| | ᠪᠠᠭᠠᠷᠢᠨ ᠪᠠᠷᠠᠭᠤᠨ ᠬᠤᠰᠢᠭᠤᠨ ᠤ ᠬᠢᠵᠠᠭᠠᠷ ᠲᠠᠬᠢ ᠤᠯᠤᠰ ᠤᠨ ᠵᠠᠮ ᠤᠨ 303 ᠱᠤᠭᠤᠮ ᠤᠨ | K882+576 ᠠᠴᠠ K926+180 ᠬᠦᠷᠬᠦ ᠬᠡᠰᠡᠭ ᠢ ᠥᠭᠡᠷᠡᠴᠢᠯᠡᠬᠦ ᠪᠠᠷᠢᠯᠭ᠎ᠠ ᠨᠢ ᠨᠢᠭᠡᠨᠲᠡ | ᠡᠷᠢᠶᠡᠨ ᠠᠴᠠ ᠭᠤᠸᠠᠩᠵᠧᠦ ᠬᠦᠷᠬᠦ ᠬᠤᠷᠳᠤᠨ ᠤ ᠵᠠᠮ ᠤᠨ ᠵᠢᠨᠢᠩ ᠠᠴᠠ ᠠᠷᠤᠨ ᠬᠤᠰᠢᠭᠤ ᠬᠦᠷᠬᠦ ᠬᠤᠯᠪᠣᠭᠠᠨ ᠤ | ᠱᠤᠭᠤᠮ ᠤᠨ ᠳ᠋ᠠᠪᠠᠨ ᠠᠴᠠ ᠴᠠᠪᠢᠨᠲᠠᠯ᠎ᠠ ᠬᠦᠷᠬᠦ ᠬᠡᠰᠡᠭ ᠤᠨ ᠲᠥᠰᠥᠯ ᠤᠨ ᠪᠦᠲᠦᠭᠡᠨ ᠪᠠᠶᠢᠭᠤᠯᠤᠯᠲᠠ ᠶᠢᠨ | ᠲᠥᠯᠥᠪᠯᠡᠭᠡ ᠳᠤ ᠣᠷᠣᠭᠰᠠᠨ ᠮᠥᠷᠲᠡᠭᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ | ᠪᠠ ᠥᠭᠡᠷᠡᠴᠢᠯᠡᠯᠲᠡ ᠶᠢᠨ ᠵᠥᠪᠯᠡᠯ ︵﹇2017﹈ 1397 ᠳ᠋ᠤᠭᠠᠷ ᠲᠣᠭᠠᠲᠤ︶ ᠠᠴᠠ ᠪᠠᠶᠢᠭᠤᠯᠬᠤ ᠶᠢ | ᠵᠥᠪᠰᠢᠶᠡᠷᠡᠪᠡ᠃ ᠥᠷᠭᠡᠨ ᠣᠯᠠᠨ ᠲᠦᠮᠡᠨ ᠤ ᠬᠤᠪᠢ ᠶᠢᠨ ᠠᠰᠢᠭ ᠲᠤᠰᠠ ᠶᠢ ᠬᠤᠬᠢᠷᠠᠭᠤᠯᠬᠤ ᠦᠭᠡᠶ ᠪᠠᠶᠢᠬᠤ ᠶᠢ | ᠪᠠᠲᠤᠯᠠᠵᠤ᠂ ᠥᠭᠡᠷᠡᠴᠢᠯᠡᠨ ᠵᠠᠰᠠᠬᠤ ᠪᠠᠷᠢᠯᠭ᠎ᠠ ᠶᠢ ᠢᠯᠭᠤᠮ ᠤᠷᠤᠭᠰᠢᠲᠠᠢ ᠶᠠᠪᠤᠭᠳᠠᠭᠤᠯᠬᠤ ᠶᠢᠨ ᠲᠥᠯᠥᠭᠡ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠵᠠᠮ | ᠬᠠᠷᠢᠯᠴᠠᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠮᠤᠵᠢ ᠬᠤᠭᠤᠷᠣᠨᠳᠣᠬᠢ ᠵᠠᠮ ᠤᠨ ᠤᠯᠠᠭᠠᠨᠬᠠᠳᠠ ᠶᠢᠨ | ᠵᠡᠭᠦᠨ ᠬᠡᠰᠡᠭ ᠢ ᠥᠭᠡᠷᠡᠴᠢᠯᠡᠵᠦ ᠥᠷᠭᠡᠳᠬᠡᠬᠦ ᠪᠠᠷᠢᠯᠭ᠎ᠠ ᠶᠢᠨ ᠨᠢᠭᠡᠳᠦᠭᠡᠷ ᠱᠠᠲᠤᠨ ᠤ ᠵᠠᠮ ᠬᠠᠷᠢᠯᠴᠠᠭᠠᠨ ᠤ | ᠵᠣᠬᠢᠶᠠᠨ ᠪᠠᠶᠢᠭᠤᠯᠤᠯᠲᠠ ᠶᠢᠨ ᠠᠷᠭ᠎ᠠ ᠬᠡᠮᠵᠢᠶ᠎ᠡ ᠶᠢᠨ ᠲᠤᠬᠠᠶ ᠵᠠᠷᠯᠠᠯ︾ ᠤᠨ ᠵᠢᠷᠭᠤᠳᠤᠭᠠᠷ ᠵᠣᠷᠪᠣᠰ ᠤᠨ ︽ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠵᠠᠮ | ᠬᠠᠷᠢᠯᠴᠠᠭ᠎ᠠ ᠪᠠ ᠵᠠᠮ ᠬᠠᠷᠢᠯᠴᠠᠭᠠᠨ ᠤ ᠪᠠᠷᠢᠯᠭ᠎ᠠ ᠶᠢᠨ ᠪᠣᠳᠠᠲᠠᠶ ᠪᠠᠶᠢᠳᠠᠯ ᠢ ᠦᠨᠳᠦᠰᠦᠯᠡᠨ᠂ ᠵᠠᠮ ᠬᠠᠷᠢᠯᠴᠠᠭᠠᠨ ᠤ | ᠵᠣᠬᠢᠶᠠᠨ ᠪᠠᠶᠢᠭᠤᠯᠤᠯᠲᠠ ᠶᠢᠨ ᠪᠣᠳᠠᠲᠠᠶ ᠠᠷᠭ᠎ᠠ ᠬᠡᠮᠵᠢᠶ᠎ᠡ ᠳᠤ ᠵᠣᠬᠢᠰᠲᠠᠢ ᠴᠠᠭ ᠲᠤᠨᠢ ᠲᠣᠬᠢᠷᠠᠭᠤᠯᠤᠯᠲᠠ ᠬᠢᠬᠦ︾ | ᠲᠣᠭᠲᠠᠭᠠᠯ ᠢ ᠦᠨᠳᠦᠰᠦᠯᠡᠨ᠂ ᠥᠨᠥ ᠪᠠᠷᠢᠯᠭ᠎ᠠ ᠬᠢᠵᠦ ᠪᠠᠶᠢᠭ᠎ᠠ ᠬᠡᠰᠡᠭ ᠲᠤ ᠵᠠᠮ ᠬᠠᠭᠠᠬᠤ ᠠᠷᠭ᠎ᠠ ᠬᠡᠮᠵᠢᠶ᠎ᠡ | ᠬᠡᠷᠡᠭᠵᠢᠭᠦᠯᠦᠨ᠎ᠡ᠃ ᠬᠠᠭᠠᠬᠤ ᠬᠤᠭᠤᠴᠠᠭ᠎ᠠ᠄ 2020 ᠣᠨ ᠤ 7 ᠰᠠᠷ᠎ᠠ ᠶᠢᠨ 25 ᠤ ᠡᠳᠦᠷ ᠠᠴᠠ 2020 | ᠣᠨ ᠤ 11 ᠰᠠᠷ᠎ᠠ ᠶᠢᠨ 15 ᠤ ᠡᠳᠦᠷ ᠪᠣᠯᠲᠠᠯ᠎ᠠ᠃ ᠵᠠᠮ ᠬᠠᠭᠠᠭᠰᠠᠨ ᠬᠤᠭᠤᠴᠠᠭᠠᠨ ᠳᠤ᠂ ᠨᠠᠰᠢ ᠴᠠᠰᠢ | ᠥᠩᠭᠡᠷᠡᠬᠦ ᠲᠡᠷᠭᠡ ᠵᠢᠴᠢ ᠵᠣᠷᠴᠢᠭᠴᠢᠳ ᠤᠨ ᠠᠶᠠᠯᠠᠯ ᠤᠨ ᠲᠥᠰᠦᠯ ᠨᠢ ᠳᠠᠷᠠᠭᠠᠬᠢ ᠮᠡᠲᠦ᠄ | ᠨᠢᠭᠡ᠂ ᠪᠠᠭᠠᠷᠢᠨ ᠪᠠᠷᠠᠭᠤᠨ ᠬᠤᠰᠢᠭᠤ ︵ᠳ᠋ᠠᠪᠠᠨ︶ ᠠᠴᠠ ᠪᠠᠭᠠᠷᠢᠨ ᠵᠡᠭᠦᠨ ᠬᠤᠰᠢᠭᠤᠨ ︵ᠯᠢᠨᠳᠦ᠋ᠩ︶ | ᠳᠤ ᠶᠠᠪᠤᠬᠤ ᠲᠡᠷᠭᠡ ᠨᠢ ᠮᠤᠵᠢ ᠬᠤᠭᠤᠷᠣᠨᠳᠣᠬᠢ ᠵᠠᠮ — ᠤᠯᠤᠰ ᠤᠨ ᠵᠠᠮ ᠤᠨ 305 ᠱᠤᠭᠤᠮ — | ᠪᠠᠭᠠᠷᠢᠨ ᠵᠡᠭᠦᠨ ᠬᠤᠰᠢᠭᠤ ︵ᠯᠢᠨᠳᠦ᠋ᠩ︶ ᠴᠢᠭᠯᠡᠯ ᠢᠶᠠᠷ ᠲᠣᠭᠤᠷᠢᠵᠤ ᠶᠠᠪᠤᠭᠠᠷᠠᠢ ᠃ | ᠬᠤᠶᠠᠷ᠂ ᠪᠠᠭᠠᠷᠢᠨ ᠵᠡᠭᠦᠨ ᠬᠤᠰᠢᠭᠤ ︵ᠯᠢᠨᠳᠦ᠋ᠩ︶ ᠠᠴᠠ ᠪᠠᠭᠠᠷᠢᠨ ᠪᠠᠷᠠᠭᠤᠨ ᠬᠤᠰᠢᠭᠤ ︵ᠳ᠋ᠠᠪᠠᠨ︶ | ᠬᠥᠷᠬᠦ ᠲᠡᠷᠭᠡ ᠨᠢ ᠤᠯᠤᠰ ᠤᠨ ᠵᠠᠮ ᠤᠨ 305 ᠱᠤᠭᠤᠮ — ᠮᠤᠵᠢ ᠬᠤᠭᠤᠷᠣᠨᠳᠣᠬᠢ ᠵᠠᠮ — ᠪᠠᠭᠠᠷᠢᠨ | ᠪᠠᠷᠠᠭᠤᠨ ᠬᠤᠰᠢᠭᠤ ︵ᠳ᠋ᠠᠪᠠᠨ︶ ᠴᠢᠭᠯᠡᠯ ᠢᠶᠠᠷ ᠲᠣᠭᠤᠷᠢᠵᠤ ᠶᠠᠪᠤᠭᠠᠷᠠᠢ ᠃ | ᠭᠤᠷᠪᠠ᠂ ᠵᠢᠷᠭᠠᠯ ᠤᠨ ᠵᠠᠮ ᠰᠤᠮᠤᠨ ᠠᠴᠠ ᠪᠠᠭᠠᠷᠢᠨ ᠪᠠᠷᠠᠭᠤᠨ ᠬᠤᠰᠢᠭᠤ ︵ᠳ᠋ᠠᠪᠠᠨ︶ ᠬᠥᠷᠬᠦ ᠲᠡᠷᠭᠡ | ᠨᠢ ᠭᠤᠷᠪᠠᠨ ᠮᠠᠩᠬ᠎ᠠ ᠠᠴᠠ ᠰᠤᠪᠤᠷᠭ᠎ᠠ ᠬᠦᠷᠬᠦ ᠱᠤᠭᠤᠮ — ᠨᠠᠷᠢᠨᠳᠠᠪᠠᠭ᠎ᠠ ᠠᠴᠠ ᠴᠠᠭᠠᠨᠮᠥ᠋ᠷᠡᠨ ᠬᠦᠷᠬᠦ | ᠱᠤᠭᠤᠮ ︵X194︶ — ᠮᠠᠷᠽᠢᠨᠲᠠᠯᠠ ᠠᠴᠠ ᠵᠢᠶᠡᠨ ᠱᠧ ᠲᠣᠰᠬᠤᠨ ᠬᠦᠷᠬᠦ ᠱᠤᠭᠤᠮ — ᠪᠠᠭᠠᠷᠢᠨ | ᠪᠠᠷᠠᠭᠤᠨ ᠬᠤᠰᠢᠭᠤ ︵ᠳ᠋ᠠᠪᠠᠨ︶ ᠴᠢᠭᠯᠡᠯ ᠢᠶᠠᠷ ᠲᠣᠭᠤᠷᠢᠵᠤ ᠶᠠᠪᠤᠭᠠᠷᠠᠶ᠃ | ᠳᠥᠷᠪᠡ ᠂ ᠪᠠᠭᠠᠷᠢᠨ ᠪᠠᠷᠠᠭᠤᠨ ᠬᠤᠰᠢᠭᠤ ︵ᠳ᠋ᠠᠪᠠᠨ︶ ᠠᠴᠠ ᠵᠢᠷᠭᠠᠯ ᠤᠨ ᠵᠠᠮ ᠰᠤᠮᠤ ᠤᠷᠤᠭᠤ ᠶᠠᠪᠤᠬᠤ | ᠲᠡᠷᠭᠡ ᠨᠢ ᠮᠠᠷᠽᠢᠨᠲᠠᠯᠠ ᠠᠴᠠ ᠵᠢᠶᠡᠨ ᠱᠧ ᠲᠣᠰᠬᠤᠨ ᠬᠦᠷᠬᠦ ᠱᠤᠭᠤᠮ — ᠨᠠᠷᠢᠨᠳᠠᠪᠠᠭ᠎ᠠ ᠠᠴᠠ | ᠴᠠᠭᠠᠨᠮᠥ᠋ᠷᠡᠨ ᠬᠦᠷᠬᠦ ᠱᠤᠭᠤᠮ ︵X194︶— ᠭᠤᠷᠪᠠᠨ ᠮᠠᠩᠬ᠎ᠠ ᠠᠴᠠ ᠰᠤᠪᠤᠷᠭ᠎ᠠ ᠬᠦᠷᠬᠦ ᠱᠤᠭᠤᠮ — | ᠵᠢᠷᠭᠠᠯ ᠤᠨ ᠵᠠᠮ ᠰᠤᠮᠤ ᠴᠢᠭᠯᠡᠯ ᠢᠶᠠᠷ ᠲᠣᠭᠤᠷᠢᠵᠤ ᠶᠠᠪᠤᠨ᠎ᠠ᠃ | ᠲᠠᠪᠤ᠂ ᠬᠦᠨᠳᠦ ᠲᠡᠭᠡᠭᠡᠰᠢ ᠲᠠᠢ ᠲᠡᠷᠭᠡ ᠪᠣᠯᠣᠨ ᠭᠠᠳᠠᠷ ᠣᠷᠣᠨ ᠤ ᠨᠠᠰᠢ ᠴᠠᠰᠢ ᠥᠩᠭᠡᠷᠡᠬᠦ ᠲᠡᠷᠭᠡ | ᠶᠠᠪᠤᠬᠤ ᠶᠢ ᠬᠤᠷᠢᠭᠯᠠᠨ᠎ᠠ᠃ ᠪᠤᠰᠤᠳ ᠵᠠᠮ ᠱᠤᠭᠤᠮ ᠢᠶᠠᠷ ᠲᠣᠭᠤᠷᠢᠵᠤ ᠶᠠᠪᠤᠬᠤ ᠪᠣᠯᠪᠠᠤ᠃ ᠬᠠᠭᠠᠭᠰᠠᠨ ᠵᠠᠮ ᠤᠨ | ᠬᠡᠰᠡᠭ ᠲᠤ ᠲᠤᠬᠠᠶ ᠶᠢᠨ ᠭᠠᠵᠠᠷ ᠤᠨ ᠲᠣᠰᠬᠤᠨ ᠤ ᠠᠷᠠᠳ ᠤᠨ ᠲᠡᠷᠭᠡ ᠤᠨᠤᠭ᠎ᠠ ᠨᠢ ᠪᠠᠷᠢᠯᠭ᠎ᠠ ᠬᠢᠵᠦ ᠪᠠᠶᠢᠭ᠎ᠠ | ᠵᠠᠮ ᠤᠨ ᠬᠡᠰᠡᠭ ᠢᠶᠠᠷ ᠬᠤᠷᠳᠤ ᠪᠠᠨ ᠬᠠᠰᠤᠵᠤ ᠠᠭᠠᠵᠢᠮᠬᠠᠨ ᠶᠠᠪᠤᠵᠤ ᠪᠣᠯᠤᠨ᠎ᠠ᠃ | ᠬᠠᠭᠠᠭᠰᠠᠨ ᠵᠠᠮ ᠤᠨ ᠬᠡᠰᠡᠭ ᠤᠨ ᠬᠡᠪᠴᠢᠶᠡᠨ ᠳᠣᠲᠣᠷᠠᠬᠢ ᠰᠠᠭᠤᠭᠠᠯᠢ ᠠᠷᠠᠳ ᠭᠠᠳᠠᠭᠰᠢ ᠭᠠᠷᠬᠤ ᠳᠠᠭᠠᠨ | ᠵᠠᠮ ᠱᠤᠭᠤᠮ ᠢᠶᠠᠨ ᠵᠣᠬᠢᠰᠲᠠᠶ ᠰᠣᠩᠭᠤᠵᠤ᠂ ᠪᠠᠷᠢᠯᠭ᠎ᠠ ᠬᠢᠵᠦ ᠪᠠᠶᠢᠭ᠎ᠠ ᠵᠠᠮ ᠢᠶᠠᠷ ᠶᠠᠪᠤᠬᠤ ᠠᠴᠠ ᠠᠯᠢ ᠴᠢᠳᠠᠬᠤ ᠪᠠᠷ | ᠵᠠᠶᠢᠯᠠᠰᠬᠢᠬᠦ ᠬᠡᠷᠡᠭᠲᠡᠶ᠃ ᠨᠡᠶᠢᠭᠡᠮ ᠤᠨ ᠡᠯ᠎ᠡ ᠡᠲᠡᠭᠡᠳ ᠪᠣᠯᠤᠨ ᠥᠷᠭᠡᠨ ᠣᠯᠠᠨ ᠲᠦᠮᠡᠨ ᠣᠶᠢᠯᠠᠭᠠᠨ ᠳᠡᠮᠵᠢᠵᠦ᠂ | ᠲᠤᠬᠠᠶ ᠶᠢᠨ ᠭᠠᠵᠠᠷ ᠤᠨ ᠵᠠᠮ ᠬᠠᠷᠢᠯᠴᠠᠭᠠᠨ ᠤ ᠲᠡᠮᠳᠡᠭ ᠤᠨ ᠵᠢᠭᠠᠯᠲᠠ ᠶᠣᠰᠣᠭᠠᠷ ᠠᠶᠠᠯᠠᠬᠤ ᠶᠢ ᠬᠦᠰᠡᠵᠦ ᠪᠠᠶᠢᠨ᠎ᠠ ᠃ | | ᠡᠭᠦᠨ ᠤ ᠲᠤᠯᠠᠣᠨᠴᠠᠭᠠᠶᠢᠯᠠᠨ ᠵᠠᠷᠯᠠᠪᠠ | | ᠪᠠᠭᠠᠷᠢᠨ ᠪᠠᠷᠠᠭᠤᠨᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ | ᠪᠠᠭᠠᠷᠢᠨ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ | ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ | 2020 ᠣᠨ ᠤ 7 ᠰᠠᠷ᠎ᠠ ᠶᠢᠨ 18 ᠤ ᠡᠳᠦᠷ | | | | |