ᠪᠠᠭᠠᠷᠢᠨ ᠪᠠᠷᠠᠭᠤᠨ ᠬᠤᠰᠢᠭᠤ ᠬᠠᠤᠯᠢ ᠴᠠᠭᠠᠵᠠ ᠶᠢ ᠲᠦᠭᠡᠮᠡᠯᠵᠢᠭᠦᠯᠬᠦ ᠬᠠᠤᠯᠢ ᠶᠣᠰᠣᠭᠠᠷ ᠵᠠᠰᠠᠬᠤ ᠠᠵᠢᠯ  ᠤᠨ ᠬᠦᠴᠦᠯᠡᠴᠠ ᠪᠠᠨ ᠴᠢᠩᠭᠠᠳᠬᠠᠪᠠ
ᠨᠡᠶᠢᠲᠡᠯᠡᠭᠰᠡᠨ ᠴᠠᠭ᠄
2020/6/2
     ᠵᠢᠯ ᠤᠨ ᠡᠬᠢᠨ ᠠᠴᠠ ᠨᠠᠰᠢ᠂ ᠪᠠᠭᠠᠷᠢᠨ ᠪᠠᠷᠠᠭᠤᠨ ᠬᠤᠰᠢᠭᠤ ᠬᠠᠤᠯᠢ ᠲᠦᠭᠡᠮᠡᠯᠵᠢᠭᠦᠯᠬᠦ ᠬᠠᠤᠯᠢ ᠶᠣᠰᠣᠭᠠᠷ ᠵᠠᠰᠠᠬᠤ ᠠᠵᠢᠯ ᠤᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠠᠷᠠᠳᠴᠢᠯᠠᠯ ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠬᠤ ᠶᠢᠨ ᠲᠥᠯᠥᠭᠡ᠂ ᠪᠦᠬᠦ ᠠᠷᠠᠳ ᠢᠶᠠᠷ ᠢᠶᠠᠨ ᠬᠠᠤᠯᠢ ᠶᠢ ᠰᠤᠷᠴᠤ ᠬᠠᠤᠯᠢ ᠶᠢ ᠮᠡᠳᠡᠵᠦ ᠬᠠᠤᠯᠢ ᠶᠢ ᠬᠡᠷᠡᠭᠯᠡᠬᠦ ᠤᠬᠠᠮᠰᠠᠷ ᠪᠠ ᠴᠢᠳᠠᠪᠤᠷᠢ ᠪᠠᠨ ᠳᠡᠭᠡᠭᠰᠢᠯᠡᠭᠦᠯᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠠᠤᠯᠢ ᠴᠠᠭᠠᠵᠠ ᠶᠢ ᠲᠦᠭᠡᠮᠡᠯᠵᠢᠭᠦᠯᠬᠦ ᠬᠠᠤᠯᠢ ᠶᠣᠰᠣᠭᠠᠷ ᠵᠠᠰᠠᠬᠤ ᠠᠵᠢᠯ ᠢ ᠴᠢᠩᠭᠠᠳᠬᠠᠪᠠ᠃     ᠨᠢᠭᠡ ᠳᠤ᠂ ︽ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ ᠠᠷᠠᠳ ᠲᠦᠮᠡᠨ ᠤ ᠳᠤᠮᠳᠠ ᠬᠦᠷᠭᠡᠬᠦ ︾ ᠠᠵᠢᠯᠯᠠᠭ᠎ᠠ ᠳᠤ ᠢᠳᠡᠪᠬᠢᠲᠡᠢ ᠤᠷᠤᠯᠴᠠᠪᠠ᠃ ᠮᠠᠯᠴᠢᠨ ᠲᠠᠷᠢᠶᠠᠴᠢᠨ ᠣᠯᠠᠨ ᠲᠦᠮᠡᠨ ᠤ ᠠᠩᠬᠠᠷᠴᠤ ᠪᠠᠶᠢᠭ᠎ᠠ ᠭᠠᠵᠠᠷ ᠰᠢᠷᠣᠶ ᠲᠠᠲᠠᠪᠤᠷᠢᠯᠠᠨ ᠨᠤᠷᠠᠭᠠᠵᠤ ᠨᠡᠬᠦᠯᠬᠡᠬᠦ᠂ ᠠᠭᠤᠯᠠ ᠰᠢᠭᠤᠶ ᠭᠠᠵᠠᠷ ᠰᠢᠷᠣᠶ᠂ ᠬᠥᠳᠡᠯᠮᠦᠷᠢ ᠶᠢᠨ ᠭᠡᠷ᠎ᠡ᠂ ᠣᠷᠤᠭ ᠭᠡᠷ ᠪᠦᠯᠢ ᠵᠡᠷᠭᠡ ᠬᠠᠯᠠᠮᠰᠢᠯ ᠬᠦᠴᠢᠷ ᠠᠰᠠᠭᠤᠳᠠᠯ ᠢ ᠭᠤᠤᠯᠳᠠᠯᠭ᠎ᠠ ᠲᠠᠢ ᠤᠬᠠᠭᠤᠯᠬᠤ ᠶᠢᠨ ᠬᠠᠮᠲᠤ ᠬᠠᠤᠯᠢ ᠴᠠᠭᠠᠵᠠ ᠶᠢᠨ ᠯᠠᠪᠯᠠᠬᠤ ᠲᠠᠪᠴᠠᠩ ᠭᠠᠷᠭᠠᠵᠤ ᠲᠤᠬᠠᠢ ᠶᠢᠨ ᠭᠠᠵᠠᠷ ᠤᠨ ᠮᠠᠯᠴᠢᠨ ᠲᠠᠷᠢᠶᠠᠴᠢᠨ ᠲᠦᠮᠡᠨ ᠤ ᠦᠢᠯᠠᠭᠠᠬᠤ ᠦᠬᠡᠢ ᠡᠬᠡᠳᠡᠷᠡᠬᠡᠨ ᠲᠠᠢ ᠵᠦᠢᠯ ᠢ ᠲᠠᠶᠢᠯᠪᠤᠷᠢᠯᠠᠬᠤ ᠶᠢᠨ ᠬᠠᠮᠲᠤ᠂ ᠮᠠᠯᠴᠢᠨ ᠲᠠᠷᠢᠶᠠᠴᠢᠨ ᠲᠦᠮᠡᠨ ᠳᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ ︽ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ ᠰᠢᠷᠢᠰ ᠴᠤᠪᠤᠷᠠᠯ ᠪᠢᠴᠢᠭ︾᠂ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠤᠬᠠᠭᠤᠯᠭ᠎ᠠ ᠶᠢᠨ ᠭᠠᠷ ᠳᠡᠪᠲᠡᠷ︾᠂ ︽ᠮᠠᠯᠴᠢᠨ ᠲᠠᠷᠢᠶᠠᠴᠢᠨ ᠤ ᠬᠠᠤᠯᠢ ᠴᠠᠭᠠᠵᠠ ᠶᠢᠨ ᠮᠡᠳᠡᠯᠭᠡ ᠶᠢᠨ ᠤᠩᠰᠢᠬᠤ ᠪᠢᠴᠢᠭ︾᠂ ︽ᠬᠠᠤᠯᠢ ᠴᠠᠭᠠᠵᠠ ᠶᠢ ᠨᠠᠢᠮᠠ ᠳᠤ ᠤᠷᠤᠭᠤᠯᠬᠤ ᠤᠬᠠᠭᠤᠯᠭ᠎ᠠ ᠶᠢᠨ ᠭᠠᠷ ᠳᠡᠪᠲᠡᠷ︾ ᠵᠡᠷᠭᠡ ᠬᠡᠷᠡᠭᠯᠡᠭᠡᠨ ᠤ ᠴᠢᠨᠠᠷᠲᠠᠢ ᠤᠬᠠᠭᠤᠯᠭ᠎ᠠ ᠶᠢᠨ ᠮᠠᠲ᠋ᠧᠷᠢᠶᠠᠯ ᠢ ᠬᠦᠷᠭᠡᠵᠦ᠂ ᠶᠡᠷᠦᠩᠬᠡᠶᠢᠯᠡᠭᠰᠡᠨ ᠦᠢᠯᠡᠴᠢᠯᠡᠬᠡᠨ ᠤ ᠠᠵᠢᠯᠯᠠᠭ᠎ᠠ ᠶᠢ ᠨᠡᠶᠢᠲᠡ 10 ᠭᠠᠷᠤᠶ ᠤᠳᠠᠭ᠎ᠠ ᠥᠷᠨᠢᠭᠦᠯᠪᠡ᠃      ᠬᠤᠶᠠᠷ ᠲᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠠᠵᠢᠯᠯᠠᠭᠠ ᠢ ᠵᠣᠬᠢᠶᠠᠨ ᠪᠠᠶᠢᠭᠤᠯᠪᠠ᠃ ᠬᠤᠰᠢᠭᠤᠨ ᠤ ᠰᠣᠶᠣᠯ ᠤᠨ ᠠᠭᠤᠳᠠᠮ ᠲᠠᠯᠠᠪᠠᠶ᠂ ᠭᠤᠤᠯᠳᠠᠯᠭ᠎ᠠ ᠲᠠᠢ ᠬᠡᠲᠦ ᠳᠡᠯᠭᠡᠭᠦᠷ᠂ ᠬᠤᠷᠰᠢᠶ᠎ᠠ ᠳᠡᠯᠭᠡᠭᠦᠷ᠂ ᠣᠷᠣᠨ ᠰᠠᠭᠤᠴᠠ ᠶᠢᠨ ᠲᠣᠭᠤᠷᠢᠭ ᠵᠡᠷᠭᠡ ᠬᠦᠮᠦᠨ ᠬᠠᠷ᠎ᠠ ᠲᠦᠪᠯᠡᠷᠡᠭᠰᠡᠨ ᠣᠯᠠᠨ ᠨᠡᠶᠢᠳᠠ ᠶᠢᠨ ᠲᠠᠯᠠᠪᠠᠶ ᠳᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠮᠡᠳᠡᠯᠭᠡ ᠪᠣᠯᠤᠨ ᠬᠢᠵᠢᠭ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠬᠤ ᠠᠵᠢᠯᠯᠠᠭ᠎ᠠ ᠥᠷᠨᠢᠭᠦᠯᠵᠡᠶ᠃ ︽ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠡᠷᠡᠭᠦᠤ ᠶᠢᠨ ᠶᠠᠯᠠᠲᠤ ᠠᠵᠢᠯᠯᠠᠭ᠎ᠠ ᠪᠣᠯᠵᠣ ᠪᠦᠷᠢᠯᠳᠦᠭᠰᠡᠨ ᠶᠢᠰᠦᠨ ᠵᠦᠢᠯ ᠤᠨ ᠲᠥᠷᠥᠯ ᠬᠡᠯᠪᠡᠷᠢ︾᠂ ︽ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠬᠡ ᠶᠢᠨ ᠠᠰᠠᠭᠤᠯᠲᠠ ᠬᠠᠷᠢᠭᠤᠯᠲᠠ︾᠂ ︽ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠠᠵᠢᠯ ᠢᠶᠠᠨ ᠡᠬᠢᠯᠡᠬᠦᠯᠵᠤ ᠦᠢᠯᠡᠳᠪᠦᠷᠢᠯᠡᠯ ᠢᠶᠠᠨ ᠰᠡᠷᠭᠦᠭᠡᠬᠦ ᠬᠠᠤᠯᠢ ᠴᠠᠭᠠᠵᠠ ᠶᠢᠨ ᠮᠡᠳᠡᠯᠭᠡ ᠶᠢᠨ ᠠᠰᠠᠭᠤᠯᠲᠠ ᠬᠠᠷᠢᠭᠤᠯᠲᠠ︾ ᠵᠡᠷᠭᠡ ᠤᠬᠠᠭᠤᠯᠭ᠎ᠠ ᠶᠢᠨ ᠬᠠᠭᠤᠳᠠᠰᠤ ᠶᠢ ᠨᠡᠶᠢᠲᠡ 3000 ᠭᠠᠷᠤᠶ ᠬᠤᠪᠢ ᠲᠠᠷᠬᠠᠭᠠᠪᠠ᠃      ᠭᠤᠷᠪᠠ ᠳᠤ᠂ ᠬᠠᠤᠯᠢ ᠲᠦᠬᠡᠮᠡᠯᠵᠢᠯᠡᠬᠦ ᠵᠠᠰᠠᠨ ᠴᠡᠭᠴᠡᠯᠡᠬᠦ ᠪᠦᠷᠢᠯᠳᠦᠬᠦᠨ ᠨᠢᠭᠡᠴᠡ ᠶᠢᠨ ᠦᠢᠯᠡᠳᠦᠯ ᠢ ᠬᠦᠢᠴᠡᠳ ᠪᠠᠳᠠᠷᠠᠭᠤᠯᠪᠠ᠃ ᠪᠠᠭᠠᠷᠢᠨ ᠪᠠᠷᠠᠭᠤᠨ ᠬᠤᠰᠢᠭᠤᠨ ᠤ ᠰᠣᠶᠣᠯ ᠤᠨ ᠠᠭᠤᠳᠠᠮ ᠲᠠᠯᠠᠪᠠᠢ ᠳᠤ ᠪᠦᠷᠢᠯᠳᠦᠬᠦᠨ ᠨᠢᠬᠡᠴᠡ ᠶᠢᠨ ᠬᠠᠮᠳᠤᠷᠠᠭᠰᠠᠨ ︽ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠵᠤ᠂ ᠤᠯᠠᠮᠵᠢᠯᠠᠯ ᠤᠨ ᠠᠮᠤᠷ ᠲᠦᠪᠰᠢᠨ ᠪᠠ ᠤᠯᠠᠮᠵᠢᠯᠠᠯ ᠤᠨ ᠪᠤᠰᠤ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠰᠡᠢᠳᠪᠦᠷᠢᠳᠦ ᠢᠯᠠᠯᠲᠠ ᠶᠢ ᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ︾ ᠪᠠᠷ ᠭᠤᠤᠯ ᠰᠡᠳᠦᠪ ᠪᠣᠯᠭᠠᠭᠰᠠᠨ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠲᠥᠪᠯᠡᠷᠡᠩᠭᠦᠶ ᠤᠬᠠᠭᠤᠯᠭ᠎ᠠ ᠶᠢᠨ ᠠᠵᠢᠯᠯᠠᠭ᠎ᠠ ᠨᠢ ᠠᠷᠠᠳ ᠢᠷᠭᠡᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠲᠡᠭᠡᠭᠰᠢᠯᠡᠬᠦᠯᠪᠡ᠃
 
ᠢᠷᠡᠯᠲᠡ᠄ ᠪᠠᠭᠠᠷᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05001926号-2