1. ᠭᠠᠵᠠᠷ ᠰᠢᠷᠤᠢ ᠳᠠᠭᠠᠭᠠᠴᠢᠯᠠᠬᠤ ᠳᠤ ᠶᠠᠮᠠᠷ ᠭᠡᠳᠦᠨ ᠵᠤᠶᠢᠯ ᠤᠨ ᠦᠨᠳᠦᠰᠦᠨ ᠭᠡᠯᠪᠡᠷᠢ ᠪᠠᠶᠢᠬᠤ ᠪᠤᠢ︖ | ᠭᠠᠵᠠᠷ ᠰᠢᠷᠤᠢ ᠳᠠᠭᠠᠭᠠᠴᠢᠯᠠᠬᠤ ᠳᠤ ᠶᠠᠮᠠᠷ ᠵᠠᠷᠴᠢᠮ ᠢ ᠵᠢᠷᠤᠮᠯᠠᠬᠤ ᠭᠡᠷᠡᠭᠳᠠᠢ ᠪᠤᠢ︖ | ᠮᠠᠨ ᠤ ᠤᠯᠤᠰ ᠤᠨ ᠬᠦᠳᠡᠭᠡ ᠳᠤᠰᠬᠤᠨ ᠤ ᠭᠠᠵᠠᠷ ᠰᠢᠷᠤᠢ ᠳᠠᠭᠠᠭᠠᠴᠢᠯᠠᠬᠤ ᠭᠡᠯᠪᠡᠷᠢ ᠳᠤ ᠭᠤᠤᠯᠳᠠᠭᠤ | ᠬᠤᠶᠠᠷ ᠵᠤᠶᠢᠯ ᠪᠠᠶᠢᠳᠠᠭ᠂ ᠬᠦᠳᠡᠭᠡ ᠳᠤᠰᠬᠤᠨ ᠤ ᠭᠠᠵᠠᠷ ᠰᠢᠷᠤᠢ ᠳᠠᠭᠠᠭᠠᠴᠢᠯᠠᠬᠤ ᠳᠤ ᠶᠡᠷᠦ ᠳᠡᠭᠡᠨ ᠬᠦᠳᠡᠭᠡ | ᠲᠤᠰᠬᠤᠨ ᠤ ᠬᠠᠮᠲᠦ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠳᠤᠳᠤᠭᠠᠳᠤᠬᠢ ᠭᠡᠷ ᠪᠦᠯᠢ ᠪᠠᠷ ᠢᠶᠠᠨ | ᠳᠠᠭᠠᠭᠠᠴᠢᠯᠠᠬᠤ ᠭᠡᠯᠪᠡᠷᠢ ᠶᠢ ᠭᠡᠷᠡᠭᠯᠡᠵᠦ ᠪᠤᠯᠤᠨ᠎ᠡ᠂ ᠭᠡᠷ ᠪᠦᠯᠢ ᠪᠠᠷ ᠢᠶᠠᠨ ᠳᠠᠭᠠᠭᠠᠴᠢᠯᠠᠬᠤ ᠶᠢ ᠭᠡᠷᠡᠭᠵᠢᠬᠦᠯᠬᠦ ᠳᠤ | ᠲᠦᠬᠦᠮ ᠦᠬᠡᠢ ᠠᠳᠠᠷ ᠠᠭᠤᠯᠠ᠂ ᠠᠳᠠᠷ ᠭᠤᠤ᠂ ᠠᠳᠠᠷ ᠲᠤᠪᠤ᠂ ᠠᠳᠠᠷ ᠲᠠᠩ ᠵᠡᠷᠬᠡ ᠬᠦᠳᠡᠭᠡ ᠳᠤᠰᠬᠤᠨ ᠤ | ᠭᠠᠵᠠᠷ ᠰᠢᠷᠤᠢ ᠶᠢ ᠳᠠᠭᠠᠭᠠᠴᠢᠯᠠᠯᠳᠠ ᠵᠠᠷᠯᠠᠬᠤ᠂ ᠦᠨ᠎ᠡ ᠬᠠᠶᠠᠯᠴᠠᠨ ᠬᠤᠳᠠᠯᠳᠤᠬᠤ᠂ ᠢᠯᠡ ᠪᠠᠷ ᠵᠦᠪᠳᠡᠯᠴᠡᠬᠦ ᠵᠡᠷᠭᠡ | ᠠᠷᠭ᠎ᠠ ᠭᠡᠯᠪᠡᠷᠢ ᠪᠠᠷ ᠳᠠᠭᠠᠭᠠᠴᠢᠯᠠᠵᠦ ᠪᠤᠯᠤᠨ᠎ᠠ᠃ | ᠭᠠᠵᠠᠷ ᠰᠢᠷᠤᠢ ᠳᠠᠭᠠᠭᠠᠴᠢᠯᠠᠬᠤ ᠳᠤ ᠳᠤᠤᠷᠠᠬᠢ ᠵᠠᠷᠴᠢᠮ ᠢ ᠵᠢᠷᠤᠮᠯᠠᠬᠤ ᠭᠡᠷᠡᠭᠳᠠᠢ᠄ | ︵1︶ ᠳᠤᠭᠳᠠᠭᠠᠯ ᠶᠤᠰᠤᠭᠠᠷ ᠨᠢᠭᠡᠳᠤᠯᠳᠠᠢ ᠪᠠᠷ ᠵᠤᠬᠢᠶᠠᠨ ᠪᠠᠶᠢᠭᠤᠯᠤᠨ ᠳᠠᠭᠠᠭᠠᠴᠢᠯᠠᠬᠤ ᠦᠶ᠎ᠡ ᠳᠤ᠂ | ᠳᠤᠰ ᠬᠠᠮᠲᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠪᠦᠷᠢᠯᠳᠦᠬᠦᠨ ᠭᠠᠵᠠᠷ ᠰᠢᠷᠤᠢ | ᠳᠠᠭᠠᠭᠠᠴᠢᠯᠠᠬᠤ ᠡᠷᠬᠡ ᠪᠠᠨ ᠬᠠᠤᠯᠢ ᠶᠤᠰᠤᠭᠠᠷ ᠡᠷᠬᠡ ᠲᠡᠭᠰᠢ ᠪᠠᠷ ᠭᠡᠷᠡᠭᠵᠢᠬᠦᠯᠦᠨ᠎ᠡ᠂ ᠭᠠᠵᠠᠷ ᠰᠢᠷᠤᠢ | ᠳᠠᠭᠠᠭᠠᠴᠢᠯᠠᠬᠤ ᠡᠷᠬᠡ ᠪᠠᠨ ᠰᠠᠶᠢᠨ ᠳᠤᠷ᠎ᠠ ᠠᠴᠠ ᠪᠠᠨ ᠳᠠᠶᠠᠭᠳᠠᠵᠦ ᠪᠤᠯᠤᠨ᠎ᠠ︔ | ︵2︶ ᠠᠷᠠᠳᠴᠢᠯᠠᠯ ᠢᠶᠠᠷ ᠵᠦᠪᠳᠡᠯᠴᠡᠵᠦ᠂ ᠲᠦᠪ ᠭᠤᠤᠯᠴᠢ ᠵᠦᠢ ᠵᠤᠬᠢᠰᠳᠠᠢ ᠪᠠᠶᠢᠬᠤ︔ | ︵3︶ ᠳᠠᠭᠠᠭᠠᠴᠢᠯᠠᠯᠳᠠ ᠶᠢᠨ ᠲᠦᠰᠦᠯ ᠢ ᠳᠤᠰ ᠬᠠᠮᠲᠦ ᠶᠢᠨ ᠠᠵᠤ ᠠᠬᠤᠢ ᠶᠢᠨ ᠵᠤᠬᠢᠶᠠᠨ | ᠪᠠᠶᠢᠭᠤᠯᠤᠯᠳᠠ ᠶᠢᠨ ᠪᠦᠷᠢᠯᠳᠦᠬᠦᠨ ᠪᠤᠯᠬᠤ ᠳᠤᠰᠬᠤᠨ ᠤ ᠠᠷᠠᠳ ᠤᠨ ᠬᠤᠷᠠᠯ ᠤᠨ2/3 ᠠᠴᠠ ᠳᠡᠭᠡᠭᠰᠢᠬᠢ | ᠲᠤᠰᠬᠤᠨ ᠤ ᠠᠷᠠᠳ ᠤᠨ ᠲᠦᠯᠦᠭᠡᠯᠡᠭᠴᠢᠳ ᠢᠶᠠᠷ ᠬᠠᠤᠯᠢ ᠶᠤᠰᠤᠭᠠᠷ ᠵᠦᠪᠰᠢᠶᠡᠷᠡᠬᠦᠯᠬᠦ ᠭᠡᠷᠡᠭᠳᠠᠢ︔ | ︵4︶ ᠳᠠᠭᠠᠭᠠᠴᠢᠯᠠᠯᠳᠠ ᠶᠢᠨ ᠳᠡᠰ ᠳᠠᠷᠠᠭᠠᠯᠠᠯ ᠨᠢ ᠬᠠᠤᠯᠢ ᠳᠤ ᠨᠡᠶᠢᠴᠡᠬᠦ ᠭᠡᠷᠡᠭᠳᠠᠢ᠃ | 2. ᠳᠠᠭᠠᠭᠠᠴᠢᠯᠠᠭᠤᠯᠠᠬᠤ ᠡᠳᠡᠭᠡᠳ ᠶᠠᠮᠠᠷ ᠡᠷᠬᠡ ᠶᠢ ᠡᠳ᠋ᠯᠡᠬᠦ ᠪᠤᠢ︖ ᠶᠠᠮᠠᠷ ᠡᠬᠦᠷᠬᠡ ᠶᠢ ᠡᠬᠦᠷᠬᠡᠯᠡᠬᠦ | ᠭᠡᠷᠡᠭᠳᠠᠢ ᠪᠤᠢ︖ | ︿︿ᠬᠦᠳᠡᠭᠡ ᠳᠤᠰᠬᠤᠨ ᠤ ᠭᠠᠵᠠᠷ ᠰᠢᠷᠤᠢ ᠶᠢᠨ ᠳᠠᠭᠠᠭᠠᠴᠢᠯᠠᠯᠳᠠ ᠶᠢᠨ ᠬᠠᠤᠯᠢ﹀﹀ ᠶᠢᠨ13 ᠳ᠋ᠤᠭᠠᠷ | ᠵᠤᠶᠢᠯ ᠳᠤ ᠲᠤᠭᠳᠠᠭᠠᠭᠰᠠᠨ ᠨᠢ ᠳᠠᠭᠠᠭᠠᠴᠢᠯᠠᠭᠤᠯᠬᠤ ᠡᠳᠡᠭᠡᠳ ᠲᠤᠤᠷᠠᠬᠢ ᠡᠷᠬᠡ ᠶᠢ ᠡᠳ᠋ᠯᠡᠨ᠎ᠡ᠄ | ︵1︶ ᠳᠤᠰ ᠬᠠᠮᠲᠦ ᠨᠡᠶᠢᠳᠠ ᠶᠢᠨ ᠦᠮᠴᠢᠯᠡᠯ ᠪᠤᠯᠬᠤ ᠪᠤᠶᠤ ᠬᠠᠤᠯᠢ ᠶᠤᠰᠤᠭᠠᠷ ᠳᠤᠰ ᠬᠠᠮᠲᠦ ᠨᠡᠶᠢᠳᠠ | ᠳᠤ ᠭᠡᠷᠡᠭᠯᠡᠬᠦᠯᠦᠭᠰᠡᠨ ᠤᠯᠤᠰ ᠤᠨ ᠦᠮᠴᠢᠯᠡᠯᠳᠦ ᠬᠦᠳᠡᠭᠡ ᠳᠤᠰᠬᠤᠨ ᠤ ᠭᠠᠵᠠᠷ ᠰᠢᠷᠤᠢ ᠶᠢ ᠳᠠᠭᠠᠭᠠᠴᠢᠯᠠᠭᠤᠯᠬᠤ︔ | ︵2︶ ᠳᠠᠭᠠᠭᠠᠴᠢᠯᠠᠭᠰᠠᠨ ᠡᠳᠡᠭᠡᠳ ᠤᠨ ᠳᠠᠭᠠᠭᠠᠴᠢᠯᠠᠯᠳᠠ ᠶᠢᠨ ᠭᠡᠷ᠎ᠡ ᠳᠤ ᠳᠤᠭᠳᠠᠭᠠᠭᠰᠠᠨ ᠭᠡᠷᠡᠭᠴᠡᠭᠡ | ᠶᠤᠰᠤᠭᠠᠷ ᠭᠠᠵᠠᠷ ᠰᠢᠷᠤᠢ ᠶᠢ ᠵᠦᠢ ᠵᠤᠬᠢᠰᠳᠠᠢ ᠠᠰᠢᠭᠯᠠᠬᠤ ᠪᠠ ᠬᠠᠮᠠᠭᠠᠯᠠᠬᠤ ᠳᠤ ᠬᠢᠨᠠᠯᠳᠠ ᠳᠠᠯᠪᠢᠬᠤ︔ | ︵3︶ ᠳᠠᠭᠠᠭᠠᠴᠢᠯᠠᠭᠰᠠᠨ ᠡᠳᠡᠭᠡᠳ ᠤᠨ ᠳᠠᠭᠠᠭᠠᠴᠢᠯᠠᠭᠰᠠᠨ ᠭᠠᠵᠠᠷ ᠰᠢᠷᠤᠢ ᠪᠠ ᠳᠠᠷᠢᠶᠠᠯᠠᠩ ᠤᠨ ᠡᠬᠢ | ᠪᠠᠶᠠᠯᠢᠭ ᠢ ᠬᠤᠬᠢᠷᠠᠭᠤᠯᠬᠤ ᠠᠵᠢᠯᠯᠠᠭ᠎ᠠ ᠶᠢ ᠬᠤᠷᠢᠭᠯᠠᠬᠤ︔ | ︵4︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠳᠤᠭᠳᠠᠭᠠᠯ ᠳᠤ ᠳᠤᠭᠳᠠᠭᠠᠭᠰᠠᠨ ᠪᠤᠰᠤᠳ ᠡᠷᠬᠡ | ᠃ | ︿︿ᠬᠦᠳᠡᠭᠡ ᠳᠤᠰᠬᠤᠨ ᠤ ᠭᠠᠵᠠᠷ ᠰᠢᠷᠤᠢ ᠶᠢᠨ ᠳᠠᠭᠠᠭᠠᠴᠢᠯᠠᠯᠳᠠ ᠶᠢᠨ ᠬᠠᠤᠯᠢ﹀﹀ ᠶᠢᠨ14 ᠳ᠋ᠤᠭᠡᠷ | ᠵᠤᠶᠢᠯ ᠤᠨ ᠳᠤᠭᠳᠠᠭᠠᠯ ᠳᠤ ᠲᠤᠭᠳᠠᠭᠠᠭᠰᠠᠨ ᠨᠢ ᠳᠠᠭᠠᠭᠠᠴᠢᠯᠠᠭᠤᠯᠬᠤ ᠡᠳᠡᠭᠡᠳ ᠲᠤᠤᠷᠠᠬᠢ ᠡᠬᠦᠷᠭᠡ ᠶᠢ ᠡᠬᠦᠷᠭᠡᠯᠡᠬᠦ | ᠭᠡᠷᠡᠭᠳᠠᠢ᠄ | ︵1︶ ᠳᠠᠭᠠᠭᠠᠴᠢᠯᠠᠭᠰᠠᠨ ᠡᠳᠡᠭᠡᠳ ᠤᠨ ᠭᠠᠵᠠᠷ ᠰᠢᠷᠤᠢ ᠳᠠᠭᠠᠭᠠᠴᠢᠯᠠᠨ ᠡᠵᠡᠩᠨᠡᠬᠦ ᠡᠷᠬᠡ ᠶᠢ ᠬᠠᠮᠠᠭᠠᠯᠠᠵᠦ | ᠂ ᠬᠠᠤᠯᠢ ᠪᠤᠰᠤ ᠪᠠᠷ ᠳᠠᠭᠠᠭᠠᠴᠢᠯᠠᠯᠳᠠ ᠶᠢᠨ ᠭᠡᠷ᠎ᠡ ᠪᠠᠨ ᠬᠤᠪᠢᠷᠠᠭᠠᠵᠦ ᠪᠤᠯᠬᠤ ᠦᠭᠡᠢ᠃ | ︵2︶ ᠳᠠᠭᠠᠭᠠᠴᠢᠯᠠᠭᠰᠠᠨ ᠡᠳᠡᠭᠡᠳ ᠤᠨ ᠦᠢᠯᠡᠳᠪᠦᠷᠢᠯᠡᠯ ᠡᠵᠡᠩᠨᠡᠯᠳᠠ ᠶᠢᠨ ᠡᠵᠡᠨ ᠮᠡᠳᠡᠬᠦ ᠡᠷᠬᠡ ᠶᠢ | ᠬᠦᠨᠳᠦᠳᠬᠡᠵᠦ᠂ ᠳᠠᠭᠠᠭᠠᠴᠢᠯᠠᠭᠰᠠᠨ ᠡᠳᠡᠭᠡᠳ ᠤᠨ ᠬᠠᠤᠯᠢ ᠶᠤᠰᠤᠨ ᠤ ᠦᠢᠯᠡᠳᠪᠦᠷᠢᠯᠡᠯ ᠡᠵᠡᠩᠨᠡᠯᠳᠠ ᠶᠢᠨ | ᠠᠵᠢᠯᠯᠠᠭ᠎ᠠ ᠶᠢ ᠬᠠᠷᠰᠢᠯᠠᠵᠦ ᠪᠤᠯᠬᠤ ᠦᠬᠡᠢ︔ | ︵3︶ ᠳᠠᠭᠠᠭᠠᠴᠢᠯᠠᠯᠳᠠ ᠶᠢᠨ ᠭᠡᠷ᠎ᠡ ᠶᠢᠨ ᠪᠤᠯᠵᠤᠨ ᠳᠤᠭᠳᠠᠭᠰᠠᠨ ᠶᠤᠰᠤᠭᠠᠷ ᠳᠠᠭᠠᠭᠠᠴᠢᠯᠠᠭᠰᠠᠨ ᠡᠳᠡᠭᠡᠳ | ᠲᠤ ᠦᠢᠯᠡᠳᠪᠦᠷᠢᠯᠡᠯ᠂ ᠮᠡᠷᠬᠡᠵᠢᠯ᠂ ᠮᠡᠳᠡᠭᠡ ᠵᠠᠩᠬᠢ ᠵᠡᠷᠭᠡ ᠦᠢᠯᠡᠴᠢᠯᠡᠭᠡ ᠬᠠᠩᠭᠠᠬᠤ︔ | ︵4︶ ᠰᠢᠶᠠᠨ᠂ ᠰᠢᠶᠠᠩ ︵ᠪᠠᠯᠭᠠᠰᠦ︶ ᠤᠨ ᠭᠠᠵᠠᠷ ᠰᠢᠷᠤᠢ ᠶᠢᠨ ᠠᠰᠢᠭᠯᠠᠯᠳᠠ ᠶᠢᠨ ᠶᠡᠷᠦᠩᠬᠡᠢ | ᠲᠦᠯᠦᠪᠵᠢᠬᠦᠯᠬᠡ ᠶᠢ ᠭᠡᠷᠡᠭᠵᠢᠬᠦᠯᠵᠦ᠂ ᠲᠤᠰ ᠬᠠᠮᠲᠦ ᠶᠢᠨ ᠠᠵᠦ ᠠᠬᠤᠶᠢᠯᠠᠯ ᠤᠨ ᠵᠤᠬᠢᠶᠠᠨ ᠪᠠᠶᠢᠭᠤᠯᠤᠯᠳᠠ ᠶᠢᠨ | ᠳᠤᠳᠤᠭᠠᠳᠤᠬᠢ ᠲᠠᠷᠢᠶᠠᠯᠠᠩ ᠤᠨ ᠰᠠᠭᠤᠷᠢ ᠲᠦᠬᠦᠬᠡᠷᠦᠮᠵᠢ ᠶᠢᠨ ᠪᠦᠲᠦᠭᠡᠨ ᠪᠠᠶᠢᠭᠤᠯᠤᠯᠳᠠ ᠶᠢ ᠵᠤᠬᠢᠶᠠᠨ | ᠪᠠᠶᠢᠭᠤᠯᠬᠤ︔ | ︵5︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠳᠤᠭᠳᠠᠭᠠᠯ ᠳᠤ ᠳᠤᠭᠳᠠᠭᠠᠭᠰᠠᠨ ᠪᠤᠰᠤᠳ | ᠡᠬᠦᠷᠭᠡ᠃ | 3. ᠭᠠᠵᠠᠷ ᠰᠢᠷᠤᠢ ᠶᠢᠨ ᠳᠠᠭᠠᠭᠠᠴᠢᠯᠠᠯᠳᠠ ᠶᠢᠨ ᠭᠡᠷ᠎ᠡ ᠳᠤ ᠶᠠᠮᠠᠷ ᠠᠭᠤᠯᠭ᠎ᠠ ᠪᠠᠭᠳᠠᠬᠤ ᠪᠤᠢ︖ | ︿︿ᠬᠦᠳᠡᠭᠡ ᠳᠤᠰᠬᠤᠨ ᠤ ᠭᠠᠵᠠᠷ ᠰᠢᠷᠤᠢ ᠶᠢᠨ ᠳᠠᠭᠠᠭᠠᠴᠢᠯᠠᠯᠳᠠ ᠶᠢᠨ ᠬᠠᠤᠯᠢ﹀﹀ ᠶᠢᠨ21 ᠳ᠋ᠤᠭᠡᠷ | ᠵᠤᠶᠢᠯ ᠳᠤ ᠲᠤᠭᠳᠠᠭᠠᠭᠰᠠᠨ ᠨᠢ ᠳᠠᠭᠠᠭᠠᠴᠢᠯᠠᠭᠤᠯᠤᠭᠰᠠᠨ ᠡᠳᠡᠭᠡᠳ ᠳᠠᠭᠠᠭᠠᠴᠢᠯᠠᠭᠰᠠᠨ ᠡᠳᠡᠭᠡᠳ ᠲᠠᠢ ᠪᠢᠴᠢᠭ ᠤᠨ | ᠭᠡᠯᠪᠡᠷᠢ ᠶᠢᠨ ᠳᠠᠭᠠᠭᠠᠴᠢᠯᠠᠯᠳᠠ ᠶᠢᠨ ᠭᠡᠷ᠎ᠡ ᠳᠤᠭᠳᠠᠭᠠᠬᠤ ᠭᠡᠷᠡᠭᠳᠠᠢ᠃ | ᠳᠠᠭᠠᠭᠠᠴᠢᠯᠠᠯᠳᠠ ᠶᠢᠨ ᠭᠡᠷ᠎ᠡ ᠳᠤ ᠶᠡᠷᠦ ᠳᠡᠭᠡᠨ ᠳᠤᠤᠷᠠᠬᠢ ᠠᠭᠤᠯᠭ᠎ᠠ ᠪᠠᠭᠳᠠᠨ᠎ᠠ᠄ | ︵1︶ ᠳᠠᠭᠠᠭᠠᠴᠢᠯᠠᠭᠤᠯᠤᠭᠰᠠᠨ ᠡᠳᠡᠭᠡᠳ ᠳᠠᠭᠠᠭᠠᠴᠢᠯᠠᠭᠰᠠᠨ ᠡᠳᠡᠭᠡᠳ ᠤᠨ ᠨᠡᠷᠡᠶᠢᠳᠦᠯ᠂ | ᠳᠠᠭᠠᠭᠠᠴᠢᠯᠠᠭᠤᠯᠤᠭᠰᠠᠨ ᠡᠳᠡᠭᠡᠳ ᠤᠨ ᠬᠠᠷᠢᠭᠤᠴᠠᠯᠭᠠᠳᠠᠨ ᠪᠠ ᠳᠠᠭᠠᠭᠠᠴᠢᠯᠠᠭᠰᠠᠨ ᠡᠳᠡᠭᠡᠳ ᠤᠨ ᠲᠦᠯᠦᠭᠡᠯᠡᠭᠴᠢ | ᠶᠢᠨ ᠤᠪᠤᠭ ᠨᠡᠷ᠎ᠡ᠂ ᠤᠷᠤᠨ ᠰᠠᠭᠤᠴᠠ︔ | ︵2︶ ᠳᠠᠭᠠᠭᠠᠴᠢᠯᠠᠭᠰᠠᠨ ᠭᠠᠵᠠᠷ ᠤᠨ ᠨᠡᠷᠡᠶᠢᠳᠦᠯ᠂ ᠪᠠᠶᠢᠷᠢ᠂ ᠳᠠᠯᠠᠪᠠᠢ᠂ ᠴᠢᠨᠠᠷ ᠴᠢᠨᠰᠠᠭ᠎ᠠ ᠶᠢᠨ ᠵᠡᠷᠭᠡ | ᠳᠡᠰ︔ | ︵3︶ ᠳᠠᠭᠠᠭᠠᠴᠢᠯᠠᠯᠳᠠ ᠶᠢᠨ ᠬᠤᠭᠤᠴᠠᠭ᠎ᠠ ᠬᠢᠬᠡᠳ ᠡᠬᠢᠯᠡᠵᠦ ᠲᠡᠬᠦᠰᠬᠦ ᠡᠳᠦᠷ ᠬᠤᠭᠤᠴᠠᠭ᠎ᠠ︔ | ︵4︶ ᠳᠠᠭᠠᠭᠠᠴᠢᠯᠠᠯᠳᠠ ᠶᠢᠨ ᠭᠠᠵᠠᠷ ᠤᠨ ᠭᠡᠷᠡᠭᠴᠡᠭᠡ︔ | ︵5︶ ᠳᠠᠭᠠᠭᠠᠴᠢᠯᠠᠭᠤᠯᠤᠭᠰᠠᠨ ᠡᠳᠡᠭᠡᠳ ᠪᠠ ᠳᠠᠭᠠᠭᠠᠴᠢᠯᠠᠭᠰᠠᠨ ᠡᠳᠡᠭᠡᠳ ᠤᠨ ᠡᠷᠭᠡ ᠪᠠ ᠡᠬᠦᠷᠭᠡ︔ | ︵6︶ ᠭᠡᠷ᠎ᠡ ᠠᠴᠠ ᠵᠦᠷᠢᠴᠡᠭᠰᠡᠨ ᠬᠠᠷᠢᠭᠤᠴᠠᠯᠭ᠎ᠠ᠃ | ᠳᠠᠭᠠᠭᠠᠴᠢᠯᠠᠯᠳᠠ ᠶᠢᠨ ᠭᠡᠷ᠎ᠡ ᠳᠤᠭᠳᠠᠭᠰᠠᠨ ᠡᠳᠦᠷ ᠠᠴᠠ ᠡᠬᠢᠯᠡᠨ ᠬᠦᠴᠦᠨ ᠲᠠᠢ᠃ ᠳᠠᠭᠠᠭᠠᠴᠢᠯᠠᠭᠰᠠᠨ | ᠡᠳᠡᠭᠡᠳ ᠳᠠᠭᠠᠭᠠᠴᠢᠯᠠᠯᠳᠠ ᠶᠢᠨ ᠭᠡᠷ᠎ᠡ ᠬᠦᠴᠦᠨ ᠲᠠᠢ ᠪᠤᠯᠬᠤ ᠦᠶᠡᠰ ᠭᠠᠵᠠᠷ ᠰᠢᠷᠤᠢ ᠳᠠᠭᠠᠭᠠᠴᠢᠯᠠᠨ ᠡᠵᠡᠩᠨᠡᠬᠦ | ᠡᠷᠬᠡ ᠪᠠᠨ ᠤᠯᠤᠨ᠎ᠠ᠃ | 4. ᠭᠠᠵᠠᠷ ᠰᠢᠷᠤᠢ ᠳᠠᠭᠠᠭᠠᠴᠢᠯᠠᠨ ᠡᠵᠡᠩᠨᠡᠬᠦ ᠡᠷᠬᠡ ᠶᠢ ᠭᠡᠵᠢᠶ᠎ᠡ ᠤᠯᠬᠤ ᠪᠤᠢ︖ | ᠮᠠᠨ ᠤ ᠤᠯᠤᠰ ᠤᠨ ︿︿ᠪᠤᠳᠠᠰ ᠤᠨ ᠡᠷᠬᠡ ᠶᠢᠨ ᠬᠠᠤᠯᠢ﹀﹀ ᠶᠢᠨ127 ᠳ᠋ᠤᠭᠠᠷ ᠵᠤᠶᠢᠯ ᠤᠨ ᠳᠤᠭᠳᠠᠭᠠᠯ ᠢ | ᠦᠨᠳᠦᠰᠦᠯᠡᠪᠡᠯ ᠭᠠᠵᠠᠷ ᠰᠢᠷᠤᠢ ᠳᠠᠭᠠᠭᠠᠴᠢᠯᠠᠨ ᠡᠵᠡᠩᠨᠡᠬᠦ ᠡᠷᠬᠡ ᠨᠢ ᠭᠠᠵᠠᠷ ᠰᠢᠷᠤᠢ ᠳᠠᠭᠠᠭᠠᠴᠢᠯᠠᠨ ᠡᠵᠡᠩᠨᠡᠬᠦ ᠡᠷᠬᠡ | ᠶᠢᠨ ᠭᠡᠷ᠎ᠡ ᠬᠦᠴᠦᠨ ᠲᠠᠢ ᠪᠤᠯᠬᠤ ᠴᠠᠭ ᠠᠴᠠ ᠡᠬᠢᠯᠡᠨ ᠪᠤᠢ ᠪᠤᠯᠤᠨ᠎ᠠ᠃ | ᠰᠢᠶᠠᠨ ᠤ ᠱᠠᠳᠤᠨ ᠠᠴᠠ ᠳᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠠᠴᠠ | ᠭᠠᠵᠠᠷ ᠰᠢᠷᠤᠢ ᠳᠠᠭᠠᠭᠠᠴᠢᠯᠠᠨ ᠡᠵᠡᠩᠨᠡᠬᠦ ᠡᠷᠬᠡ ᠲᠠᠢ ᠬᠦᠮᠦᠨ ᠳᠤ ᠭᠠᠵᠠᠷ ᠰᠢᠷᠤᠢ ᠳᠠᠭᠠᠭᠠᠴᠢᠯᠠᠨ ᠡᠵᠡᠩᠨᠡᠬᠦ ᠡᠷᠬᠡ | ᠶᠢᠨ ᠦᠨᠡᠮᠯᠡᠯ᠂ ᠤᠢ ᠶᠢᠨ ᠡᠷᠬᠡ ᠶᠢᠨ ᠦᠨᠡᠮᠯᠡᠯ᠂ ᠨᠤᠳᠤᠭ ᠪᠡᠯᠴᠢᠭᠡᠷ ᠭᠡᠷᠡᠭᠯᠡᠬᠦ ᠡᠷᠬᠡ ᠶᠢᠨ ᠦᠨᠡᠮᠯᠡᠯ ᠳᠠᠷᠬᠠᠭᠠᠬᠤ | ᠶᠢᠨ ᠬᠠᠮᠲᠦ ᠳᠠᠩᠰᠠᠯᠠᠵᠦ ᠲᠡᠪᠳᠡᠷᠯᠡᠵᠦ᠂ ᠭᠠᠵᠠᠷ ᠰᠢᠷᠤᠢ ᠳᠠᠭᠠᠭᠠᠴᠢᠯᠠᠨ ᠡᠵᠡᠩᠨᠡᠬᠦ ᠡᠷᠬᠡ ᠶᠢ ᠨᠤᠳᠠᠯᠠᠬᠤ ᠭᠡᠷᠡᠭᠳᠠᠢ᠃ | | 5. ᠭᠡᠷ ᠪᠦᠯᠢ ᠪᠠᠷ ᠢᠶᠠᠨ ᠳᠠᠭᠠᠭᠠᠴᠢᠯᠠᠬᠤ ᠬᠡᠯᠪᠡᠷᠢ ᠠᠴᠠ ᠭᠠᠳᠠᠨ᠎ᠠ ᠪᠠᠰᠠ ᠶᠠᠮᠠᠷ ᠬᠡᠯᠪᠡᠷᠢ ᠪᠠᠷ ᠬᠦᠳᠡᠭᠡ | ᠲᠤᠰᠬᠤᠨ ᠤ ᠭᠠᠵᠠᠷ ᠰᠢᠷᠥᠢ ᠶᠢ ᠲᠠᠭᠠᠭᠠᠴᠢᠯᠠᠵᠥ ᠪᠤᠯᠬᠤ ᠪᠤᠢ︖ | ᠠᠲᠠᠷ ᠠᠭᠤᠯᠠ ᠂ ᠠᠲᠠᠷ ᠭᠤᠥ᠂ ᠠᠲᠠᠷ ᠲᠤᠪᠦ᠂ ᠠᠲᠠᠷ ᠲᠡᠩ ᠵᠡᠷᠭᠡ ᠰᠢᠭᠤᠳ ᠳᠠᠭᠠᠭᠠᠴᠢᠯᠠᠯᠳᠠ | ᠵᠠᠷᠯᠠᠬᠤ᠂ ᠦᠨ᠎ᠡ ᠬᠠᠶᠠᠯᠴᠡᠨ ᠬᠤᠳᠠᠯᠳᠤᠬᠤ᠂ ᠢᠯᠡ ᠪᠠᠷ ᠵᠦᠪᠳᠡᠯᠴᠡᠬᠦ ᠵᠡᠷᠭᠡ ᠬᠡᠯᠪᠡᠷᠢ ᠪᠠᠷ ᠳᠠᠭᠠᠭᠠᠴᠢᠯᠡᠨ | ᠡᠵᠡᠩᠨᠡᠵᠦ ᠪᠤᠯᠤᠨ᠎ᠠ᠂ ᠪᠠᠰᠠ ᠭᠠᠵᠠᠷ ᠰᠢᠷᠤᠢ ᠳᠠᠭᠠᠭᠠᠴᠢᠯᠠᠨ ᠡᠵᠡᠩᠨᠡᠬᠦ ᠡᠷᠭᠡ ᠪᠠᠨ ᠬᠤᠪᠢ ᠬᠤᠪᠢᠶᠠᠨ ᠲᠤᠰ | ᠬᠠᠮᠲᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠪᠦᠷᠢᠯᠳᠦᠭᠦᠨ ᠳᠤ ᠦᠭᠭᠦᠭᠰᠡᠨ ᠤ ᠲᠠᠷᠠᠭ᠎ᠠ | ᠲᠠᠭᠠᠭᠠᠴᠢᠯᠠᠨ ᠡᠵᠡᠩᠨᠠᠬᠦ ᠪᠤᠶᠥ ᠬᠤᠪᠢ ᠤᠷᠤᠭᠤᠯᠤᠨ ᠬᠠᠮᠳᠤᠷᠠᠯᠴᠠᠨ ᠡᠵᠡᠩᠨᠡᠬᠦ ᠶᠢ ᠭᠡᠷᠡᠭᠵᠢᠬᠦᠯᠵᠦ ᠪᠤᠯᠥᠨ᠎ᠠ᠃ | ᠠᠲᠠᠷ ᠠᠭᠤᠯᠠ ᠂ ᠠᠲᠠᠷ ᠭᠤᠥ᠂ ᠠᠲᠠᠷ ᠲᠤᠪᠤ᠂ ᠠᠲᠠᠷ ᠲᠠᠠᠩ ᠲᠠᠭᠠᠭᠠᠴᠢᠯᠠᠬᠤ ᠳᠤ ᠬᠠᠮᠢᠶ᠎ᠠ ᠪᠦᠬᠦᠢ ᠬᠠᠤᠯᠢ | ᠴᠠᠭᠠᠵᠡ ᠂ ᠵᠠᠰᠠᠭ ᠵᠠᠬᠢᠷᠭᠠᠨ ᠤ ᠬᠠᠥᠯᠢ ᠲᠤᠠᠭᠲᠠᠭᠠᠯ ᠤᠨ ᠳᠤᠭᠳᠠᠭᠠᠯ ᠢ ᠵᠢᠷᠥᠮᠯᠡᠵᠦ᠂ ᠬᠦᠷᠥᠰᠦ ᠰᠢᠷᠦᠢ ᠶᠢᠨ | ᠤᠷᠥᠰᠬᠤ ᠶᠢ ᠰᠡᠷᠭᠡᠶᠢᠯᠡᠵᠦ᠂ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠬᠤ ᠬᠡᠷᠡᠭᠲᠠᠢ᠃ | ᠭᠡᠷ ᠪᠦᠯᠢ ᠪᠠᠷ ᠢᠶᠠᠨ ᠲᠠᠭᠠᠭᠠᠴᠢᠯᠬᠤ ᠬᠡᠯᠪᠡᠷᠢ ᠠᠴᠠ ᠪᠤᠰᠥᠳ ᠬᠡᠯᠪᠡᠷᠢ ᠪᠠᠷ ᠬᠦᠳᠡᠭᠡ ᠲᠤᠰᠬᠤᠨ ᠤ | ᠭᠠᠵᠠᠷ ᠰᠢᠷᠥᠢ ᠲᠠᠭᠠᠭᠠᠴᠢᠯᠠᠬᠤ ᠳᠤ ᠲᠠᠭᠠᠭᠠᠴᠢᠯᠠᠡᠯᠲᠠ ᠶᠢᠨ ᠭᠡᠷ᠎ᠡ ᠲᠤᠠᠭᠲᠠᠭᠠᠬᠤ ᠬᠡᠷᠡᠭᠲᠠᠢ᠃ ᠲᠤᠬᠠᠢ ᠶᠢᠨ | ᠬᠦᠮᠦᠨ ᠤ ᠡᠷᠬᠡ ᠪᠡ ᠡᠬᠦᠷᠬᠡ᠂ ᠳᠠᠭᠠᠭᠠᠴᠢᠯᠠᠯᠳᠠ ᠶᠢᠨ ᠬᠤᠭᠤᠴᠠᠭ᠎ᠠ ᠵᠡᠷᠬᠡ ᠶᠢ ᠬᠤᠶᠠᠷ ᠳᠠᠯ᠎ᠠ ᠪᠠᠷ ᠢᠶᠠᠨ | ᠶᠠᠷᠢᠯᠴᠠᠨ ᠳᠤᠭᠳᠠᠭᠠᠬᠤ ᠭᠡᠷᠡᠭᠳᠠᠢ᠃ ᠲᠠᠭᠠᠭᠠᠴᠢᠯᠠᠯᠲᠠ ᠵᠠᠷᠯᠠᠬᠤ᠂ ᠦᠨ᠎ᠡ ᠬᠠᠶᠠᠯᠴᠡᠨ ᠬᠤᠳᠠᠯᠳᠤᠬᠤ ᠬᠡᠯᠪᠡᠷᠢ | ᠪᠠᠷ ᠲᠠᠭᠠᠭᠠᠴᠢᠯᠠᠪᠠᠯ ᠲᠠᠭᠠᠭᠠᠴᠢᠯᠠᠡᠯᠲᠠ ᠶᠢᠨ ᠰᠦᠢᠳᠬᠡᠯ ᠢ ᠢᠯᠡ ᠪᠠᠷ ᠲᠠᠭᠠᠭᠠᠴᠢᠯᠡᠬᠤ ᠪᠠᠷ ᠦᠷᠢᠰᠦᠯᠳᠦᠵᠦ᠂ | ᠦᠨ᠎ᠡ ᠶᠢ ᠦᠷᠢᠰᠦᠯᠳᠦᠵᠦ ᠲᠤᠬᠳᠠᠭᠠᠨ᠎ᠠ︔ ᠢᠯᠡ ᠪᠠᠷ ᠶᠢᠷᠢᠯᠴᠠᠨ ᠳᠤᠭᠳᠠᠭᠠᠬᠤ ᠵᠡᠷᠭᠡ ᠬᠡᠯᠪᠡᠷᠢ ᠪᠠᠷ | ᠲᠠᠭᠠᠭᠠᠴᠢᠯᠠᠪᠡᠯ ᠲᠠᠭᠠᠭᠠᠴᠢᠯᠠᠡᠯᠲᠠ ᠶᠢᠨ ᠰᠦᠢᠳᠬᠡᠯ ᠢ ᠬᠤᠶᠠᠷ ᠲᠠᠯ᠎ᠠ ᠪᠠᠷ ᠢᠶᠠᠨ ᠵᠦᠪᠳᠡᠨ ᠲᠤᠬᠳᠠᠭᠠᠨ᠎ᠠ᠃ ᠠᠳᠠᠯᠢ | ᠨᠦᠬᠦᠴᠡᠯ ᠲᠤᠥᠷ᠎ᠠ ᠲᠤᠰ ᠬᠠᠮᠲᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠦᠯᠲᠠ ᠶᠢᠨ ᠪᠦᠷᠢᠯᠳᠦᠬᠦᠨ ᠤᠷᠢᠳ | ᠢᠶᠠᠷ ᠲᠠᠭᠠᠭᠠᠴᠢᠯᠠᠬᠤ ᠡᠷᠬᠡ ᠲᠠᠢ᠃ | 6. ᠭᠠᠵᠠᠷ ᠰᠢᠷᠥᠢ ᠲᠠᠭᠠᠭᠠᠴᠢᠯᠠᠨ ᠡᠵᠡᠩᠨᠠᠬᠦ ᠠᠴᠠ ᠪᠤᠯᠵᠤ ᠵᠢᠭᠤᠷᠠᠯᠳᠥᠭᠠᠨ ᠭᠠᠷᠤᠭᠰᠠᠨ ᠪᠠᠶᠢᠪᠠᠯ ᠲᠤᠬᠠᠢ | ᠶᠢᠨ ᠬᠦᠮᠦᠨ ᠬᠡᠷᠬᠢᠨ ᠰᠢᠢᠳᠪᠦᠷᠢᠯᠡᠪᠡᠯ ᠵᠤᠬᠢᠬᠤ ᠪᠤᠢ︖ | ︽ᠬᠦᠳᠡᠭᠡ ᠲᠤᠰᠬᠤᠨ ᠤ ᠭᠠᠵᠠᠷ ᠰᠢᠷᠦᠢ ᠶᠢᠨ ᠲᠠᠭᠠᠭᠠᠴᠢᠯᠠᠡᠯᠲᠠ ᠶᠢᠨ ᠬᠠᠥᠯᠢ ︾ ᠶᠢᠨ 51᠂ 52 | ᠳ᠋ᠤᠭᠠᠷ ᠵᠦᠢᠯ ᠤᠨ ᠳᠤᠭᠳᠠᠭᠠᠯ ᠢ ᠦᠨᠳᠦᠰᠦᠯᠡᠪᠡᠯ᠂ ᠭᠠᠵᠠᠷ ᠰᠢᠷᠦᠢ ᠲᠠᠭᠠᠭᠠᠴᠢᠯᠠᠨ ᠡᠵᠡᠩᠨᠡᠬᠦ ᠠᠴᠠ ᠪᠤᠯᠵᠤ | ᠡᠬᠦᠰᠦᠭᠰᠡᠨ ᠵᠢᠭᠤᠷᠠᠯᠳᠥᠭᠠᠨ ᠢ ᠬᠤᠶᠠᠷ ᠲᠠᠯ᠎ᠠ ᠪᠠᠷ ᠢᠶᠠᠨ ᠶᠠᠷᠢᠯᠴᠡᠨ ᠵᠥᠪᠳᠡᠯᠴᠡᠵᠦ ᠪᠠᠶᠢᠭᠠᠳ ᠰᠢᠢᠳᠪᠦᠷᠢᠯᠡᠵᠦ | ᠪᠤᠯᠦᠨ᠎ᠠ᠂ ᠲᠤᠰᠬᠤᠨ ᠤ ᠠᠷᠠᠳ ᠤᠨ ᠵᠥᠪᠯᠡᠯ᠂ ᠰᠢᠶᠠᠠᠩ ︵ᠪᠠᠯᠭᠠᠰᠦ︶ ᠤᠨ ᠠᠷᠠᠳ ᠤᠨ ᠵᠠᠰᠠᠭ ᠤᠨ ᠤᠷᠳᠦᠨ | ᠳᠤ ᠭᠤᠶᠥᠴᠢᠯᠠᠵᠦ ᠡᠶᠡᠳᠡᠭᠦᠯᠦᠨ ᠰᠢᠢᠳᠪᠦᠷᠢᠯᠡᠬᠦᠯᠵᠦ ᠪᠤᠯᠥᠨ᠎ᠠ᠃ | ᠲᠤᠬᠠᠢ ᠶᠢᠨ ᠬᠦᠮᠦᠨ ᠶᠠᠷᠢᠯᠴᠡᠨ ᠵᠥᠪᠳᠡᠯᠴᠡᠬᠦ᠂ ᠡᠶᠡᠳᠠᠭᠦᠯᠬᠦ ᠶᠢ ᠬᠦᠯᠢᠶᠠᠬᠦ ᠲᠤᠷᠠᠦᠭᠡᠢ ᠪᠤᠶᠥ | ᠶᠠᠷᠢᠯᠴᠠᠨ ᠵᠦᠪᠳᠡᠯᠴᠡᠵᠦ᠂ ᠡᠶᠠᠳᠡᠭᠦᠯᠦᠭᠡᠳ ᠲᠡᠶᠢᠯᠦᠭᠰᠡᠨ ᠦᠭᠡᠢ ᠪᠤᠯ ᠬᠦᠳᠡᠭᠡ ᠲᠤᠰᠬᠤᠨ ᠤ ᠭᠠᠵᠠᠷ ᠰᠢᠷᠦᠢ ᠶᠢᠨ | ᠲᠠᠭᠠᠭᠠᠴᠢᠯᠠᠯᠲᠠ ᠶᠢ ᠬᠦᠨᠳᠡᠯᠡᠨ ᠠᠴᠠ ᠲᠠᠰᠥᠯᠠᠬᠤ ᠪᠠᠶᠢᠭᠤᠯᠥᠮᠵᠢ ᠳᠤ ᠬᠦᠨᠳᠡᠯᠡᠨ ᠠᠴᠠ ᠲᠠᠰᠤᠯᠤᠭᠤᠯᠬᠤ ᠪᠠᠷ | ᠭᠤᠶᠥᠴᠢᠯᠠᠵᠤ ᠪᠤᠯᠥᠨ᠎ᠠ᠂ ᠰᠢᠭᠤᠳ ᠠᠷᠠᠳ ᠤᠨ ᠰᠢᠭᠦᠭᠦ ᠬᠤᠷᠢᠶᠠᠨ ᠳᠤ ᠵᠠᠭᠠᠯᠳᠤᠵᠤ ᠴᠤ ᠪᠤᠯᠤᠨ᠎ᠠ᠃ | ᠲᠤᠬᠠᠢ ᠶᠢᠨ ᠬᠦᠮᠥᠨ ᠨᠢ ᠬᠦᠳᠡᠭᠡ ᠲᠤᠰᠬᠤᠨ ᠤ ᠭᠠᠵᠠᠷ ᠰᠢᠷᠦᠢ ᠶᠢᠨ ᠲᠠᠭᠠᠭᠠᠴᠢᠯᠠᠡᠯᠲᠠ ᠶᠢ ᠬᠦᠨᠳᠡᠯᠡᠨ | ᠠᠴᠠ ᠲᠠᠰᠤᠯᠬᠤ ᠪᠠᠶᠢᠭᠤᠯᠤᠮᠵᠢ ᠶᠢᠨ ᠬᠦᠨᠳᠡᠯᠡᠨ ᠠᠴᠠ ᠲᠠᠰᠥᠯᠥᠠᠭᠰᠡᠨ ᠳᠠᠰᠤᠯᠤᠯᠳᠠ ᠶᠢ ᠵᠥᠪᠰᠢᠶᠡᠷᠡᠬᠦ ᠦᠭᠡᠢ | ᠪᠤᠯ ᠲᠠᠰᠥᠯᠥᠡᠯᠲᠠ ᠶᠢᠨ ᠪᠢᠴᠢᠭ ᠢ ᠤᠯᠤᠭᠰᠠᠨ ᠠᠴᠠ ᠡᠬᠢᠯᠡᠨ 30 ᠡᠳᠦᠷ ᠤᠨ ᠲᠤᠲᠥᠷᠠ ᠠᠷᠠᠳ ᠤᠨ ᠰᠢᠭᠦᠬᠦ | ᠬᠤᠷᠢᠶᠠᠨ ᠳᠤ ᠵᠠᠭᠠᠯᠳᠥᠵᠦ ᠪᠣᠯᠥᠨ᠎ᠠ᠃ ᠬᠤᠭᠤᠴᠠᠭ᠎ᠠ ᠨᠢ ᠬᠡᠳᠦᠷᠡᠭᠡᠳ ᠵᠠᠭᠠᠯᠳᠤᠭᠰᠡᠨ ᠦᠭᠡᠢ ᠪᠤᠯ ᠲᠠᠰᠤᠯᠥᠯᠲᠠ | ᠶᠢᠨ ᠪᠢᠴᠢᠭ ᠨᠢ ᠬᠠᠥᠯᠢ ᠴᠠᠭᠠᠵᠠ ᠶᠢᠨ ᠬᠦᠴᠦᠨ ᠲᠠᠢ ᠪᠤᠯᠥᠨ᠎ᠠ᠃ | 7. ᠤᠢ ᠮᠤᠳᠤᠨ ᠤ ᠥᠮᠴᠢᠯᠡᠯ ᠤᠨ ᠡᠷᠬᠡ ᠪᠠ ᠥᠢᠲᠦ ᠭᠠᠵᠠᠷ ᠢ ᠭᠡᠷᠡᠭᠯᠡᠬᠦ ᠡᠷᠬᠡ ᠨᠢ ᠮᠠᠷᠭᠤᠭᠠᠨ | ᠲᠠᠢ ᠪᠤᠯᠬᠤ ᠦᠶᠡᠰ ᠬᠡᠨ ᠬᠠᠷᠢᠭᠤᠴᠡᠨ ᠰᠢᠢᠳᠪᠦᠷᠢᠯᠡᠬᠦ ᠪᠤᠢ︖ | ᠮᠡᠨ ᠤ ᠤᠯᠤᠰ ᠤᠨ ︽ᠤᠢ ᠰᠢᠭᠤᠢ ᠶᠢᠨ ᠬᠠᠤᠯᠢ︾ ᠶᠢᠨ 17 ᠳ᠋ᠤᠭᠠᠷ ᠵᠦᠢᠯ ᠤᠨ ᠲᠤᠭᠲᠠᠭᠠᠯ ᠢ | ᠦᠨᠳᠦᠰᠦᠯᠡᠪᠡᠯ᠂ ᠨᠢᠭᠡᠴᠢ ᠶᠢᠨ ᠬᠤᠭᠤᠷᠤᠡᠳᠦ ᠡᠬᠦᠰᠦᠭᠰᠡᠨ ᠤᠢ ᠮᠤᠳᠦ᠂ ᠥᠢᠲᠦ ᠭᠠᠵᠠᠷ ᠤᠨ ᠥᠮᠴᠢᠯᠡᠯ ᠤᠨ | ᠡᠷᠭᠡ ᠪᠠ ᠭᠡᠷᠡᠭᠯᠡᠬᠦ ᠡᠷᠬᠡ ᠶᠢᠨ ᠮᠠᠷᠭᠤᠭᠠᠨ ᠢ ᠰᠢᠶᠠᠨ ᠤ ᠱᠠᠳᠥᠨ ᠠᠴᠠ ᠲᠡᠭᠡᠭᠰᠢᠬᠢ ᠠᠷᠠᠳ ᠤᠨ ᠵᠠᠰᠠᠭ ᠤᠨ | ᠤᠷᠳᠥᠨ ᠠᠴᠠ ᠬᠠᠤᠯᠢ ᠶᠤᠰᠦ ᠪᠠᠷ ᠰᠢᠢᠳᠪᠦᠷᠢᠯᠡᠨ᠎ᠡ᠃ | ᠬᠤᠪᠢ ᠬᠦᠮᠦᠨ ᠤ ᠬᠤᠭᠤᠷᠤᠨᠳᠦ᠂ ᠬᠤᠪᠢ ᠬᠦᠮᠦᠨ ᠬᠢᠭᠡᠳ ᠨᠢᠬᠡᠴᠢ ᠶᠢᠨ ᠬᠤᠭᠤᠷᠤᠨᠳᠦ ᠡᠬᠦᠰᠦᠭᠰᠡᠨ | ᠤᠢ ᠮᠤᠳᠤᠨ ᠤ ᠦᠮᠴᠢᠯᠡᠯ ᠤᠨ ᠡᠷᠬᠡ ᠪᠠ ᠤᠶᠢᠲᠦ ᠭᠠᠵᠠᠷ ᠢ ᠭᠡᠷᠡᠭᠯᠡᠬᠦ ᠡᠷᠬᠡ ᠶᠢᠨ ᠮᠠᠷᠭᠤᠯᠳᠤᠭᠠᠨ ᠢ ᠲᠤᠬᠠᠢ ᠶᠢᠨ | ᠭᠠᠵᠠᠷ ᠤᠨ ᠰᠢᠶᠠᠨ ᠤ ᠱᠠᠲᠦ ᠪᠤᠶᠤ ᠰᠢᠶᠠᠩ ᠤᠨ ᠱᠠᠳᠤᠨ ᠤ ᠠᠷᠠᠳ ᠤᠨ ᠵᠠᠰᠠᠭ ᠤᠨ ᠤᠷᠳᠤᠨ ᠠᠴᠠ ᠬᠠᠤᠯᠢ | ᠶᠤᠰᠤᠭᠠᠷ ᠰᠢᠢᠳᠪᠦᠷᠢᠯᠡᠨ᠎ᠡ᠃ | ᠲᠤᠬᠠᠢ ᠶᠢᠨ ᠬᠦᠮᠥᠨ ᠨᠢ ᠠᠷᠠᠳ ᠤᠨ ᠵᠠᠰᠠᠭ ᠤᠨ ᠤᠷᠳᠥᠨ ᠤ ᠰᠢᠢᠳᠪᠦᠷᠢᠯᠡᠭᠰᠡᠨ ᠲᠤᠭᠲᠠᠭᠠᠯ ᠢ | ᠵᠥᠪᠰᠢᠶᠡᠷᠡᠬᠦ ᠦᠭᠡᠢ ᠪᠤᠯ ᠮᠡᠳᠡᠭᠳᠡᠯ ᠢ ᠤᠯᠤᠭᠰᠠᠨ ᠡᠳᠦᠷ ᠠᠴᠠ ᠡᠬᠢᠯᠡᠨ ᠨᠢᠭᠡ ᠰᠠᠷ᠎ᠠ ᠶᠢᠨ ᠳᠤᠳᠥᠷᠠ ᠠᠷᠠᠳ ᠤᠨ | ᠰᠢᠭᠦᠭᠦ ᠬᠤᠷᠢᠶᠠᠨ ᠳᠤ ᠵᠠᠭᠠᠯᠳᠥᠵᠦ ᠪᠣᠯᠣᠨ᠎ᠠ᠃ | ᠤᠢ ᠮᠤᠳᠦ᠂ ᠥᠢᠲᠦ ᠭᠠᠵᠠᠷ ᠤᠨ ᠡᠷᠬᠡ ᠶᠢᠨ ᠬᠠᠷᠢᠶ᠎ᠠ ᠶᠢᠨ ᠮᠠᠷᠭᠤᠯᠳᠤᠭᠠᠨ ᠨᠢ ᠰᠢᠢᠳᠪᠦᠷᠢᠯᠡᠭᠳᠡᠬᠦ ᠠᠴᠠ | ᠡᠮᠦᠨ᠎ᠡ ᠶᠠᠮᠠᠷᠪᠠ ᠨᠢᠭᠡ ᠲᠠᠯ᠎ᠠ ᠨᠢ ᠮᠠᠷᠭᠤᠭᠠᠨ ᠲᠠᠢ ᠪᠠᠶᠢᠭ᠎ᠠ ᠤᠢ ᠮᠤᠳᠦ ᠶᠢ ᠤᠭᠳᠤᠯᠵᠦ ᠪᠤᠯᠬᠤ ᠦᠭᠡᠢ᠃ | 8. ᠤᠢ ᠮᠤᠳᠤ ᠶᠢ ᠤᠭᠳᠤᠯᠬᠤ ᠳᠤ ᠡᠷᠭᠡᠪᠰᠢ ᠤᠢ ᠮᠤᠳᠤ ᠤᠭᠳᠤᠯᠬᠤ ᠵᠦᠪᠰᠢᠶᠡᠷᠡᠯ ᠤᠨ ᠦᠨᠡᠮᠯᠡᠯ | ᠠᠪᠬᠤ ᠴᠢᠬᠤᠯᠠ ᠲᠠᠢ ᠦᠦ︖ | ᠮᠠᠨ ᠤ ᠤᠯᠤᠰ ᠤᠨ ︿︿ᠤᠢ ᠰᠢᠭᠤᠢ ᠶᠢᠨ ᠬᠠᠤᠯᠢ﹀﹀ ᠶᠢᠨ32 ᠳ᠋ᠤᠭᠠᠷ ᠵᠤᠶᠢᠯ ᠤᠨ ᠳᠤᠭᠳᠠᠭᠠᠯ ᠢ | ᠦᠨᠳᠦᠰᠦᠯᠡᠪᠡᠯ᠂ ᠤᠢ ᠮᠤᠳᠤ ᠤᠭᠳᠤᠯᠬᠤ ᠳᠤ ᠡᠷᠬᠡᠪᠰᠢ ᠤᠭᠳᠤᠯᠬᠤ ᠵᠦᠪᠰᠢᠶᠡᠷᠡᠯ ᠤᠨ ᠦᠨᠡᠮᠯᠡᠯ ᠭᠤᠶᠤᠴᠢᠯᠠᠵᠦ᠂ | ᠵᠦᠪᠰᠢᠶᠡᠷᠡᠯ ᠤᠨ ᠦᠨᠡᠮᠯᠡᠯ ᠤᠨ ᠳᠤᠭᠳᠠᠭᠠᠯ ᠶᠤᠰᠤᠭᠠᠷ ᠤᠭᠳᠤᠯᠬᠤ ᠭᠡᠷᠡᠭᠳᠠᠢ︔ ᠬᠦᠳᠡᠭᠡ ᠳᠤᠰᠬᠤᠨ ᠤ | ᠰᠠᠭᠤᠭᠠᠯᠢ ᠠᠷᠠᠳ ᠬᠤᠪᠢᠨ ᠳᠠᠭᠠᠨ ᠦᠯᠡᠳᠡᠭᠡᠭᠰᠡᠨ ᠭᠠᠵᠠᠷ ᠪᠠ ᠭᠡᠷ ᠤᠨ ᠡᠮᠦᠨ᠎ᠡ ᠬᠤᠶᠢᠨᠠᠬᠢ ᠬᠤᠪᠢ ᠶᠢᠨ | ᠦᠮᠴᠢᠯᠡᠯᠳᠦ ᠳᠠᠷᠠᠬᠠᠢ ᠪᠠᠶᠢᠭ᠎ᠠ ᠤᠢ ᠮᠤᠳᠤ ᠶᠢ ᠤᠭᠳᠤᠯᠬᠤ ᠶᠢ ᠪᠠᠭᠳᠠᠭᠠᠬᠤ ᠦᠬᠡᠢ᠃ | ᠬᠦᠳᠡᠭᠡ ᠳᠤᠰᠬᠤᠨ ᠤ ᠬᠠᠮᠲᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠤᠢ ᠮᠤᠳᠤ ᠤᠭᠳᠤᠯᠬᠤ | ᠳᠤ ᠰᠢᠶᠠᠨ ᠤ ᠱᠠᠳᠤᠨ ᠤ ᠤᠢ ᠰᠢᠭᠤᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠠᠮᠢᠶ᠎ᠠ ᠪᠦᠬᠦᠢ | ᠳᠤᠭᠳᠠᠭᠠᠯ ᠢ ᠦᠨᠳᠦᠰᠦᠯᠡᠨ ᠤᠭᠳᠤᠯᠬᠤ ᠵᠦᠪᠰᠢᠶᠡᠷᠡᠯ ᠤᠨ ᠦᠨᠡᠮᠯᠡᠯ ᠢ ᠬᠢᠨᠠᠨ ᠳᠠᠷᠬᠠᠭᠠᠨ᠎ᠠ᠃ | ᠬᠦᠳᠡᠭᠡ ᠳᠤᠰᠬᠤᠨ ᠤ ᠰᠠᠭᠤᠭᠠᠯᠢ ᠠᠷᠠᠳ ᠬᠤᠪᠢᠨ ᠳᠠᠭᠠᠨ ᠦᠯᠡᠳᠡᠭᠡᠭᠰᠡᠨ ᠠᠭᠤᠯᠠ ᠪᠠ ᠬᠤᠪᠢ ᠶᠢᠨ | ᠳᠠᠭᠠᠭᠠᠴᠢᠯᠠᠭᠰᠠᠨ ᠬᠠᠮᠲᠦ ᠶᠢᠨ ᠤᠢ ᠮᠤᠳᠤ ᠶᠢ ᠤᠭᠳᠤᠯᠬᠤ ᠳᠤ ᠰᠢᠶᠠᠨ ᠤ ᠱᠠᠳᠤᠨ ᠤ ᠤᠢ ᠰᠢᠭᠤᠢ ᠶᠢᠨ | ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠤᠶᠤ ᠲᠡᠳᠡᠨ ᠤ ᠨᠠᠶᠢᠳᠠᠭᠰᠠᠨ ᠰᠢᠶᠠᠩ᠂ ᠪᠠᠯᠭᠠᠰᠤᠨ ᠤ ᠠᠷᠠᠳ ᠤᠨ | ᠵᠠᠰᠠᠭ ᠤᠨ ᠣᠷᠳᠤᠨ ᠠᠴᠠ ᠬᠠᠮᠢᠶ᠎ᠠ ᠪᠦᠬᠦᠢ ᠳᠤᠭᠳᠠᠭᠠᠯ ᠶᠤᠰᠤᠭᠠᠷ ᠮᠤᠳᠤ ᠤᠭᠳᠤᠯᠬᠤ ᠵᠦᠪᠰᠢᠶᠡᠷᠡᠯ ᠤᠨ | ᠦᠨᠡᠮᠯᠡᠯ ᠢ ᠬᠢᠨᠠᠨ ᠳᠠᠷᠬᠠᠭᠠᠨ᠎ᠠ᠃ | ᠬᠤᠯᠤᠰᠤᠨ ᠮᠠᠲ᠋ᠧᠷᠢᠶᠠᠯ ᠦᠢᠯᠡᠳᠪᠦᠷᠢᠯᠡᠬᠦ ᠪᠠᠷ ᠭᠤᠤᠯ ᠵᠤᠷᠢᠯᠭ᠎ᠠ ᠪᠤᠯᠭᠠᠭᠰᠠᠨ ᠬᠤᠯᠤᠰᠤᠨ ᠤᠢ ᠶᠢ | ᠤᠭᠳᠤᠯᠬᠤ ᠳᠤ ᠲᠡᠭᠡᠷᠡᠬᠢ ᠡᠯ᠎ᠡ ᠪᠠᠳᠠᠭ ᠤᠨ ᠳᠤᠭᠳᠠᠭᠠᠯ ᠢ ᠵᠢᠷᠤᠮᠯᠠᠨ᠎ᠠ᠃ | 9. ᠤᠢ ᠰᠢᠭᠤᠢ ᠪᠠ ᠤᠢ ᠮᠤᠳᠤ ᠶᠢ ᠤᠭᠳᠤᠯᠬᠤ ᠳᠤ ᠡᠷᠬᠡᠪᠰᠢ ᠶᠠᠮᠠᠷ ᠳᠤᠭᠳᠠᠭᠠᠯ ᠢ ᠵᠢᠷᠤᠮᠯᠠᠬᠤ | ᠭᠡᠷᠡᠭᠳᠠᠢ ᠪᠤᠢ︖ | ᠮᠠᠨ ᠤ ᠤᠯᠤᠰ ᠤᠨ ︿︿ᠤᠢ ᠰᠢᠭᠤᠢ ᠶᠢᠨ ᠬᠠᠤᠯᠢ﹀﹀ ᠶᠢᠨ 31 ᠳ᠋ᠤᠭᠡᠷ ᠵᠤᠶᠢᠯ ᠤᠨ ᠳᠤᠭᠳᠠᠭᠠᠯ ᠢ | ᠦᠨᠳᠦᠰᠦᠯᠡᠪᠡᠯ᠂ ᠤᠢ ᠰᠢᠭᠤᠢ ᠪᠠ ᠤᠢ ᠮᠤᠳᠤ ᠶᠢ ᠤᠭᠳᠤᠯᠬᠤ ᠳᠤ ᠡᠷᠬᠡᠪᠰᠢ ᠳᠤᠤᠷᠠᠬᠢ ᠳᠤᠭᠳᠠᠭᠠᠯ ᠢ | ᠵᠢᠷᠤᠮᠯᠠᠬᠤ ᠭᠡᠷᠡᠭᠳᠠᠢ᠄ | ︵1︶ ᠪᠤᠯᠪᠠᠰᠤᠷᠠᠩᠭᠤᠢ ᠪᠤᠯᠤᠭᠰᠠᠨ ᠮᠠᠲ᠋ᠧᠷᠢᠶᠠᠯ ᠭᠡᠷᠡᠭᠯᠡᠬᠦ ᠤᠢ ᠶᠢ ᠠᠳᠠᠯᠢ ᠪᠤᠰᠤ ᠪᠠᠶᠢᠳᠠᠯ ᠢ ᠨᠢ | ᠦᠨᠳᠦᠰᠦᠯᠡᠨ᠂ ᠲᠤᠰᠪᠤᠷᠢ ᠰᠤᠩᠭᠤᠨ ᠤᠭᠳᠤᠯᠬᠤ᠂ ᠲᠠᠷᠤᠨ ᠤᠭᠳᠤᠯᠬᠤ ᠪᠠ ᠱᠠᠳᠤᠯᠠᠨ ᠤᠭᠳᠤᠯᠬᠤ ᠭᠡᠯᠪᠡᠷᠢ ᠶᠢ | ᠭᠡᠷᠡᠭᠯᠡᠵᠦ᠂ ᠳᠠᠷᠤᠨ ᠤᠭᠳᠤᠯᠬᠤ ᠶᠢ ᠴᠢᠩᠭ᠎ᠠ ᠬᠢᠵᠠᠭᠠᠷᠯᠠᠬᠤ ᠶᠢᠨ ᠬᠠᠮᠲᠦ ᠤᠭᠳᠤᠯᠤᠭᠰᠠᠨ ᠳᠤᠰ ᠵᠢᠯ ᠪᠤᠶᠤ | ᠳᠠᠷᠠᠭ᠎ᠠ ᠵᠢᠯ ᠳᠡᠭᠡᠨ ᠰᠢᠨ᠎ᠡ ᠪᠠᠷ ᠤᠶᠢᠵᠢᠭᠤᠯᠬᠤ ᠭᠡᠷᠡᠭᠳᠠᠢ︔ | ︵2︶ ᠬᠠᠮᠠᠭᠠᠯᠠᠯᠳᠠ ᠶᠢᠨ ᠤᠢ ᠬᠢᠬᠡᠳ ᠤᠨᠴᠠᠭᠠᠢ ᠲᠦᠷᠦᠯ ᠤᠨ ᠭᠡᠷᠡᠭᠴᠡᠭᠡ ᠲᠠᠢ ᠤᠯᠤᠰ ᠤᠨ | ᠬᠠᠮᠠᠭᠠᠯᠠᠯᠳᠠ ᠶᠢᠨ ᠤᠢ᠂ ᠡᠬᠡ ᠤᠢ᠂ ᠤᠷᠴᠢᠨ ᠳᠤᠭᠤᠷᠢᠨ ᠢ ᠬᠠᠮᠠᠭᠠᠯᠠᠬᠤ ᠤᠢ᠂ ᠦᠵᠡᠮᠵᠢ ᠶᠢᠨ ᠤᠢ ᠶᠢ | ᠵᠦᠪᠬᠡᠨ ᠪᠤᠶᠢᠵᠢᠭᠤᠯᠬᠤ ᠪᠠ ᠬᠤᠪᠢᠷᠠᠭᠤᠯᠬᠤ ᠴᠢᠨᠠᠷᠳᠠᠢ ᠪᠠᠷ ᠤᠭᠳᠤᠯᠵᠦ ᠪᠤᠯᠤᠨ᠎ᠠ︔ | ︵3︶ ᠤᠨᠴᠠᠭᠠᠢ ᠭᠡᠷᠡᠭᠴᠡᠭᠡᠲᠦ ᠤᠢ ᠶᠢᠨ ᠳᠤᠳᠤᠷᠠᠬᠢ ᠡᠷᠳᠡᠨ ᠤ ᠦᠯᠡᠳᠡᠭᠳᠡᠯ ᠪᠠ ᠬᠤᠪᠢᠰᠬᠠᠯ ᠤᠨ | ᠳᠤᠷᠠᠰᠬᠠᠯᠲᠦ ᠭᠠᠵᠠᠷ ᠤᠨ ᠤᠢ ᠮᠤᠳᠦ᠂ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠮᠤᠳᠤ ᠶᠢ ᠤᠭᠳᠤᠯᠬᠤ ᠶᠢ | ᠡᠷᠡᠰ ᠴᠠᠭᠠᠵᠠᠯᠠᠨ᠎ᠠ᠃ | 10. ᠤᠢ ᠰᠢᠭᠤᠢ ᠪᠤᠶᠤ ᠪᠤᠰᠤᠳ ᠤᠢ ᠮᠤᠳᠤ ᠶᠢ ᠬᠤᠯᠠᠭᠠᠶᠢᠯᠠᠨ ᠤᠭᠳᠤᠯᠪᠠᠯ ᠭᠡᠷᠬᠢᠨ ᠰᠢᠢᠳᠪᠦᠷᠢᠯᠡᠬᠦ | ᠪᠤᠢ︖ | ᠮᠠᠨ ᠤ ᠤᠯᠤᠰ ᠤᠨ ︿︿ᠤᠢ ᠰᠢᠭᠤᠢ ᠶᠢᠨ ᠬᠠᠤᠯᠢ﹀﹀ ᠶᠢᠨ 39 ᠳ᠋ᠤᠭᠡᠷ ᠵᠤᠶᠢᠯ ᠤᠨ 1 ᠳ᠋ᠤᠭᠡᠷ ᠪᠠᠳᠠᠭ | ᠤᠨ ᠳᠤᠭᠳᠠᠭᠠᠯ ᠢ ᠦᠨᠳᠦᠰᠦᠯᠡᠪᠡᠯ᠂ ᠤᠢ ᠰᠢᠭᠤᠢ ᠪᠤᠶᠤ ᠪᠤᠰᠤᠳ ᠤᠢ ᠮᠤᠳᠤ ᠶᠢ ᠬᠤᠯᠠᠭᠠᠶᠢᠯᠠᠨ ᠤᠭᠳᠤᠯᠪᠠᠯ | ᠬᠠᠤᠯᠢ ᠶᠤᠰᠤᠭᠠᠷ ᠬᠤᠬᠢᠷᠠᠯ ᠢ ᠲᠦᠯᠦᠬᠦ ᠭᠡᠷᠡᠭᠳᠠᠢ︔ ᠤᠢ ᠰᠢᠭᠤᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ | ᠵᠠᠷᠯᠢᠭᠳᠠᠵᠦ ᠪᠠᠶᠢᠭᠠᠳ ᠬᠤᠯᠠᠭᠠᠶᠢᠯᠠᠨ ᠤᠭᠳᠤᠯᠤᠭᠰᠠᠨ ᠮᠤᠳᠤᠨ ᠤ ᠳᠤᠭᠠᠨ ᠤ 10 ᠳᠠᠬᠢᠨ ᠢᠶᠠᠷ ᠨᠦᠬᠦᠨ | ᠳᠠᠷᠢᠭᠤᠯᠵᠦ᠂ ᠬᠤᠯᠠᠭᠠᠶᠢᠯᠠᠨ ᠤᠭᠳᠤᠯᠤᠭᠰᠠᠨ ᠤᠢ ᠮᠤᠳᠤ ᠪᠤᠶᠤ ᠬᠤᠪᠢᠷᠠᠭᠤᠯᠤᠨ ᠬᠤᠳᠠᠯᠳᠤᠭᠰᠠᠨ ᠤᠷᠤᠯᠭ᠎ᠠ ᠶᠢ | ᠨᠢ ᠬᠤᠷᠢᠶᠠᠨ ᠠᠪᠬᠤ ᠶᠢᠨ ᠬᠠᠮᠲᠦ ᠬᠤᠯᠠᠭᠠᠶᠢᠯᠠᠨ ᠤᠭᠳᠤᠯᠤᠭᠰᠠᠨ ᠤᠢ ᠮᠤᠳᠤ ᠶᠢᠨ ᠦᠨ᠎ᠡ ᠶᠢᠨ 3 ᠳᠠᠬᠢᠨ ᠠᠴᠠ | ᠳᠡᠭᠡᠭᠰᠢ 10 ᠳᠠᠬᠢᠨ ᠠᠴᠠ ᠳᠤᠷᠤᠭᠰᠢ ᠵᠤᠭᠤᠰ ᠢᠶᠠᠷ ᠳᠤᠷᠭᠠᠨ᠎ᠠ᠃ | ᠮᠠᠨ ᠤ ᠤᠯᠤᠰ ᠤᠨ ︿︿ᠤᠢ ᠰᠢᠭᠤᠢ ᠶᠢᠨ ᠬᠠᠤᠯᠢ ᠶᠢ ᠭᠡᠷᠡᠭᠵᠢᠬᠦᠯᠬᠦ ᠲᠦᠷᠢᠮ﹀﹀ ᠤᠨ38 ᠳ᠋ᠤᠭᠠᠷ | ᠵᠤᠶᠢᠯ ᠤᠨ ᠳᠤᠭᠳᠠᠭᠠᠯ ᠢ ᠦᠨᠳᠦᠰᠦᠯᠡᠪᠡᠯ᠂ ᠬᠤᠯᠠᠭᠠᠶᠢᠯᠠᠨ ᠤᠭᠳᠤᠯᠤᠭᠰᠠᠨ ᠤᠢ ᠰᠢᠭᠤᠢ ᠪᠤᠶᠤ ᠪᠤᠰᠤᠳ ᠤᠢ | ᠮᠤᠳᠤ ᠶᠢ ᠪᠤᠰᠤᠭ᠎ᠠ ᠮᠤᠳᠤᠨ ᠤ ᠳᠠᠯᠠᠪᠠᠢ ᠪᠠᠷ ᠪᠤᠳᠤᠭᠠᠳ 0.5 ᠪᠤᠰᠤᠭ᠎ᠠ ᠲᠦᠷᠪᠡᠯᠵᠢᠨ ᠮᠧᠲᠷ ᠬᠦᠷᠬᠦ ᠦᠬᠡᠢ | ᠪᠤᠶᠤ ᠨᠢᠯᠬ᠎ᠠ ᠮᠤᠳᠤ ᠨᠢ 20 ᠰᠠᠤᠷᠢ ᠬᠦᠷᠬᠦ ᠦᠬᠡᠢ ᠪᠤᠯ᠂ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠤᠷᠳᠤᠨ ᠤ ᠤᠢ ᠰᠢᠭᠤᠢ ᠶᠢᠨ ᠬᠠᠮᠢᠶᠠᠷᠤᠯᠳᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ | ᠡᠴᠨᠵᠠᠷᠯᠢᠭᠳᠠᠵᠦ ᠪᠠᠶᠢᠭᠠᠳ ᠬᠤᠯᠠᠭᠠᠶᠢᠯᠠᠨ ᠤᠭᠳᠤᠯᠤᠭᠰᠠᠨ ᠮᠤᠳᠤᠨ ᠤ ᠳᠤᠭᠠᠨ ᠤ 10 ᠳᠠᠬᠢᠨ ᠢᠶᠠᠷ ᠨᠦᠬᠦᠨ | ᠳᠠᠷᠢᠭᠤᠯᠵᠦ᠂ ᠬᠤᠯᠠᠭᠠᠶᠢᠯᠠᠨ ᠤᠭᠳᠤᠯᠤᠭᠰᠠᠨ ᠤᠢ ᠮᠤᠳᠤ ᠪᠤᠶᠤ ᠬᠤᠪᠢᠷᠠᠭᠤᠯᠤᠨ ᠬᠤᠳᠠᠯᠳᠤᠭᠰᠠᠨ ᠤᠷᠤᠯᠭ᠎ᠠ ᠶᠢ | ᠬᠤᠷᠢᠶᠠᠨ ᠠᠪᠬᠤ ᠶᠢᠨ ᠬᠠᠮᠲᠦ ᠬᠤᠯᠠᠭᠠᠶᠢᠯᠠᠨ ᠤᠭᠳᠤᠯᠤᠭᠰᠠᠨ ᠤᠢ ᠮᠤᠳᠤᠨ ᠤ ᠦᠨ᠎ᠡ ᠶᠢᠨ 3 ᠠᠴᠠ5 ᠳᠠᠬᠢᠨ | ᠵᠤᠭᠤᠰ ᠢᠶᠠᠷ ᠳᠤᠷᠭᠠᠨ᠎ᠠ᠃ | ᠬᠤᠯᠠᠭᠠᠶᠢᠯᠠᠨ ᠤᠭᠳᠤᠯᠤᠭᠰᠠᠨ ᠤᠢ ᠰᠢᠭᠤᠢ ᠪᠤᠶᠤ ᠪᠤᠰᠤᠳ ᠤᠢ ᠮᠤᠳᠤ ᠶᠢ ᠪᠤᠰᠤᠭ᠎ᠠ ᠮᠤᠳᠤᠨ ᠤ | ᠳᠠᠯᠠᠪᠠᠢ ᠪᠠᠷ ᠪᠤᠳᠤᠭᠠᠳ 0.5 ᠪᠤᠰᠤᠭ᠎ᠠ ᠲᠦᠷᠪᠡᠯᠵᠢᠨ ᠮᠧᠲᠷ ᠠᠴᠠ ᠳᠡᠭᠡᠭᠰᠢ ᠪᠤᠶᠤ ᠨᠢᠯᠬ᠎ᠠ ᠮᠤᠳᠤ ᠨᠢ 20 | ᠰᠠᠤᠷᠢ ᠠᠴᠠ ᠳᠡᠭᠡᠭᠰᠢ ᠪᠠᠶᠢᠪᠠᠯ᠂ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠤᠢ | ᠰᠢᠭᠤᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠡᠴᠨᠵᠠᠷᠯᠢᠭᠳᠠᠵᠦ ᠪᠠᠶᠢᠭᠠᠳ ᠬᠤᠯᠠᠭᠠᠶᠢᠯᠠᠨ | ᠤᠭᠳᠤᠯᠤᠭᠰᠠᠨ ᠮᠤᠳᠤᠨ ᠤ ᠳᠤᠭᠠᠨ ᠤ 10 ᠳᠠᠬᠢᠨ ᠢᠶᠠᠷ ᠨᠦᠬᠦᠨ ᠳᠠᠷᠢᠭᠤᠯᠵᠦ᠂ ᠬᠤᠯᠠᠭᠠᠶᠢᠯᠠᠨ ᠤᠭᠳᠤᠯᠤᠭᠰᠠᠨ | ᠤᠢ ᠮᠤᠳᠤ ᠪᠤᠶᠤ ᠬᠤᠪᠢᠷᠠᠭᠤᠯᠤᠨ ᠬᠤᠳᠠᠯᠳᠤᠭᠰᠠᠨ ᠤᠷᠤᠯᠭ᠎ᠠ ᠶᠢ ᠬᠤᠷᠢᠶᠠᠨ ᠠᠪᠬᠤ ᠶᠢᠨ ᠬᠠᠮᠲᠦ ᠬᠤᠯᠠᠭᠠᠶᠢᠯᠠᠨ | ᠤᠭᠳᠤᠯᠤᠭᠰᠠᠨ ᠤᠢ ᠮᠤᠳᠤᠨ ᠤ ᠦᠨ᠎ᠡ ᠶᠢᠨ 5 ᠠᠴᠠ10 ᠳᠠᠬᠢᠨ ᠵᠤᠭᠤᠰ ᠢᠶᠠᠷ ᠳᠤᠷᠭᠠᠨ᠎ᠠ᠃ | ᠤᠢ ᠰᠢᠭᠤᠢ ᠪᠤᠶᠤ ᠪᠤᠰᠤᠳ ᠤᠢ ᠮᠤᠳᠤ ᠶᠢ ᠬᠤᠯᠠᠭᠠᠶᠢᠯᠠᠨ ᠤᠭᠳᠤᠯᠤᠭᠠᠳ ᠶᠠᠯ᠎ᠠ ᠳᠤ ᠬᠦᠷᠦᠭᠰᠡᠨ ᠪᠠᠶᠢᠪᠠᠯ | ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | 11. ᠤᠢ ᠰᠢᠭᠤᠢ ᠪᠤᠶᠤ ᠪᠤᠰᠤᠳ ᠤᠢ ᠮᠤᠳᠤ ᠶᠢ ᠳᠤᠷ᠎ᠠ ᠪᠠᠷ ᠤᠭᠳᠤᠯᠪᠠᠯ ᠭᠡᠷᠬᠢᠨ ᠰᠢᠳᠬᠡᠬᠦ ᠪᠤᠢ︖ | | ᠮᠠᠨ ᠤ ᠤᠯᠤᠰ ᠤᠨ ︿︿ᠤᠢ ᠰᠢᠭᠤᠢ ᠶᠢᠨ ᠬᠠᠤᠯᠢ﹀﹀ ᠶᠢᠨ 39 ᠳ᠋ᠤᠭᠡᠷ ᠵᠤᠶᠢᠯ ᠤᠨ 2 ᠳ᠋ᠤᠭᠠᠷ ᠪᠠᠳᠠᠭ | ᠤᠨ ᠳᠤᠭᠳᠠᠭᠠᠯ ᠢ ᠦᠨᠳᠦᠰᠦᠯᠡᠪᠡᠯ᠂ ᠤᠢ ᠰᠢᠭᠤᠢ ᠪᠤᠶᠤ ᠪᠤᠰᠤᠳ ᠤᠢ ᠮᠤᠳᠤ ᠶᠢ ᠳᠤᠷ᠎ᠠ ᠪᠠᠷ ᠤᠭᠳᠤᠯᠪᠠᠯ᠂ | ᠤᠢ ᠰᠢᠭᠤᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠵᠦ ᠪᠠᠶᠢᠭᠠᠳ ᠳᠤᠷ᠎ᠠ ᠪᠠᠷ | ᠤᠭᠳᠤᠯᠤᠭᠰᠠᠨ ᠮᠤᠳᠤᠨ ᠤ ᠳᠤᠭ᠎ᠠ ᠶᠢᠨ ᠳᠠᠪᠤᠨ ᠳᠠᠬᠢᠨ ᠢᠶᠠᠷ ᠨᠦᠬᠦᠨ ᠳᠠᠷᠢᠭᠤᠯᠬᠤ ᠶᠢᠨ ᠬᠠᠮᠲᠦ ᠳᠤᠷ᠎ᠠ ᠪᠠᠷ | ᠤᠭᠳᠤᠯᠤᠭᠰᠠᠨ ᠤᠢ ᠮᠤᠳᠤᠨ ᠤ ᠦᠨ᠎ᠡ ᠶᠢᠨ 2 ᠳᠠᠬᠢᠨ ᠠᠴᠠ ᠳᠡᠭᠡᠭᠰᠢ 5 ᠳᠠᠬᠢᠨ ᠠᠴᠠ ᠳᠤᠷᠤᠭᠰᠢ ᠵᠤᠭᠤᠰ | ᠢᠶᠠᠷ ᠳᠤᠷᠭᠠᠨ᠎ᠠ᠃ | ᠨᠦᠬᠦᠵᠦ ᠳᠠᠷᠢᠬᠤ ᠶᠢ ᠲᠡᠪᠴᠢᠭᠰᠡᠨ ᠪᠤᠶᠤ ᠨᠦᠬᠦᠵᠦ ᠳᠠᠷᠢᠭᠰᠠᠨ ᠨᠢ ᠤᠯᠤᠰ ᠤᠨ ᠬᠤᠯᠪᠤᠭᠳᠠᠯ ᠪᠦᠬᠦᠢ | ᠳᠤᠭᠳᠠᠭᠠᠯ ᠳᠤ ᠨᠡᠶᠢᠴᠡᠬᠦ ᠦᠭᠡᠢ ᠪᠤᠯ ᠤᠢ ᠰᠢᠭᠤᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠤᠷᠤᠯᠠᠨ | ᠨᠦᠬᠦᠨ ᠳᠠᠷᠢᠵᠦ᠂ ᠭᠡᠷᠡᠭᠰᠡᠬᠦ ᠵᠠᠷᠤᠳᠠᠯ ᠢ ᠬᠠᠤᠯᠢ ᠵᠦᠷᠢᠴᠡᠭᠰᠡᠳ ᠠᠴᠠ ᠦᠭᠬᠦ ᠭᠡᠷᠡᠭᠳᠠᠢ᠃ | ᠮᠠᠨ ᠤ ᠤᠯᠤᠰ ᠤᠨ ︿︿ᠤᠢ ᠰᠢᠭᠤᠢ ᠶᠢᠨ ᠬᠠᠤᠯᠢ ᠶᠢ ᠭᠡᠷᠡᠭᠵᠢᠬᠦᠯᠬᠦ ᠲᠦᠷᠢᠮ﹀﹀ ᠤᠨ39 ᠳ᠋ᠤᠭᠡᠷ ᠵᠤᠶᠢᠯ | ᠤᠨ ᠳᠤᠭᠳᠠᠭᠠᠯ ᠢ ᠦᠨᠳᠦᠰᠦᠯᠡᠪᠡᠯ᠂ ᠳᠤᠷ᠎ᠠ ᠪᠠᠷ ᠤᠭᠳᠤᠯᠤᠭᠰᠠᠨ ᠤᠢ ᠮᠤᠳᠤ ᠪᠤᠶᠤ ᠪᠤᠰᠤᠳ ᠤᠢ ᠮᠤᠳᠤ ᠶᠢ | ᠪᠤᠰᠤᠭ᠎ᠠ ᠮᠤᠳᠤᠨ ᠤ ᠳᠠᠯᠠᠪᠠᠢ ᠪᠠᠷ ᠪᠤᠳᠤᠭᠠᠳ2 ᠪᠤᠰᠤᠭ᠎ᠠ ᠲᠦᠷᠪᠡᠯᠵᠢᠨ ᠮᠧᠲᠷ ᠬᠦᠷᠬᠦ ᠦᠬᠡᠢ ᠪᠤᠶᠤ ᠨᠢᠯᠬ᠎ᠠ | ᠮᠤᠳᠤ ᠨᠢ 50 ᠰᠠᠤᠷᠢ ᠬᠦᠷᠬᠦ ᠦᠬᠡᠢ ᠪᠤᠯ᠂ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠤᠷᠳᠤᠨ ᠤ ᠤᠢ ᠰᠢᠭᠤᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠡᠴᠨᠵᠠᠷᠯᠢᠭᠳᠠᠵᠦ ᠪᠠᠶᠢᠭᠠᠳ ᠳᠤᠷ᠎ᠠ ᠪᠠᠷ | ᠤᠭᠳᠤᠯᠤᠭᠰᠠᠨ ᠮᠤᠳᠤᠨ ᠤ ᠳᠤᠭᠠᠨ ᠤ 5 ᠳᠠᠬᠢᠨ ᠢᠶᠠᠷ ᠨᠦᠬᠦᠨ ᠳᠠᠷᠢᠭᠤᠯᠬᠤ ᠶᠢᠨ ᠬᠠᠮᠲᠦ ᠳᠤᠷ᠎ᠠ ᠪᠠᠷ | ᠤᠭᠳᠤᠯᠤᠭᠰᠠᠨ ᠤᠢ ᠮᠤᠳᠤᠨ ᠤ ᠦᠨ᠎ᠡ ᠶᠢᠨ 2 ᠠᠴᠠ 3 ᠳᠠᠬᠢᠨ ᠵᠤᠭᠤᠰ ᠢᠶᠠᠷ ᠳᠤᠷᠭᠠᠨ᠎ᠠ᠃ | ᠳᠤᠷ᠎ᠠ ᠪᠠᠷ ᠤᠭᠳᠤᠯᠤᠭᠰᠠᠨ ᠤᠢ ᠮᠤᠳᠤ ᠪᠤᠶᠤ ᠪᠤᠰᠤᠳ ᠤᠢ ᠮᠤᠳᠤ ᠶᠢ ᠪᠤᠰᠤᠭ᠎ᠠ ᠮᠤᠳᠤᠨ ᠤ | ᠳᠠᠯᠠᠪᠠᠢ ᠪᠠᠷ ᠪᠤᠳᠤᠭᠠᠳ 2 ᠪᠤᠰᠤᠭ᠎ᠠ ᠲᠦᠷᠪᠡᠯᠵᠢᠨ ᠮᠧᠲᠷ ᠠᠴᠠ ᠳᠡᠭᠡᠭᠰᠢ ᠪᠤᠶᠤ ᠨᠢᠯᠬ᠎ᠠ ᠮᠤᠳᠤ ᠨᠢ 50 ᠰᠠᠤᠷᠢ | ᠠᠴᠠ ᠳᠡᠭᠡᠭᠰᠢ ᠪᠤᠯ᠂ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠤᠢ ᠰᠢᠭᠤᠢ | ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠡᠴᠨᠵᠠᠷᠯᠢᠭᠳᠠᠵᠦ ᠪᠠᠶᠢᠭᠠᠳ ᠳᠤᠷ᠎ᠠ ᠪᠠᠷ ᠤᠭᠳᠤᠯᠤᠭᠰᠠᠨ | ᠮᠤᠳᠤᠨ ᠤ ᠳᠤᠭᠠᠨ ᠤ 5 ᠳᠠᠬᠢᠨ ᠢᠶᠠᠷ ᠨᠦᠬᠦᠨ ᠳᠠᠷᠢᠭᠤᠯᠬᠤ ᠶᠢᠨ ᠬᠠᠮᠲᠦ ᠳᠤᠷ᠎ᠠ ᠪᠠᠷ ᠤᠭᠳᠤᠯᠤᠭᠰᠠᠨ ᠤᠢ | ᠮᠤᠳᠤᠨ ᠤ ᠦᠨ᠎ᠡ ᠶᠢᠨ 3 ᠠᠴᠠ 5 ᠳᠠᠬᠢᠨ ᠵᠤᠭᠤᠰ ᠢᠶᠠᠷ ᠳᠤᠷᠭᠠᠨ᠎ᠠ᠃ | ᠤᠢ ᠰᠢᠭᠤᠢ ᠪᠤᠶᠤ ᠪᠤᠰᠤᠳ ᠤᠢ ᠮᠤᠳᠤ ᠵᠢᠲ᠋ᠤᠷᠠ ᠪᠠᠷ ᠤᠭᠳᠤᠯᠤᠭᠠᠳ ᠶᠠᠯ᠎ᠠ ᠳᠤ ᠬᠦᠷᠦᠭᠰᠡᠨ ᠪᠠᠶᠢᠪᠠᠯ | ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | 12. ᠤᠢ ᠰᠢᠭᠤᠢ᠂ ᠤᠢ ᠮᠤᠳᠤ ᠶᠢ ᠬᠤᠬᠢᠷᠠᠭᠤᠯᠤᠭᠰᠠᠨ ᠪᠠᠶᠢᠪᠠᠯ ᠭᠡᠷᠬᠢᠨ ᠰᠢᠳᠭᠡᠨ ᠳᠤᠷᠭᠠᠬᠤ ᠪᠤᠢ | ︖ | ᠮᠠᠨ ᠤ ᠤᠯᠤᠰ ᠤᠨ ︿︿ᠤᠢ ᠰᠢᠭᠤᠢ ᠶᠢᠨ ᠬᠠᠤᠯᠢ﹀﹀ ᠶᠢᠨ44 ᠳ᠋ᠤᠭᠡᠷ ᠵᠤᠶᠢᠯ ᠤᠨ ᠳᠤᠭᠳᠠᠭᠠᠯ ᠢ | ᠦᠨᠳᠦᠰᠦᠯᠡᠪᠡᠯ᠂ ᠳᠤᠰ ᠬᠠᠤᠯᠢ ᠶᠢᠨ ᠳᠤᠭᠳᠠᠭᠠᠯ ᠠᠴᠠ ᠵᠦᠷᠢᠴᠡᠵᠦ᠂ ᠠᠳᠠᠷ ᠬᠠᠭᠠᠯᠪᠤᠷᠢᠯᠠᠬᠤ᠂ ᠴᠢᠯᠠᠭᠤ | ᠮᠠᠯᠳᠠᠬᠤ᠂ ᠬᠠᠶᠢᠷ ᠭᠠᠷᠭᠠᠬᠤ᠂ ᠰᠢᠷᠤᠢ ᠭᠠᠷᠭᠠᠬᠤ᠂ ᠦᠷ᠎ᠡ ᠴᠤᠭᠯᠠᠭᠤᠯᠬᠤ ᠪᠠ ᠪᠤᠰᠤᠳ ᠠᠵᠢᠯᠯᠠᠭ᠎ᠠ ᠬᠢᠵᠦ᠂ ᠤᠢ | ᠰᠢᠭᠤᠢ᠂ ᠤᠢ ᠮᠤᠳᠤ ᠶᠢ ᠬᠤᠬᠢᠷᠠᠭᠤᠯᠪᠠᠯ ᠬᠠᠤᠯᠢ ᠶᠤᠰᠤᠭᠠᠷ ᠬᠤᠬᠢᠷᠠᠯ ᠢ ᠲᠦᠯᠦᠬᠦ ᠭᠡᠷᠡᠭᠳᠠᠢ︔ ᠤᠢ ᠰᠢᠭᠤᠢ | ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠵᠦ ᠪᠠᠶᠢᠭᠠᠳ ᠬᠠᠤᠯᠢ ᠠᠴᠠ ᠵᠦᠷᠢᠴᠡᠭᠰᠡᠨ | ᠠᠵᠢᠯᠯᠠᠭ᠎ᠠ ᠶᠢ ᠨᠢ ᠵᠤᠭᠰᠤᠭᠠᠯᠭᠠᠵᠦ᠂ ᠬᠤᠬᠢᠷᠠᠭᠤᠯᠤᠭᠰᠠᠨ ᠮᠤᠳᠤᠨ ᠤ ᠳᠤᠭᠠᠨ ᠤ 1 ᠳᠠᠬᠢᠨ ᠠᠴᠠ ᠳᠡᠭᠡᠭᠰᠢ 5 | ᠳᠠᠬᠢᠨ ᠠᠴᠠ ᠳᠤᠷᠤᠭᠰᠢ ᠵᠤᠭᠤᠰ ᠢᠶᠠᠷ ᠳᠤᠷᠭᠠᠵᠦ ᠪᠤᠯᠤᠨ᠎ᠠ᠃ | ᠳᠤᠰ ᠬᠠᠤᠯᠢ ᠶᠢᠨ ᠳᠤᠭᠳᠠᠭᠠᠯ ᠠᠴᠠ ᠵᠦᠷᠢᠴᠡᠵᠦ᠂ ᠨᠢᠯᠬ᠎ᠠ ᠮᠤᠳᠤᠨ ᠤ ᠭᠠᠵᠠᠷ ᠪᠠ ᠤᠨᠴᠠᠭᠠᠢ | ᠭᠡᠷᠡᠭᠴᠡᠭᠡᠲᠦ ᠤᠢ ᠳᠤᠳᠤᠷ᠎ᠠ ᠲᠦᠯᠡᠭᠡ ᠴᠠᠪᠴᠢᠵᠦ᠂ ᠮᠠᠯ ᠠᠳᠤᠭᠤᠯᠠᠭᠠᠳ ᠤᠢ ᠰᠢᠭᠤᠢ᠂ ᠤᠢ ᠮᠤᠳᠤ ᠶᠢ | ᠬᠤᠬᠢᠷᠠᠭᠤᠯᠪᠠᠯ᠂ ᠬᠠᠤᠯᠢ ᠶᠤᠰᠤᠭᠠᠷ ᠬᠤᠬᠢᠷᠠᠯ ᠢ ᠲᠦᠯᠦᠬᠦ ᠭᠡᠷᠡᠭᠳᠠᠢ︔ ᠤᠢ ᠰᠢᠭᠤᠢ ᠶᠢᠨ ᠭᠤᠤᠯᠯᠠᠨ ᠬᠠᠮᠢᠶᠠᠷᠬᠤ | ᠰᠠᠯᠠᠭ᠎ᠠ ᠮᠦᠴᠢᠷ ᠠᠴᠠ ᠵᠠᠷᠯᠢᠭᠳᠠᠵᠦ ᠪᠠᠶᠢᠭᠠᠳ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠨᠢ ᠵᠤᠭᠰᠤᠭᠠᠯᠭᠠᠵᠦ᠂ | ᠬᠤᠬᠢᠷᠠᠭᠤᠯᠤᠭᠰᠠᠨ ᠮᠤᠳᠤᠨ ᠤ ᠳᠤᠭᠠᠨ ᠤ 1 ᠳᠠᠬᠢᠨ ᠠᠴᠠ ᠳᠡᠭᠡᠭᠰᠢ 3 ᠳᠠᠬᠢᠨ ᠠᠴᠠ ᠳᠤᠷᠤᠭᠰᠢ ᠮᠤᠳᠤ ᠶᠢ | ᠨᠦᠬᠦᠨ ᠳᠠᠷᠢᠭᠤᠯᠤᠨ᠎ᠠ᠃ | ᠮᠤᠳᠤ ᠨᠦᠬᠦᠵᠦ ᠳᠠᠷᠢᠬᠤ ᠶᠢ ᠲᠡᠪᠴᠢᠬᠦ ᠪᠤᠶᠤ ᠨᠦᠬᠦᠵᠦ ᠳᠠᠷᠢᠭᠰᠠᠨ ᠨᠢ ᠤᠯᠤᠰ ᠤᠨ ᠬᠤᠯᠪᠤᠭᠳᠠᠯ | ᠪᠦᠬᠦᠢ ᠳᠤᠭᠳᠠᠭᠠᠯ ᠳᠤ ᠨᠡᠶᠢᠴᠡᠬᠦ ᠦᠭᠡᠢ ᠪᠤᠯ ᠤᠢ ᠰᠢᠭᠤᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ | ᠤᠷᠤᠯᠠᠨ ᠨᠦᠬᠦᠨ ᠳᠠᠷᠢᠵᠦ᠂ ᠭᠡᠷᠡᠭᠰᠡᠬᠦ ᠵᠠᠷᠤᠳᠠᠯ ᠢ ᠬᠠᠤᠯᠢ ᠵᠦᠷᠢᠴᠡᠭᠰᠡᠳ ᠠᠴᠠ ᠭᠠᠷᠭᠠᠬᠤ ᠭᠡᠷᠡᠭᠳᠠᠢ᠃ | |