︽ᠵᠠᠰᠠᠭ ᠤᠨ ᠣᠷᠳᠣᠨ ᠤ ᠠᠵᠢᠯ ᠤᠨ ᠢᠯᠡᠳᠬᠡᠯ ︾  ᠤᠨ ᠬᠠᠮᠢᠶ᠎ᠠ ᠪᠦᠬᠦᠢ ᠠᠭᠤᠯᠭ᠎ᠠ ᠶᠢᠨ ᠲᠠᠶᠢᠯᠪᠤᠷᠢ
ᠨᠡᠶᠢᠲᠡᠯᠡᠭᠰᠡᠨ ᠴᠠᠭ᠄
2020/6/2
      ᠨᠢᠭᠡ᠂ ᠭᠤᠤᠯ ᠮᠥᠷᠡᠨ ᠨᠠᠭᠤᠷ ᠴᠥᠭᠦᠷᠥᠮ ᠤᠨ ᠳᠥᠷᠪᠡᠨ ᠰᠠᠮᠠᠭᠤᠷᠠᠯ᠄ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠦᠷᠢᠶ᠎ᠡ ᠬᠡᠪᠴᠢᠶᠡᠨ ᠳᠤ ᠳᠤᠷ᠎ᠠ ᠪᠠᠷ ᠢᠶᠠᠨ ᠡᠵᠡᠯᠡᠬᠦ᠂ ᠳᠤᠷ᠎ᠠ ᠪᠠᠷ ᠢᠶᠠᠨ ᠮᠠᠯᠲᠠᠬᠤ᠂ ᠳᠤᠷ᠎ᠠ ᠪᠠᠷ ᠢᠶᠠᠨ ᠣᠪᠣᠭᠠᠯᠠᠬᠤ᠂ ᠳᠤᠷ᠎ᠠ ᠪᠠᠷ ᠢᠶᠠᠨ ᠪᠠᠶᠢᠭᠤᠯᠬᠤ ᠠᠰᠠᠭᠤᠳᠠᠯ ᠢ ᠵᠢᠭᠠᠵᠤ ᠪᠣᠶ᠃       ᠬᠤᠶᠠᠷ᠂ ᠠᠵᠤ ᠦᠢᠯᠡᠳᠪᠦᠷᠢ ᠶᠢᠨ ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ᠄ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ 2019 ᠣᠨ ᠠᠴᠠ ᠡᠬᠢᠯᠡᠨ᠂ 3 — 5 ᠵᠢᠯ ᠤᠨ ᠴᠢᠷᠮᠠᠶᠢᠯᠭ᠎ᠠ ᠪᠠᠷ ᠳᠠᠮᠵᠢᠨ᠂ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠢ 1000 ᠳ᠋ᠦᠩᠰᠢᠭᠤᠷ ᠲᠥᠭᠦᠷᠢᠭ ᠣᠷᠴᠢᠮ ᠰᠢᠨ᠎ᠡ ᠪᠠᠷ ᠨᠡᠮᠡᠭᠳᠡᠭᠦᠯᠵᠦ᠂ ᠤᠯᠠᠭᠠᠨᠬᠠᠳᠠ ᠵᠢᠨ‌ᠠᠵᠤ ᠦᠢᠯᠡᠳᠪᠦᠷᠢ ᠶᠢᠨ ᠶᠡᠷᠦᠩᠬᠡᠢ ᠬᠡᠮᠵᠢᠶ᠎ᠡ ᠶᠢ ᠳᠠᠬᠢᠨ ᠢᠶᠠᠷ ᠨᠡᠮᠡᠭᠳᠡᠭᠦᠯᠬᠦ᠂ ᠪᠦᠲᠦᠴᠡ ᠶᠢ ᠰᠢᠯᠢᠳᠡᠭᠵᠢᠭᠦᠯᠬᠦ᠂ ᠠᠷᠭ᠎ᠠ ᠬᠡᠯᠪᠡᠷᠢ ᠶᠢ ᠬᠤᠪᠢᠷᠠᠭᠤᠯᠬᠤ᠂ ᠦᠷ᠎ᠡ ᠠᠰᠢᠭ ᠢ ᠳᠡᠭᠡᠭᠰᠢᠯᠡᠭᠦᠯᠬᠦ ᠶᠢ ᠪᠡᠶᠡᠯᠡᠭᠦᠯᠵᠦ᠂ ᠤᠯᠠᠭᠠᠨᠬᠠᠳᠠ ᠶᠢᠨ ᠠᠵᠤ ᠦᠢᠯᠡᠳᠪᠦᠷᠢ ᠶᠢᠨ ᠴᠢᠨᠠᠷ ᠰᠠᠶᠢᠲᠠᠢ ᠳᠠᠪᠠᠯᠲᠠ ᠶᠢᠨ ᠰᠢᠨᠵᠢ ᠲᠠᠢ ᠬᠥᠭᠵᠢᠯᠲᠡ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃       ᠭᠤᠷᠪᠠ᠂ ᠮᠢᠬᠠᠨ ᠤ ᠦᠬᠡᠷ ᠤᠨ ︽1015︾ ᠲᠡᠵᠢᠭᠡᠨ ᠦᠷᠡᠵᠢᠭᠦᠯᠬᠦ ᠵᠠᠭᠪᠤᠷ᠄ ᠲᠡᠵᠢᠭᠡᠨ ᠦᠷᠡᠵᠢᠭᠦᠯᠬᠦ ᠡᠷᠦᠬᠡ ︵ᠬᠤᠶᠠᠷ ᠬᠥᠳᠡᠯᠮᠦᠷᠢ  ᠬᠦᠴᠦ︶  10 ᠰᠢᠮᠧᠨ᠋ᠳᠡᠷ ᠦᠨᠢᠶ᠎ᠡ ᠪᠦᠷᠢᠨ ᠬᠠᠰᠢᠶᠠᠯᠠᠨ ᠲᠡᠵᠢᠭᠡᠵᠦ ᠂ ᠦᠨᠢᠶ᠎ᠡ ᠪᠦᠷᠢ ᠵᠢᠯ ᠤᠨ ᠨᠢᠭᠡ ᠲᠤᠭᠤᠯᠯᠠᠵᠤ᠂ ᠡᠷᠦᠬᠡ ᠪᠦᠷᠢ ᠶᠢᠨ ᠵᠢᠯ ᠤᠨ ᠴᠡᠪᠡᠷ ᠣᠷᠣᠯᠭ᠎ᠠ ᠨᠢ 5 ᠲᠦᠮᠡᠨ‌‍ᠲ᠋ᠥ᠋ᠭᠦᠷᠢᠭ ᠠᠴᠠ ᠳᠡᠭᠡᠭᠰᠢ  ᠪᠠᠶᠢᠬᠤ᠃       ᠳᠥᠷᠪᠡ᠂ ᠮᠢᠬᠠᠨ ᠤ  ᠬᠤᠨᠢᠨ ᠤ ︽23456︾ ᠲᠡᠵᠢᠭᠡᠨ ᠦᠷᠡᠵᠢᠭᠦᠯᠬᠦ ᠵᠠᠭᠪᠤᠷ᠄ ᠬᠤᠶᠠᠷ ᠵᠢᠯ ᠳᠤ  ᠭᠤᠷᠪᠠ ᠲᠥᠯᠯᠡᠵᠦ᠂ ᠳᠥᠷᠪᠡᠨ ᠤᠯᠠᠷᠢᠯ ᠳᠤ  ᠴᠥᠮ ᠬᠤᠳᠠᠯᠳᠤᠵᠤ᠂ 50 ᠵᠢᠵᠢᠭ ᠰᠡᠭᠦᠯᠲᠦ  ᠥᠯᠴᠢᠷ ᠬᠤᠨᠢ ᠪᠤᠶᠤ ᠲᠠᠢ ᠬᠡᠦ ᠨᠠᠭᠤᠷ ᠤᠨ ᠬᠤᠨᠢ ᠪᠠᠷ ᠨᠢᠭᠡ ᠰᠦᠷᠦᠭ ᠪᠣᠯᠭᠠᠵᠤ᠂ ᠪᠦᠷᠢᠨ ᠬᠠᠰᠢᠶᠠᠯᠠᠨ ᠲᠡᠵᠢᠭᠡᠵᠦ᠂ ᠠᠦ᠋ᠰᠲᠷᠠᠯᠢᠶ᠎ᠠ  ᠤ ᠴᠠᠭᠠᠨ ᠬᠤᠴᠠ ᠪᠤᠶᠤ ᠰᠠᠶᠢᠨ ᠡᠭᠦᠯᠳᠡᠷ ᠤᠨ ᠳ᠋ᠦᠫᠧᠷ ᠬᠤᠴᠠ ᠪᠠᠷ ᠠᠳᠠᠯᠢ ᠬᠤᠭᠤᠴᠠᠭᠠᠨ ᠳᠤ ᠣᠷᠤᠭ᠎ᠠ ᠣᠷᠣᠭᠤᠯᠵᠤ  ᠭᠠᠷ ᠬᠡᠭᠡᠯᠲᠦᠭᠦᠯᠭᠡ ᠬᠢᠬᠦ ᠠᠷᠭ᠎ᠠ ᠪᠠᠷ ᠦᠷᠡᠵᠢᠭᠦᠯᠵᠦ᠂ ᠡᠮ᠎ᠡ ᠬᠤᠨᠢ ᠪᠦᠷᠢ ᠶᠢᠨ ᠴᠡᠪᠡᠷ ᠣᠷᠣᠯᠭ᠎ᠠ ᠶᠢ 600 ᠲᠥᠭᠦᠷᠢᠭ ᠠᠴᠠ ᠳᠡᠭᠡᠭᠰᠢ ᠪᠣᠯᠭᠠᠬᠤ  ᠃       ᠲᠠᠪᠤ᠂ ᠬᠥᠷᠥᠩᠭᠡ ᠣᠷᠣᠭᠤᠯᠤᠭᠴᠢᠳ ᠢ ᠲᠠᠲᠠᠬᠤ ᠡᠪᠦᠯ ᠤᠨ ᠤᠯᠠᠷᠢᠯ ᠤᠨ ᠠᠵᠢᠯᠯᠠᠭ᠎ᠠ᠄ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠪᠦᠬᠦ ᠬᠤᠲᠠ ᠳᠠᠶᠠᠭᠠᠷ ᠤᠨ ᠬᠥᠷᠥᠩᠭᠡ ᠣᠷᠣᠭᠤᠯᠤᠭᠴᠢᠳ ᠢ ᠲᠠᠲᠠᠬᠤ᠂ ᠲᠥᠰᠥᠯ ᠢ ᠠᠳᠬᠤᠬᠤ ᠢᠳᠡᠪᠬᠢ ᠴᠢᠨᠠᠷ ᠪᠠ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠨ᠂ ᠬᠥᠷᠥᠩᠭᠡ ᠣᠷᠣᠭᠤᠯᠤᠭᠴᠢᠳ ᠢ ᠲᠠᠲᠠᠬᠤ ᠪᠠ ᠲᠥᠰᠥᠯ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠬᠤ ᠶᠢᠨ ᠲᠥᠯᠥᠭᠡ᠂ ᠵᠢᠯ ᠪᠦᠷᠢ ᠶᠢᠨ ᠡᠪᠦᠯ  ᠶᠢᠨ ᠤᠯᠠᠷᠢᠯ ᠠᠴᠠ ᠳᠠᠷᠠᠭ᠎ᠠ ᠬᠠᠪᠤᠷ ᠪᠣᠯᠲᠠᠯ᠎ᠠ ᠲᠥᠰᠥᠯ ᠤᠨ ᠪᠦᠲᠦᠭᠡᠨ ᠪᠠᠶᠢᠭᠤᠯᠤᠯᠲᠠ ᠶᠢᠨ ︽ᠡᠪᠦᠯ ᠤᠨ ᠠᠮᠠᠷᠠᠯᠲᠠ ᠶᠢᠨ ᠬᠤᠭᠤᠴᠠᠭ᠎ᠠ︾ ᠶᠢ ᠠᠰᠢᠭᠯᠠᠵᠤ᠂ ᠪᠦᠬᠦ ᠬᠤᠲᠠ ᠳᠤ ᠬᠥᠷᠥᠩᠭᠡ ᠣᠷᠣᠭᠤᠯᠤᠭᠴᠢᠳ ᠢ ᠲᠠᠲᠠᠬᠤ ᠪᠠ  ᠲᠥᠰᠥᠯ ᠤᠨ ᠡᠮᠦᠨᠡᠬᠢ ᠬᠤᠭᠤᠴᠠᠭᠠᠨ ᠤ ᠠᠵᠢᠯ ᠤᠨ ᠰᠢᠪᠲᠤᠯᠤᠯᠲᠠ ᠶᠢᠨ ᠠᠵᠢᠯᠯᠠᠭ᠎ᠠ ᠶᠢ ᠲᠥᠪᠯᠡᠷᠡᠭᠦᠯᠦᠨ ᠨᠢᠭᠡᠳᠦᠯᠲᠡᠢ ᠥᠷᠨᠢᠭᠦᠯᠦᠨ᠎ᠡ᠃       ᠵᠢᠷᠭᠤᠭ᠎ᠠ᠂ ᠲᠦᠷᠪᠡ ᠶᠢ ᠲᠠᠶᠠᠭᠳᠠᠬᠤ ᠦᠭᠡᠢ᠄ ᠶᠠᠳᠠᠭᠤ ᠠᠴᠠ ᠠᠩᠭᠢᠵᠢᠷᠠᠭᠰᠠᠨ ᠴᠦ ᠬᠠᠷᠢᠭᠤᠴᠠᠯᠭ᠎ᠠ ᠪᠠᠨ ᠲᠠᠶᠠᠭᠳᠠᠬᠤ ᠦᠭᠡᠢ᠂ ᠶᠠᠳᠠᠭᠤ ᠠᠴᠠ ᠠᠩᠭᠢᠵᠢᠷᠠᠭᠰᠠᠨ ᠴᠦ ᠲᠦᠷᠦ ᠶᠢᠨ ᠪᠤᠳᠤᠯᠭ᠎ᠠ  ᠶᠢ ᠲᠠᠶᠠᠭᠳᠠᠬᠤ ᠦᠭᠡᠢ᠂ ᠶᠠᠳᠠᠭᠤ ᠠᠴᠠ ᠠᠩᠭᠢᠵᠢᠷᠠᠭᠰᠠᠨ ᠴᠦ ᠬᠠᠪᠰᠤᠷᠤᠨ ᠲᠡᠳᠬᠦᠬᠦ ᠪᠠᠨ ᠲᠠᠶᠠᠭᠳᠠᠬᠤ ᠦᠭᠡᠢ᠂ ᠶᠠᠳᠠᠭᠤ ᠠᠴᠠ ᠠᠩᠭᠢᠵᠢᠷᠠᠭᠰᠠᠨ ᠴᠦ ᠬᠢᠨᠠᠯᠲᠠ ᠬᠠᠮᠢᠶᠠᠷᠤᠯᠲᠠ ᠪᠠᠨ ᠲᠠᠶᠠᠭᠳᠠᠬᠤ ᠦᠭᠡᠢ᠃       ᠳᠣᠯᠤᠭ᠎ᠠ᠂ ᠪᠠᠭᠠᠷᠢᠨ ᠪᠠᠷᠠᠭᠤᠨ ᠬᠤᠰᠢᠭᠤᠨ ᠤ ᠪᠣᠷᠣᠠᠤᠰᠤ  ᠰᠢᠷᠠᠮᠦ᠋ᠷᠡᠨ  ᠤ ᠤᠰᠤ ᠲᠠᠲᠠᠬᠤ ᠤᠰᠤᠯᠠᠯᠲᠠ ᠶᠢᠨ ᠢᠨᠵᠧᠨᠧᠷᠢᠩ᠄ ᠰᠢᠷᠠᠮᠦ᠋ᠷᠡᠨ ᠰᠤᠮᠤ ᠶᠢᠨ ᠬᠢᠵᠠᠭᠠᠷ ᠲᠠᠬᠢ ᠳᠠᠯᠠᠨᠲᠠᠶ  ᠴᠥᠭᠦᠷᠥᠮ ᠢᠶᠠᠷ ᠤᠰᠤᠨ ᠰᠤᠷᠪᠤᠯᠵᠢ ᠪᠣᠯᠭᠠᠵᠤ᠂ ᠬᠥᠭᠡᠷᠭᠡ  ᠪᠠ ᠤᠰᠤ ᠳᠠᠮᠵᠢᠭᠤᠯᠬᠤ ᠬᠤᠭᠤᠯᠠᠶ ᠪᠠᠷ ᠤᠰᠤ ᠲᠠᠲᠠᠵᠤ᠂ ᠰᠢᠷᠠᠮᠥ᠋ᠷᠡᠨ ᠰᠤᠮᠤ᠂ ᠪᠣᠷᠣᠠᠤᠰᠤ  ᠪᠠᠯᠭᠠᠰᠤ ᠶᠢᠨ 10 ᠲᠦᠮᠡᠨ ᠮᠦ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠶ ᠶᠢ ᠨᠡᠮᠡᠭᠳᠡᠭᠦᠯᠦᠨ᠎ᠡ᠃       ᠨᠠᠢᠮᠠ᠂ ᠪᠠᠷᠠᠭ᠎ᠠ ᠶᠢᠨ  ᠭᠦᠢᠯᠭᠡᠭᠡᠨ ᠤ ᠬᠦᠷᠢᠶᠡᠯᠡᠩ ᠲᠣᠭᠤᠷᠢᠭ ᠤᠨ ︽ᠬᠦᠷᠢᠶᠡᠯᠡᠩ ᠤᠨ ᠳᠣᠲᠣᠷᠠᠬᠢ ᠬᠦᠷᠢᠶᠡᠯᠡᠩ︾ ᠤᠨ ᠬᠥᠭᠵᠢᠯᠲᠡ ᠶᠢᠨ ᠵᠠᠭᠪᠤᠷ᠄ ᠬᠦᠷᠢᠶᠡᠯᠡᠩ ᠲᠣᠭᠤᠷᠢᠭ  ᠨᠢ ᠪᠠᠭ᠎ᠠ ᠭᠠᠵᠠᠷ ᠢ ᠣᠯᠠᠨ ᠬᠡᠰᠡᠭᠯᠡᠨ ᠬᠤᠳᠠᠯᠳᠤᠬᠤ ᠠᠷᠭ᠎ᠠ ᠢ ᠠᠪᠴᠤ᠂ ᠲᠣᠰ ᠭᠠᠵᠠᠷ ᠤᠨ ᠵᠢᠵᠢᠭ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠬᠦᠷᠢᠶᠡᠯᠡᠩ ᠳᠤ ᠣᠷᠣᠭᠤᠯᠵᠤ᠂ ᠬᠤᠳᠠᠯᠳᠤᠭᠠᠨ ᠤ ᠲᠥᠪᠯᠡᠷᠡᠭᠰᠡᠨ ᠲᠣᠭᠤᠷᠢᠭ  ᠢ ᠪᠤᠢ ᠪᠣᠯᠭᠠᠵᠤ᠂ ᠮᠠᠰᠢᠨ ᠲᠡᠷᠭᠡᠨ ᠤ  ᠦᠢᠯᠡᠴᠢᠯᠡᠭᠡ᠂ ᠪᠠᠷᠢᠯᠭ᠎ᠠ ᠶᠢᠨ ᠮᠠᠲ᠋ᠧᠷᠢᠶᠠᠯ ᠤᠨ ᠭᠡᠷ ᠤᠨ ᠬᠡᠷᠡᠭᠰᠡᠯ᠂ ᠲᠠᠷᠢᠶᠠᠯᠠᠩ ᠤᠨ ᠮᠠᠰᠢᠨ ᠤ ᠪᠣᠷᠣᠯᠠᠭᠤᠯᠭ᠎ᠠ ᠵᠡᠷᠭᠡ ᠡᠯ᠎ᠡ ᠲᠥᠷᠥᠯ ᠤᠨ ᠲᠤᠰᠬᠠᠶ ᠵᠠᠬ᠎ᠠ ᠳᠡᠯᠭᠡᠭᠦᠷ ᠢ ᠪᠣᠢ ᠪᠣᠯᠭᠠᠨ᠎ᠠ᠃        ᠶᠢᠰᠦ᠂ ᠤᠶᠤᠨᠲᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠄ ᠢᠨᠲ᠋ᠧᠷ ᠰᠦᠯᠵᠢᠶ᠎ᠡ᠂ ᠪᠠᠷᠠᠭᠠᠨ ᠤ  ᠰᠦᠯᠵᠢᠶ᠎ᠡ᠂ ᠡᠭᠦᠯᠡᠨ ᠪᠣᠳᠣᠯᠭ᠎ᠠ᠂ ᠤᠶᠤᠨᠲᠤ ᠬᠥᠳᠡᠯᠭᠡᠭᠦᠷ᠂ ᠬᠠᠷᠠᠭᠠᠨ ᠳᠠᠪᠲᠠᠮᠵᠢ ᠶᠢᠨ ᠮᠡᠷᠭᠡᠵᠢᠯ᠂ ᠲᠤᠭ᠎ᠠ ᠪᠠᠷᠢᠮᠲᠠ ᠠᠭᠤᠳᠠᠯᠬᠤ᠂ ᠮᠡᠳᠡᠯᠭᠡ ᠶᠢᠨ ᠬᠠᠮᠢᠶᠠᠷᠤᠯᠲᠠ ᠵᠡᠷᠭᠡ ᠪᠠᠷ ᠮᠡᠷᠭᠡᠵᠢᠯ ᠤᠨ ᠲᠤᠯᠭᠠᠭᠤᠷᠢᠯᠠᠯ ᠪᠣᠯᠭᠠᠵᠤ᠂ ᠳᠣᠲᠣᠭᠠᠳᠤ ᠶᠢ ᠬᠠᠮᠠᠭᠠᠯᠠᠬᠤ ᠮᠡᠳᠡᠭᠡ ᠵᠠᠩᠭᠢᠵᠢᠯᠲᠠ ᠪᠠᠷ ᠭᠤᠤᠯ ᠪᠣᠯᠭᠠᠵᠤ᠂ ᠢᠨᠲ᠋ᠧᠷ ᠰᠦᠯᠵᠢᠶ᠎ᠡ᠂ ᠪᠤᠳᠠᠰ ᠤᠨ ᠰᠦᠯᠵᠢᠶ᠎ᠡ᠂ ᠤᠶᠤᠨᠴᠢᠯᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ ᠡᠯ᠎ᠡ ᠴᠢᠳᠠᠮᠵᠢ ᠶᠢᠨ ᠬᠡᠰᠡᠭ ᠤᠨ ᠳᠡᠭᠡᠳᠦ ᠬᠡᠮᠵᠢᠶ᠎ᠡ ᠪᠠᠷ ᠨᠢᠭᠡᠳᠴᠦ᠂ ᠵᠣᠬᠢᠴᠠᠯᠳᠤᠨ ᠠᠵᠢᠯᠯᠠᠬᠤ ᠶᠢ ᠠᠬᠢᠭᠤᠯᠵᠤ᠂ ᠴᠠᠭᠳᠠᠭᠠᠨ ᠤ ᠶᠠᠪᠤᠳᠠᠯ ᠤᠨ ᠮᠡᠳᠡᠭᠡ ᠵᠠᠩᠭᠢ  ᠶᠢ ︽ᠬᠦᠴᠦᠲᠡᠢ  ᠨᠢᠭᠡᠳᠬᠡᠨ᠂ ᠳᠡᠭᠡᠳᠦ ᠬᠡᠮᠵᠢᠶ᠎ᠡ ᠪᠠᠷ ᠬᠤᠪᠢᠶᠠᠯᠴᠠᠵᠤ᠂ ᠭᠦᠨᠵᠡᠭᠡᠶ ᠬᠡᠷᠡᠭᠯᠡᠬᠦ︾ ᠬᠠᠷᠠᠯᠲᠠ ᠪᠦᠬᠦᠢ ᠴᠠᠭᠳᠠᠭᠠᠨ ᠤ ᠶᠠᠪᠤᠳᠠᠯ ᠤᠨ ᠬᠥᠭᠵᠢᠯᠲᠡ ᠶᠢᠨ ᠰᠢᠨ᠎ᠡ ᠦᠵᠡᠯᠲᠡ ᠪᠠ ᠰᠢᠨ᠎ᠡ ᠵᠠᠭᠪᠤᠷ ᠢ ᠪᠡᠶᠡᠯᠡᠭᠦᠯᠦᠨ᠎ᠡ᠃        ᠠᠷᠪᠠ᠂ ᠹᠧᠩ ᠴᠢᠶᠣᠤ ᠶᠢᠨ ᠲᠤᠷᠰᠢᠯᠭ᠎ᠠ᠄ 20 ᠳ᠋ᠤᠭᠠᠷ ᠵᠠᠭᠤᠨ ᠤ ᠵᠢᠷᠠᠭᠠᠳ ᠣᠨ ᠤ ᠡᠬᠢ ᠪᠠᠷ᠂ ᠵᠧᠵᠢᠶᠠᠩ ᠮᠤᠵᠢ ᠶᠢᠨ ᠱᠣᠤᠰᠢᠩ ᠬᠤᠳᠠ ᠶᠢᠨ ᠵᠦ ᠵᠢᠶ ᠰᠢᠶᠠᠨ ᠤ ᠹᠧᠩ ᠴᠢᠶᠣᠤ ᠪᠠᠯᠭᠠᠰᠤᠨ ᠤ ᠺᠠᠳ᠋ᠷ ᠤᠯᠠᠨ ᠲᠦᠮᠡᠨ ︽ᠤᠯᠠᠨ ᠲᠦᠮᠡᠨ ᠢ ᠳᠠᠶᠢᠴᠢᠯᠠᠬᠤ ᠪᠠ ᠲᠦᠰᠢᠭᠯᠡᠵᠦ᠂ ᠵᠥᠷᠢᠴᠡᠯ ᠢ ᠳᠡᠭᠡᠭᠰᠢ ᠲᠤᠰᠢᠶᠠᠬᠤ ᠦᠭᠡᠢ ᠪᠠᠶᠢᠬᠤ ᠶᠢ ᠪᠠᠷᠢᠮᠲᠠᠯᠠᠵᠤ᠂ ᠲᠤᠬᠠᠶ ᠶᠢᠨ ᠭᠠᠵᠠᠷ ᠲᠤᠨᠢ  ᠰᠢᠢᠳᠪᠦᠷᠢᠯᠡᠨ᠂ ᠬᠥᠮᠦᠨ ᠪᠠᠷᠢᠪᠴᠢᠯᠠᠭᠰᠠᠨ ᠨᠢ ᠴᠥᠭᠡᠨ᠂ ᠠᠮᠤᠷ ᠲᠦᠪᠰᠢᠨ ᠰᠠᠶᠢᠨ︾ ᠪᠠᠶᠢᠬᠤ  ︽ ᠹᠧᠩ ᠴᠢᠶᠣᠤ ᠶᠢᠨ ᠲᠤᠷᠰᠢᠯᠭ᠎ᠠ︾ ᠶᠢ  ᠪᠦᠲᠦᠭᠡᠵᠡᠶ᠃ ᠣᠶᠢᠷ᠎ᠠ ᠶᠢᠨ ᠵᠢᠯ ᠤᠳ ᠲᠤ᠂ ︽ ᠹᠧᠩ ᠴᠢᠶᠣᠤ ᠶᠢᠨ ᠲᠤᠷᠰᠢᠯᠭ᠎ᠠ︾ ᠲᠠᠰᠤᠷᠠᠯᠲᠠ ᠥᠬᠡᠶ ᠬᠥᠭᠵᠢᠵᠦ᠂ ᠢᠯᠡ ᠲᠣᠳᠣ  ᠴᠠᠭ ᠦᠶ᠎ᠡ ᠶᠢᠨ ᠣᠨᠴᠠᠯᠢᠭ ᠪᠥᠬᠦᠶ ︽ᠨᠠᠮ ᠵᠠᠰᠠᠭ  ᠬᠥᠳᠡᠯᠦᠯᠴᠡᠵᠦ᠂ ᠣᠯᠠᠨ ᠲᠦᠮᠡᠨ ᠳᠤ ᠲᠦᠰᠢᠭᠯᠡᠨ᠂ ᠵᠢᠭᠤᠷᠠᠭᠠᠨ ᠢ ᠰᠡᠷᠭᠡᠶᠢᠯᠡᠵᠦ᠂ ᠵᠥᠷᠢᠴᠡᠯ ᠢ ᠠᠷᠢᠯᠭᠠᠨ᠂ ᠲᠣᠭᠲᠠᠭᠤᠨ ᠪᠠᠶᠢᠳᠠᠯ ᠢ ᠬᠠᠮᠠᠭᠠᠯᠠᠵᠤ᠂ ᠬᠥᠭᠵᠢᠯᠲᠡ ᠶᠢ  ᠠᠬᠢᠭᠤᠯᠬᠤ︾ ᠹᠧᠩ ᠴᠢᠶᠣᠤ ᠶᠢᠨ ᠰᠢᠨ᠎ᠡ ᠲᠤᠷᠰᠢᠯᠭ᠎ᠠ ᠶᠢ ᠪᠦᠷᠢᠯᠳᠦᠭᠦᠯᠵᠡᠶ᠃         ᠠᠷᠪᠠᠨ ᠨᠢᠭᠡ᠂ ᠲᠠᠯ᠎ᠠ ᠨᠤᠲᠤᠭ ᠤᠨ ᠯᠧᠢ ᠹᠧᠩ ᠲᠣᠮᠢᠯᠠᠭᠰᠠᠨ ᠰᠠᠯᠪᠤᠷᠢ᠄ ︽ᠯᠧᠢ ᠹᠧᠩ ᠤᠨ ᠵᠣᠷᠢᠭ  ᠰᠠᠨᠠᠭ᠎ᠠ  ᠶᠢ ᠤᠯᠠᠮᠵᠢᠯᠠᠨ ᠪᠠᠳᠠᠷᠠᠭᠤᠯᠵᠤ᠂ ᠲᠠᠯ᠎ᠠ ᠨᠤᠲᠤᠭ ᠤᠨ ᠦᠨᠡᠨᠴᠢ ᠰᠢᠳᠤᠷᠭᠤ ᠴᠠᠭᠳᠠᠭ᠎ᠠ ᠶᠢᠨ ᠰᠦᠭ ᠰᠦᠨᠡᠰᠦ ᠶᠢ ᠪᠠᠲᠤ ᠪᠠᠬᠢ ᠪᠤᠢ ᠪᠣᠯᠭᠠᠬᠤ︾ ᠭᠤᠤᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ᠂ ᠯᠧᠢ ᠹᠧᠩ ᠤᠨ ᠵᠣᠷᠢᠭ ᠰᠠᠨᠠᠭ᠎ᠠ ᠶᠢ ᠰᠤᠷᠤᠯᠴᠠᠨ ᠪᠠᠳᠠᠷᠠᠭᠤᠯᠬᠤ ᠶᠠᠪᠤᠳᠠᠯ ᠢ ᠠᠷᠠᠳ ᠤᠨ ᠴᠠᠭᠳᠠᠭ᠎ᠠ ᠶᠢᠨ ᠠᠵᠢᠯ᠂ ᠬᠥᠮᠦᠵᠢᠯ᠂ ᠰᠤᠷᠤᠯᠴᠠᠯᠭ᠎ᠠ᠂ ᠠᠮᠢᠳᠤᠷᠠᠯ ᠲᠠᠢ ᠣᠷᠭᠠᠨᠢᠭ ᠢᠶᠠᠷ ᠤᠶᠠᠯᠳᠤᠭᠤᠯᠵᠤ᠂ ᠯᠧᠢ ᠹᠧᠩ ᠤᠨ ᠵᠣᠷᠢᠭ ᠰᠠᠨᠠᠭ᠎ᠠ ᠪᠠᠷ ᠠᠩᠭᠢ ᠪᠠᠶᠢᠭᠤᠯᠵᠤ᠂ ᠯᠧᠢ ᠹᠧᠩ ᠤᠨ ᠰᠣᠶᠣᠯ ᠢᠶᠠᠷ ᠰᠦᠭ ᠰᠦᠯᠳᠡ ᠪᠠᠨ ᠴᠣᠭᠴᠠᠯᠠᠨ᠂ ᠯᠧᠢ ᠹᠧᠩ ᠤᠨ ᠵᠠᠩ ᠴᠢᠨᠠᠷ ᠢᠶᠠᠷ ᠬᠥᠮᠦᠨ ᠢ ᠬᠥᠮᠦᠵᠢᠭᠦᠯᠬᠦ᠂ ᠯᠧᠢ ᠹᠧᠩ ᠤᠨ ᠣᠨᠴᠠᠯᠢᠭ ᠢᠶᠠᠷ ᠴᠠᠭᠳᠠᠭ᠎ᠠ ᠬᠥᠮᠦᠵᠢᠭᠦᠯᠬᠦ  ᠬᠠᠷᠠᠯᠲᠠ ᠶᠢ ᠪᠡᠶᠡᠯᠡᠭᠦᠯᠦᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05001926号-2