᠷᠪᠠᠯᠵᠢᠨ ᠬᠤᠶᠢᠭ ᠵᠡᠷᠭᠡ ᠭᠤᠤᠯᠳᠠᠯᠭ᠎ᠠ ᠲᠠᠢ ᠣᠷᠣᠨ ᠪᠦᠰᠡ ᠠᠴᠠ ᠬᠥᠷᠥᠩᠭᠡ ᠣᠷᠣᠭᠤᠯᠤᠭᠴᠢᠳ ᠢ ᠲᠠᠲᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠤᠨ᠎ᠠ᠃ ᠬᠥᠷᠥᠩᠭᠡ ᠣᠷᠣᠭᠤᠯᠤᠭᠴᠢᠳ ᠢ ᠲᠠᠲᠠᠬᠤ ᠡᠪᠦᠯ ᠤᠨ ᠤᠯᠠᠷᠢᠯ ᠤᠨ ᠠᠵᠢᠯᠯᠠᠭ᠎ᠠ ᠶᠢ ᠠᠰᠢᠭᠯᠠ᠂ ᠨᠢᠭᠡ ᠪᠦᠯᠦᠭ ᠠᠵᠤ ᠦᠢᠯᠡᠰ ᠤᠨ ᠳᠡᠰ ᠳᠡᠪᠰᠢᠬᠦ ᠶᠢ ᠬᠥᠲᠥᠯᠥᠨ ᠳᠠᠭᠠᠭᠤᠯᠬᠤ᠂ ᠬᠥᠭᠵᠢᠯᠲᠡ ᠶᠢᠨ ᠳᠤᠲᠠᠭᠤᠳᠠᠯ ᠢ ᠨᠥᠬᠦᠪᠥᠷᠢᠯᠡᠬᠦ᠂ ᠪᠠᠲᠤᠯᠠᠭ᠎ᠠ ᠶᠢᠨ ᠴᠢᠳᠠᠪᠤᠷᠢ ᠶᠢ ᠨᠡᠮᠡᠭᠳᠡᠭᠦᠯᠬᠦ ᠲᠣᠮᠣ  ᠲᠥᠰᠥᠯ᠂ ᠰᠠᠶᠢᠨ  ᠲᠥᠰᠥᠯ ᠢ ᠣᠷᠣᠭᠤᠯᠤᠨ ᠠᠪᠴᠢᠷᠠᠵᠤ᠂ ᠬᠥᠭᠵᠢᠯᠲᠡ ᠶᠢᠨ ᠦᠨ᠎ᠡ ᠴᠠᠨ᠎ᠠ ᠪᠠᠨ ᠲᠠᠰᠤᠷᠠᠯᠲᠠ ᠦᠭᠡᠢ  ᠳᠡᠭᠡᠭᠰᠢᠯᠡᠭᠦᠯᠦᠨ᠎ᠡ᠃ ᠵᠢᠯ ᠤᠨ ᠳᠣᠲᠣᠷ᠎ᠠ 5000 ᠲᠦᠮᠡᠨ ᠲᠥᠭᠦᠷᠢᠭ ᠠᠴᠠ ᠳᠡᠭᠡᠭᠰᠢᠬᠢ  ᠲᠥᠰᠥᠯ ᠢ 10 ᠣᠷᠣᠭᠤᠯᠵᠤ᠂ ᠬᠥᠷᠥᠩᠭᠡ ᠣᠷᠣᠭᠤᠯᠤᠭᠴᠢᠳ ᠢ ᠲᠠᠲᠠᠬᠤ  ᠠᠵᠢᠯ ᠤᠨ  ᠪᠡᠯᠡ ᠮᠥᠩᠭᠦ ᠶᠢᠨ ᠨᠠᠶᠢᠳᠠᠪᠤᠷᠢᠵᠢᠭᠤᠯᠤᠯᠲᠠ ᠶᠢ 10% ᠠᠴᠠ ᠳᠡᠭᠡᠭᠰᠢ ᠨᠡᠮᠡᠭᠳᠡᠭᠦᠯᠬᠦ ᠪᠠᠷ ᠲᠥᠯᠥᠪᠯᠡᠵᠦ ᠪᠠᠶᠢᠨ᠎ᠠ᠃ ᠭᠡᠰᠡᠷ ᠰᠣᠶᠣᠯ ᠵᠢᠭᠤᠯᠴᠢᠯᠠᠯ᠂ ᠮᠢᠬᠠᠨ ᠤ ᠨᠤᠭᠤᠰᠤ ᠶᠢᠨ ᠠᠵᠤ ᠦᠢᠯᠡᠰᠵᠢᠭᠰᠡᠨ ᠣᠳᠣ ᠦᠶ᠎ᠡ ᠶᠢᠨ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ᠂ ᠨᠢᠭᠡᠳᠦᠭᠡᠷ ᠬᠦᠨᠳᠦ ᠮᠠᠰᠢᠨ ᠤ ᠪᠦᠯᠦᠭᠯᠡᠯ ᠤᠨ ᠰᠢᠲᠠᠮᠠᠬᠠᠶ ᠬᠡᠢ ᠵᠡᠷᠭᠡ  ᠲᠥᠰᠥᠯ  ᠠᠵᠢᠯ  ᠡᠬᠢᠯᠡᠬᠦ ᠶᠢ ᠲᠦᠯᠬᠢᠨ ᠠᠬᠢᠭᠤᠯᠵᠤ᠂  ᠷᠦᠢ ᠳ᠋ᠧ ᠨᠡᠭᠦᠷᠡᠰᠦ ᠬᠢᠮᠢ ᠶᠢᠨ ᠠᠵᠤ  ᠦᠢᠯᠡᠳᠪᠦᠷᠢ᠂ ᠪᠡᠭᠡᠵᠢᠩ ᠤᠨ  ᠳ᠋ᠠ ᠨᠦᠩ᠂ ᠰᠢᠶᠠᠩᠭᠠᠩ ᠤᠨ  ᠰᠢᠨ ᠶᠠ ᠬᠠᠩ ᠵᠡᠷᠭᠡ ᠠᠵᠤ ᠠᠬᠤᠶᠢᠯᠠᠯ ᠯᠤᠭ᠎ᠠ ᠨᠢᠭᠲᠠ   ᠬᠠᠷᠢᠯᠴᠠᠵᠤ᠂ ᠨᠢᠭᠡ ᠪᠦᠯᠦᠭ ᠠᠵᠤ  ᠦᠢᠯᠡᠰ ᠤᠨ ᠲᠥᠰᠥᠯ  ᠳᠤ ᠡᠷᠲᠡᠬᠡᠨ ᠭᠡᠷ᠎ᠡ ᠲᠣᠭᠲᠠᠬᠤ ᠶᠢ ᠠᠬᠢᠭᠤᠯᠤᠨ᠎ᠠ᠃          ᠭᠤᠷᠪᠠ ᠳᠤ ᠵᠥᠭᠡᠯᠡᠨ ᠣᠷᠴᠢᠨ  ᠠᠴᠠ ︽ᠠᠮᠢᠵᠢᠷᠠᠯ ᠤᠨ ᠬᠦᠴᠦᠨ︾  ᠣᠯᠣᠨ᠎ᠠ᠃ ︽ᠪᠠᠭᠤᠯᠭᠠᠬᠤ ᠤᠶᠠᠯᠳᠤᠭᠤᠯᠬᠤ  ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠦᠨ᠎ᠡ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ  ᠦᠢᠯᠡᠴᠢᠯᠡᠭᠡ︾ ᠶᠢ ᠶᠡᠬᠡᠪᠡᠷ ᠬᠡᠷᠡᠭᠵᠢᠭᠦᠯᠵᠦ᠂ ᠲᠤᠭ᠎ᠠ ᠪᠠᠷᠢᠮᠲᠠ ᠶᠢ  ᠣᠯᠠᠨ ᠳᠤ ᠬᠦᠷᠭᠡᠨ᠂ ᠣᠯᠠᠨ ᠲᠦᠮᠡᠨ ᠢ ᠳᠤᠲᠠᠭᠤ ᠭᠦᠶᠦᠯᠭᠡᠨ᠎ᠡ᠃ ᠬᠢᠨᠠᠨ ᠵᠥᠪᠰᠢᠶᠡᠷᠡᠬᠦ ᠶᠡᠷᠦᠩᠬᠡᠶᠢᠯᠡᠭᠰᠡᠨ  ᠦᠢᠯᠡᠴᠢᠯᠡᠭᠡ ᠶᠢ ᠨᠡᠶᠢᠯᠡᠭᠦᠯᠦᠨ ᠬᠤᠯᠪᠣᠭᠠᠯᠠᠬᠤ ᠶᠢ  ᠭᠦᠨᠵᠡᠭᠡᠶᠢᠷᠡᠭᠦᠯᠵᠦ᠂ ᠬᠢᠨᠠᠨ ᠵᠥᠪᠰᠢᠶᠡᠷᠡᠬᠦ  ᠵᠠᠩᠭᠢᠯᠠᠭ᠎ᠠ ᠶᠢ  ᠴᠥᠭᠡᠴᠢᠯᠡᠨ᠂ ᠠᠵᠢᠯ ᠤᠴᠢᠷ  ᠭᠦᠢᠴᠡᠳᠬᠡᠬᠦ ᠶᠠᠪᠤᠴᠠ ᠶᠢ  ᠳᠥᠭᠦᠮᠴᠢᠯᠡᠨ᠎ᠡ᠃ ︽ᠬᠤᠶᠠᠷ ᠢ  ᠲᠣᠬᠢᠶᠠᠯᠳᠤᠯ ᠢᠶᠠᠷ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠷᠬᠡ ᠲᠡᠭᠰᠢ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠶ ᠪᠣᠯᠭᠠᠨ᠎ᠠ᠃ ᠪᠣᠳᠠᠲᠤ ᠴᠣᠭᠴᠠ ᠶᠢᠨ ᠠᠵᠤ ᠠᠬᠤᠶ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠳᠡᠮᠵᠢᠬᠦ ᠡᠷᠴᠢᠮ ᠢᠶᠠᠨ  ᠴᠢᠩᠭᠠᠷᠠᠭᠤᠯᠵᠤ᠂ ᠠᠵᠤ ᠠᠬᠤᠶᠢᠯᠠᠯ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠬᠦᠴᠢᠷ ᠠᠰᠠᠭᠤᠳᠠᠯ ᠢ ᠰᠠᠶᠢᠲᠤᠷ  ᠰᠢᠢᠳᠪᠦᠷᠢᠯᠡᠨ᠎ᠡ᠃         ︵ᠵᠢᠷᠭᠤᠭ᠎ᠠ︶ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠᠷ ᠦᠨᠳᠦᠰᠦ ᠪᠣᠯᠭᠠᠵᠤ᠂ ᠨᠡᠶᠢᠭᠡᠮ ᠤᠨ  ᠦᠢᠯᠡᠰ ᠤᠨ ᠳᠠᠪᠰᠢᠯᠲᠠ ᠶᠢ ᠠᠬᠢᠭᠤᠯᠤᠨ᠎ᠠ          ᠠᠷᠠᠳ ᠲᠦᠮᠡᠨ ᠤ ᠬᠦᠰᠡᠯ ᠡᠷᠡᠮᠡᠯᠵᠡᠯᠡᠯ  ᠪᠣᠯ ᠵᠠᠰᠠᠭ ᠤᠨ ᠣᠷᠳᠣᠨ ᠤ ᠠᠵᠢᠯ ᠤᠨ ᠴᠢᠭᠯᠡᠯ ᠶᠤᠮ᠃ ᠠᠷᠠᠳ ᠢᠷᠭᠡᠳ ᠢ ᠰᠠᠶᠢᠨ ᠰᠠᠶᠢᠬᠠᠨ ᠠᠮᠢᠳᠤᠷᠠᠭᠤᠯᠬᠤ ᠪᠣᠯ ᠮᠠᠨ ᠤ ᠠᠯᠢᠪᠠ ᠠᠵᠢᠯ ᠤᠨ  ᠵᠣᠷᠢᠯᠲᠠ ᠪᠠ ᠵᠣᠭᠰᠣᠴᠠ ᠮᠥᠨ᠃ ᠪᠢᠳᠡ ᠠᠷᠠᠳ ᠤᠯᠠᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠶ ᠠᠰᠢᠭ ᠲᠤᠰᠠ ᠶᠢᠨ ᠠᠰᠠᠭᠤᠳᠠᠯ ᠢ ᠠᠳᠬᠤᠵᠤ᠂ ᠲᠦᠭᠡᠮᠡᠯ ᠬᠠᠷᠠᠭᠠᠯᠵᠠᠯ ᠤᠨ ᠰᠢᠨᠵᠢ ᠲᠠᠢ᠂ ᠰᠠᠭᠤᠷᠢ ᠰᠢᠨᠵᠢ ᠲᠠᠢ ᠨᠡᠶᠢᠭᠡᠮ ᠤᠨ ᠦᠢᠯᠡᠰ ᠤᠨ ᠪᠠᠶᠢᠭᠤᠯᠤᠯᠲᠠ ᠶᠢ ᠴᠢᠩᠭᠠᠳᠬᠠᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠵᠦ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠳᠠ ᠦᠭᠡᠢ  ᠬᠠᠩᠭᠠᠨ᠎ᠠ᠃          ᠨᠢᠭᠡ ᠳᠤ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠶᠢ ᠲᠤᠪᠤᠶᠢᠮ᠎ᠠ ᠪᠠᠶᠢᠷᠢᠨ ᠳᠤ ᠲᠠᠯᠪᠢᠵᠤ᠂ ᠳᠡᠭᠡᠳᠦ ᠰᠤᠷᠭᠠᠭᠤᠯᠢ ᠲᠡᠭᠦᠰᠦᠭᠰᠡᠳ᠂ ᠬᠥᠳᠡᠭᠡ ᠶᠢᠨ ᠠᠵᠢᠯᠴᠢᠨ᠂ ᠴᠡᠷᠢᠭ ᠠᠴᠠ ᠬᠠᠯᠠᠭᠳᠠᠭᠰᠠᠳ ᠵᠡᠷᠭᠡ ᠬᠥᠮᠥᠰ ᠲᠤ ᠠᠵᠢᠯ ᠣᠯᠭᠤᠬᠤ  ᠶᠢ ᠭᠤᠤᠯᠳᠠᠯᠭ᠎ᠠ ᠲᠠᠢ ᠰᠠᠶᠢᠲᠤᠷ ᠰᠢᠢᠳᠪᠦᠷᠢᠯᠡᠨ᠎ᠡ᠃ ︽ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ︾ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠳᠠᠭᠠᠳᠬᠠᠪᠠᠰᠤ ᠵᠣᠬᠢᠬᠤ ᠶᠢ ᠨᠢ ᠪᠦᠬᠦᠨ ᠢ ᠪᠠᠲᠤᠯᠠᠬᠤ ᠶᠢ ᠴᠢᠷᠮᠠᠶᠢᠨ ᠪᠡᠶᠡᠯᠡᠭᠦᠯᠦᠨ᠎ᠡ᠃  ᠬᠥᠳᠡᠭᠡ ᠶᠢᠨ ᠠᠵᠢᠯᠴᠢᠨ ᠤ ᠴᠠᠯᠢᠩ ᠢ ᠦᠷᠭᠦᠯᠵᠢᠯᠡᠨ ᠪᠠᠲᠤᠯᠠᠨ᠎ᠠ᠃ ᠨᠠᠰᠤᠲᠠᠨ  ᠢ ᠠᠰᠠᠷᠠᠵᠤ ᠨᠢᠯᠬ᠎ᠠ  ᠶᠢ ᠬᠥᠮᠥᠵᠢᠭᠦᠯᠬᠦ ᠦᠢᠯᠡᠴᠢᠯᠡᠭᠡᠨ ᠤ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ︽ᠨᠠᠰᠤᠲᠠᠢ ᠨᠢᠯᠬ᠎ᠠ︾  ᠶᠢᠨ ᠠᠰᠠᠭᠤᠳᠠᠯ ᠢ ᠪᠦᠲᠦᠮᠵᠢᠲᠡᠢ  ᠰᠢᠢᠳᠪᠦᠷᠢᠯᠡᠨ᠎ᠡ  ᠃ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠢᠳᠠᠪᠤᠷᠢᠲᠠᠨ ᠢ ᠲᠡᠳᠡᠨ ᠠᠪᠴᠢᠷᠠᠬᠤ᠂ ᠴᠢᠳᠠᠪᠤᠷᠢᠲᠠᠨ ᠢ ᠦᠯᠡᠳᠡᠭᠡᠨ ᠠᠪᠬᠤ᠂ ᠴᠢᠳᠠᠪᠤᠷᠢᠲᠠᠨ ᠢ ᠬᠡᠷᠡᠭᠯᠡᠬᠦ ᠲᠣᠭᠲᠠᠴᠠ ᠶᠢ ᠰᠢᠨᠡᠴᠢᠯᠡᠨ ᠲᠡᠭᠦᠯᠳᠡᠷᠵᠢᠭᠦᠯᠵᠦ᠂ ᠠᠵᠢᠯ ᠦᠢᠯᠡᠰ ᠤᠨ ᠨᠢᠭᠡᠴᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠲᠣᠭᠲᠠᠭᠠᠯ ᠤᠨ ᠳᠠᠭᠠᠤ ᠲᠤᠰᠢᠶᠠᠯ ᠬᠠᠪᠰᠤᠷᠭᠠᠬᠤ ᠪᠤᠶᠤ ᠠᠵᠢᠯ ᠤᠨ ᠪᠠᠶᠢᠷᠢ ᠠᠴᠠ ᠪᠠᠨ ᠰᠠᠯᠵᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨᠡᠴᠢᠯᠡᠯᠲᠡ ᠶᠢᠨ ᠰᠢᠨᠵᠢ ᠲᠠᠢ ᠠᠵᠤ ᠠᠬᠤᠶᠢᠯᠠᠯ ᠡᠷᠬᠢᠯᠡᠬᠦ ᠶᠢ ᠵᠣᠷᠢᠭᠵᠢᠭᠤᠯᠬᠤ ᠪᠠ ᠳᠡᠮᠵᠢᠨ᠎ᠡ᠃  ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠵᠡᠷᠭᠡ  ᠶᠢ ᠠᠪᠤᠷᠠᠨ ᠲᠤᠰᠠᠯᠠᠬᠤ ᠪᠠ ᠪᠠᠲᠤᠯᠠᠬᠤ ᠪᠠᠷᠢᠮᠵᠢᠶ᠎ᠠ ᠶᠢ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠶᠠᠰᠤ ᠴᠢᠨᠠᠷ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠤᠯᠤᠰ ᠤᠨ ᠥᠮᠴᠢᠯᠡᠯ ᠤᠨ ᠭᠠᠵᠠᠷ ᠰᠢᠷᠣᠶ  ᠭᠡᠷ ᠪᠠᠶᠢᠰᠢᠩ ᠤᠨ ᠡᠷᠬᠡ ᠶᠢᠨ ᠬᠠᠷᠢᠶᠠᠯᠠᠯ ᠤᠨ ᠪᠦᠷᠢᠳᠬᠡᠯ ᠵᠡᠷᠭᠡ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠲᠣᠬᠢᠲᠠᠶ  ᠰᠢᠢᠳᠪᠦᠷᠢᠯᠡᠨ᠎ᠡ  ᠃          ᠬᠤᠶᠠᠷ ᠲᠤ ᠠᠷᠠᠳ ᠲᠦᠮᠡᠨ ᠤ ᠰᠠᠨᠠᠭᠠᠨ ᠳᠤ  ᠰᠠᠭᠤᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ᠃ ᠭᠤᠷᠪᠠ᠂ ᠳᠥᠷᠪᠡᠳᠦᠭᠡᠷ ᠬᠡᠤᠬᠡᠳ ᠤᠨ ᠴᠡᠴᠡᠷᠯᠢᠭ ᠤᠨ ᠪᠠᠶᠢᠭᠤᠯᠤᠯᠲᠠ ᠶᠢ ᠲᠦᠷᠭᠡᠳᠬᠡᠵᠦ᠂  ᠰᠤᠷᠭᠠᠭᠤᠯᠢ ᠶᠢᠨ ᠡᠮᠦᠨᠡᠬᠢ ᠰᠤᠷᠭᠠᠨ ᠬᠥᠮᠦᠵᠢᠯ ᠤᠨ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠬᠤ ᠬᠡᠷᠡᠭᠲᠡᠶ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠠᠬᠢᠭᠤᠯᠤᠨ᠎ᠠ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠪᠣᠳᠠᠲᠤ ᠬᠦᠴᠦᠨ ᠪᠠ ᠥᠷᠢᠰᠥᠯᠳᠦᠬᠦ ᠬᠦᠴᠦᠨ ᠢ ᠨᠡᠮᠡᠭᠳᠡᠭᠦᠯᠦᠨ᠎ᠡ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠶᠡᠬᠡᠪᠡᠷ ᠬᠥᠭᠵᠢᠭᠦᠯᠵᠦ ᠂ ᠥᠨᠳᠥᠷ ᠬᠡᠪ ᠴᠢᠨᠠᠷ ᠪᠦᠬᠦᠢ ᠬᠡᠷᠡᠭᠯᠡᠭᠡᠨ ᠤ ᠮᠡᠷᠭᠡᠵᠢᠯ ᠤᠨ ᠴᠢᠳᠠᠪᠤᠷᠢ ᠶᠢᠨ ᠬᠡᠯᠪᠡᠷᠢ ᠶᠢᠨ ᠴᠢᠳᠠᠪᠤᠷᠢᠲᠠᠨ ᠢ ᠢᠳᠡᠪᠬᠢᠲᠡᠶ ᠪᠠᠷ ᠬᠥᠮᠦᠵᠢᠭᠦᠯᠦᠨ᠎ᠡ᠃ ᠣᠨᠴᠠᠯᠢᠭᠲᠤ ᠰᠤᠷᠭᠠᠨ ᠬᠥᠮᠦᠵᠢᠯ ᠤᠨ ᠰᠠᠭᠤᠷᠢᠨ ᠭᠠᠵᠠᠷ ᠤᠨ ᠬᠥᠲᠥᠯᠥᠨ ᠳᠠᠭᠠᠭᠤᠯᠬᠤ  ᠦᠢᠯᠡᠳᠦᠯ ᠢ  ᠭᠦᠢᠴᠡᠳ ᠪᠠᠳᠠᠷᠠᠭᠤᠯᠵᠤ᠂ ︽ᠨᠢᠭᠡ ᠰᠤᠷᠭᠠᠭᠤᠯᠢ ᠣᠯᠠᠨ ᠲᠥᠷᠥᠯ︾ ᠤᠨ ᠦᠨᠳᠦᠰᠦᠲᠡᠨ ᠤ ᠰᠤᠷᠭᠠᠨ ᠬᠥᠮᠦᠵᠢᠯ ᠢ ᠪᠣᠶ ᠪᠣᠯᠭᠠᠨ᠎ᠠ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠪᠠᠭᠰᠢ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ᠂ ᠨᠠᠰᠤᠨ ᠳᠤ ᠦᠯᠦ ᠬᠦᠷᠦᠭᠰᠡᠳ ᠤᠨ ᠬᠠᠤᠯᠢ ᠠᠴᠠ ᠵᠥᠷᠢᠴᠡᠵᠦ ᠶᠠᠯ᠎ᠠ ᠬᠢᠬᠦ ᠶᠢ ᠰᠡᠷᠭᠡᠶᠢᠯᠡᠬᠦ ᠵᠡᠷᠭᠡ ᠠᠵᠢᠯ ᠢ ᠰᠠᠶᠢᠲᠤᠷ ᠠᠳᠬᠤᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ  ᠤ ᠡᠷᠡᠰᠳᠡᠯ ᠢ ᠰᠡᠷᠭᠡᠶᠢᠯᠡᠨ ᠡᠵᠡᠮᠳᠡᠬᠦ ᠰᠢᠰᠲ᠋ᠧᠮ ᠢ ᠪᠠᠶᠢᠭᠤᠯᠵᠤ᠂ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ ᠎ᠡ ᠶᠢ ᠪᠠᠶᠢᠭᠤᠯᠤᠨ᠎ᠠ᠃         ᠭᠤᠷᠪᠠ ᠳᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠡᠪᠡᠳᠴᠢᠨ ᠵᠠᠰᠠᠬᠤ ᠪᠠᠷ ᠭᠤᠤᠯ  ᠪᠣᠯᠭᠠᠵᠤ︾ ᠪᠠᠶᠢᠭᠰᠠᠨ ᠠᠴᠠ ︽ᠠᠷᠠᠳ ᠲᠦᠮᠡᠨ ᠤ ᠡᠷᠡᠭᠦᠯ ᠮᠡᠨᠳᠦ ᠪᠠᠷ ᠭᠤᠤᠯ ᠪᠣᠯᠭᠠᠬᠤ︾ ᠳᠠᠰᠢ ᠬᠤᠪᠢᠷᠠᠭᠤᠯᠤᠨ᠂ ᠪᠥᠬᠦ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ  ᠳᠡᠭᠡᠭᠰᠢᠯᠡᠭᠦᠯᠦᠨ᠎ᠡ᠃  ᠬᠤᠰᠢᠭᠤᠨ ᠤ ᠡᠮᠨᠡᠯᠭᠡ ᠶᠢᠨ ᠬᠤᠷᠢᠶ᠎ᠠ  ᠶᠢ ᠨᠡᠭᠦᠯᠭᠡᠨ ᠰᠢᠨ᠎ᠡ ᠪᠠᠷ ᠪᠠᠶᠢᠭᠤᠯᠬᠤ  ᠲᠥᠰᠥᠯ ᠢ ᠡᠨᠡ ᠵᠢᠯ ᠪᠠᠶᠢᠭᠤᠯᠵᠤ ᠳᠠᠭᠤᠰᠬᠠᠨ᠎ᠠ᠃ ᠡᠮᠴᠢᠯᠡᠭᠡᠨ ᠤ ᠬᠠᠶᠠᠭᠳᠠᠮᠠᠯ ᠪᠣᠳᠠᠰ ᠢ ᠳᠠᠮᠵᠢᠭᠤᠯᠤᠨ ᠲᠡᠭᠡᠭᠡᠪᠦᠷᠢᠯᠡᠬᠦ ᠥᠷᠲᠡᠭᠡ᠂ ᠪᠥᠬᠦ ᠬᠤᠰᠢᠭᠤᠨ ᠤ 120 ᠲᠦᠷᠭᠡᠨ ᠠᠪᠤᠷᠠᠯᠲᠠ ᠶᠢᠨ ᠵᠢᠯᠣᠭᠤᠳᠬᠤ ᠲᠥᠪ᠂ ᠦᠨᠳᠦᠰᠦᠨ ᠱᠠᠲᠤᠨ ᠤ 3 ᠡᠷᠡᠭᠦᠯ ᠬᠠᠮᠠᠭᠠᠯᠠᠯ ᠤᠨ ᠬᠤᠷᠢᠶ᠎ᠠ ᠶᠢ  ᠰᠢᠨ᠎ᠡ ᠪᠠᠷ ᠪᠠᠶᠢᠭᠤᠯᠬᠤ ᠵᠡᠷᠭᠡ  ᠲᠥᠰᠥᠯ ᠢ ᠬᠡᠷᠡᠭᠵᠢᠭᠦᠯᠦᠨ᠎ᠡ ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ  ᠦᠢᠯᠡᠴᠢᠯᠡᠭᠡᠨ ᠤ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂  ᠲᠥᠰᠥᠯ ᠤᠨ ᠪᠡᠯᠡ ᠮᠥᠩᠭᠦ ᠶᠢ ᠢᠳᠡᠪᠬᠢᠲᠡᠢ ᠣᠯᠵᠤ᠂ ᠬᠠᠮᠢᠶ᠎ᠠ ᠪᠦᠬᠦᠢ ᠢᠵᠢ ᠪᠦᠷᠢᠳᠦᠭᠰᠡᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ  ᠲᠡᠭᠦᠯᠳᠡᠷᠵᠢᠭᠦᠯᠦᠨ᠂ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠶᠠᠪᠤᠳᠠᠯ  ᠰᠢᠢᠳᠪᠦᠷᠢᠯᠡᠬᠦ ᠴᠢᠳᠠᠪᠤᠷᠢ ᠶᠢ  ᠳᠡᠭᠡᠭᠰᠢᠯᠡᠭᠦᠯᠦᠨ᠎ᠡ᠃ ᠱᠠᠲᠤ ᠬᠤᠪᠢᠶᠠᠨ ᠣᠨᠣᠰᠢᠯᠠᠨ ᠡᠮᠨᠡᠬᠦ ᠵᠠᠭᠪᠤᠷ  ᠢ ᠲᠡᠭᠦᠯᠳᠡᠷᠵᠢᠭᠦᠯᠵᠦ᠂ ᠡᠮᠴᠢᠯᠡᠭᠡᠨ ᠤ ᠡᠬᠢ ᠪᠠᠶᠠᠯᠢᠭ ᠢ  ᠳᠣᠷᠣᠭᠰᠢ ᠪᠠᠭᠤᠯᠭᠠᠨ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠥᠬᠦ ᠤᠯᠤᠰ ᠤᠨ ᠮᠣᠩᠭᠤᠯ ᠬᠢᠲᠠᠳ ᠡᠮ ᠡᠮᠨᠡᠯᠭᠡ ᠶᠢᠨ ᠲᠡᠷᠢᠭᠦᠨ ᠤ ᠬᠤᠰᠢᠭᠤ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ᠃          ᠲᠦᠷᠪᠡ ᠳᠤ ᠰᠣᠶᠣᠯ ᠪᠡᠶ᠎ᠡ ᠶᠢᠨ ᠲᠠᠮᠢᠷ ᠤᠨ  ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ᠮᠠᠨ ᠤ ᠬᠤᠰᠢᠭᠤᠨ ᠤ ᠡᠯᠪᠡᠭ ᠪᠠᠶᠠᠯᠢᠭ ᠰᠣᠶᠣᠯ ᠤᠨ ᠠᠭᠤᠯᠬᠤᠨ ᠢ ᠭᠦᠨᠵᠡᠭᠡᠢ ᠠᠭᠤᠳᠠᠯᠵᠤ᠂ ᠲᠡᠦᠬᠡ ᠰᠣᠶᠣᠯ ᠤᠨ ᠡᠬᠢ ᠪᠠᠶᠠᠯᠢᠭ ᠢ ᠬᠠᠮᠠᠭᠠᠯᠠᠨ ᠤᠯᠠᠮᠵᠢᠯᠠᠨ ᠪᠠᠳᠠᠷᠠᠭᠤᠯᠵᠤ᠂ ᠪᠦᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠰᠣᠶᠣᠯ ᠤᠨ ᠬᠥᠳᠡᠯᠭᠡᠬᠦ ᠬᠦᠴᠦᠨ ᠪᠠ ᠣᠶᠤᠨ ᠤ ᠳᠡᠮᠵᠢᠯᠭᠡ ᠬᠠᠩᠭᠠᠵᠤ᠂ ︽ᠰᠣᠶᠣᠯ ᠤᠨ ᠪᠠᠭᠠᠷᠢᠨ︾ ᠢ ᠴᠣᠭᠴᠠᠯᠠᠨ᠎ᠠ᠃ ︽ᠭᠡᠰᠡᠷ︾ ᠰᠣᠶᠣᠯ  ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠠᠵᠢᠯ  ᠢ ᠰᠠᠶᠢᠲᠤᠷ ᠬᠢᠵᠦ᠂ ᠤᠯᠤᠰ ᠤᠨ ᠲᠡᠰ ᠤᠨ ︽ᠭᠡᠰᠡᠷ︾ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ   ᠤ ᠲᠥᠰᠥᠯ ᠢ ᠢᠳᠡᠪᠬᠢᠲᠡᠢ  ᠡᠷᠡᠮᠡᠯᠵᠡᠯᠡᠵᠦ᠂ ︽ᠭᠡᠰᠡᠷ︾  ᠤᠨ ᠤᠯᠠᠮᠵᠢᠯᠠᠭᠴᠢ ᠶᠢ ᠶᠡᠬᠡᠪᠡᠷ ᠬᠥᠮᠥᠵᠢᠭᠦᠯᠦᠨ᠂ ︽ᠪᠠᠭᠠᠷᠢᠨ ᠭᠡᠰᠡᠷ︾ ᠦᠨᠳᠦᠰᠦᠲᠡᠨ ᠤ  ᠪᠥᠵᠢᠭᠲᠦ  ᠳᠠᠭᠤᠷᠢ ᠶᠢ ᠨᠠᠶᠢᠷᠠᠭᠤᠯᠤᠨ ᠵᠣᠬᠢᠶᠠᠵᠤ᠂ ︽ᠭᠡᠰᠡᠷ︾ ᠰᠣᠶᠣᠯ ᠢ ᠲᠠᠨᠢᠯᠴᠠᠭᠤᠯᠬᠤ ᠡᠷᠴᠢᠮ ᠢ ᠨᠡᠮᠡᠭᠳᠡᠭᠦᠯᠦᠨ᠎ᠡ᠃ ᠪᠦᠬᠦ ᠣᠷᠣᠨ ᠤ ᠤᠯᠠᠮᠵᠢᠯᠠᠯᠲᠤ  ᠰᠤᠷ ᠬᠠᠷᠪᠤᠭ᠎ᠠ ᠶᠢᠨ ᠤᠷᠤᠯᠳᠤᠭᠠᠨ ᠤ ᠠᠵᠢᠯᠯᠠᠭ᠎ᠠ ᠶᠢ ᠳᠠᠭᠠᠭᠠᠴᠢᠯᠠᠨ ᠡᠷᠬᠢᠯᠡᠵᠦ᠂ ︽ᠭᠤᠷᠪᠠᠳᠤᠭᠠᠷ  ᠤᠳᠠᠭᠠᠨ  ᠤ ᠪᠠᠭᠠᠷᠢᠨ ᠮᠣᠩᠭᠤᠯᠴᠤᠳ ᠤᠨ ᠵᠠᠩ ᠦᠢᠯᠡ ᠶᠢᠨ ᠨᠠᠶᠢᠷ︾ ᠪᠠ ︽ᠳᠥᠷᠪᠡᠳᠦᠭᠡᠷ  ᠤᠳᠠᠭᠠᠨ ᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠮᠢᠷ ᠤᠨ ᠤᠷᠤᠯᠳᠤᠭᠠᠨ︾ ᠢ ᠡᠷᠬᠢᠯᠡᠨ᠎ᠡ᠃ ᠤᠯᠠᠭᠠᠨᠮᠥ᠋ᠴᠢᠷ ᠤᠨ ᠤᠷᠠᠯᠢᠭ ᠤᠨ ᠲᠥᠪ ᠤᠨ ᠪᠠᠶᠢᠭᠤᠯᠤᠯᠲᠠ ᠶᠢ ᠲᠦᠷᠭᠡᠳᠬᠡᠨ᠎ᠡ ᠃ ᠰᠤᠷ ᠬᠠᠷᠪᠤᠬᠤ᠂ ᠪᠥᠬᠡ ᠪᠠᠷᠢᠯᠳᠤᠬᠤ ᠵᠡᠷᠭᠡ ᠤᠷᠤᠯᠳᠤᠭᠠᠨ ᠤ ᠪᠡᠶ᠎ᠡ ᠶᠢᠨ ᠲᠠᠮᠢᠷ ᠤᠨ  ᠲᠥᠷᠥᠯ ᠤᠨ ᠪᠥᠬᠦ ᠣᠷᠣᠨ  ᠳᠠᠬᠢ ᠳᠠᠪᠠᠭᠤᠯᠢᠭ ᠪᠠᠶᠢᠷᠢ ᠰᠠᠭᠤᠷᠢ ᠶᠢ ᠪᠠᠲᠤᠯᠠᠨ᠎ᠠ᠃  ᠨᠤᠤᠷᠭᠠᠢ  ᠳᠠᠬᠢ ᠪᠠᠭᠠᠷᠢᠨ  ᠸᠠᠩ ᠤᠨ ᠣᠷᠳᠣᠨ᠂ ᠯᠢᠶᠣᠤ  ᠶᠢᠨ ᠴᠢᠩᠯᠢᠩ᠂ ᠬᠤᠸᠠᠶᠢᠯᠢᠩ ᠣᠩᠭᠤᠨ ᠵᠡᠷᠭᠡ ᠲᠡᠤᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠲᠥᠰᠥᠯ ᠢ ᠬᠡᠷᠡᠭᠵᠢᠭᠦᠯᠦᠨ᠎ᠡ᠃ ᠦᠨᠳᠦᠰᠦᠨ ᠱᠠᠲᠤᠨ ᠤ ᠤᠯᠠᠨ ᠨᠡᠶᠢᠲᠡ ᠶᠢᠨ ᠰᠣᠶᠣᠯ ᠤᠨ  ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ  ᠲᠡᠭᠦᠯᠳᠡᠷᠵᠢᠭᠦᠯᠵᠦ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠎ᠡ᠃         ︵ᠲᠤᠯᠤᠭ᠎ᠠ︶ ᠠᠮᠤᠷ ᠲᠦᠪᠰᠢᠨ ᠲᠣᠭᠲᠠᠭᠤᠨ ᠪᠠᠶᠢᠬᠤ ᠪᠠᠷ  ᠦᠨᠳᠦᠰᠦᠨ ᠱᠠᠭᠠᠷᠳᠠᠯᠭ᠎ᠠ  ᠪᠣᠯᠭᠠᠵᠤ᠂ ᠨᠡᠶᠢᠭᠡᠮ ᠤᠨ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠨ᠎ᠠ         ᠠᠶᠤᠯ ᠦᠭᠡᠢ ᠶᠢᠨ ᠬᠠᠷᠢᠭᠤᠴᠠᠯᠭ᠎ᠠ ᠶᠠᠭᠤᠨ ᠠᠴᠠ ᠴᠦ ᠬᠦᠨᠳᠦ᠂ ᠲᠣᠭᠲᠠᠭᠤᠨ ᠪᠠᠶᠢᠳᠠᠯ ᠠᠯᠢᠪᠠ ᠠᠴᠠ ᠴᠢᠬᠤᠯᠠ ᠶᠤᠮ᠃ ᠪᠢᠳᠡ ︽ᠠᠮᠤᠷ ᠲᠦᠪᠰᠢᠨ ᠢ ᠪᠠᠲᠤᠯᠠᠵᠤ᠂ ᠲᠣᠭᠲᠠᠭᠤᠨ  ᠢ  ᠬᠠᠮᠠᠭᠠᠯᠠᠬᠤ︾ ᠪᠠᠷ ᠬᠦᠨᠳᠦ ᠡᠭᠦᠷᠭᠡ ᠪᠣᠯᠭᠠᠵᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠪᠥᠬᠦ ᠬᠦᠴᠦᠨ ᠢᠶᠠᠷ ᠢᠶᠠᠨ ᠬᠠᠮᠠᠭᠠᠯᠠᠵᠤ᠂ ᠠᠵᠢᠯ  ᠢᠶᠠᠨ ᠡᠭᠦᠷᠭᠡᠯᠡᠨ᠂ ᠡᠭᠦᠷᠭᠡ ᠬᠠᠷᠢᠭᠤᠴᠠᠯᠭ᠎ᠠ ᠪᠠᠨ ᠡᠴᠦᠰ ᠲᠤ ᠨᠢ ᠲᠤᠯᠲᠠᠯ᠎ᠠ ᠭᠦᠢᠴᠡᠳᠬᠡᠨ  ᠂  ︽ᠡᠶ᠎ᠡ ᠵᠣᠬᠢᠴᠠᠯ ᠲᠠᠢ ᠪᠠᠭᠠᠷᠢᠨ︾ ᠢ ᠴᠣᠭᠴᠠᠯᠠᠨ᠎ᠠ᠃         ᠨᠢᠭᠡ ᠳᠤ ᠠᠮᠤᠷ ᠠᠮᠤᠭᠤᠯᠠᠩ  ᠪᠠᠭᠠᠷᠢᠨ ᠪᠠᠷᠠᠭᠤᠨ ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠷ᠎ᠠ  ᠪᠦᠯᠦᠭ ᠬᠠᠷᠭᠢᠰ ᠬᠦᠴᠦᠨ ᠢ  ᠤᠰᠠᠳᠬᠠᠬᠤ ᠲᠤᠰᠬᠠᠢ ᠲᠡᠮᠡᠴᠡᠯ ᠢ ᠭᠦᠨᠵᠡᠭᠡᠶᠢᠷᠡᠭᠦᠯᠦᠨ ᠠᠬᠢᠭᠤᠯᠵᠤ᠂ ᠳᠡᠶᠢᠯᠦᠩᠭᠦᠢ  ᠰᠢᠨᠵᠢ ᠲᠠᠢ ᠢᠯᠠᠯᠲᠠ ᠤᠯᠬᠤ ᠳᠤ ᠪᠠᠲᠤ ᠪᠠᠬᠢ ᠰᠠᠭᠤᠷᠢ  ᠲᠠᠯᠪᠢᠨ᠎ᠠ᠃ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠢ ᠢᠳᠡᠪᠬᠢᠲᠡᠢ ᠯᠠᠪᠳᠠᠭᠤᠨ ᠢᠶᠠᠷ  ᠰᠢᠢᠳᠪᠦᠷᠢᠯᠡᠵᠦ᠂ ᠴᠢᠬᠤᠯᠠ ᠶᠡᠭᠡ ᠠᠵᠢᠯᠯᠠᠭ᠎ᠠ ᠶᠢᠨ ᠠᠮᠤᠷ ᠢ ᠬᠠᠮᠠᠭᠠᠯᠠᠬᠤ ᠠᠵᠢᠯ ᠢ ᠰᠠᠶᠢᠲᠤᠷ ᠬᠢᠨ᠎ᠡ᠃ ︽ᠣᠶᠤᠨᠴᠢ ᠳᠣᠲᠣᠭᠠᠳᠤ ᠶᠢ ᠬᠠᠮᠠᠭᠠᠯᠠᠬᠤ︾᠂ ︽ᠲᠠᠯ᠎ᠠ ᠨᠤᠲᠤᠭ ᠤᠨ ᠯᠧᠢ ᠹᠧᠩ  ᠲᠣᠮᠢᠯᠠᠭᠰᠠᠨ ᠰᠠᠯᠪᠤᠷᠢ︾ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ ᠴᠠᠭᠳᠠᠭᠠᠨ ᠤ ᠶᠠᠪᠤᠳᠠᠯ ᠤᠨ ᠬᠥᠭᠵᠢᠯᠲᠡ ᠶᠢᠨ ᠰᠢᠨ᠎ᠡ ᠵᠠᠭᠪᠤᠷ ᠢ ᠪᠤᠢ ᠪᠣᠯᠭᠠᠨ᠎ᠠ᠃         ᠬᠤᠶᠠᠷ ᠲᠤ ᠨᠡᠶᠢᠭᠡᠮ ᠤᠨ ᠵᠠᠰᠠᠯᠲᠠ  ᠶᠢᠨ ᠰᠢᠨᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠠᠷᠢᠯᠭᠠᠬᠤ ᠡᠷᠴᠢᠮ ᠢ ᠴᠢᠩᠭᠠᠷᠠᠭᠤᠯᠵᠤ᠂ ︽ ᠹᠧᠩ ᠴᠢᠶᠣᠤ  ᠶᠢᠨ ᠲᠤᠷᠰᠢᠯᠭ᠎ᠠ︾ ᠶᠢ ᠶᠡᠭᠡ ᠪᠠᠷ ᠳᠡᠯᠭᠡᠷᠡᠭᠦᠯᠵᠦ᠂ ᠰᠤᠷᠪᠤᠯᠵᠢᠯᠠᠭ᠎ᠠ ᠵᠠᠭᠠᠯᠳᠤᠯᠭ᠎ᠠ ᠶᠢ ᠰᠠᠯᠭᠠᠬᠤ ᠶᠢ  ᠭᠦᠨᠵᠡᠭᠡᠶᠢᠷᠡᠭᠦᠯᠵᠦ ᠂ ᠬᠠᠤᠯᠢ ᠶᠣᠰᠣᠭᠠᠷ ᠲᠦᠷᠦᠯ ᠬᠤᠪᠢᠶᠠᠨ  ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠵᠠᠬᠢᠳᠠᠯ  ᠰᠤᠷᠪᠤᠯᠵᠢᠯᠠᠭ᠎ᠠ ᠶᠢᠨ ᠠᠵᠢᠯ ᠢ ᠬᠠᠤᠯᠢᠵᠢᠭᠤᠯᠬᠤ ᠶᠢ ᠲᠦᠯᠬᠢᠨ ᠠᠬᠢᠭᠤᠯᠤᠨ᠎ᠠ᠃ ᠠᠷᠠᠳ ᠤᠨ ᠡᠶᠡᠳᠡᠭᠦᠯᠦᠭᠡ ᠶᠢᠨ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠠᠷᠠᠳ ᠤᠨ  ᠡᠶᠡᠳᠡᠭᠦᠯᠦᠭᠡ ᠶᠢᠨ ᠠᠵᠢᠯ ᠤᠨ ᠶᠠᠰᠤ ᠴᠢᠨᠠᠷ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠤᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠬᠠᠤᠯᠢ ᠪᠠᠷ ᠵᠠᠰᠠᠬᠤ ᠤᠬᠠᠭᠤᠯᠭ᠎ᠠ ᠶᠢᠨ ᠪᠣᠳᠠᠲᠤ ᠦᠷ᠎ᠡ ᠪᠦᠲᠦᠮᠵᠢ ᠶᠢ ᠴᠢᠩᠭᠠᠳᠬᠠᠨ᠎ᠠ᠃ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠱᠠᠰᠢᠨ ᠰᠤᠷᠲᠠᠬᠤᠨ ᠤ  ᠬᠦᠷᠢᠶᠡᠨ ᠤ ᠦᠷᠭᠦᠯᠵᠢᠯᠡᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ᠃ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢ  ᠪᠠᠶᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ  ᠰᠠᠶᠢᠲᠤᠷ ᠬᠢᠵᠦ  ᠂ ᠥᠪᠡᠷᠲᠡᠭᠡᠨ ᠵᠠᠰᠠᠬᠤ ᠣᠷᠣᠨ ᠤ ᠲᠡᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢᠨ ᠰᠢᠯᠭᠠᠷᠠᠭᠤᠯᠤᠯᠲᠠ ᠳᠤ ᠶᠢᠰᠦᠨ ᠵᠢᠯ ᠳᠠᠷᠠᠭᠠᠯᠠᠨ  ᠮᠠᠩᠯᠠᠶᠢᠯᠠᠬᠤ ᠪᠠᠷ ᠴᠢᠷᠮᠠᠶᠢᠨ᠎ᠠ᠃          ᠭᠤᠷᠪᠠ ᠳᠤ ᠤᠯᠠᠨ ᠨᠡᠶᠢᠲᠡ ᠶᠢᠨ ᠠᠮᠤᠷ ᠲᠦᠪᠰᠢᠨ ᠢ  ᠦᠨᠡᠨᠬᠦ ᠬᠠᠮᠠᠭᠠᠯᠠᠨ᠎ᠠ᠃  ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠠᠬᠢᠭᠤᠯᠬᠤ ᠶᠠᠪᠤᠳᠠᠯ ᠢ ᠪᠠᠶᠢᠩᠭᠤᠵᠢᠭᠤᠯᠵᠤ  ᠨᠠᠷᠢᠯᠢᠭᠵᠢᠭᠤᠯᠤᠨ᠎ᠠ ᠃ ᠪᠦᠬᠦ ᠬᠤᠰᠢᠭᠤᠨ ᠤ  ᠠᠶᠤᠯ ᠦᠭᠡᠢ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠵᠢᠴᠢ  ᠳ᠋ᠠᠶᠢᠲ᠋ᠠ ᠶᠢᠨ ᠬᠢᠨᠠᠯᠲᠠ ᠬᠠᠮᠢᠶᠠᠷᠤᠯᠲᠠ ᠶᠢᠨ ᠲᠠᠪᠴᠠᠩ  ᠢ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠤᠯᠠᠨ ᠬᠦᠷᠢᠶᠡᠨ ᠳᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠬᠢᠵᠦ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ  ᠳᠡᠭᠡᠭᠰᠢᠯᠡᠭᠦᠯᠦᠨ᠎ᠡ᠃ ᠤᠬᠠᠭᠤᠯᠭ᠎ᠠ ᠶᠢᠨ ᠡᠷᠴᠢᠮ ᠢᠶᠠᠨ ᠪᠦᠬᠦ ᠲᠠᠯ᠎ᠠ ᠪᠠᠷ ᠴᠢᠩᠭᠠᠷᠠᠭᠤᠯᠵᠤ᠂ ᠪᠦᠬᠦ ᠠᠷᠠᠳ ᠤᠨ ᠠᠮᠤᠷ ᠲᠦᠪᠰᠢᠨ ᠤ  ᠤᠬᠠᠮᠰᠠᠷ ᠢ ᠳᠡᠭᠡᠭᠰᠢᠯᠡᠭᠦᠯᠦᠨ᠎ᠡ᠃ ᠠᠮᠤ ᠪᠤᠳᠠᠭᠠᠨ ᠤ  ᠠᠶᠤᠯ ᠦᠭᠡᠢ ᠪᠠ ᠢᠳᠡᠭᠡᠨ‌ᠡᠮ ᠤᠨ  ᠵᠦᠢᠯ  ᠤᠨ ᠬᠢᠨᠠᠯᠲᠠ ᠬᠠᠮᠢᠶᠠᠷᠤᠯᠲᠠ ᠶᠢ  ᠴᠢᠩᠭᠠᠳᠬᠠᠵᠤ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠡᠭᠦᠰᠦᠭᠰᠡᠨ ᠬᠡᠷᠡᠭ ᠢ  ᠰᠢᠢᠳᠪᠦᠷᠢᠯᠡᠬᠦ  ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠢᠵᠢᠭ ᠤᠨ ᠪᠠᠶᠢᠳᠠᠯ ᠢ ᠬᠢᠨᠠᠨ ᠬᠡᠮᠵᠢᠵᠦ  ᠰᠡᠷᠡᠮᠵᠢᠯᠡᠬᠦ ᠪᠠ  ᠰᠢᠢᠳᠪᠦᠷᠢᠯᠡᠬᠦ ᠪᠠᠨ  ᠴᠢᠩᠭᠠᠳᠬᠠᠵᠤ᠂ ᠬᠤᠯᠤᠭᠠᠨ᠎ᠠ ᠶᠢᠨ ᠬᠢᠵᠢᠭ ᠪᠠ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ  ᠤᠨ ᠪᠠᠶᠢᠳᠠᠯ ᠢ  ᠰᠡᠷᠭᠡᠶᠢᠯᠡᠨ ᠬᠢᠵᠠᠭᠠᠷᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠣᠷᠣᠨ ᠪᠦᠰᠡ ᠶᠢᠨ ᠴᠢᠨᠠᠷᠲᠠᠶ ᠬᠦᠨᠳᠦ ᠶᠡᠭᠡ ᠬᠢᠵᠢᠭ ᠤᠨ ᠪᠠᠶᠢᠳᠠᠯ ᠭᠠᠷᠬᠤ ᠦᠭᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃        ᠤᠯᠠᠭᠠᠨ ᠵᠠᠭᠠᠯᠮᠠᠶᠢᠲᠠᠨ᠂ ᠵᠡᠮᠳᠡᠭᠴᠦᠳ ᠪᠣᠯᠤᠨ ᠨᠠᠰᠤᠲᠠᠶᠢᠴᠤᠳ ᠤᠨ ᠦᠢᠯᠡᠰ ᠢ ᠶᠡᠬᠡᠪᠡᠷ ᠬᠥᠭᠵᠢᠭᠦᠯᠵᠦ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ  ᠤᠨ ᠡᠪᠯᠡᠯ᠂ ᠡᠮᠡᠭᠲᠡᠶᠢᠴᠦᠳ  ᠪᠠᠭᠠᠴᠤᠳ ᠬᠡᠤᠬᠡᠳ ᠵᠡᠷᠭᠡ  ᠶᠢᠨ ᠠᠵᠢᠯ ᠢ ᠴᠢᠬᠤᠯᠠᠴᠢᠯᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠠᠵᠤ  ᠦᠢᠯᠡᠳᠪᠦᠷᠢ ᠬᠤᠳᠠᠯᠳᠤᠭ᠎ᠠ ᠶᠢᠨ ᠬᠤᠯᠪᠣᠭ᠎ᠠ᠂ ᠠᠬᠠᠮᠠᠳ ᠺᠠᠳ᠋ᠷ ᠪᠣᠯᠤᠨ ᠣᠷᠣᠨ ᠨᠤᠲᠤᠭ ᠤᠨ ᠣᠶᠢᠯᠠᠯᠭ᠎ᠠ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠪᠣᠯᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠬᠢᠨᠠᠮᠠᠭᠠᠶ ᠥᠷᠨᠢᠭᠦᠯᠦᠨ᠎ᠡ᠃        ︵ ᠨᠠᠢᠮᠠ︶ ᠠᠷᠠᠳ ᠤᠨ ᠲᠥᠯᠥᠭᠡ ᠲᠥᠷᠥ ᠪᠠᠷᠢᠬᠤ ᠪᠠᠷ ᠭᠤᠤᠯ ᠪᠣᠯᠭᠠᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠵᠠᠰᠠᠭ ᠤᠨ ᠣᠷᠳᠣᠨ ᠢ ᠪᠠᠶᠢᠭᠤᠯᠤᠨ᠎ᠠ         ᠬᠥᠭᠵᠢᠯᠲᠡ ᠶᠢᠨ ᠰᠢᠨ᠎ᠡ ᠡᠭᠦᠷᠭᠡ᠂ ᠠᠷᠠᠳ ᠤᠯᠠᠨ ᠤ ᠰᠢᠨ᠎ᠡ ᠬᠦᠰᠡᠯ ᠡᠷᠡᠮᠡᠯᠵᠡᠯ ᠨᠢ ᠵᠠᠰᠠᠭ ᠤᠨ ᠣᠷᠳᠣᠨ ᠤ ᠠᠵᠢᠯ ᠳᠤ ᠨᠡᠩ ᠥᠨᠳᠥᠷ ᠰᠢᠨ᠎ᠡ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠪᠢᠳᠡ ᠠᠷᠠᠳ ᠲᠦᠮᠡᠨ ᠢᠶᠠᠷ ᠭᠤᠣᠯ ᠪᠣᠯᠭᠠᠬᠤ ᠦᠵᠡᠯ ᠰᠠᠨᠠᠭ᠎ᠠ ᠶᠢ ᠪᠤᠢ ᠪᠣᠯᠭᠠᠵᠤ᠂ ᠠᠷᠠᠳ ᠲᠦᠮᠡᠨ ᠤ ᠲᠥᠯᠥᠭᠡ  ᠦᠷᠬᠦᠯᠵᠢ ᠪᠣᠳᠣᠵᠤ᠂ ᠠᠷᠠᠳ ᠲᠦᠮᠡᠨ ᠳᠤ ᠠᠰᠢᠭ ᠲᠤᠰᠠ ᠬᠦᠷᠲᠡᠭᠡᠬᠦ ᠠᠷᠭ᠎ᠠ ᠪᠤᠳᠤᠯᠭ᠎ᠠ ᠶᠢ ᠦᠷᠭᠦᠯᠵᠢ ᠰᠡᠳᠬᠢᠵᠦ  ᠂ ᠠᠷᠠᠳ ᠲᠤ ᠠᠰᠢᠭ ᠬᠦᠷᠲᠡᠭᠡᠬᠦ ᠠᠵᠢᠯ ᠢ ᠦᠷᠭᠦᠯᠵᠢ ᠬᠢᠵᠦ᠂ ᠠᠵᠢᠯᠴᠢ ᠬᠢᠴᠢᠶᠡᠩᠭᠦᠢ  ᠶᠢ  ᠳᠡᠭᠡᠳᠦᠯᠡᠨ᠂ ᠴᠢᠳᠠᠮᠠᠭᠠᠢ  ᠠᠵᠢᠯᠯᠠᠨ  ᠴᠢᠳᠠᠮᠠᠭᠠᠢ  ᠪᠦᠲᠦᠭᠡᠵᠦ᠂ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠶᠢᠬᠤ ᠬᠡᠷᠡᠭᠲᠡᠢ᠃        ᠨᠢᠭᠡ ᠳᠤ ᠦᠨᠡᠨᠴᠢ ᠰᠢᠳᠤᠷᠭᠤ  ᠬᠡᠯᠪᠡᠷᠢ  ᠶᠢᠨ ᠵᠠᠰᠠᠭ  ᠤᠨ ᠣᠷᠳᠣᠨ ᠢ ᠪᠠᠶᠢᠭᠤᠯᠤᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ  ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠳᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠦᠷᠪᠡᠨ ᠢᠲᠡᠭᠡᠯ︾ ᠢᠶᠠᠨ  ᠪᠠᠲᠤᠳᠬᠠᠨ  ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠢᠮᠠᠭᠲᠠ ᠨᠠᠮ ᠳᠤ ᠬᠠᠷᠢᠴᠠᠯᠠᠰᠢ ᠦᠭᠡᠢ ᠦᠨᠡᠨᠴᠢ ᠰᠢᠳᠤᠷᠭᠤ ᠪᠠᠶᠢᠬᠤ ᠶᠢ ᠬᠠᠮᠤᠭ ᠤᠨ ᠦᠨᠳᠦᠰᠦᠨ ᠤᠯᠤᠰ ᠲᠦᠷᠦ ᠶᠢᠨ ᠬᠡᠪ ᠪᠣᠯᠪᠠᠰᠤᠷᠠᠯ᠂ ᠬᠠᠮᠤᠭ ᠤᠨ ᠦᠨᠳᠦᠰᠦᠨ ᠤᠯᠤᠰ ᠲᠦᠷᠦ ᠶᠢᠨ ᠱᠠᠭᠠᠷᠳᠠᠯᠭ᠎ᠠ᠂ ᠬᠠᠮᠤᠭ ᠤᠨ ᠴᠢᠬᠤᠯᠠ ᠤᠯᠤᠰ ᠲᠦᠷᠦ ᠶᠢᠨ ᠬᠡᠪ ᠰᠤᠷᠲᠠᠯ ᠪᠣᠯᠭᠠᠵᠤ᠂ ᠤᠬᠠᠮᠰᠠᠷ ᠠᠴᠠ ᠪᠠᠨ ᠤᠯᠤᠰ ᠲᠦᠷᠦ ᠶᠢ ᠡᠷᠬᠢᠮᠯᠡᠬᠦ ᠶᠢ ᠵᠠᠰᠠᠭ ᠤᠨ ᠣᠷᠳᠣᠨ ᠤ ᠠᠵᠢᠯ ᠤᠨ ᠪᠦᠬᠦ ᠶᠠᠪᠤᠴᠠ ᠳᠤ  ᠲᠤᠭᠤᠰᠢᠯᠠᠭᠤᠯᠤᠨ᠎ᠠ᠃ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠴᠢᠩᠭᠠᠳᠬᠠᠨ ᠵᠢᠷᠤᠮᠵᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠭᠦᠨᠵᠡᠭᠡᠶᠢᠷᠡᠨ ᠬᠥᠭᠵᠢᠬᠦ ᠶᠢ ᠠᠬᠢᠭᠤᠯᠤᠨ᠎ᠠ᠃ ᠦᠵᠡᠯ ᠤᠬᠠᠮᠰᠠᠷ ᠤᠨ ᠬᠡᠯᠪᠡᠷᠢ ᠶᠢᠨ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ  ᠴᠣᠭᠴᠠᠯᠠᠵᠤ᠂ ᠵᠠᠰᠠᠭ ᠤᠨ ᠣᠷᠳᠣᠨ ᠤ ᠠᠵᠢᠯ ᠢ ᠢᠮᠠᠭᠲᠠ ᠵᠥᠪ ᠴᠢᠭᠯᠡᠯ ᠢᠶᠠᠷ ᠯᠠᠪᠳᠠᠭᠤᠨ ᠪᠠᠲᠤᠲᠠᠶ ᠲᠦᠯᠬᠢᠨ ᠠᠬᠢᠭᠤᠯᠬᠤ ᠶᠢ ᠦᠨᠡᠨ ᠬᠦ ᠪᠠᠲᠤᠯᠠᠨ᠎ᠠ᠃        ᠬᠤᠶᠠᠷ ᠲᠤ ᠬᠠᠤᠯᠢ ᠪᠠᠷ ᠵᠠᠰᠠᠬᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠤᠨ᠎ᠠ᠃ ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ  ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠲᠦᠷ  ᠬᠡᠷᠡᠭᠵᠢᠭᠦᠯᠬᠦ ᠳᠦᠷᠢᠮ︾ ᠪᠣᠯᠤᠨ ︽ᠭᠤᠷᠪᠠᠨ ᠴᠢᠬᠤᠯᠠ ᠨᠢᠭᠡ ᠶᠡᠭᠡ︾ ᠳᠤ  ᠬᠠᠮᠲᠤ  ᠪᠠᠷ ᠰᠢᠢᠳᠪᠦᠷᠢᠲᠦ ᠪᠣᠳᠣᠯᠭ᠎ᠠ  ᠲᠣᠭᠲᠠᠭᠠᠬᠤ ᠵᠡᠷᠭᠡ ᠳᠦᠷᠢᠮ  ᠢ ᠬᠢᠨᠠᠮᠠᠭᠠᠶ ᠬᠡᠷᠡᠭᠵᠢᠭᠦᠯᠵᠦ᠂ ᠬᠠᠤᠯᠢ ᠶᠣᠰᠣᠭᠠᠷ᠂ ᠰᠢᠨᠵᠢᠯᠡᠬᠦ ᠤᠬᠠᠭᠠᠨᠴᠢ  ᠪᠠᠷ᠂  ᠠᠷᠠᠳᠴᠢᠯᠠᠯ ᠢᠶᠠᠷ  ᠰᠢᠢᠳᠪᠦᠷᠢᠲᠦ  ᠪᠣᠳᠣᠯᠭ᠎ᠠ ᠲᠣᠭᠲᠠᠭᠠᠬᠤ ᠶᠢ ᠪᠡᠶᠡᠯᠡᠭᠦᠯᠬᠦ ᠬᠡᠷᠡᠭᠲᠡᠶ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ  ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ  ᠶᠢᠨ ᠬᠢᠨᠠᠯᠲᠠ  ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠬᠢᠨᠠᠨ ᠪᠠᠶᠢᠴᠠᠭᠠᠬᠤ ᠵᠥᠪᠯᠡᠯ ᠤᠨ ᠬᠢᠨᠠᠯᠲᠠ ᠶᠢ ᠤᠬᠠᠮᠰᠠᠷ ᠠᠴᠠ ᠪᠠᠨ  ᠬᠦᠯᠢᠶᠡᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠴᠢᠬᠤᠯᠠᠴᠢᠯᠠᠵᠤ᠂  ᠡᠷᠬᠡ ᠶᠢ ᠢᠯᠡ ᠪᠠᠷ ᠬᠡᠷᠡᠭᠵᠢᠭᠦᠯᠦᠨ᠎ᠡ᠃ ︽ᠳᠣᠯᠣᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠤᠯᠠᠨ  ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠶᠢ ᠰᠤᠷᠤᠯᠴᠠᠬᠤ᠂ ᠬᠠᠤᠯᠢ ᠶᠢ ᠬᠦᠨᠳᠦᠳᠬᠡᠬᠦ᠂ ᠬᠠᠤᠯᠢ ᠶᠢ  ᠰᠠᠬᠢᠬᠤ᠂ ᠬᠠᠤᠯᠢ ᠶᠢ ᠬᠡᠷᠡᠭᠯᠡᠬᠦ ᠪᠣᠯᠭᠠᠨ᠎ᠠ᠃         ᠭᠤᠷᠪᠠ ᠳᠤ  ᠦᠢᠯᠡᠴᠢᠯᠡᠭᠡᠨ ᠤ ᠬᠡᠯᠪᠡᠷᠢ ᠶᠢᠨ ᠵᠠᠰᠠᠭ  ᠤᠨ ᠣᠷᠳᠣᠨ ᠢ ᠪᠠᠶᠢᠭᠤᠯᠤᠨ᠎ᠠ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ  ᠰᠠᠨᠠᠭ᠎ᠠ  ᠶᠢ ᠭᠦᠨᠵᠡᠭᠡᠶ ᠲᠤᠭᠤᠰᠢᠯᠠᠭᠤᠯᠵᠤ᠂ ᠵᠠᠰᠠᠭ ᠵᠠᠬᠢᠷᠭᠠᠨ ᠤ ᠡᠷᠬᠡ ᠶᠢᠨ ᠠᠵᠢᠯᠯᠠᠭᠠᠨ ᠪᠠ ᠬᠢᠨᠠᠯᠲᠠ ᠲᠠᠯᠪᠢᠵᠤ ᠬᠢᠵᠠᠭᠠᠷᠯᠠᠬᠤ ᠶᠢ ᠴᠢᠩᠭᠠᠳᠬᠠᠨ᠎ᠠ᠃ ︽ᠣᠭ ᠰᠠᠨᠠᠭ᠎ᠠ ᠪᠠᠨ ᠥᠯᠥ ᠮᠠᠷᠲᠠᠵᠤ  ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠵᠦ᠂ ᠣᠯᠠᠨ ᠲᠦᠮᠡᠨ ᠤ  ᠰᠠᠨᠠᠭᠠᠰᠢᠷᠠᠵᠤ ᠪᠠᠶᠢᠭ᠎ᠠ᠂  ᠪᠤᠬᠢᠨᠠᠳᠤᠵᠤ ᠪᠠᠶᠢᠭ᠎ᠠ  ᠂  ᠵᠣᠪᠠᠵᠤ ᠪᠠᠶᠢᠭ᠎ᠠ ᠤᠴᠢᠷ ᠢ ᠲᠥᠪᠯᠡᠷᠡᠭᠦᠯᠦᠨ  ᠰᠢᠢᠳᠪᠦᠷᠢᠯᠡᠵᠦ᠂ ᠠᠷᠠᠳ ᠣᠯᠠᠨ ᠤ ᠬᠦᠷᠲᠡᠮᠵᠢ ᠶᠢᠨ  ᠰᠡᠳᠬᠢᠭᠳᠡᠯ᠂  ᠵᠣᠯ ᠵᠢᠷᠭᠠᠯ ᠤᠨ ᠰᠡᠳᠬᠢᠭᠳᠡᠯ᠂ ᠠᠮᠤᠷ ᠲᠦᠪᠰᠢᠨ ᠤ  ᠰᠡᠳᠬᠢᠭᠳᠡᠯ ᠢ ᠲᠠᠰᠤᠷᠠᠯᠲᠠ ᠥᠬᠡᠶ ᠨᠡᠮᠡᠭᠳᠡᠭᠦᠯᠦᠨ᠎ᠡ᠃ ᠵᠠᠰᠠᠭ  ᠤᠨ ᠣᠷᠳᠣᠨ ᠤ ᠬᠡᠷᠡᠭᠵᠢᠭᠦᠯᠬᠦ ᠬᠦᠴᠦᠨ ᠢ ᠴᠢᠩᠭᠠᠷᠠᠭᠤᠯᠵᠤ᠂  ᠳᠣᠣᠷ᠎ᠠ ᠨᠢ ᠭᠦᠢᠴᠡᠳᠬᠡᠬᠦ ᠵᠣᠷᠢᠭ ᠰᠠᠨᠠᠭ᠎ᠠ  ᠪᠠ ᠬᠠᠳᠠᠭᠠᠰᠤ ᠬᠠᠳᠠᠬᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠵᠠᠰᠠᠭ  ᠤᠨ ᠣᠷᠳᠣᠨ ᠤ ᠠᠵᠢᠯ  ᠨᠢᠭᠡ  ᠵᠦᠢᠯ ᠢ  ᠰᠢᠢᠳᠪᠡᠯ᠂ ᠨᠢᠭᠡ  ᠵᠦᠢᠯ ᠢ ᠬᠢᠵᠦ᠂ ᠨᠢᠭᠡ  ᠵᠦᠢᠯ ᠢ ᠪᠦᠲᠦᠭᠡᠬᠦ ᠶᠢ  ᠦᠨᠡᠨᠬᠦ ᠪᠠᠲᠤᠯᠠᠨ᠎ᠠ  ᠃        ᠲᠦᠷᠪᠡ ᠳᠤ ᠠᠷᠢᠭᠤᠨ ᠴᠢᠬᠡᠴᠢ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠤᠨ᠎ᠠ᠃ ᠨᠠᠮ ᠢ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠢᠭᠤᠨ ᠴᠢᠬᠡᠴᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠥᠬᠦᠷᠡᠰᠢ ᠥᠬᠡᠶ ᠠᠬᠢᠭᠤᠯᠤᠨ᠎ᠠ᠃ ᠲᠥᠪ ᠬᠤᠷᠢᠶᠠᠨ ᠤ  ᠨᠠᠢᠮᠠᠨ ᠵᠤᠷᠪᠤᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠢᠵᠢ ᠪᠦᠷᠢᠳᠦᠭᠦᠯᠦᠭᠰᠡᠨ ᠠᠷᠭ᠎ᠠ ᠶᠢ ᠴᠢᠩᠭ᠎ᠠ ᠬᠡᠷᠡᠭᠵᠢᠭᠦᠯᠵᠦ᠂ ︽ᠠᠯᠪᠠᠨ ᠤ ᠭᠤᠷᠪᠠᠨ ᠵᠠᠷᠤᠳᠠᠯ︾ ᠢ ᠴᠢᠩᠭ᠎ᠠ  ᠬᠢᠵᠠᠭᠠᠷᠯᠠᠨ᠂ ︽ᠳᠥᠷᠪᠡᠨ ᠰᠤᠷᠲᠠᠯ︾ ᠤᠨ ᠠᠰᠠᠭᠤᠳᠠᠯ ᠤᠨ ᠳᠠᠬᠢᠨ ᠡᠭᠦᠰᠬᠦ ᠶᠢ ᠴᠢᠩᠭ᠎ᠠ ᠰᠡᠷᠭᠡᠶᠢᠯᠡᠵᠦ᠂ ︽ᠳᠥᠷᠪᠡᠨ ᠨᠣᠶᠠᠨ︾ ᠤ ᠠᠰᠠᠭᠤᠳᠠᠯ ᠢ ᠭᠦᠨᠵᠡᠭᠡᠶ ᠴᠡᠭᠴᠡᠯᠡᠨ ᠵᠠᠰᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ ᠠᠬᠤᠶ ᠶᠢ ᠪᠣᠶ ᠪᠣᠯᠭᠠᠨ᠎ᠠ᠃ ᠬᠢᠨᠠᠨ ᠪᠣᠳᠣᠬᠤ ᠬᠢᠨᠠᠯᠲᠠ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠬᠦᠷᠢᠶ᠎ᠡ᠂ ᠵᠠᠰᠠᠭ ᠤᠨ ᠣᠷᠳᠣᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ᠂ ᠠᠵᠤ ᠠᠬᠤᠶ ᠶᠢᠨ ᠬᠠᠷᠢᠭᠤᠴᠠᠯᠭ᠎ᠠ ᠶᠢᠨ ᠲᠠᠯ᠎ᠠ  ᠳᠤ ᠬᠢᠨᠠᠨ  ᠪᠣᠳᠣᠬᠤ ᠬᠢᠨᠠᠯᠲᠠ  ᠶᠢ ᠨᠡᠶᠢᠳᠡᠮ ᠬᠡᠷᠡᠭᠵᠢᠭᠦᠯᠦᠨ᠎ᠡ᠃ ᠵᠠᠰᠠᠭ ᠤᠨ ᠣᠷᠳᠣᠨ ︽ᠠᠷᠪᠢᠯᠠᠨ ᠭᠠᠮᠨᠠᠵᠤ ᠠᠮᠢᠳᠤᠷᠠᠬᠤ︾ ᠶᠢ ᠪᠠᠷᠢᠮᠲᠠᠯᠠᠵᠤ᠂ ᠤᠯᠠᠨ ᠲᠦᠮᠡᠨ ᠪᠠ ᠠᠵᠤ ᠠᠬᠤᠶᠢᠯᠠᠯ  ᠢ ︽ᠰᠠᠶᠢᠨ  ᠠᠮᠢᠳᠤᠷᠠᠭᠤᠯᠵᠤ︾᠂ ᠠᠵᠢᠯᠴᠢ ᠠᠷᠪᠢᠴᠢ ᠪᠠᠷ ᠠᠯᠢᠪᠠ ᠶᠠᠪᠤᠳᠠᠯ ᠢ ᠪᠦᠲᠦᠭᠡᠵᠦ᠂ ᠨᠡᠩ ᠤᠯᠠᠨ ᠪᠡᠯᠡ ᠮᠥᠩᠭᠦ ᠶᠢ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠤ ᠬᠡᠷᠡᠭᠯᠡᠨ᠎ᠡ᠃         ᠲᠥᠯᠥᠭᠡᠯᠡᠭᠴᠢᠳ ᠡ︕ ᠤᠭ ᠰᠠᠨᠠᠭ᠎ᠠ ᠬᠠᠳᠠ ᠴᠢᠯᠠᠭᠤ ᠮᠡᠲᠦ ᠪᠠᠲᠤ ᠪᠠᠬᠢ᠂ ᠡᠭᠦᠷᠭᠡ ᠬᠠᠷᠢᠭᠤᠴᠠᠯᠭ᠎ᠠ ᠲᠠᠶᠢᠱᠠᠨ ᠠᠭᠤᠯᠠᠨ ᠠᠴᠠ ᠬᠦᠨᠳᠦ  ᠪᠠᠶᠢᠨ᠎ᠠ᠃ ᠪᠢᠳᠡ ᠳᠤᠮᠳᠠᠳᠤ ᠤᠯᠤᠰ  ᠤᠨ ᠣᠨᠴᠠᠯᠢᠭ ᠲᠠᠢ  ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ  ᠮᠠᠨᠳᠤᠭᠤᠯᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ  ᠨᠡᠶᠢᠭᠡᠮ ᠵᠢᠷᠤᠮ ᠤᠨ ᠦᠵᠡᠯ  ᠰᠠᠨᠠᠭ᠎ᠠ  ᠪᠠᠷ ᠵᠢᠯᠣᠭᠤᠳᠤᠯᠭ᠎ᠠ ᠪᠣᠯᠭᠠᠵᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ  ᠤᠨ ᠣᠷᠳᠣᠨ ᠪᠠ  ᠬᠤᠰᠢᠭᠤᠨ  ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠬᠤᠰᠢᠭᠤᠨ ᠤ ᠠᠷᠠᠳ  ᠲᠦᠮᠡᠨ ᠤ ᠣᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠵᠤ᠂ ᠥᠷᠯᠥᠭᠡ ᠦᠳᠡᠰᠢ ᠶᠢ ᠲᠡᠮᠡᠴᠡᠨ᠂ ᠴᠠᠭ ᠡᠷᠢᠨ ᠳᠤ ᠣᠰᠣᠯᠳᠠᠬᠤ ᠦᠭᠡᠢ  ᠪᠠᠶᠢᠵᠤ᠂ ᠵᠣᠯ ᠵᠢᠷᠭᠠᠯᠲᠤ ᠪᠠᠭᠠᠷᠢᠨ ᠪᠠᠷᠠᠭᠤᠨ ᠬᠤᠰᠢᠭᠤᠨ ᠤ ᠪᠦᠲᠦᠭᠡᠨ ᠪᠠᠶᠢᠭᠤᠯᠤᠯᠲᠠ  ᠶᠢᠨ ᠰᠢᠨ᠎ᠡ  ᠪᠠᠶᠢᠳᠠᠯ ᠢ ᠲᠠᠰᠤᠷᠠᠯᠲᠠ ᠦᠭᠡᠢ ᠡᠭᠦᠳᠴᠦ᠂ ᠴᠢᠨᠡᠭᠡᠯᠢᠭ  ᠨᠡᠶᠢᠭᠡᠮ ᠢ ᠪᠦᠬᠦ ᠲᠠᠯ᠎ᠠ ᠪᠠᠷ  ᠪᠦᠲᠦᠭᠡᠨ ᠪᠠᠶᠢᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠡᠭᠡᠶ᠎ᠡ︕
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05001926号-2