︽ᠵᠠᠰᠠᠭ ᠤᠨ ᠣᠷᠳᠣᠨ ᠤ ᠠᠵᠢᠯ ᠤᠨ ᠢᠯᠡᠳᠬᠡᠯ ︾ ᠤᠨ ᠬᠠᠮᠢᠶ᠎ᠠ ᠪᠦᠬᠦᠢ ᠠᠭᠤᠯᠭ᠎ᠠ ᠶᠢᠨ ᠲᠠᠶᠢᠯᠪᠤᠷᠢ | ᠨᠢᠭᠡ᠂ ᠭᠤᠤᠯ ᠮᠥᠷᠡᠨ ᠨᠠᠭᠤᠷ ᠴᠥᠭᠦᠷᠥᠮ ᠤᠨ ᠳᠥᠷᠪᠡᠨ ᠰᠠᠮᠠᠭᠤᠷᠠᠯ᠄ ᠭᠤᠤᠯ ᠮᠥᠷᠡᠨ ᠨᠠᠭᠤᠷ | ᠴᠥᠭᠦᠷᠥᠮ ᠤᠨ ᠬᠠᠮᠢᠶᠠᠷᠤᠯᠲᠠ ᠶᠢᠨ ᠬᠦᠷᠢᠶ᠎ᠡ ᠬᠡᠪᠴᠢᠶᠡᠨ ᠳᠤ ᠳᠤᠷ᠎ᠠ ᠪᠠᠷ ᠢᠶᠠᠨ ᠡᠵᠡᠯᠡᠬᠦ᠂ ᠳᠤᠷ᠎ᠠ ᠪᠠᠷ ᠢᠶᠠᠨ | ᠮᠠᠯᠲᠠᠬᠤ᠂ ᠳᠤᠷ᠎ᠠ ᠪᠠᠷ ᠢᠶᠠᠨ ᠣᠪᠣᠭᠠᠯᠠᠬᠤ᠂ ᠳᠤᠷ᠎ᠠ ᠪᠠᠷ ᠢᠶᠠᠨ ᠪᠠᠶᠢᠭᠤᠯᠬᠤ ᠠᠰᠠᠭᠤᠳᠠᠯ ᠢ ᠵᠢᠭᠠᠵᠤ ᠪᠣᠶ᠃ | ᠬᠤᠶᠠᠷ᠂ ᠠᠵᠤ ᠦᠢᠯᠡᠳᠪᠦᠷᠢ ᠶᠢᠨ ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ᠄ ᠤᠯᠠᠭᠠᠨᠬᠠᠳᠠ ᠬᠤᠲᠠ ᠶᠢᠨ | ᠨᠠᠮ ᠤᠨ ᠬᠤᠷᠢᠶ᠎ᠠ᠂ ᠵᠠᠰᠠᠭ ᠤᠨ ᠣᠷᠳᠣᠨ 2019 ᠣᠨ ᠠᠴᠠ ᠡᠬᠢᠯᠡᠨ᠂ 3 — 5 ᠵᠢᠯ ᠤᠨ ᠴᠢᠷᠮᠠᠶᠢᠯᠭ᠎ᠠ ᠪᠠᠷ | ᠳᠠᠮᠵᠢᠨ᠂ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠢ 1000 ᠳ᠋ᠦᠩᠰᠢᠭᠤᠷ ᠲᠥᠭᠦᠷᠢᠭ ᠣᠷᠴᠢᠮ | ᠰᠢᠨ᠎ᠡ ᠪᠠᠷ ᠨᠡᠮᠡᠭᠳᠡᠭᠦᠯᠵᠦ᠂ ᠤᠯᠠᠭᠠᠨᠬᠠᠳᠠ ᠶᠢᠨ ᠠᠵᠤ ᠦᠢᠯᠡᠳᠪᠦᠷᠢ ᠶᠢᠨ ᠶᠡᠷᠦᠩᠬᠡᠢ ᠬᠡᠮᠵᠢᠶ᠎ᠡ ᠶᠢ ᠳᠠᠬᠢᠨ ᠢᠶᠠᠷ | ᠨᠡᠮᠡᠭᠳᠡᠭᠦᠯᠬᠦ᠂ ᠪᠦᠲᠦᠴᠡ ᠶᠢ ᠰᠢᠯᠢᠳᠡᠭᠵᠢᠭᠦᠯᠬᠦ᠂ ᠠᠷᠭ᠎ᠠ ᠬᠡᠯᠪᠡᠷᠢ ᠶᠢ ᠬᠤᠪᠢᠷᠠᠭᠤᠯᠬᠤ᠂ ᠦᠷ᠎ᠡ ᠠᠰᠢᠭ ᠢ | ᠳᠡᠭᠡᠭᠰᠢᠯᠡᠭᠦᠯᠬᠦ ᠶᠢ ᠪᠡᠶᠡᠯᠡᠭᠦᠯᠵᠦ᠂ ᠤᠯᠠᠭᠠᠨᠬᠠᠳᠠ ᠶᠢᠨ ᠠᠵᠤ ᠦᠢᠯᠡᠳᠪᠦᠷᠢ ᠶᠢᠨ ᠴᠢᠨᠠᠷ ᠰᠠᠶᠢᠲᠠᠢ ᠳᠠᠪᠠᠯᠲᠠ ᠶᠢᠨ | ᠰᠢᠨᠵᠢ ᠲᠠᠢ ᠬᠥᠭᠵᠢᠯᠲᠡ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ | ᠭᠤᠷᠪᠠ᠂ ᠮᠢᠬᠠᠨ ᠤ ᠦᠬᠡᠷ ᠤᠨ ︽1015︾ ᠲᠡᠵᠢᠭᠡᠨ ᠦᠷᠡᠵᠢᠭᠦᠯᠬᠦ ᠵᠠᠭᠪᠤᠷ᠄ ᠲᠡᠵᠢᠭᠡᠨ | ᠦᠷᠡᠵᠢᠭᠦᠯᠬᠦ ᠡᠷᠦᠬᠡ ︵ᠬᠤᠶᠠᠷ ᠬᠥᠳᠡᠯᠮᠦᠷᠢ ᠬᠦᠴᠦ︶ 10 ᠰᠢᠮᠧᠨ᠋ᠳᠡᠷ ᠦᠨᠢᠶ᠎ᠡ ᠪᠦᠷᠢᠨ ᠬᠠᠰᠢᠶᠠᠯᠠᠨ ᠲᠡᠵᠢᠭᠡᠵᠦ | ᠂ ᠦᠨᠢᠶ᠎ᠡ ᠪᠦᠷᠢ ᠵᠢᠯ ᠤᠨ ᠨᠢᠭᠡ ᠲᠤᠭᠤᠯᠯᠠᠵᠤ᠂ ᠡᠷᠦᠬᠡ ᠪᠦᠷᠢ ᠶᠢᠨ ᠵᠢᠯ ᠤᠨ ᠴᠡᠪᠡᠷ ᠣᠷᠣᠯᠭ᠎ᠠ ᠨᠢ 5 ᠲᠦᠮᠡᠨ | ᠲᠥᠭᠦᠷᠢᠭ ᠠᠴᠠ ᠳᠡᠭᠡᠭᠰᠢ ᠪᠠᠶᠢᠬᠤ᠃ | ᠳᠥᠷᠪᠡ᠂ ᠮᠢᠬᠠᠨ ᠤ ᠬᠤᠨᠢᠨ ᠤ ︽23456︾ ᠲᠡᠵᠢᠭᠡᠨ ᠦᠷᠡᠵᠢᠭᠦᠯᠬᠦ ᠵᠠᠭᠪᠤᠷ᠄ ᠬᠤᠶᠠᠷ ᠵᠢᠯ ᠳᠤ | ᠭᠤᠷᠪᠠ ᠲᠥᠯᠯᠡᠵᠦ᠂ ᠳᠥᠷᠪᠡᠨ ᠤᠯᠠᠷᠢᠯ ᠳᠤ ᠴᠥᠮ ᠬᠤᠳᠠᠯᠳᠤᠵᠤ᠂ 50 ᠵᠢᠵᠢᠭ ᠰᠡᠭᠦᠯᠲᠦ ᠥᠯᠴᠢᠷ ᠬᠤᠨᠢ | ᠪᠤᠶᠤ ᠲᠠᠢ ᠬᠡᠦ ᠨᠠᠭᠤᠷ ᠤᠨ ᠬᠤᠨᠢ ᠪᠠᠷ ᠨᠢᠭᠡ ᠰᠦᠷᠦᠭ ᠪᠣᠯᠭᠠᠵᠤ᠂ ᠪᠦᠷᠢᠨ ᠬᠠᠰᠢᠶᠠᠯᠠᠨ ᠲᠡᠵᠢᠭᠡᠵᠦ᠂ | ᠠᠦ᠋ᠰᠲᠷᠠᠯᠢᠶ᠎ᠠ ᠤ ᠴᠠᠭᠠᠨ ᠬᠤᠴᠠ ᠪᠤᠶᠤ ᠰᠠᠶᠢᠨ ᠡᠭᠦᠯᠳᠡᠷ ᠤᠨ ᠳ᠋ᠦᠫᠧᠷ ᠬᠤᠴᠠ ᠪᠠᠷ ᠠᠳᠠᠯᠢ | ᠬᠤᠭᠤᠴᠠᠭᠠᠨ ᠳᠤ ᠣᠷᠤᠭ᠎ᠠ ᠣᠷᠣᠭᠤᠯᠵᠤ ᠭᠠᠷ ᠬᠡᠭᠡᠯᠲᠦᠭᠦᠯᠭᠡ ᠬᠢᠬᠦ ᠠᠷᠭ᠎ᠠ ᠪᠠᠷ ᠦᠷᠡᠵᠢᠭᠦᠯᠵᠦ᠂ ᠡᠮ᠎ᠡ ᠬᠤᠨᠢ | ᠪᠦᠷᠢ ᠶᠢᠨ ᠴᠡᠪᠡᠷ ᠣᠷᠣᠯᠭ᠎ᠠ ᠶᠢ 600 ᠲᠥᠭᠦᠷᠢᠭ ᠠᠴᠠ ᠳᠡᠭᠡᠭᠰᠢ ᠪᠣᠯᠭᠠᠬᠤ ᠃ | ᠲᠠᠪᠤ᠂ ᠬᠥᠷᠥᠩᠭᠡ ᠣᠷᠣᠭᠤᠯᠤᠭᠴᠢᠳ ᠢ ᠲᠠᠲᠠᠬᠤ ᠡᠪᠦᠯ ᠤᠨ ᠤᠯᠠᠷᠢᠯ ᠤᠨ ᠠᠵᠢᠯᠯᠠᠭ᠎ᠠ᠄ ᠤᠯᠠᠭᠠᠨᠬᠠᠳᠠ | ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠪᠦᠬᠦ ᠬᠤᠲᠠ ᠳᠠᠶᠠᠭᠠᠷ ᠤᠨ ᠬᠥᠷᠥᠩᠭᠡ | ᠣᠷᠣᠭᠤᠯᠤᠭᠴᠢᠳ ᠢ ᠲᠠᠲᠠᠬᠤ᠂ ᠲᠥᠰᠥᠯ ᠢ ᠠᠳᠬᠤᠬᠤ ᠢᠳᠡᠪᠬᠢ ᠴᠢᠨᠠᠷ ᠪᠠ ᠰᠠᠨᠠᠭᠠᠴᠢᠯᠠᠭᠠᠲᠤ ᠴᠢᠨᠠᠷ ᠢ | ᠭᠦᠢᠴᠡᠳ ᠳᠠᠶᠢᠴᠢᠯᠠᠨ᠂ ᠬᠥᠷᠥᠩᠭᠡ ᠣᠷᠣᠭᠤᠯᠤᠭᠴᠢᠳ ᠢ ᠲᠠᠲᠠᠬᠤ ᠪᠠ ᠲᠥᠰᠥᠯ ᠤᠨ ᠪᠦᠲᠦᠭᠡᠨ | ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠬᠤ ᠶᠢᠨ ᠲᠥᠯᠥᠭᠡ᠂ ᠵᠢᠯ ᠪᠦᠷᠢ ᠶᠢᠨ ᠡᠪᠦᠯ ᠶᠢᠨ ᠤᠯᠠᠷᠢᠯ ᠠᠴᠠ | ᠳᠠᠷᠠᠭ᠎ᠠ ᠬᠠᠪᠤᠷ ᠪᠣᠯᠲᠠᠯ᠎ᠠ ᠲᠥᠰᠥᠯ ᠤᠨ ᠪᠦᠲᠦᠭᠡᠨ ᠪᠠᠶᠢᠭᠤᠯᠤᠯᠲᠠ ᠶᠢᠨ ︽ᠡᠪᠦᠯ ᠤᠨ ᠠᠮᠠᠷᠠᠯᠲᠠ ᠶᠢᠨ | ᠬᠤᠭᠤᠴᠠᠭ᠎ᠠ︾ ᠶᠢ ᠠᠰᠢᠭᠯᠠᠵᠤ᠂ ᠪᠦᠬᠦ ᠬᠤᠲᠠ ᠳᠤ ᠬᠥᠷᠥᠩᠭᠡ ᠣᠷᠣᠭᠤᠯᠤᠭᠴᠢᠳ ᠢ ᠲᠠᠲᠠᠬᠤ ᠪᠠ ᠲᠥᠰᠥᠯ ᠤᠨ | ᠡᠮᠦᠨᠡᠬᠢ ᠬᠤᠭᠤᠴᠠᠭᠠᠨ ᠤ ᠠᠵᠢᠯ ᠤᠨ ᠰᠢᠪᠲᠤᠯᠤᠯᠲᠠ ᠶᠢᠨ ᠠᠵᠢᠯᠯᠠᠭ᠎ᠠ ᠶᠢ ᠲᠥᠪᠯᠡᠷᠡᠭᠦᠯᠦᠨ | ᠨᠢᠭᠡᠳᠦᠯᠲᠡᠢ ᠥᠷᠨᠢᠭᠦᠯᠦᠨ᠎ᠡ᠃ | ᠵᠢᠷᠭᠤᠭ᠎ᠠ᠂ ᠲᠦᠷᠪᠡ ᠶᠢ ᠲᠠᠶᠠᠭᠳᠠᠬᠤ ᠦᠭᠡᠢ᠄ ᠶᠠᠳᠠᠭᠤ ᠠᠴᠠ ᠠᠩᠭᠢᠵᠢᠷᠠᠭᠰᠠᠨ ᠴᠦ | ᠬᠠᠷᠢᠭᠤᠴᠠᠯᠭ᠎ᠠ ᠪᠠᠨ ᠲᠠᠶᠠᠭᠳᠠᠬᠤ ᠦᠭᠡᠢ ᠂ ᠶᠠᠳᠠᠭᠤ ᠠᠴᠠ ᠠᠩᠭᠢᠵᠢᠷᠠᠭᠰᠠᠨ ᠴᠦ ᠲᠦᠷᠦ ᠶᠢᠨ ᠪᠤᠳᠤᠯᠭ᠎ᠠ ᠶᠢ | ᠲᠠᠶᠠᠭᠳᠠᠬᠤ ᠦᠭᠡᠢ᠂ ᠶᠠᠳᠠᠭᠤ ᠠᠴᠠ ᠠᠩᠭᠢᠵᠢᠷᠠᠭᠰᠠᠨ ᠴᠦ ᠬᠠᠪᠰᠤᠷᠤᠨ ᠲᠡᠳᠬᠦᠬᠦ ᠪᠠᠨ ᠲᠠᠶᠠᠭᠳᠠᠬᠤ ᠦᠭᠡᠢ᠂ | ᠶᠠᠳᠠᠭᠤ ᠠᠴᠠ ᠠᠩᠭᠢᠵᠢᠷᠠᠭᠰᠠᠨ ᠴᠦ ᠬᠢᠨᠠᠯᠲᠠ ᠬᠠᠮᠢᠶᠠᠷᠤᠯᠲᠠ ᠪᠠᠨ ᠲᠠᠶᠠᠭᠳᠠᠬᠤ ᠦᠭᠡᠢ᠃ | ᠳᠣᠯᠤᠭ᠎ᠠ᠂ ᠪᠠᠭᠠᠷᠢᠨ ᠪᠠᠷᠠᠭᠤᠨ ᠬᠤᠰᠢᠭᠤᠨ ᠤ ᠪᠣᠷᠣᠠᠤᠰᠤ ᠰᠢᠷᠠᠮᠦ᠋ᠷᠡᠨ ᠤ ᠤᠰᠤ ᠲᠠᠲᠠᠬᠤ | ᠤᠰᠤᠯᠠᠯᠲᠠ ᠶᠢᠨ ᠢᠨᠵᠧᠨᠧᠷᠢᠩ᠄ ᠰᠢᠷᠠᠮᠦ᠋ᠷᠡᠨ ᠰᠤᠮᠤ ᠶᠢᠨ ᠬᠢᠵᠠᠭᠠᠷ ᠲᠠᠬᠢ ᠳᠠᠯᠠᠨᠲᠠᠶ ᠴᠥᠭᠦᠷᠥᠮ ᠢᠶᠠᠷ ᠤᠰᠤᠨ | ᠰᠤᠷᠪᠤᠯᠵᠢ ᠪᠣᠯᠭᠠᠵᠤ᠂ ᠬᠥᠭᠡᠷᠭᠡ ᠪᠠ ᠤᠰᠤ ᠳᠠᠮᠵᠢᠭᠤᠯᠬᠤ ᠬᠤᠭᠤᠯᠠᠶ ᠪᠠᠷ ᠤᠰᠤ ᠲᠠᠲᠠᠵᠤ᠂ ᠰᠢᠷᠠᠮᠥ᠋ᠷᠡᠨ ᠰᠤᠮᠤ᠂ | ᠪᠣᠷᠣᠠᠤᠰᠤ ᠪᠠᠯᠭᠠᠰᠤ ᠶᠢᠨ 10 ᠲᠦᠮᠡᠨ ᠮᠦ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ | ᠲᠠᠯᠠᠪᠠᠶ ᠶᠢ ᠨᠡᠮᠡᠭᠳᠡᠭᠦᠯᠦᠨ᠎ᠡ᠃ | ᠨᠠᠢᠮᠠ᠂ ᠪᠠᠷᠠᠭ᠎ᠠ ᠶᠢᠨ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ︽ᠬᠦᠷᠢᠶᠡᠯᠡᠩ ᠤᠨ ᠳᠣᠲᠣᠷᠠᠬᠢ | ᠬᠦᠷᠢᠶᠡᠯᠡᠩ︾ ᠤᠨ ᠬᠥᠭᠵᠢᠯᠲᠡ ᠶᠢᠨ ᠵᠠᠭᠪᠤᠷ᠄ ᠬᠦᠷᠢᠶᠡᠯᠡᠩ ᠲᠣᠭᠤᠷᠢᠭ ᠨᠢ ᠪᠠᠭ᠎ᠠ ᠭᠠᠵᠠᠷ ᠢ ᠣᠯᠠᠨ ᠬᠡᠰᠡᠭᠯᠡᠨ | ᠬᠤᠳᠠᠯᠳᠤᠬᠤ ᠠᠷᠭ᠎ᠠ ᠢ ᠠᠪᠴᠤ᠂ ᠲᠣᠰ ᠭᠠᠵᠠᠷ ᠤᠨ ᠵᠢᠵᠢᠭ ᠠᠵᠤ ᠠᠬᠤᠶᠢᠯᠠᠯ ᠢ ᠬᠥᠲᠥᠯᠥᠨ ᠵᠢᠯᠣᠭᠤᠳᠴᠤ | ᠪᠠᠶᠢᠭᠠᠳ ᠬᠦᠷᠢᠶᠡᠯᠡᠩ ᠳᠤ ᠣᠷᠣᠭᠤᠯᠵᠤ᠂ ᠬᠤᠳᠠᠯᠳᠤᠭᠠᠨ ᠤ ᠲᠥᠪᠯᠡᠷᠡᠭᠰᠡᠨ ᠲᠣᠭᠤᠷᠢᠭ ᠢ ᠪᠤᠢ ᠪᠣᠯᠭᠠᠵᠤ᠂ ᠮᠠᠰᠢᠨ | ᠲᠡᠷᠭᠡᠨ ᠤ ᠦᠢᠯᠡᠴᠢᠯᠡᠭᠡ᠂ ᠪᠠᠷᠢᠯᠭ᠎ᠠ ᠶᠢᠨ ᠮᠠᠲ᠋ᠧᠷᠢᠶᠠᠯ ᠤᠨ ᠭᠡᠷ ᠤᠨ ᠬᠡᠷᠡᠭᠰᠡᠯ᠂ ᠲᠠᠷᠢᠶᠠᠯᠠᠩ ᠤᠨ ᠮᠠᠰᠢᠨ ᠤ | ᠪᠣᠷᠣᠯᠠᠭᠤᠯᠭ᠎ᠠ ᠵᠡᠷᠭᠡ ᠡᠯ᠎ᠡ ᠲᠥᠷᠥᠯ ᠤᠨ ᠲᠤᠰᠬᠠᠶ ᠵᠠᠬ᠎ᠠ ᠳᠡᠯᠭᠡᠭᠦᠷ ᠢ ᠪᠣᠢ ᠪᠣᠯᠭᠠᠨ᠎ᠠ᠃ | ᠶᠢᠰᠦ᠂ ᠤᠶᠤᠨᠲᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠄ ᠢᠨᠲ᠋ᠧᠷ ᠰᠦᠯᠵᠢᠶ᠎ᠡ᠂ ᠪᠠᠷᠠᠭᠠᠨ ᠤ | ᠰᠦᠯᠵᠢᠶ᠎ᠡ᠂ ᠡᠭᠦᠯᠡᠨ ᠪᠣᠳᠣᠯᠭ᠎ᠠ᠂ ᠤᠶᠤᠨᠲᠤ ᠬᠥᠳᠡᠯᠭᠡᠭᠦᠷ᠂ ᠬᠠᠷᠠᠭᠠᠨ ᠳᠠᠪᠲᠠᠮᠵᠢ ᠶᠢᠨ ᠮᠡᠷᠭᠡᠵᠢᠯ᠂ ᠲᠤᠭ᠎ᠠ | ᠪᠠᠷᠢᠮᠲᠠ ᠠᠭᠤᠳᠠᠯᠬᠤ᠂ ᠮᠡᠳᠡᠯᠭᠡ ᠶᠢᠨ ᠬᠠᠮᠢᠶᠠᠷᠤᠯᠲᠠ ᠵᠡᠷᠭᠡ ᠪᠠᠷ ᠮᠡᠷᠭᠡᠵᠢᠯ ᠤᠨ ᠲᠤᠯᠭᠠᠭᠤᠷᠢᠯᠠᠯ ᠪᠣᠯᠭᠠᠵᠤ᠂ | ᠳᠣᠲᠣᠭᠠᠳᠤ ᠶᠢ ᠬᠠᠮᠠᠭᠠᠯᠠᠬᠤ ᠮᠡᠳᠡᠭᠡ ᠵᠠᠩᠭᠢᠵᠢᠯᠲᠠ ᠪᠠᠷ ᠭᠤᠤᠯ ᠪᠣᠯᠭᠠᠵᠤ᠂ ᠢᠨᠲ᠋ᠧᠷ ᠰᠦᠯᠵᠢᠶ᠎ᠡ᠂ ᠪᠤᠳᠠᠰ ᠤᠨ | ᠰᠦᠯᠵᠢᠶ᠎ᠡ᠂ ᠤᠶᠤᠨᠴᠢᠯᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ | ᠡᠯ᠎ᠡ ᠴᠢᠳᠠᠮᠵᠢ ᠶᠢᠨ ᠬᠡᠰᠡᠭ ᠤᠨ ᠳᠡᠭᠡᠳᠦ ᠬᠡᠮᠵᠢᠶ᠎ᠡ ᠪᠠᠷ ᠨᠢᠭᠡᠳᠴᠦ᠂ ᠵᠣᠬᠢᠴᠠᠯᠳᠤᠨ ᠠᠵᠢᠯᠯᠠᠬᠤ ᠶᠢ ᠠᠬᠢᠭᠤᠯᠵᠤ᠂ | ᠴᠠᠭᠳᠠᠭᠠᠨ ᠤ ᠶᠠᠪᠤᠳᠠᠯ ᠤᠨ ᠮᠡᠳᠡᠭᠡ ᠵᠠᠩᠭᠢ ᠶᠢ ︽ ᠬᠦᠴᠦᠲᠡᠢ ᠨᠢᠭᠡᠳᠬᠡᠨ᠂ ᠳᠡᠭᠡᠳᠦ ᠬᠡᠮᠵᠢᠶ᠎ᠡ ᠪᠠᠷ | ᠬᠤᠪᠢᠶᠠᠯᠴᠠᠵᠤ᠂ ᠭᠦᠨᠵᠡᠭᠡᠶ ᠬᠡᠷᠡᠭᠯᠡᠬᠦ︾ ᠬᠠᠷᠠᠯᠲᠠ ᠪᠦᠬᠦᠢ ᠴᠠᠭᠳᠠᠭᠠᠨ ᠤ ᠶᠠᠪᠤᠳᠠᠯ ᠤᠨ ᠬᠥᠭᠵᠢᠯᠲᠡ ᠶᠢᠨ ᠰᠢᠨ᠎ᠡ | ᠦᠵᠡᠯᠲᠡ ᠪᠠ ᠰᠢᠨ᠎ᠡ ᠵᠠᠭᠪᠤᠷ ᠢ ᠪᠡᠶᠡᠯᠡᠭᠦᠯᠦᠨ᠎ᠡ᠃ | ᠠᠷᠪᠠ᠂ ᠹᠧᠩ ᠴᠢᠶᠣᠤ ᠶᠢᠨ ᠲᠤᠷᠰᠢᠯᠭ᠎ᠠ᠄ 20 ᠳ᠋ᠤᠭᠠᠷ ᠵᠠᠭᠤᠨ ᠤ ᠵᠢᠷᠠᠭᠠᠳ ᠣᠨ ᠤ ᠡᠬᠢ ᠪᠠᠷ᠂ | ᠵᠧᠵᠢᠶᠠᠩ ᠮᠤᠵᠢ ᠶᠢᠨ ᠱᠣᠤᠰᠢᠩ ᠬᠤᠳᠠ ᠶᠢᠨ ᠵᠦ ᠵᠢᠶ ᠰᠢᠶᠠᠨ ᠤ ᠹᠧᠩ ᠴᠢᠶᠣᠤ ᠪᠠᠯᠭᠠᠰᠤᠨ ᠤ ᠺᠠᠳ᠋ᠷ ᠤᠯᠠᠨ | ᠲᠦᠮᠡᠨ ︽ᠤᠯᠠᠨ ᠲᠦᠮᠡᠨ ᠢ ᠳᠠᠶᠢᠴᠢᠯᠠᠬᠤ ᠪᠠ ᠲᠦᠰᠢᠭᠯᠡᠵᠦ᠂ ᠵᠥᠷᠢᠴᠡᠯ ᠢ ᠳᠡᠭᠡᠭᠰᠢ ᠲᠤᠰᠢᠶᠠᠬᠤ ᠦᠭᠡᠢ | ᠪᠠᠶᠢᠬᠤ ᠶᠢ ᠪᠠᠷᠢᠮᠲᠠᠯᠠᠵᠤ᠂ ᠲᠤᠬᠠᠶ ᠶᠢᠨ ᠭᠠᠵᠠᠷ ᠲᠤᠨᠢ ᠰᠢᠢᠳᠪᠦᠷᠢᠯᠡᠨ᠂ ᠬᠥᠮᠦᠨ ᠪᠠᠷᠢᠪᠴᠢᠯᠠᠭᠰᠠᠨ ᠨᠢ ᠴᠥᠭᠡᠨ᠂ | ᠠᠮᠤᠷ ᠲᠦᠪᠰᠢᠨ ᠰᠠᠶᠢᠨ︾ ᠪᠠᠶᠢᠬᠤ ︽ ᠹᠧᠩ ᠴᠢᠶᠣᠤ ᠶᠢᠨ ᠲᠤᠷᠰᠢᠯᠭ᠎ᠠ︾ ᠶᠢ ᠪᠦᠲᠦᠭᠡᠵᠡᠶ᠃ ᠣᠶᠢᠷ᠎ᠠ ᠶᠢᠨ | ᠵᠢᠯ ᠤᠳ ᠲᠤ᠂ ︽ ᠹᠧᠩ ᠴᠢᠶᠣᠤ ᠶᠢᠨ ᠲᠤᠷᠰᠢᠯᠭ᠎ᠠ︾ ᠲᠠᠰᠤᠷᠠᠯᠲᠠ ᠥᠬᠡᠶ ᠬᠥᠭᠵᠢᠵᠦ᠂ ᠢᠯᠡ ᠲᠣᠳᠣ ᠴᠠᠭ | ᠦᠶ᠎ᠡ ᠶᠢᠨ ᠣᠨᠴᠠᠯᠢᠭ ᠪᠥᠬᠦᠶ ︽ᠨᠠᠮ ᠵᠠᠰᠠᠭ ᠬᠥᠳᠡᠯᠦᠯᠴᠡᠵᠦ᠂ ᠣᠯᠠᠨ ᠲᠦᠮᠡᠨ ᠳᠤ ᠲᠦᠰᠢᠭᠯᠡᠨ᠂ ᠵᠢᠭᠤᠷᠠᠭᠠᠨ ᠢ | ᠰᠡᠷᠭᠡᠶᠢᠯᠡᠵᠦ᠂ ᠵᠥᠷᠢᠴᠡᠯ ᠢ ᠠᠷᠢᠯᠭᠠᠨ᠂ ᠲᠣᠭᠲᠠᠭᠤᠨ ᠪᠠᠶᠢᠳᠠᠯ ᠢ ᠬᠠᠮᠠᠭᠠᠯᠠᠵᠤ᠂ ᠬᠥᠭᠵᠢᠯᠲᠡ ᠶᠢ ᠠᠬᠢᠭᠤᠯᠬᠤ︾ | ᠹᠧᠩ ᠴᠢᠶᠣᠤ ᠶᠢᠨ ᠰᠢᠨ᠎ᠡ ᠲᠤᠷᠰᠢᠯᠭ᠎ᠠ ᠶᠢ ᠪᠦᠷᠢᠯᠳᠦᠭᠦᠯᠵᠡᠶ᠃ | ᠠᠷᠪᠠᠨ ᠨᠢᠭᠡ᠂ ᠲᠠᠯ᠎ᠠ ᠨᠤᠲᠤᠭ ᠤᠨ ᠯᠧᠢ ᠹᠧᠩ ᠲᠣᠮᠢᠯᠠᠭᠰᠠᠨ ᠰᠠᠯᠪᠤᠷᠢ᠄ ︽ᠯᠧᠢ ᠹᠧᠩ ᠤᠨ ᠵᠣᠷᠢᠭ | ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠲᠠᠯ᠎ᠠ ᠨᠤᠲᠤᠭ ᠤᠨ ᠦᠨᠡᠨᠴᠢ ᠰᠢᠳᠤᠷᠭᠤ ᠴᠠᠭᠳᠠᠭ᠎ᠠ ᠶᠢᠨ ᠰᠦᠭ | ᠰᠦᠨᠡᠰᠦ ᠶᠢ ᠪᠠᠲᠤ ᠪᠠᠬᠢ ᠪᠤᠢ ᠪᠣᠯᠭᠠᠬᠤ︾ ᠭᠤᠤᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠪᠠᠷ ᠠᠴᠢᠶᠠᠯᠠᠪᠤᠷᠢ | ᠪᠣᠯᠭᠠᠵᠤ᠂ ᠯᠧᠢ ᠹᠧᠩ ᠤᠨ ᠵᠣᠷᠢᠭ ᠰᠠᠨᠠᠭ᠎ᠠ ᠶᠢ ᠰᠤᠷᠤᠯᠴᠠᠨ ᠪᠠᠳᠠᠷᠠᠭᠤᠯᠬᠤ ᠶᠠᠪᠤᠳᠠᠯ ᠢ ᠠᠷᠠᠳ ᠤᠨ ᠴᠠᠭᠳᠠᠭ᠎ᠠ ᠶᠢᠨ | ᠠᠵᠢᠯ᠂ ᠬᠥᠮᠦᠵᠢᠯ᠂ ᠰᠤᠷᠤᠯᠴᠠᠯᠭ᠎ᠠ᠂ ᠠᠮᠢᠳᠤᠷᠠᠯ ᠲᠠᠢ ᠣᠷᠭᠠᠨᠢᠭ ᠢᠶᠠᠷ ᠤᠶᠠᠯᠳᠤᠭᠤᠯᠵᠤ᠂ ᠯᠧᠢ ᠹᠧᠩ ᠤᠨ | ᠵᠣᠷᠢᠭ ᠰᠠᠨᠠᠭ᠎ᠠ ᠪᠠᠷ ᠠᠩᠭᠢ ᠪᠠᠶᠢᠭᠤᠯᠵᠤ᠂ ᠯᠧᠢ ᠹᠧᠩ ᠤᠨ ᠰᠣᠶᠣᠯ ᠢᠶᠠᠷ ᠰᠦᠭ ᠰᠦᠯᠳᠡ ᠪᠠᠨ ᠴᠣᠭᠴᠠᠯᠠᠨ᠂ ᠯᠧᠢ | ᠹᠧᠩ ᠤᠨ ᠵᠠᠩ ᠴᠢᠨᠠᠷ ᠢᠶᠠᠷ ᠬᠥᠮᠦᠨ ᠢ ᠬᠥᠮᠦᠵᠢᠭᠦᠯᠬᠦ᠂ ᠯᠧᠢ ᠹᠧᠩ ᠤᠨ ᠣᠨᠴᠠᠯᠢᠭ ᠢᠶᠠᠷ ᠴᠠᠭᠳᠠᠭ᠎ᠠ ᠬᠥᠮᠦᠵᠢᠭᠦᠯᠬᠦ | ᠬᠠᠷᠠᠯᠲᠠ ᠶᠢ ᠪᠡᠶᠡᠯᠡᠭᠦᠯᠦᠨ᠎ᠡ᠃ | | | | | | |