ᠪᠠᠭᠠᠷᠢᠨ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠠᠵᠤ ᠠᠬᠤᠶᠢᠯᠠᠯ ᠳᠤ | ᠬᠤᠯᠪᠣᠭᠳᠠᠭᠰᠠᠨ ᠮᠡᠳᠡᠭᠡ ᠵᠠᠩᠭᠢ ᠶᠢ ᠴᠤᠭᠯᠠᠭᠤᠯᠤᠨ ᠨᠡᠶᠢᠯᠡᠭᠦᠯᠵᠦ ᠵᠠᠷᠯᠠᠨ ᠨᠡᠶᠢᠲᠡᠯᠡᠵᠦ ᠬᠠᠮᠲᠤ ᠪᠠᠷ ᠡᠳ᠋ᠯᠡᠬᠦ ᠪᠠ | ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠠᠵᠢᠯ ᠨᠢᠭᠡᠨᠲᠡ ᠵᠥᠪ ᠵᠠᠮ ᠳᠤ ᠣᠷᠣᠪᠠ᠃ ᠬᠤᠰᠢᠭᠤᠨ ᠤ ᠵᠠᠬ᠎ᠠ ᠳᠡᠯᠭᠡᠭᠦᠷ | ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠨᠢ ᠬᠤᠰᠢᠭᠤᠨ ᠤ 28 ᠰᠠᠯᠠᠭ᠎ᠠ ᠮᠥᠴᠢᠷ ᠲᠠᠢ《 ᠬᠠᠮᠲᠤᠷᠠᠨ | ᠠᠵᠢᠯᠯᠠᠬᠤ ᠰᠠᠨᠠᠭᠤᠯᠤᠮᠵᠢ 》 ᠳᠤ ᠭᠠᠷ ᠤᠨ ᠥᠰᠥᠭ ᠵᠢᠷᠤᠵᠤ᠂ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠶᠢ | ᠨᠡᠪᠲᠡᠷᠡᠭᠦᠯᠵᠦ᠂ ᠨᠡᠪᠲᠡᠷᠡᠭᠰᠡᠨ ᠨᠣᠷᠮ᠎ᠠ ᠨᠢ 100 % ᠬᠦᠷᠴᠦ᠂ 68921 ᠵᠤᠷᠪᠤᠰ ᠮᠡᠳᠡᠭᠡ ᠵᠠᠩᠭᠢ ᠶᠢ ᠢᠯᠡ | ᠨᠡᠶᠢᠲᠡᠯᠡᠪᠡ᠃ ᠡᠭᠦᠨ ᠳᠤ ᠵᠠᠰᠠᠭ ᠵᠠᠬᠢᠷᠭᠠᠨ ᠤ ᠵᠥᠪᠰᠢᠶᠡᠷᠡᠯ ᠤᠨ ᠮᠡᠳᠡᠭᠡ ᠵᠠᠩᠭᠢ ᠶᠢ 34891 ᠵᠤᠷᠪᠤᠰ᠂ ᠵᠠᠰᠠᠭ | ᠵᠠᠬᠢᠷᠭᠠᠨ ᠤ ᠰᠢᠳᠬᠡᠯ ᠲᠣᠷᠭᠠᠭᠤᠯᠢ ᠶᠢᠨ ᠮᠡᠳᠡᠭᠡ ᠵᠠᠩᠭᠢ ᠶᠢ 848 ᠵᠤᠷᠪᠤᠰ᠂ ᠰᠤᠭᠤᠴᠢᠨ ᠪᠠᠶᠢᠴᠠᠭᠠᠭᠰᠠᠨ | ᠮᠡᠳᠡᠭᠡ ᠵᠠᠩᠭᠢ ᠶᠢ 2738 ᠵᠤᠷᠪᠤᠰ ᠵᠠᠷᠯᠠᠨ ᠨᠡᠶᠢᠲᠡᠯᠡᠵᠦ᠂ ᠪᠤᠰᠤᠳ ᠬᠢᠨᠠᠨ ᠵᠥᠪᠰᠢᠶᠡᠷᠡᠬᠦ ᠮᠡᠳᠡᠭᠡ ᠵᠠᠩᠭᠢ ᠶᠢ | 3044 ᠵᠤᠷᠪᠤᠰ ᠵᠠᠷᠯᠠᠨ ᠨᠡᠶᠢᠲᠡᠯᠡᠪᠡ ( ᠬᠢᠨᠠᠨ ᠵᠥᠪᠰᠢᠶᠡᠷᠡᠬᠦ ᠵᠦᠶᠯᠡᠰ ᠢ 9391 ᠵᠤᠷᠪᠤᠰ ᠲᠣᠳᠣᠷᠬᠠᠶ᠂ ᠬᠢᠨᠠᠨ | ᠵᠥᠪᠰᠢᠶᠡᠷᠡᠭᠦᠯᠬᠦ ᠴᠢᠬᠤᠯᠠ ᠥᠬᠡᠶ ᠵᠦᠶᠯᠡᠰ 21023 ᠵᠤᠷᠪᠤᠰ᠂ ᠪᠤᠰᠤᠳ 30 ᠵᠤᠷᠪᠤᠰ )᠃ | | | | | | |