ᠪᠠᠭᠠᠷᠢᠨ ᠪᠠᠷᠠᠭᠤᠨ ᠬᠤᠰᠢᠭᠤ ᠰᠠᠯᠠᠭ᠎ᠠ ᠮᠥᠴᠢᠷ ᠤᠨ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠢ ᠬᠡᠷᠡᠭᠯᠡᠨ᠂ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠠᠵᠢᠯ ᠢ ᠳᠥᠯᠭᠢᠨ ᠠᠬᠢᠭᠤᠯᠪᠠ
ᠨᠡᠶᠢᠲᠡᠯᠡᠭᠰᠡᠨ ᠴᠠᠭ᠄
2021/1/11
    ᠪᠠᠭᠠᠷᠢᠨ ᠪᠠᠷᠠᠭᠤᠨ ᠬᠤᠰᠢᠭᠤ ᠰᠠᠯᠠᠭ᠎ᠠ ᠮᠥᠴᠢᠷ ᠤᠨ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠢ ᠬᠡᠷᠡᠭᠯᠡᠵᠦ ᠂ ᠢᠲᠡᠭᠡᠯ ᠠᠯᠳᠠᠭᠰᠠᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠠᠵᠢᠯ ᠢ ᠴᠢᠩᠭᠠᠳᠬᠠᠪᠠ᠃ ᠡᠵᠡᠩᠨᠡᠯᠲᠡ ᠶᠢᠨ ᠬᠡᠪ ᠤᠨ ᠪᠤᠰᠤ ᠨᠡᠷᠡᠰ ᠤᠨ ᠵᠢᠭᠰᠠᠭᠠᠯᠲᠠ ᠳᠤ ᠵᠢᠭᠰᠠᠭᠠᠭᠳᠠᠭᠰᠠᠨ᠂ ᠬᠠᠤᠯᠢ ᠶᠢ ᠬᠦᠨᠳᠦ ᠨᠣᠴᠢᠲᠠᠢ ᠵᠥᠷᠢᠴᠡᠭᠰᠡᠨ ᠠᠵᠤ ᠠᠬᠤᠶᠢᠯᠠᠯ ᠤᠨ ᠨᠡᠷᠡᠰ ᠤᠨ ᠵᠢᠭᠰᠠᠭᠠᠯᠲᠠ ᠳᠤ ᠵᠢᠭᠰᠠᠭᠠᠭᠳᠠᠭᠰᠠᠨ ᠠᠵᠤ ᠠᠬᠤᠶᠢᠯᠠᠯ ᠳᠤ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠨ ᠳᠠᠭᠠᠭᠠᠴᠢᠯᠠᠯᠲᠠ ᠬᠦᠯᠢᠶᠡᠬᠦ᠂ ᠤᠯᠤᠰ ᠤᠨ ᠥᠮᠴᠢᠯᠡᠯ ᠤᠨ ᠭᠠᠵᠠᠷ ᠰᠢᠷᠣᠢ ᠶᠢ ᠰᠢᠯᠵᠢᠭᠦᠯᠦᠨ ᠥᠭᠬᠦ ᠠᠷᠠᠯᠵᠢᠶ᠎ᠠ ᠬᠢᠬᠦ᠂ ᠢᠷᠠᠭᠤ ᠠᠯᠳᠠᠷ ᠤᠨ ᠴᠣᠯᠠ ᠣᠯᠭᠤᠬᠤ ᠵᠡᠷᠭᠡ ᠠᠵᠢᠯ ᠢ ᠥᠷᠨᠢᠭᠦᠯᠬᠦ ᠳᠡᠭᠡᠨ ᠬᠢᠵᠠᠭᠠᠷᠯᠠᠬᠤ ᠪᠤᠶᠤ ᠣᠷᠣᠭᠤᠯᠬᠤ ᠶᠢ ᠨᠢ ᠴᠠᠭᠠᠵᠠᠯᠠᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ 《 ᠨᠢᠭᠡ ᠭᠠᠵᠠᠷ ᠬᠠᠤᠯᠢ ᠶᠢ ᠵᠥᠷᠢᠴᠡᠪᠡᠯ᠂ ᠭᠠᠵᠠᠷ ᠪᠣᠯᠭᠠᠨ ᠳᠤ ᠬᠢᠵᠠᠭᠠᠷᠯᠠᠭᠳᠠᠬᠤ 》ᠨᠡᠶᠢᠭᠡᠮ ᠤᠨ ᠬᠠᠮᠳᠦᠪᠡᠷ ᠵᠠᠰᠠᠬᠤ ᠪᠠᠶᠢᠳᠠᠯ ᠢ ᠠᠩᠬ᠎ᠠ ᠠᠯᠬᠤᠮ ᠪᠤᠢ ᠪᠣᠯᠭᠠᠨ᠎ᠠ ᠭᠡᠵᠦ ᠲᠣᠳᠣᠷᠬᠠᠶᠢᠯᠠᠪᠠ᠃     ᠣᠳᠣᠬᠠᠨ ᠪᠣᠯᠲᠠᠯ᠎ᠠ᠂ ᠪᠥᠬᠦ ᠬᠤᠰᠢᠭᠤ ᠪᠠᠷ ᠢᠶᠠᠨ ᠵᠠᠰᠠᠭ ᠵᠠᠬᠢᠷᠭᠠᠨ ᠤ ᠰᠢᠶᠳᠬᠡᠯ ᠤᠨ ᠮᠡᠳᠡᠭᠡ ᠵᠠᠩᠭᠢ ᠶᠢ 848 ᠵᠤᠷᠪᠤᠰ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠢᠲᠡᠭᠡᠮᠵᠢ ᠠᠯᠳᠠᠭᠰᠠᠨ ᠮᠡᠳᠡᠭᠡ ᠵᠠᠩᠭᠢ ᠶᠢ 2369 ᠵᠤᠷᠪᠤᠰ᠂ ᠡᠭᠦᠨ ᠳᠤ ᠬᠦᠨᠳᠦ ᠨᠣᠴᠢᠲᠠᠶ ᠬᠠᠤᠯᠢ ᠵᠥᠷᠢᠴᠡᠭᠰᠡᠨ ᠠᠵᠤ ᠠᠬᠤᠶᠢᠯᠠᠯ ᠤᠨ ᠮᠡᠳᠡᠭᠡ ᠵᠠᠩᠭᠢ ᠶᠢ 24 ᠵᠤᠷᠪᠤᠰ᠂ ᠬᠡᠪ ᠤᠨ ᠪᠤᠰᠤ ᠨᠡᠷᠡᠰ ᠤᠨ ᠵᠢᠭᠰᠠᠭᠠᠯᠲᠠ ᠳᠤ ᠣᠷᠣᠭᠤᠯᠤᠭᠰᠠᠨ ᠠᠵᠤ ᠠᠬᠤᠶᠢᠯᠠᠯ ᠤᠨ ᠮᠡᠳᠡᠭᠡ ᠵᠠᠩᠭᠢ  ᠶᠢ 271 ᠵᠤᠷᠪᠤᠰ᠂ ᠬᠡᠪ ᠤᠨ ᠪᠤᠰᠤ ᠨᠡᠷᠡᠰ ᠤᠨ ᠵᠢᠭᠰᠠᠭᠠᠯᠲᠠ ᠳᠤ ᠣᠷᠣᠭᠤᠯᠤᠭᠰᠠᠨ ᠲᠠᠷᠢᠶᠠᠴᠢᠨ ᠤ ᠲᠤᠰᠬᠠᠶ ᠬᠤᠷᠰᠢᠶᠠᠵᠢᠯ ᠤᠨ ᠮᠡᠳᠡᠭᠡ ᠵᠠᠩᠭᠢ ᠶᠢ 305 ᠵᠤᠷᠪᠤᠰ᠂ ᠬᠡᠪ ᠤᠨ ᠪᠤᠰᠤ ᠪᠠᠶᠢᠳᠠᠯ ᠳᠤ ᠣᠷᠣᠭᠤᠯᠤᠭᠰᠠᠨ ᠬᠤᠪᠢ  ᠶᠢᠨ ᠦᠶᠯᠡᠳᠪᠦᠷᠢ ᠬᠤᠳᠠᠯᠳᠤᠭᠠᠨ ᠤ ᠡᠷᠦᠬᠡ ᠶᠢᠨ ᠮᠡᠳᠡᠭᠡ ᠵᠠᠩᠭᠢ ᠶᠢ 1769 ᠵᠤᠷᠪᠤᠰ ᠬᠦᠷᠭᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05001926号-2