| ᠪᠠᠭᠠᠷᠢᠨ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ | ᠠᠵᠢᠯ ᠤᠨ ᠵᠢᠯᠣᠭᠤᠳᠬᠤ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠶᠢ | ᠦᠨᠡᠩᠬᠦ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠰᠠᠶᠢᠲᠤᠷ | ᠬᠢᠬᠦ ᠶᠢᠨ ᠲᠥᠯᠥᠭᠡ᠂ 1 ᠰᠠᠷ᠎ᠠ ᠶᠢᠨ 9 ᠤ ᠡᠳᠦᠷ᠂ ᠵᠢᠷᠭᠠᠯ ᠤᠨ ᠵᠠᠮ ᠰᠤᠮᠤᠨ ᠤ ᠨᠠᠮ ᠤᠨ ᠬᠤᠷᠢᠶ᠎ᠠ ᠡᠪᠦᠯ | ᠬᠠᠪᠤᠷ ᠤᠨ ᠤᠯᠠᠷᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠤ | ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ | ᠬᠤᠷᠠᠯ ᠳᠡᠭᠡᠷ᠎ᠡ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠤᠨ | ᠵᠣᠷᠢᠭ ᠰᠠᠨᠠᠭ᠎ᠠ ᠶᠢ ᠤᠯᠠᠮᠵᠢᠯᠠᠵᠤ᠂ ᠰᠤᠮᠤᠨ ᠤ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠤᠨ ᠪᠠᠶᠢᠳᠠᠯ ᠢ ᠵᠠᠳᠠᠯᠤᠨ ᠰᠤᠳᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠠᠯᠲᠠ ᠡᠭᠦᠷᠭᠡ ᠶᠢ | ᠲᠣᠳᠣᠷᠬᠠᠶᠢᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠶ | ᠪᠠᠶᠢᠷᠢᠯᠠᠭᠤᠯᠤᠯᠲᠠ ᠬᠢᠪᠠ᠃ ᠬᠤᠷᠠᠯ ᠠᠴᠠ᠂ ᠣᠳᠣᠬᠠᠨ ᠤ ᠬᠦᠨᠳᠦ ᠨᠣᠴᠢᠲᠠᠢ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠵᠦ ᠪᠠᠶᠢᠭ᠎ᠠ ᠪᠠᠶᠢᠳᠠᠯ ᠢ ᠵᠥᠪ ᠢᠶᠠᠷ ᠲᠠᠨᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ | ᠳᠡᠭᠡᠳᠦ ᠬᠡᠮᠵᠢᠶ᠎ᠠ ᠪᠠᠷ ᠴᠢᠬᠤᠯᠠᠴᠢᠯᠠᠬᠤ ᠬᠡᠷᠡᠭᠲᠡᠢ᠃ ᠬᠠᠷᠢᠶ᠎ᠠ ᠣᠷᠣᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠶ᠎ᠠ | ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠡᠯ᠎ᠡ ᠵᠦᠢᠯ ᠤᠨ ᠠᠵᠢᠯ ᠤᠨ ᠭᠤᠣᠯᠳᠠᠯᠭ᠎ᠠ ᠶᠢᠨ | ᠳᠣᠲᠣᠷᠠᠬᠢ ᠭᠤᠣᠯᠳᠠᠯᠭ᠎ᠠ ᠪᠣᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠣᠨᠣᠴᠠᠲᠠᠢ | ᠰᠠᠶᠢᠲᠤᠷ ᠬᠢᠬᠦ ᠬᠡᠷᠡᠭᠲᠡᠢ᠃ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ | ᠳᠣᠲᠣᠭᠠᠳᠤ ᠳᠠᠭᠠᠨ ᠳᠠᠬᠢᠨ ᠡᠭᠦᠰᠬᠦ ᠶᠢ ᠰᠡᠷᠭᠡᠶᠢᠯᠡᠬᠦ︾ ᠠᠵᠢᠯ ᠢ ᠴᠢᠩᠭ᠎ᠠ ᠠᠳᠬᠤᠨ ᠨᠠᠷᠢᠯᠢᠭ ᠪᠣᠳᠠᠲᠠᠶ ᠠᠳᠬᠤᠵᠤ | ᠂ ︽ᠲᠦᠮᠡᠨ ᠣᠯᠠᠨ ᠢᠶᠠᠷ ᠢᠶᠠᠨ ᠰᠡᠳᠬᠢᠯ ᠨᠢᠭᠡᠳᠴᠦ᠂ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ︾ | ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ︽ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ᠂ | ᠠᠵᠢᠯ ᠤᠨ ᠬᠠᠷᠢᠭᠤᠴᠠᠯᠭ᠎ᠠ ᠪᠠᠨ ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠬᠦᠢᠴᠡᠳᠬᠡᠬᠦ︾ ᠶᠢ ᠦᠨᠡᠩᠬᠦ | ᠪᠡᠶᠡᠯᠡᠭᠦᠯᠬᠦ ᠬᠡᠷᠡᠭᠲᠡᠶ᠃ | ᠬᠤᠷᠠᠯ ᠳᠡᠭᠡᠷ᠎ᠡ᠂ ᠡᠤ ᠶᠠ ᠫᠢᠩ᠂ ᠪᠢᠳᠡ ᠳᠠᠷᠤᠶ ᠲᠦᠷᠭᠡᠨ ᠲᠡᠶᠢᠨ ᠤ ᠪᠠᠶᠢᠳᠠᠯ ᠳᠤ ᠣᠷᠣᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠢᠯᠡᠨ ᠳᠠᠪᠠᠭ᠋ᠤ ᠬᠡᠷᠡᠭᠲᠡᠶ ᠭᠡᠵᠦ ᠴᠢᠬᠤᠯᠠᠴᠢᠯᠠᠨ | ᠵᠢᠭᠠᠵᠤ ᠭᠠᠷᠭᠠᠪᠠ᠃ ᠨᠢᠭᠡ ᠳᠤ ᠵᠢᠵᠢᠭᠦᠷᠯᠡᠨ ᠰᠠᠬᠢᠬᠤ ᠠᠵᠢᠯ ᠢ ᠴᠢᠩᠭᠠᠳᠬᠠᠬᠤ ᠬᠡᠷᠡᠭᠳᠠᠢ᠃ ᠪᠠᠭ ᠤᠨ | ᠪᠦᠷᠢᠯᠳᠦᠬᠦᠨ ᠵᠢᠵᠢᠭᠦᠷ ᠳᠠᠭᠠᠭᠤᠯᠬᠤ ᠠᠵᠢᠯ ᠢ ᠰᠠᠶᠢᠲᠤᠷ ᠬᠢᠵᠦ᠂ ᠰᠤᠮᠤ ᠶᠢᠨ 24 ᠴᠠᠭ ᠢᠶᠠᠷ ᠵᠢᠵᠢᠭᠦᠷᠯᠡᠬᠦ ᠶᠢ | ᠦᠨᠡᠩᠬᠦ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠠᠭ ᠲᠤᠬᠠᠶ ᠳᠤᠨᠢ ᠰᠠᠶᠢᠲᠤᠷ ᠬᠢᠬᠦ | ᠬᠡᠷᠡᠭᠲᠡᠶ᠃ ᠬᠤᠶᠠᠷ ᠲᠤ᠂ ᠭᠤᠣᠯᠳᠠᠯᠭ᠎ᠠ ᠲᠠᠢ ᠬᠥᠮᠦᠰ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠬᠤ ᠬᠡᠷᠡᠭᠳᠠᠢ᠃ | ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠭᠠᠳᠠᠨ᠎ᠠ ᠠᠴᠠ ᠢᠷᠡᠭᠰᠡᠨ ᠬᠥᠮᠦᠨ ᠠᠮᠠ ᠶᠢ ᠴᠠᠭ | ᠲᠤᠬᠠᠶ ᠳᠤᠨᠢ ᠢᠯᠡᠷᠡᠭᠦᠯᠵᠦ᠂ ᠴᠤᠭᠯᠠᠷᠠᠯ ᠤᠨ ᠴᠢᠨᠠᠷᠲᠠᠶ ᠪᠠᠷ ᠲᠠᠷᠬᠠᠭᠠᠵᠤ ᠳᠡᠯᠭᠡᠷᠡᠭᠦᠯᠬᠦ ᠥᠬᠡᠶ ᠪᠠᠶᠢᠬᠤ ᠶᠢ ᠦᠨᠡᠩᠬᠦ | ᠪᠠᠲᠤᠯᠠᠬᠤ ᠬᠡᠷᠡᠭᠲᠡᠶ᠃ ︽ᠲᠠᠪᠤᠨ ᠲᠥᠷᠥᠯ ᠤᠨ ᠬᠥᠮᠦᠰ︾ ᠤᠨ ᠬᠠᠮᠢᠶᠠᠷᠤᠯᠲᠠ ᠡᠵᠡᠮᠳᠡᠯ ᠢ ᠴᠢᠩᠭ᠎ᠠ | ᠠᠵᠢᠭᠯᠠᠬᠤ ᠶᠢᠨ ᠬᠠᠮᠲᠤ ᠬᠠᠯᠠᠭᠤᠷᠠᠵᠤ ᠪᠠᠶᠢᠭ᠎ᠠ ᠬᠥᠮᠦᠰ ᠤᠨ ᠬᠠᠮᠢᠶᠠᠷᠤᠯᠲᠠ ᠡᠵᠡᠮᠳᠡᠯ ᠪᠠ ᠳᠡᠩᠰᠡᠯᠡᠯᠲᠡ ᠶᠢ | ᠰᠠᠶᠢᠲᠤᠷ ᠬᠢᠬᠦ ᠬᠡᠷᠡᠭᠳᠠᠢ᠃ ᠭᠤᠷᠪᠠ ᠳᠤ᠂ ᠪᠣᠳᠠᠲᠤ ᠪᠠᠶᠢᠯᠳᠤᠭᠠᠨ ᠤ ᠴᠢᠳᠠᠪᠤᠷᠢ ᠶᠢ ᠴᠢᠩᠭᠠᠳᠬᠠᠬᠤ ᠬᠡᠷᠡᠭᠳᠠᠢ᠃ | ᠡᠳ᠋ ᠪᠣᠳᠠᠰ ᠤᠨ ᠨᠥᠭᠡᠴᠡ᠂ ᠮᠡᠷᠭᠡᠵᠢᠯ ᠤᠨ ᠨᠥᠭᠡᠴᠡ᠂ ᠵᠢᠯᠣᠭᠤᠳᠬᠤ ᠰᠢᠰᠲ᠋ᠧᠮ ᠢ ᠴᠢᠩᠭᠠᠳᠬᠠᠬᠤ ᠬᠡᠷᠡᠭᠳᠠᠢ᠃ | ᠳᠥᠷᠪᠡ ᠳᠤ᠂ ᠤᠯᠠᠭᠠᠨ ᠴᠠᠭᠠᠨ ᠤ ᠶᠠᠪᠤᠳᠠᠯ ᠤᠨ ᠨᠠᠶᠢᠷ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠳᠠᠢ᠃ ᠶᠡᠭᠡ | ᠬᠡᠪᠴᠢᠶᠡᠨ ᠤ ᠬᠠᠮᠲᠤ ᠬᠤᠭᠤᠯᠠᠯᠠᠬᠤ ᠠᠵᠢᠯᠯᠠᠭ᠎ᠠ ᠶᠢ ᠪᠠᠭᠠᠰᠬᠠᠵᠤ᠂ ᠰᠣᠯᠪᠢᠴᠠᠨ ᠬᠠᠯᠳᠠᠪᠤᠷᠢᠯᠠᠬᠤ ᠶᠢ ᠰᠡᠷᠭᠡᠶᠢᠯᠡᠨ᠂ | ᠬᠢᠵᠢᠭ ᠤᠨ ᠬᠠᠯᠳᠠᠪᠤᠷᠢᠯᠠᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠬᠤᠷᠢᠭᠯᠠᠵᠤ᠂ ᠠᠷᠠᠳ ᠣᠯᠠᠨ ᠤ ᠪᠡᠶ᠎ᠡ | ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠦᠨᠡᠩᠬᠦ ᠪᠠᠳᠤᠯᠠᠬᠤ ᠬᠡᠷᠡᠭᠳᠠᠢ᠃ ᠲᠠᠪᠤ ᠳᠤ | ᠂ ᠣᠷᠬᠢᠭᠳᠠᠭᠰᠠᠨ ᠢ ᠪᠠᠶᠢᠴᠠᠭᠠᠨ ᠳᠤᠲᠠᠭᠤᠳᠠᠯ ᠢ ᠨᠥᠬᠦᠪᠥᠷᠢᠯᠡᠵᠦ᠂ ᠠᠵᠢᠯ ᠤᠨ ᠲᠣᠭᠲᠠᠴᠠ ᠶᠢ ᠲᠡᠬᠦᠯᠳᠡᠷᠡᠵᠢᠬᠦᠯᠬᠦ | ᠬᠡᠷᠡᠭᠳᠠᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠬᠠᠭᠤᠯᠭ᠎ᠠ᠂ ᠪᠣᠯᠪᠠᠰᠤᠷᠠᠯ᠂ ᠬᠥᠲᠥᠯᠥᠨ | ᠵᠢᠯᠣᠭᠤᠳᠬᠤ᠂ ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠪᠣᠳᠠᠲᠠᠶ ᠠᠳᠬᠤᠵᠤ᠂ ᠨᠠᠷᠢᠯᠢᠭ ᠠᠳᠬᠤᠵᠤ᠂ ᠰᠠᠶᠢᠲᠤᠷ | ᠠᠳᠬᠤᠬᠤ ᠬᠡᠷᠡᠭᠲᠡᠶ᠃ |