︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ | ᠡᠭᠦᠰᠬᠦ ᠶᠢ ᠰᠡᠷᠭᠡᠶᠢᠯᠡᠬᠦ︾ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠣᠳᠣᠬᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ | ᠢ ᠰᠠᠶᠢᠲᠤᠷ ᠬᠢᠵᠦ᠂ ᠮᠠᠨ ᠤ ᠬᠤᠰᠢᠭᠤᠨ ᠤ ᠬᠢᠯᠪᠠᠷ ᠪᠤᠰᠤ ᠪᠠᠷ ᠢᠷᠡᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠶᠢᠨ ᠲᠥᠯᠥᠭᠡ᠂ ᠳᠠᠷᠠᠭᠠᠬᠢ ᠵᠠᠷᠯᠢᠭ ᠢ ᠪᠠᠭᠤᠯᠭᠠᠶ᠎ᠠ᠄ | ᠨᠢᠭᠡ᠂ ᠠᠶᠠᠯᠠᠯ ᠢᠶᠠᠨ ᠰᠠᠨᠠᠭᠠᠴᠢᠯᠠᠭ᠎ᠠ ᠠᠴᠠ ᠪᠠᠨ ᠮᠡᠳᠡᠭᠦᠯᠦᠨ ᠳᠠᠩᠰᠠᠯᠠᠭᠤᠯᠤᠨ᠎ᠠ᠃ ᠬᠢᠯᠢ ᠳᠤ ᠣᠷᠣᠵᠤ | ᠢᠷᠡᠭᠰᠡᠨ ᠬᠥᠮᠦᠰ᠂ ᠬᠢᠵᠢᠭ ᠤᠨ ᠪᠠᠶᠢᠳᠠᠯ ᠡᠭᠦᠰᠦᠭᠰᠡᠨ ᠭᠠᠵᠠᠷ ᠠᠴᠠ ᠬᠤᠰᠢᠭᠤᠨ ᠳᠠᠭᠠᠨ ᠪᠤᠴᠠᠵᠤ ᠢᠷᠡᠭᠰᠡᠨ | ᠬᠥᠮᠦᠰ᠂ ᠠᠮᠠᠷᠠᠯᠲᠠ ᠶᠢᠨ ᠬᠤᠭᠤᠴᠠᠭᠠᠨ ᠳᠤ ᠨᠤᠲᠤᠭ ᠲᠠᠭᠠᠨ ᠪᠤᠴᠠᠭᠰᠠᠨ ᠬᠥᠮᠦᠰ ︵ᠢᠯᠠᠩᠭᠤᠶ᠎ᠠ ᠭᠠᠳᠠᠭᠠᠳᠤ | ᠠᠴᠠ ᠣᠷᠣᠭᠤᠯᠤᠭᠰᠠᠨ ᠬᠥᠯᠳᠡᠭᠦᠦ ᠪᠠᠷ ᠵᠥᠭᠡᠭᠡᠪᠦᠷᠢᠯᠡᠬᠦ ᠢᠳᠡᠭᠡᠨ ᠤ ᠬᠠᠮᠢᠶ᠎ᠠ ᠪᠥᠬᠦᠶ ᠠᠵᠢᠯ ᠢ ᠬᠢᠵᠦ ᠪᠠᠶᠢᠭᠠᠳ | ᠨᠤᠲᠤᠭ ᠲᠠᠭᠠᠨ ᠪᠤᠴᠠᠵᠤ ᠢᠷᠡᠭᠰᠡᠨ ᠬᠥᠮᠦᠰ︶᠂ ᠭᠠᠳᠠᠨ᠎ᠠ ᠠᠴᠠ ᠢᠷᠡᠭᠰᠡᠨ ᠬᠥᠮᠦᠰ ᠵᠡᠷᠭᠡ ᠭᠤᠤᠯᠳᠠᠯᠭ᠎ᠠ ᠲᠠᠢ | ᠬᠥᠮᠦᠰ ᠪᠣᠯ᠂ ᠰᠠᠭᠤᠭ᠎ᠠ ᠭᠠᠵᠠᠷ ᠤᠨ ᠢᠶᠠᠨ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠬᠠᠮᠢᠶ᠎ᠠ ᠪᠥᠬᠦᠶ | ᠪᠠᠶᠢᠳᠠᠯ ᠢ ᠲᠡᠷᠡ ᠳᠠᠷᠤᠶ ᠳᠤᠨᠢ ᠰᠠᠨᠠᠭᠠᠴᠢᠯᠠᠭ᠎ᠠ ᠠᠴᠠ ᠪᠠᠨ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ᠂ ᠮᠠᠨ ᠤ | ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠥᠬᠦᠶ ᠲᠣᠭᠲᠠᠭᠠᠯ ᠢ ᠴᠢᠩᠭ᠎ᠠ | ᠬᠡᠷᠡᠭᠵᠢᠭᠦᠯᠬᠦ ᠬᠡᠷᠡᠭᠲᠡᠶ᠃ ᠮᠡᠳᠡᠭᠡ ᠵᠠᠩᠭᠢ ᠶᠢ ᠬᠤᠶᠢᠰᠢᠯᠠᠭᠤᠯᠤᠨ ᠮᠡᠳᠡᠭᠦᠯᠬᠦ᠂ ᠮᠡᠳᠡᠭᠦᠯᠬᠦ ᠥᠬᠡᠶ ᠨᠢᠭᠤᠬᠤ᠂ | ᠬᠤᠳᠠᠯ ᠢᠶᠠᠷ ᠮᠡᠳᠡᠭᠦᠯᠬᠦ ᠪᠤᠶᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯᠲᠠᠨ ᠤ ᠡᠭᠦᠷᠭᠡ | ᠬᠠᠷᠢᠭᠤᠴᠠᠯᠭ᠎ᠠ ᠪᠠᠨ ᠭᠦᠶᠴᠡᠳᠬᠡᠬᠦ ᠶᠢ ᠬᠠᠷᠰᠢᠯᠠᠭᠰᠠᠨ ᠪᠠᠶᠢᠪᠠᠯ᠂ ᠬᠠᠤᠯᠢ ᠶᠣᠰᠣᠭᠠᠷ ᠬᠠᠮᠢᠶ᠎ᠠ ᠪᠥᠬᠦᠶ | ᠬᠠᠷᠢᠭᠤᠴᠠᠯᠭ᠎ᠠ ᠨᠡᠬᠡᠮᠵᠢᠯᠡᠨ᠎ᠡ᠃ | ᠬᠤᠶᠠᠷ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠰᠡᠷᠭᠡᠶᠢᠯᠡᠨ ᠡᠵᠡᠮᠳᠡᠬᠦ ᠠᠵᠢᠯ᠃ ᠡᠯ᠎ᠡ ᠰᠤᠮᠤ | ᠪᠠᠯᠭᠠᠰᠤ ᠵᠡᠭᠡᠯᠢ ᠭᠤᠳᠤᠮᠵᠢ ᠶᠢᠨ ᠬᠢᠨ ᠭᠠᠴᠠᠭ᠎ᠠ ᠲᠣᠰᠬᠤᠨ ᠨᠡᠶᠢᠭᠡᠮ ᠲᠣᠭᠤᠷᠢᠭ ᠢᠶᠠᠷ ᠦᠨᠳᠦᠰᠦᠨ ᠨᠢᠭᠡᠴᠢ | ᠪᠣᠯᠭᠠᠵᠤ᠂ ᠲᠣᠣᠷ ᠤᠨ ᠠᠵᠢᠯᠲᠠᠨ ᠤ ᠦᠶᠯᠡᠳᠦᠯ ᠢ ᠭᠦᠶᠴᠡᠳ ᠪᠠᠳᠠᠷᠠᠭᠤᠯᠤᠨ᠂ ᠲᠣᠤᠷᠵᠢᠭᠤᠯᠤᠭᠰᠠᠨ | ᠬᠠᠮᠢᠶᠠᠷᠤᠯᠲᠠ ᠶᠢ ᠴᠢᠩᠭᠠᠳᠬᠠᠵᠤ᠂ ︽ᠲᠣᠮᠣ ᠳ᠋ᠠᠶᠢᠲ᠋ᠠ + ᠬᠥᠮᠦᠨ ᠤ ᠬᠦᠴᠦ ᠪᠠᠷ ᠪᠠᠶᠢᠴᠠᠭᠠᠨ ᠵᠢᠭᠰᠠᠭᠠᠬᠤ + | ᠬᠤᠪᠢ ᠬᠥᠮᠦᠨ ᠰᠠᠨᠠᠭᠠᠴᠢᠯᠠᠭ᠎ᠠ ᠠᠴᠠ ᠪᠠᠨ ᠡᠷᠡᠮᠡᠯᠵᠡᠯᠡᠨ ᠮᠡᠳᠡᠭᠦᠯᠬᠦ + ᠣᠯᠠᠨ ᠲᠦᠮᠡᠨ ᠬᠢᠨᠠᠯᠲᠠ ᠲᠠᠯᠪᠢᠵᠤ | ᠢᠯᠡᠴᠢᠯᠡᠨ ᠮᠡᠳᠡᠭᠦᠯᠬᠦ︾ ᠠᠷᠭ᠎ᠠ ᠬᠡᠮᠵᠢᠶ᠎ᠡ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ 24 ᠴᠠᠭ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠵᠢᠵᠢᠭᠦᠷᠯᠡᠬᠦ ᠲᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠭᠡᠷ | ᠲᠡᠭᠡᠨ ᠲᠤᠰᠠᠭᠠᠷᠯᠠᠵᠤ ᠪᠠᠶᠢᠭ᠎ᠠ ᠬᠥᠮᠦᠰ ᠲᠤ᠂ ᠭᠠᠴᠠᠭ᠎ᠠ ᠲᠣᠰᠬᠤᠨ ᠨᠡᠶᠢᠭᠡᠮ ᠲᠣᠭᠤᠷᠢᠭ᠂ ᠬᠠᠷᠢᠶ᠎ᠠ ᠣᠷᠣᠨ ᠤ | ᠲᠣᠮᠢᠯᠠᠭᠰᠠᠨ ᠰᠠᠯᠪᠤᠷᠢ᠂ ᠡᠮᠨᠡᠯᠭᠡ ᠶᠢᠨ ᠠᠵᠢᠯᠲᠠᠨ ᠭᠤᠷᠪᠠᠨ ᠲᠠᠯ᠎ᠠ ᠶᠢᠨ ᠬᠠᠷᠢᠭᠤᠴᠠᠯᠭ᠎ᠠ ᠶᠢ ᠰᠠᠶᠢᠲᠤᠷ | ᠨᠠᠶᠢᠳᠠᠪᠤᠷᠢᠵᠢᠭᠤᠯᠵᠤ᠂ ᠡᠵᠡᠮᠳᠡᠯ ᠢᠶᠠᠨ ᠠᠯᠳᠠᠬᠤ᠂ ᠬᠠᠮᠢᠶᠠᠷᠤᠯᠲᠠ ᠠᠴᠠ ᠭᠤᠭᠤᠵᠢᠭᠳᠠᠬᠤ ᠦᠵᠡᠭᠳᠡᠯ ᠭᠠᠷᠬᠤ ᠶᠢ | ᠡᠷᠡᠰ ᠬᠤᠷᠢᠭᠯᠠᠬᠤ ᠬᠡᠷᠡᠭᠲᠡᠶ᠃ | ᠭᠤᠷᠪᠠ᠂ ᠭᠤᠤᠯᠳᠠᠯᠭ᠎ᠠ ᠲᠠᠢ ᠬᠥᠮᠦᠰ ᠢ ᠬᠠᠮᠢᠶᠠᠷᠤᠨ ᠡᠵᠡᠮᠳᠡᠬᠦ ᠠᠵᠢᠯ᠃ ᠨᠢᠭᠡ ᠳᠤ ᠬᠢᠯᠢ ᠳᠤ ᠣᠷᠣᠵᠤ | ᠤᠯᠤᠰ ᠲᠠᠭᠠᠨ ᠪᠤᠴᠠᠵᠤ ᠢᠷᠡᠭᠰᠡᠨ ᠬᠥᠮᠦᠰ ᠢ 14 ᠡᠳᠦᠷ ᠲᠥᠪᠯᠡᠷᠡᠭᠦᠯᠦᠨ ᠲᠤᠰᠠᠭᠠᠷᠯᠠᠬᠤ + ᠬᠠᠷᠢᠶ᠎ᠠ ᠭᠠᠵᠠᠷ | 14 ᠡᠳᠦᠷ ᠲᠥᠪᠯᠡᠷᠡᠭᠦᠯᠦᠨ ᠲᠤᠰᠠᠭᠠᠷᠯᠠᠬᠤ + 2 ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ︵ | ᠪᠤᠶᠤ ᠬᠢᠯᠢ ᠳᠤ ᠣᠷᠣᠵᠤ ᠢᠷᠡᠭᠰᠡᠨ ᠭᠠᠵᠠᠷ 7 ᠡᠳᠦᠷ ᠲᠥᠪᠯᠡᠷᠡᠭᠦᠯᠦᠨ ᠲᠤᠰᠠᠭᠠᠷᠯᠠᠬᠤ + ᠬᠠᠷᠢᠶ᠎ᠠ ᠭᠠᠵᠠᠷ 21 | ᠡᠳᠦᠷ ᠲᠥᠪᠯᠡᠷᠡᠭᠦᠯᠦᠨ ᠲᠤᠰᠠᠭᠠᠷᠯᠠᠬᠤ + 3 ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ︶ ᠶᠢᠨ | ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠬᠤᠶᠠᠷ ᠲᠤ᠂ ᠨᠢᠭᠲᠠ ᠣᠶᠢᠷᠠᠲᠤᠭᠰᠠᠳ ᠪᠠ | ᠳᠡᠳ᠋ ᠨᠢᠭᠲᠠ ᠣᠶᠢᠷᠠᠲᠤᠭᠰᠠᠳ ᠢ14 ᠡᠳᠦᠷ ᠲᠥᠪᠯᠡᠷᠡᠭᠦᠯᠦᠨ ᠲᠤᠰᠠᠭᠠᠷᠯᠠᠵᠤ᠂ 3 ᠤᠳᠠᠭ᠎ᠠ ᠪᠥᠭᠡᠮ ᠬᠦᠴᠢᠯ ᠤᠨ | ᠪᠠᠶᠢᠴᠠᠭᠠᠯᠲᠠ ᠬᠢᠨ᠎ᠠ᠃ ᠲᠤᠰᠠᠭᠠᠷᠯᠠᠬᠤ ᠬᠤᠭᠤᠴᠠᠭ᠎ᠠ ᠨᠢ ᠭᠦᠢᠴᠡᠵᠦ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ | ᠶᠢᠨ ᠦᠷ᠎ᠡ ᠳ᠋ᠦᠩ ᠨᠢ ᠪᠢᠯᠢᠭ ᠴᠢᠨᠠᠷᠲᠠᠶ ᠪᠠᠶᠢᠪᠠᠯ᠂ ᠠᠮᠤᠷ ᠲᠦᠪᠰᠢᠨ ᠤ ᠬᠠᠮᠠᠭᠠᠯᠠᠯᠲᠠ ᠶᠢ ᠰᠠᠶᠢᠲᠤᠷ ᠬᠢᠭᠰᠡᠨ | ᠪᠠᠶᠢᠳᠠᠯ ᠳᠣᠤᠷ᠎ᠠ ᠡᠮᠬᠢ ᠵᠢᠷᠤᠮ ᠲᠠᠢ ᠪᠠᠷ ᠰᠢᠯᠵᠢᠭᠦᠯᠵᠦ᠂ ᠬᠠᠷᠢᠶ᠎ᠠ ᠭᠠᠵᠠᠷ ᠲᠤ ᠨᠢ14 ᠡᠳᠦᠷ ᠡᠷᠡᠭᠦᠯ ᠮᠡᠨᠳᠦ ᠶᠢᠨ | ᠮᠥᠷᠳᠡᠯᠭᠡ ᠬᠢᠨ᠎ᠡ᠃ ᠭᠤᠷᠪᠠ ᠳᠤ᠂ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠠᠴᠠ ᠬᠤᠰᠢᠭᠤᠨ ᠳᠠᠭᠠᠨ | ᠪᠤᠴᠠᠵᠤ ᠢᠷᠡᠭᠰᠡᠨ ᠬᠥᠮᠦᠰ ᠲᠤ ᠬᠠᠷᠢᠶᠠᠲᠤ ᠭᠠᠵᠠᠷ ᠲᠤ14 ᠡᠳᠦᠷ ᠲᠥᠪᠯᠡᠷᠡᠭᠦᠯᠦᠨ ᠲᠤᠰᠠᠭᠠᠷᠯᠠᠬᠤ +14 ᠡᠳᠦᠷ | ᠬᠡᠷ ᠲᠡᠭᠡᠨ ᠲᠤᠰᠠᠭᠠᠷᠯᠠᠬᠤ + 3 ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠬᠦ ᠬᠠᠮᠢᠶᠠᠷᠤᠨ ᠡᠵᠡᠮᠳᠡᠬᠦ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠳᠥᠷᠪᠡ ᠳᠤ ᠳᠤᠮᠳᠠ ᠵᠡᠷᠭᠡ ᠶᠢᠨ ᠲᠦᠭᠰᠢᠭᠦᠷᠢᠲᠡᠶ ᠭᠠᠵᠠᠷ ᠣᠷᠣᠨ | ᠠᠴᠠ ᠬᠤᠰᠢᠭᠤᠨ ᠳᠠᠭᠠᠨ ᠪᠤᠴᠠᠵᠤ ᠢᠷᠡᠭᠰᠡᠨ ᠬᠥᠮᠦᠰ ᠲᠤ ᠬᠠᠷᠢᠶᠠᠲᠤ ᠭᠠᠵᠠᠷ 14 ᠡᠳᠦᠷ ᠬᠡᠷ ᠲᠡᠭᠡᠨ | ᠲᠤᠰᠠᠭᠠᠷᠯᠠᠬᠤ + 2 ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ + 14 ᠡᠳᠦᠷ ᠡᠷᠡᠭᠦᠯ ᠮᠡᠨᠳᠦ ᠶᠢ ᠬᠢᠨᠠᠨ | ᠬᠡᠮᠵᠢᠬᠦ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠲᠠᠪᠤ ᠳᠤ᠂ ᠲᠤᠮᠤ ᠳ᠋ᠠᠶᠢᠲ᠋ᠠ ᠠᠴᠠ | ᠳᠡᠪᠰᠢᠭᠦᠯᠦᠭᠰᠡᠨ ᠬᠥᠮᠦᠰ ᠲᠤ 7 ᠡᠳᠦᠷ ᠤᠨ ᠳᠣᠲᠣᠷᠠᠬᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ | ᠭᠡᠷᠡᠴᠢ ᠪᠠᠶᠢᠬᠤ ᠬᠡᠷᠡᠭᠲᠡᠢ᠃ ᠬᠢᠵᠢᠭ ᠤᠨ ᠪᠠᠶᠢᠳᠠᠯ ᠡᠭᠦᠰᠦᠭᠰᠡᠨ ᠭᠠᠵᠠᠷ ᠤᠨ ᠳᠣᠤᠷ᠎ᠠ ᠡᠷᠡᠰᠳᠡᠯ ᠲᠠᠢ ᠭᠠᠵᠠᠷ | ᠣᠷᠣᠨ ᠠᠴᠠ ᠬᠤᠰᠢᠭᠤᠨ ᠳᠠᠭᠠᠨ ᠪᠤᠴᠠᠵᠤ ᠢᠷᠡᠭᠰᠡᠨ ᠬᠥᠮᠦᠰ᠂ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ | ᠬᠢᠭᠰᠡᠨ ᠤᠷᠢᠲᠠᠯ ᠳᠣᠤᠷ᠎ᠠ᠂ ᠡᠮᠴᠢᠯᠡᠭᠡᠨ ᠤ ᠪᠠᠶᠢᠭᠤᠯᠤᠮᠵᠢ ︵ᠬᠤᠰᠢᠭᠤᠨ ᠤ ᠡᠮᠨᠡᠯᠭᠡ ᠶᠢᠨ ᠬᠤᠷᠢᠶ᠎ᠠ᠂ ᠮᠣᠩᠭᠤᠯ | ᠡᠮᠨᠡᠯᠭᠡ ᠶᠢᠨ ᠬᠤᠷᠢᠶ᠎ᠠ᠂ ᠡᠬᠡ ᠨᠢᠯᠬᠠᠰ ᠤᠨ ᠡᠷᠡᠭᠦᠯ ᠢ ᠬᠠᠮᠠᠭᠠᠯᠠᠬᠤ ᠬᠤᠷᠢᠶ᠎ᠠ︶ ᠳᠤ ᠬᠦᠷᠴᠦ ᠪᠥᠭᠡᠮ ᠬᠦᠴᠢᠯ | ᠤᠨ ᠰᠢᠯᠭᠠᠨ ᠪᠠᠶᠢᠴᠠᠭᠠᠯᠲᠠ ᠬᠢᠯᠭᠡᠵᠦ᠂ ᠦᠷ᠎ᠡ ᠳ᠋ᠦᠩ ᠨᠢ ᠪᠢᠯᠢᠭ ᠴᠢᠨᠠᠷ ᠲᠠᠢ ᠪᠣᠯ ᠡᠮᠬᠢ ᠵᠢᠷᠤᠮ ᠲᠠᠢ ᠪᠠᠷ | ᠴᠢᠯᠥᠭᠡᠲᠡᠶ ᠪᠠᠷ ᠶᠠᠪᠤᠵᠤ ᠰᠠᠭᠤᠵᠤ ᠪᠣᠯᠤᠨ᠎ᠠ᠃ ᠳᠡᠭᠡᠷᠡᠬᠢ ᠬᠥᠮᠦᠰ ᠢ ᠲᠤᠰᠠᠭᠠᠷᠯᠠᠬᠤ ᠬᠤᠭᠤᠴᠠᠭᠠᠨ ᠳᠤ | ᠡᠭᠦᠰᠦᠭᠰᠡᠨ ᠬᠤᠯᠪᠣᠭᠳᠠᠯ ᠪᠦᠬᠦᠢ ᠵᠠᠷᠤᠳᠠᠯ ᠢ ᠬᠤᠪᠢ ᠬᠥᠮᠦᠨ ᠥᠪᠡᠷ ᠢᠶᠠᠨ ᠬᠠᠷᠢᠭᠤᠴᠠᠨ᠎ᠠ᠃ | ᠳᠥᠷᠪᠡ᠂ ᠭᠤᠤᠯᠳᠠᠯᠭ᠎ᠠ ᠲᠠᠢ ᠠᠵᠢᠯ ᠲᠥᠷᠥᠯ ᠡᠷᠬᠢᠯᠡᠭᠴᠢᠳ᠂ ᠡᠵᠡᠩᠨᠡᠭᠴᠢᠳ ᠤᠨ ᠰᠡᠷᠭᠡᠶᠢᠯᠡᠨ | ᠡᠵᠡᠮᠳᠡᠬᠦ ᠠᠵᠢᠯ᠃ ᠨᠢᠭᠡ ᠳᠤ ᠭᠠᠳᠠᠭᠠᠳᠤ ᠠᠴᠠ ᠣᠷᠣᠭᠤᠯᠬᠤ ᠪᠠᠷᠠᠭᠠᠨ ᠤ ᠠᠵᠢᠯ ᠡᠷᠭᠢᠯᠡᠭᠰᠡᠳ ᠠᠵᠢᠯᠯᠠᠬᠤ | ᠬᠤᠭᠤᠴᠠᠭᠠᠨ ᠳᠠᠭᠠᠨ ᠡᠷᠬᠡᠪᠰᠢ ᠠᠮᠠᠪᠴᠢ᠂ ᠬᠠᠮᠠᠭᠠᠯᠠᠯᠲᠠ ᠶᠢᠨ ᠪᠡᠭᠡᠯᠡᠶ ᠵᠡᠷᠭᠡ ᠬᠠᠮᠠᠭᠠᠯᠠᠯᠲᠠ ᠶᠢᠨ ᠬᠡᠷᠡᠭᠰᠡᠯ ᠵᠡᠭᠦᠵᠦ | ᠂ ᠠᠵᠢᠯᠯᠠᠬᠤ ᠠᠴᠠ ᠪᠠᠨ ᠡᠮᠦᠨ᠎ᠡ ᠪᠠ ᠠᠵᠢᠯᠯᠠᠭᠰᠠᠨ ᠤ ᠳᠠᠷᠠᠭ᠎ᠠ ᠠᠷᠢᠭᠤᠳᠬᠠᠬᠤ ᠪᠤᠶᠤ ᠭᠠᠷ ᠢᠶᠠᠨ ᠤᠬᠢᠶᠠᠬᠤ | ᠬᠡᠷᠡᠭᠲᠡᠶ᠃ ᠲᠡᠭᠡᠭᠡᠪᠦᠷᠢᠯᠡᠬᠦ ᠶᠠᠪᠤᠴᠠ ᠳᠤ ᠬᠠᠶᠢᠷᠴᠠᠭ ᠢ ᠳᠤᠷ᠎ᠠ ᠪᠠᠷ ᠢᠶᠠᠨ ᠨᠡᠭᠡᠭᠡᠵᠦ ᠪᠣᠯᠬᠤ ᠥᠬᠡᠶ᠂ ᠪᠠᠷᠠᠭ᠎ᠠ ᠶᠢᠨ | ᠪᠣᠭᠤᠳᠠᠯ ᠪᠠᠭᠯᠠᠭ᠎ᠠ ᠶᠢ ᠳᠤᠷ᠎ᠠ ᠪᠠᠷ ᠢᠶᠠᠨ ᠨᠡᠭᠡᠭᠡᠵᠦ ᠦᠶᠯᠡᠳᠬᠦᠨ ᠲᠠᠢ ᠰᠢᠭᠤᠳ ᠬᠦᠷᠦᠯᠴᠡᠵᠦ ᠪᠣᠯᠬᠤ ᠥᠬᠡᠶ᠃ | ᠬᠤᠶᠠᠷ ᠲᠤ ᠲᠡᠭᠡᠭᠡᠪᠦᠷᠢ ᠶᠢᠨ ᠠᠵᠤ ᠠᠬᠤᠶᠢᠯᠠᠯ ᠪᠣᠯᠤᠨ ᠳᠠᠭᠠᠭᠠᠴᠢᠯᠠᠨ ᠲᠡᠭᠡᠭᠡᠪᠦᠷᠢᠯᠡᠭᠴᠢ ᠭᠠᠳᠠᠭᠠᠳᠤ ᠠᠴᠠ | ᠣᠷᠣᠭᠤᠯᠬᠤ ᠪᠠᠷᠠᠭ᠎ᠠ ᠲᠡᠭᠡᠭᠡᠪᠦᠷᠢᠯᠡᠭᠰᠡᠨ ᠲᠡᠷᠭᠡ ᠬᠥᠰᠬᠡ ᠶᠢ ᠲᠤᠶᠢᠯᠪᠤᠷᠢᠲᠠᠶ ᠠᠷᠢᠭᠤᠳᠬᠠᠬᠤ ᠶᠢᠨ ᠬᠠᠮᠲᠤ᠂ | ᠳᠠᠭᠠᠭᠠᠨ ᠲᠡᠭᠡᠭᠡᠪᠦᠷᠢᠯᠡᠬᠦ ᠪᠠᠷᠠᠭ᠎ᠠ ᠶᠢᠨ ᠭᠦᠶᠯᠭᠡᠭᠡᠨ ᠤ ᠴᠢᠭᠯᠡᠯ ᠤᠨ ᠪᠥᠬᠦ ᠶᠠᠪᠤᠴᠠ ᠶᠢᠨ ᠨᠠᠷᠢᠨ ᠲᠡᠮᠳᠡᠭᠯᠡᠯ ᠢ | ᠰᠠᠶᠢᠲᠤᠷ ᠬᠢᠵᠦ᠂ ᠳᠠᠭᠠᠭᠠᠨ ᠲᠡᠭᠡᠭᠡᠪᠦᠷᠢᠯᠡᠬᠦ ᠪᠠᠷᠠᠭ᠎ᠠ ᠶᠢᠨ ᠢᠷᠡᠯᠲᠡ᠂ ᠪᠠᠷᠠᠭ᠎ᠠ ᠠᠴᠢᠶᠠᠯᠠᠵᠤ ᠪᠠᠭᠤᠯᠭᠠᠭᠰᠠᠨ ᠴᠠᠭ᠂ | ᠳᠠᠭᠠᠭᠠᠨ ᠲᠡᠭᠡᠭᠡᠪᠦᠷᠢᠯᠡᠬᠦ ᠲᠡᠷᠭᠡ ᠬᠥᠰᠬᠡ ᠶᠢᠨ ᠫᠠᠶᠢᠰᠠ ᠦᠨᠡᠮᠯᠡᠯ ᠤᠨ ᠬᠡᠯᠪᠡᠷᠢ ᠮᠠᠶ᠋ᠢᠭ ᠵᠢᠴᠢ ᠵᠢᠯᠣᠭᠤᠴᠢ᠂ | ᠪᠠᠷᠠᠭ᠎ᠠ ᠶᠠᠪᠤᠭᠤᠯᠤᠭᠴᠢ᠂ ᠪᠠᠷᠠᠭ᠎ᠠ ᠭᠥᠯᠢᠶᠡᠨ ᠠᠪᠤᠭᠴᠢ ᠵᠡᠷᠭᠡ ᠮᠡᠳᠡᠭᠡ ᠵᠠᠩᠭᠢ ᠶᠢ ᠰᠠᠶᠢᠲᠤᠷ ᠲᠡᠮᠳᠡᠭᠯᠡᠬᠦ ᠬᠡᠷᠡᠭᠲᠡᠶ᠃ | ᠪᠠᠷᠠᠭ᠎ᠠ ᠣᠷᠣᠭᠤᠯᠬᠤ ᠢᠷᠡᠯᠲᠡ ᠶᠢ ᠬᠠᠩᠭᠠᠵᠤ ᠳᠡᠶᠢᠯᠬᠦ ᠥᠬᠡᠶ ᠪᠠᠷᠠᠭ᠎ᠠ ᠶᠢ ᠳᠠᠭᠠᠭᠠᠨ ᠲᠡᠭᠡᠭᠡᠪᠦᠷᠢᠯᠡᠵᠦ ᠪᠣᠯᠬᠤ | ᠥᠬᠡᠶ᠃ ᠭᠤᠷᠪᠠ ᠳᠤ ᠢᠳᠡᠭᠡᠨ ᠤ ᠵᠦᠶᠯ ᠤᠨ ᠦᠶᠯᠡᠳᠪᠦᠷᠢᠯᠡᠯ᠂ ᠡᠵᠡᠩᠨᠡᠭᠴᠢ ᠭᠠᠳᠠᠭᠠᠳᠤ ᠠᠴᠠ ᠣᠷᠣᠭᠤᠯᠤᠭᠰᠠᠨ | ᠬᠥᠯᠳᠡᠭᠦᠦ ᠪᠠᠷ ᠵᠥᠭᠡᠭᠡᠪᠦᠷᠢᠯᠡᠬᠦ ᠢᠳᠡᠭᠡᠨ ᠤ ᠮᠡᠳᠡᠭᠡ ᠵᠠᠩᠭᠢ ᠶᠢ ︽ ᠥᠪᠥᠷ ᠮᠣᠩᠭᠤᠯ ᠤᠨ ᠬᠥᠯᠳᠡᠭᠦᠦ ᠪᠠᠷ | ᠵᠥᠭᠡᠭᠡᠪᠦᠷᠢᠯᠡᠬᠦ︾ ᠮᠥᠷᠳᠡᠨ ᠨᠡᠬᠡᠮᠵᠢᠯᠡᠬᠦ ᠰᠢᠰᠲ᠋ᠧᠮ ᠳᠤ ᠦᠨᠡᠨ ᠮᠥᠨ ᠢᠶᠠᠷ ᠨᠢ ᠣᠷᠣᠭᠤᠯᠵᠤ᠂ ︽ᠭᠤᠷᠪᠠᠨ | ᠲᠤᠰᠬᠠᠶ︾ —ᠲᠤᠰᠬᠠᠶ ᠬᠥᠮᠥᠷᠭᠡ ᠳᠤ ᠬᠠᠳᠠᠭᠠᠯᠠᠬᠤ᠂ ᠲᠤᠰᠬᠠᠶ ᠬᠥᠮᠦᠨ ᠬᠠᠮᠢᠶᠠᠷᠬᠤ᠂ ᠲᠤᠰᠬᠠᠶ ᠯᠠᠩᠭᠦᠶ ᠳᠤ | ᠪᠣᠷᠣᠯᠠᠭᠤᠯᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ ︽ᠳᠥᠷᠪᠡᠨ ᠭᠡᠷᠡᠴᠢ︾ —ᠬᠤᠳᠠᠯᠳᠤᠨ | ᠠᠪᠤᠭᠰᠠᠨ ᠭᠡᠷᠡᠴᠢ ᠪᠠᠷᠢᠮᠲᠠ᠂ ᠪᠣᠭᠤᠮᠲᠠ ᠶᠢᠨ ᠪᠠᠶᠢᠴᠠᠭᠠᠯᠲᠠ ᠬᠢᠵᠢᠭ ᠪᠠᠶᠢᠴᠠᠭᠠᠭᠰᠠᠨ ᠭᠡᠷᠡᠴᠢ᠂ ᠪᠥᠭᠡᠮ | ᠬᠦᠴᠢᠯ ᠢ ᠪᠠᠶᠢᠴᠠᠭᠠᠨ ᠬᠡᠮᠵᠢᠭᠰᠡᠨ ᠮᠡᠳᠡᠭᠦᠯᠦᠯᠲᠡ᠂ ᠠᠷᠢᠭᠤᠳᠬᠠᠭᠰᠠᠨ ᠭᠡᠷᠡᠴᠢ ᠵᠡᠷᠭᠡ ᠬᠢᠷᠢ ᠲᠡᠩᠴᠡᠭᠰᠡᠨ ᠭᠡᠷᠡᠴᠢ | ᠪᠢᠴᠢᠭ ᠮᠠᠲ᠋ᠧᠷᠢᠶᠠᠯ ᠢ ᠬᠠᠩᠭᠠᠬᠤ ᠬᠡᠷᠡᠭᠲᠡᠶ᠃ ︽ᠳᠥᠷᠪᠡᠨ ᠭᠡᠷᠡᠴᠢ︾ ᠨᠢ ᠪᠦᠷᠢᠨ ᠪᠤᠰᠤ ᠭᠠᠳᠠᠭᠠᠳᠤ ᠠᠴᠠ | ᠣᠷᠣᠭᠤᠯᠤᠭᠰᠠᠨ ᠬᠥᠯᠳᠡᠭᠦᠦ ᠪᠠᠷ ᠵᠥᠭᠡᠭᠡᠪᠦᠷᠢᠯᠡᠬᠦ ᠢᠳᠡᠭᠡᠨ ᠢ ᠶᠠᠭᠠᠬᠢᠭᠰᠠᠨ ᠴᠦ ᠬᠥᠮᠥᠷᠭᠡ ᠳᠤ ᠬᠠᠳᠠᠭᠠᠯᠠᠵᠤ | ᠲᠠᠯᠪᠢᠬᠤ᠂ ᠦᠶᠯᠡᠳᠪᠦᠷᠢᠯᠡᠵᠦ ᠡᠳ᠋ᠰᠢᠭᠦᠯᠬᠦ ᠪᠠ ᠵᠠᠬ᠎ᠠ ᠳᠡᠯᠭᠡᠭᠦᠷ ᠲᠤ ᠭᠠᠷᠭᠠᠨ ᠪᠣᠷᠣᠯᠠᠭᠤᠯᠵᠤ ᠪᠣᠯᠬᠤ ᠥᠬᠡᠶ᠃ | ᠲᠠᠪᠤ᠂ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠰᠡᠷᠭᠡᠶᠢᠯᠡᠨ ᠡᠵᠡᠮᠳᠡᠬᠦ ᠠᠵᠢᠯ | ᠃ ᠡᠯ᠎ᠡ ᠨᠡᠶᠢᠭᠡᠮ ᠤᠨ ᠨᠢᠭᠡᠴᠡ᠂ ᠠᠵᠤ ᠠᠬᠤᠶᠢᠯᠠᠯ ᠤᠳ ︽ᠲᠠᠪᠤ ᠪᠠᠶᠢᠬᠤ ᠭᠤᠷᠪᠠ ᠶᠢ ᠴᠢᠩᠭᠠᠳᠬᠠᠬᠤ︾ ᠠᠷᠭ᠎ᠠ | ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠲᠤᠬᠠᠶᠢᠯᠠᠪᠠᠯ᠄ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ | ᠶᠢᠨ ᠲᠦᠷᠢᠮ ᠲᠠᠢ᠂ ᠰᠡᠷᠭᠡᠶᠢᠯᠡᠨ ᠬᠠᠮᠠᠭᠠᠯᠠᠬᠤ ᠬᠥᠲᠥᠯᠪᠥᠷᠢ ᠲᠠᠢ᠂ ᠰᠡᠷᠭᠡᠶᠢᠯᠡᠨ ᠬᠠᠮᠠᠭᠠᠯᠠᠬᠤ ᠡᠳ᠋ ᠪᠣᠳᠠᠰ | ᠲᠥᠬᠦᠭᠡᠷᠦᠮᠵᠢ ᠲᠠᠢ᠂ ᠡᠮᠴᠢ ᠰᠤᠪᠢᠯᠠᠭᠴᠢ ᠶᠢᠨ ᠬᠦᠴᠦᠨ ᠤ ᠳᠡᠮᠵᠢᠯᠭᠡ ᠲᠠᠢ᠂ ᠦᠯᠡᠳᠡᠭᠡᠨ ᠠᠵᠢᠭᠯᠠᠬᠤ ᠲᠠᠰᠤᠭ | ᠪᠠ ᠳᠠᠮᠵᠢᠭᠤᠯᠤᠨ ᠲᠡᠭᠡᠭᠡᠪᠦᠷᠢᠯᠡᠬᠦ ᠲᠣᠬᠢᠷᠠᠭᠤᠯᠤᠯᠲᠠ ᠲᠠᠢ᠂ ᠡᠷᠡᠭᠦᠯ ᠮᠡᠨᠳᠦ ᠶᠢ ᠠᠬᠢᠭᠤᠯᠬᠤ ᠪᠠ ᠰᠤᠷᠭᠠᠨ | ᠬᠥᠮᠦᠵᠢᠭᠦᠯᠬᠦ ᠶᠢ ᠴᠢᠩᠭᠠᠳᠬᠠᠵᠤ᠂ ᠠᠵᠢᠯᠲᠠᠨ ᠤ ᠡᠷᠡᠭᠦᠯ ᠮᠡᠨᠳᠦ ᠶᠢᠨ ᠬᠠᠮᠢᠶᠠᠷᠤᠯᠲᠠ ᠶᠢ ᠴᠢᠩᠭᠠᠳᠬᠠᠵᠤ᠂ | ᠬᠥᠮᠦᠰ ᠤᠨ ᠣᠷᠣᠵᠤ ᠭᠠᠷᠬᠤ ᠬᠠᠮᠢᠶᠠᠷᠤᠯᠲᠠ ᠶᠢ ᠴᠢᠩᠭᠠᠳᠬᠠᠬᠤ ᠪᠣᠯᠣᠨ᠎ᠠ᠃ | ᠵᠢᠷᠭᠤᠭ᠎ᠠ᠂ ᠡᠮᠴᠢᠯᠡᠭᠡᠨ ᠤ ᠪᠠᠶᠢᠭᠤᠯᠤᠮᠵᠢ ᠶᠢᠨ ᠰᠡᠷᠭᠡᠶᠢᠯᠡᠨ ᠡᠵᠡᠮᠳᠡᠬᠦ ᠠᠵᠢᠯ᠃ ᠡᠯ᠎ᠡ ᠡᠮᠴᠢᠯᠡᠭᠡᠨ ᠤ | ᠪᠠᠶᠢᠭᠤᠯᠤᠮᠵᠢ ᠶᠢᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠠᠷᠭ᠎ᠠ ᠬᠡᠮᠵᠢᠶ᠎ᠡ ᠶᠢ | ᠴᠢᠩᠭ᠎ᠠ ᠨᠠᠶᠢᠳᠠᠪᠤᠷᠢᠵᠢᠭᠤᠯᠵᠤ᠂ ᠬᠠᠮᠢᠶᠠᠷᠤᠯᠲᠠ ᠪᠠᠨ ᠦᠨᠡᠨ ᠬᠦ ᠴᠢᠩᠭᠠᠳᠬᠠᠬᠤ ᠬᠡᠷᠡᠭᠲᠡᠶ᠃ ᠤᠷᠢᠳᠴᠢᠯᠠᠨ | ᠪᠠᠶᠢᠴᠠᠭᠠᠵᠤ ᠬᠤᠪᠢᠶᠠᠷᠢᠯᠠᠨ ᠣᠨᠣᠰᠢᠯᠠᠬᠤ᠂ ᠬᠠᠯᠠᠭᠤᠷᠠᠬᠤ ᠡᠭᠦᠳᠡᠨ ᠡᠮᠨᠡᠯᠭᠡ᠂ ᠡᠮᠴᠢ ᠶᠢᠨ ᠠᠩᠬᠠᠨ ᠤ ᠡᠮᠴᠢᠯᠡᠭᠡ | ᠬᠠᠷᠢᠭᠤᠴᠠᠬᠤ᠂ ︽ᠨᠢᠭᠡ ᠡᠪᠡᠳᠴᠢᠲᠡᠨ ᠳᠤ ᠨᠢᠭᠡ ᠰᠤᠪᠢᠯᠠᠭᠴᠢ︾᠂ ᠡᠪᠡᠳᠴᠢᠲᠡᠨ ᠤ ᠲᠣᠭᠤᠷᠢᠭ ᠢ | ᠪᠢᠲᠡᠭᠦᠮᠵᠢᠯᠡᠬᠦ ᠮᠠᠶ᠋ᠢᠭ ᠤᠨ ᠬᠠᠮᠢᠶᠠᠷᠤᠯᠲᠠ ᠪᠠ ᠡᠷᠭᠢᠵᠦ ᠦᠵᠡᠬᠦ ᠶᠢ ᠬᠤᠷᠢᠭᠯᠠᠬᠤ ᠵᠡᠷᠭᠡ ᠡᠯ᠎ᠡ ᠵᠦᠶᠯ ᠤᠨ ᠳᠦᠷᠢᠮ | ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠠᠷᠠᠳ ᠠᠴᠠ ᠡᠵᠡᠩᠨᠡᠭᠰᠡᠨ ᠡᠮᠨᠡᠯᠭᠡ ᠶᠢᠨ ᠬᠤᠷᠢᠶ᠎ᠠ᠂ ᠬᠤᠪᠢ ᠶᠢᠨ | ᠡᠮᠴᠢᠯᠡᠭᠡᠨ ᠤ ᠭᠠᠵᠠᠷ ᠪᠣᠯᠤᠨ ᠦᠨᠳᠦᠰᠦᠨ ᠱᠠᠲᠤᠨ ᠤ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠤᠭᠤᠳ | ᠬᠠᠯᠠᠭᠤᠷᠠᠵᠤ ᠪᠠᠶᠢᠭ᠎ᠠ ᠡᠪᠡᠳᠴᠢᠲᠡᠨ ᠢ ᠰᠢᠭᠰᠢᠨ ᠪᠠᠶᠢᠴᠠᠭᠠᠬᠤ ᠪᠠᠨ ᠴᠢᠩᠭᠠᠳᠬᠠᠵᠤ᠂ ᠰᠢᠯᠲᠠᠭᠠᠨ ᠨᠢ ᠲᠣᠳᠣᠷᠬᠠᠢ | ᠥᠭᠡᠢ ᠬᠠᠯᠠᠭᠤᠷᠠᠵᠤ ᠪᠠᠶᠢᠭ᠎ᠠ ᠡᠪᠡᠳᠴᠢᠲᠡᠨ ᠢ ᠣᠯᠵᠤ ᠮᠡᠳᠡᠪᠡᠯ᠂ ᠬᠠᠯᠠᠭᠤᠷᠠᠯ ᠤᠨ ᠡᠭᠦᠳᠡᠨ ᠡᠮᠨᠡᠯᠭᠡ ᠲᠠᠢ ᠡᠮᠨᠡᠯᠭᠡ | ᠶᠢᠨ ᠬᠤᠷᠢᠶᠠᠨ ᠲᠤ ᠳᠠᠷᠤᠶᠢᠬᠠᠨ ᠰᠢᠯᠵᠢᠭᠦᠯᠦᠨ ᠡᠮᠨᠡᠭᠦᠯᠬᠦ ᠶᠢᠨ ᠬᠠᠮᠲᠤ ᠡᠪᠡᠳᠴᠢᠲᠡᠨ ᠤ ᠮᠡᠳᠡᠭᠡ ᠵᠠᠩᠭᠢ ᠶᠢ | ᠰᠠᠶᠢᠲᠤᠷ ᠳᠠᠩᠰᠠᠯᠠᠬᠤ ᠬᠡᠷᠡᠭᠲᠡᠢ᠃ ᠳᠤᠷ᠎ᠠ ᠪᠠᠷ ᠢᠶᠠᠨ ᠦᠯᠡᠳᠡᠭᠡᠨ ᠡᠮᠨᠡᠭᠦᠯᠬᠦ ᠪᠤᠶᠤ ᠡᠮᠨᠡᠭᠦᠯᠬᠦ ᠶᠢ ᠲᠡᠪᠴᠢᠵᠦ ᠪᠣᠯᠬᠤ | ᠥᠭᠡᠢ᠃ | ᠳᠣᠯᠤᠭ᠎ᠠ᠂ ᠣᠯᠠᠨ ᠨᠡᠶᠢᠲᠡ ᠶᠢᠨ ᠲᠠᠯᠠᠪᠤᠷ ᠤᠨ ᠰᠡᠷᠭᠡᠶᠢᠯᠡᠨ ᠡᠵᠡᠮᠳᠡᠬᠦ ᠠᠵᠢᠯ ᠃ ᠬᠤᠳᠠᠯᠳᠤᠭ᠎ᠠ ᠬᠡᠲᠦ | ᠳᠡᠯᠭᠡᠭᠦᠷ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ᠂ ᠵᠣᠴᠢᠳ ᠤᠨ ᠪᠠᠭᠤᠳᠠᠯ᠂ ᠢᠳᠡᠭᠡᠨ ᠤᠮᠳᠠᠭᠠᠨ᠂ ᠡᠮ ᠤᠨ | ᠳᠡᠯᠭᠡᠭᠦᠷ ᠵᠡᠷᠭᠡ ᠣᠯᠠᠨ ᠨᠡᠶᠢᠲᠡ ᠶᠢᠨ ᠲᠠᠯᠠᠪᠤᠷ ᠨᠢ ︽ᠡᠷᠡᠭᠦᠯ ᠮᠡᠨᠳᠦ ᠶᠢᠨ ᠺᠣᠳ᠋︾ ᠤᠨ ᠪᠠᠶᠢᠴᠠᠭᠠᠨ ᠰᠢᠯᠭᠠᠬᠤ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠳᠡᠯᠭᠡᠭᠦᠷ ᠲᠤ ᠣᠷᠣᠪᠠᠯ ᠬᠠᠯᠠᠭᠤᠨ ᠢ ᠬᠡᠮᠵᠢᠬᠦ᠂ ᠮᠡᠳᠡᠭᠡ | ᠵᠠᠩᠭᠢ ᠶᠢ ᠲᠡᠮᠳᠡᠭᠯᠡᠬᠦ᠂ ᠠᠮᠠᠪᠴᠢ ᠵᠡᠭᠦᠬᠦ᠂ ᠲᠣᠭᠲᠠᠮᠠᠯ ᠬᠤᠭᠤᠴᠠᠭ᠎ᠠ ᠲᠠᠢ ᠪᠠᠷ ᠠᠷᠢᠭᠤᠳᠬᠠᠬᠤ᠂ ᠨᠢᠭᠡ ᠮᠧᠲᠷ | ᠵᠠᠶᠢᠲᠠᠢ ᠪᠠᠶᠢᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠠᠲᠤᠯᠠᠵᠤ᠂ ᠬᠤᠷᠣᠮᠬᠠᠨ ᠵᠠᠭᠤᠷ᠎ᠠ ᠶᠢᠨ | ᠵᠣᠷᠴᠢᠭᠴᠢᠳ ᠤᠨ ᠬᠡᠮᠵᠢᠶ᠎ᠡ ᠶᠢ ᠬᠢᠵᠠᠭᠠᠷᠯᠠᠬᠤ ᠬᠡᠷᠡᠭᠲᠡᠶ᠃ ᠡᠮ ᠤᠨ ᠳᠡᠯᠭᠡᠭᠦᠷ ᠨᠢ ᠬᠠᠯᠠᠭᠤᠨ ᠢ ᠪᠠᠭᠤᠷᠠᠭᠤᠯᠬᠤ᠂ | ᠬᠠᠨᠢᠶᠠᠳᠤ ᠶᠢ ᠵᠣᠭᠰᠣᠭᠠᠬᠤ ᠵᠡᠷᠭᠡ ᠡᠮ ᠤᠨ ᠵᠦᠢᠯ ᠢ ᠬᠤᠳᠠᠯᠳᠤᠨ ᠠᠪᠤᠭᠰᠠᠨ ᠬᠡᠷᠡᠭᠯᠡᠭᠴᠢᠳ ᠢ ᠦᠨᠡᠨ ᠨᠡᠷ᠎ᠡ ᠪᠠᠷ | ᠨᠢ ᠳᠠᠩᠰᠠᠯᠠᠵᠤ᠂ ᠬᠠᠮᠢᠶ᠎ᠠ ᠪᠦᠬᠦᠢ ᠮᠡᠳᠡᠭᠡ ᠵᠠᠩᠭᠢ ᠶᠢ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ | ᠰᠡᠷᠭᠡᠶᠢᠯᠡᠨ ᠡᠵᠡᠮᠳᠡᠬᠦ ᠠᠵᠢᠯ ᠳᠤ ᠣᠷᠣᠭᠤᠯᠬᠤ ᠬᠡᠷᠡᠭᠲᠡᠶ᠃ ᠵᠣᠴᠢᠳ ᠤᠨ ᠪᠠᠭᠤᠳᠠᠯ᠂ ᠪᠠᠭᠤᠳᠠᠯ ᠵᠡᠷᠭᠡ ᠨᠢ | ᠣᠷᠣᠵᠤ ᠰᠠᠭᠤᠭᠰᠠᠨ ᠬᠥᠮᠦᠰ ᠠᠴᠠ ᠣᠶᠢᠷ᠎ᠠ ᠶᠢᠨ14 ᠡᠳᠦᠷ ᠤᠨ ᠠᠶᠠᠯᠠᠯ ᠤᠨ ᠲᠡᠦᠬᠡ ᠶᠢ ᠨᠠᠷᠢᠨ ᠠᠰᠠᠭᠤᠵᠤ᠂ | ᠳᠤᠮᠳᠠ ᠥᠨᠳᠥᠷ ᠲᠠᠰ ᠤᠨ ᠡᠷᠡᠰᠳᠡᠯ ᠲᠠᠢ ᠭᠠᠵᠠᠷ ᠣᠷᠣᠨ ᠠᠴᠠ ᠬᠤᠰᠢᠭᠤᠨ ᠳᠠᠭᠠᠨ ᠪᠤᠴᠠᠵᠤ ᠢᠷᠡᠭᠰᠡᠨ ᠬᠥᠮᠦᠰ | ᠢ ᠣᠯᠵᠤ ᠮᠡᠳᠡᠪᠡᠯ᠂ ᠲᠡᠷᠡ ᠳᠠᠷᠤᠶ ᠳᠤᠨᠢ ᠬᠠᠷᠢᠶ᠎ᠠ ᠭᠠᠵᠠᠷ ᠤᠨ ᠲᠣᠮᠢᠯᠠᠭᠰᠠᠨ ᠰᠠᠯᠪᠤᠷᠢ ᠳᠤ ᠮᠡᠳᠡᠭᠦᠯᠬᠦ ᠬᠡᠷᠡᠭᠲᠡᠶ᠃ | ᠦᠵᠡᠮᠵᠢ ᠶᠢᠨ ᠣᠷᠣᠨ ᠤᠷᠢᠳᠴᠢᠯᠠᠨ ᠪᠣᠯᠵᠣᠬᠤ ᠶᠢ ᠪᠠᠶᠢᠩᠭᠤᠵᠢᠭᠤᠯᠵᠤ᠂ ᠬᠡᠮᠵᠢᠶ᠎ᠡ ᠶᠢ ᠬᠢᠵᠠᠭᠠᠷᠯᠠᠬᠤ᠂ | ᠤᠷᠢᠳᠴᠢᠯᠠᠨ ᠪᠣᠯᠵᠣᠬᠤ᠂ ᠣᠷᠭᠢᠯ ᠤᠨ ᠬᠤᠭᠤᠴᠠᠭ᠎ᠠ ᠶᠢ ᠵᠥᠷᠢᠭᠦᠯᠦᠨ ᠴᠡᠴᠡᠷᠯᠢᠭ ᠲᠤ ᠣᠷᠣᠬᠤ ᠶᠢ ᠪᠡᠶᠡᠯᠡᠭᠦᠯᠵᠦ᠂ | ᠦᠵᠡᠮᠵᠢ ᠶᠢᠨ ᠣᠷᠣᠨ ᠤ ᠭᠥᠯᠢᠶᠡᠨ ᠠᠪᠬᠤ ᠵᠤᠭᠠᠴᠠᠭᠰᠠᠳ ᠤᠨ ᠲᠤᠭ᠎ᠠ ᠶᠢ ᠬᠠᠮᠤᠭ ᠤᠨ ᠶᠡᠭᠡ ᠳᠠᠭᠠᠭᠠᠴᠠ ᠶᠢᠨ | ᠬᠡᠮᠵᠢᠶ᠎ᠡ ᠶᠢᠨ 75 % ᠠᠴᠠ ᠬᠡᠲᠦᠷᠡᠭᠦᠯᠵᠦ ᠪᠣᠯᠬᠤ ᠥᠬᠡᠶ᠃ ᠨᠠᠰᠤᠲᠠᠨ ᠢ ᠠᠰᠠᠷᠠᠬᠤ ᠬᠦᠷᠢᠶᠡᠯᠡᠩ᠂ ᠠᠰᠠᠷᠠᠮᠵᠢ | ᠶᠢᠨ ᠬᠦᠷᠢᠶᠡᠯᠡᠩ᠂ ᠬᠤᠷᠢᠭᠤᠯ ᠤᠨ ᠭᠠᠵᠠᠷ ᠵᠡᠷᠭᠡ ᠣᠨᠴᠠᠭᠠᠢ ᠲᠠᠯᠠᠪᠤᠷ ᠲᠤ ᠪᠢᠲᠡᠭᠦᠮᠵᠢᠯᠡᠭᠰᠡᠨ ᠬᠠᠮᠢᠶᠠᠷᠤᠯᠲᠠ ᠶᠢ | ᠦᠷᠭᠦᠯᠵᠢᠯᠡᠨ ᠬᠡᠷᠡᠭᠵᠢᠭᠦᠯᠬᠦ ᠬᠡᠷᠡᠭᠲᠡᠢ᠃ | ᠨᠠᠶᠮᠠ᠂ ᠪᠢᠲᠡᠭᠦᠮᠵᠢᠯᠡᠭᠰᠡᠨ ᠲᠠᠯᠠᠪᠤᠷ ᠢ ᠰᠡᠷᠭᠡᠶᠢᠯᠡᠨ ᠡᠵᠡᠮᠳᠡᠬᠦ ᠠᠵᠢᠯ᠃ ᠨᠣᠮ ᠤᠨ ᠰᠠᠩ᠂ ᠮᠦᠽᠧᠶ᠂ | ᠤᠷᠠᠨ ᠵᠢᠷᠤᠭ ᠤᠨ ᠣᠷᠳᠣᠨ ᠵᠡᠷᠭᠡ ᠬᠡᠷ ᠳᠣᠲᠣᠷᠠᠬᠢ ᠲᠠᠯᠠᠪᠤᠷ ᠣᠷᠳᠣᠨ᠂ ᠺᠢᠨᠣ᠋ ᠵᠦᠴᠦᠭᠡ ᠶᠢᠨ ᠲᠢᠶᠠᠲᠷ ᠵᠡᠷᠭᠡ | ᠲᠣᠭᠯᠠᠯᠲᠠ ᠶᠢᠨ ᠲᠠᠯᠠᠪᠤᠷ ᠭᠠᠵᠠᠷ ᠵᠢᠴᠢ ᠰᠦᠯᠵᠢᠶᠡᠨ ᠳᠤ ᠭᠠᠷᠬᠤ ᠦᠶᠯᠡᠴᠢᠯᠡᠭᠡᠨ ᠤ ᠭᠠᠵᠠᠷ᠂ ᠳᠠᠭᠤᠤ ᠪᠥᠵᠢᠭ | ᠵᠤᠭ᠎ᠠ ᠴᠡᠩᠭᠡᠯ ᠤᠨ ᠭᠠᠵᠠᠷ᠂ ᠨᠠᠶᠢᠷ ᠨᠠᠭᠠᠳᠤᠮ ᠤᠨ ᠲᠠᠯᠠᠪᠤᠷ ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ | ᠤᠨ ᠪᠠᠶᠢᠭᠤᠯᠤᠮᠵᠢ ᠨᠤᠭᠤᠳ ᠡᠯ᠎ᠡ ᠵᠦᠶᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠤᠷᠢᠲᠠᠯ ᠳᠣᠤᠷ᠎ᠠ᠂ ᠭᠥᠯᠢᠶᠡᠨ ᠠᠪᠬᠤ ᠬᠥᠮᠦᠨ ᠤ ᠲᠤᠭ᠎ᠠ ᠶᠢ ᠬᠢᠨᠠᠨ ᠲᠣᠭᠲᠠᠭᠠᠭᠰᠠᠨ | ᠬᠥᠮᠦᠨ ᠤ ᠲᠤᠭ᠎ᠠ ᠶᠢᠨ 75 % ᠠᠴᠠ ᠬᠡᠲᠦᠷᠡᠭᠦᠯᠵᠦ ᠪᠣᠯᠬᠤ ᠥᠬᠡᠶ᠃ | ᠶᠢᠰᠦ᠂ ᠵᠠᠮ ᠬᠠᠷᠢᠯᠴᠠᠭᠠᠨ ᠤ ᠥᠷᠲᠡᠭᠡ ᠴᠢᠭ ᠪᠣᠯᠤᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠢ | ᠰᠡᠷᠭᠡᠶᠢᠯᠡᠨ ᠡᠵᠡᠮᠳᠡᠬᠦ ᠠᠵᠢᠯ᠃ ᠲᠡᠮᠦᠷ ᠵᠠᠮ᠂ ᠵᠠᠰᠠᠮᠠᠯ ᠵᠠᠮ ᠵᠡᠷᠭᠡ ᠨᠢᠭᠡᠴᠡ ᠨᠦᠭᠦᠳ ᠠᠶᠠᠨᠴᠢᠳ ᠤᠨ ᠮᠡᠳᠡᠭᠡ | ᠵᠠᠩᠭᠢ ᠶᠢ ᠬᠢᠨᠠᠮᠠᠭᠠᠶ ᠪᠠᠶᠢᠴᠠᠭᠠᠨ ᠰᠢᠯᠭᠠᠵᠤ᠂ ᠠᠮᠠᠪᠴᠢ ᠵᠡᠭᠦᠬᠦ᠂ ᠡᠷᠡᠭᠦᠯ ᠮᠡᠨᠳᠦ ᠶᠢᠨ ᠺᠣᠳ᠋ ᠢ ᠪᠠᠶᠢᠴᠠᠭᠠᠨ | ᠰᠢᠯᠭᠠᠬᠤ᠂ ᠪᠡᠶ᠎ᠡ ᠶᠢᠨ ᠬᠠᠯᠠᠭᠤᠨ ᠢ ᠪᠠᠶᠢᠴᠠᠭᠠᠨ ᠬᠡᠮᠵᠢᠬᠦ᠂ ᠠᠷᠢᠭᠤᠳᠬᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠬᠥᠮᠦᠰ ᠪᠠ ᠰᠡᠵᠢᠭ ᠲᠠᠢ ᠡᠪᠡᠳᠴᠢᠨ ᠤ | ᠵᠢᠱᠢᠶ᠎ᠡ ᠶᠢ ᠢᠯᠡᠷᠡᠭᠦᠯᠪᠡᠯ ᠵᠢᠷᠤᠮᠵᠢᠭᠤᠯᠤᠨ ᠰᠢᠶᠳᠪᠦᠷᠢᠯᠡᠵᠦ᠂ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ ᠨᠡᠶᠢᠲᠡ | ᠶᠢᠨ ᠮᠠᠰᠢᠨ ᠲᠡᠷᠭᠡ᠂ ᠲᠦᠷᠢᠶᠡᠰᠦᠨ ᠮᠠᠰᠢᠨ ᠲᠡᠷᠭᠡ᠂ ᠰᠦᠯᠵᠢᠶ᠎ᠡ ᠪᠠᠷ ᠪᠣᠯᠵᠣᠬᠤ ᠮᠠᠰᠢᠨ ᠲᠡᠷᠭᠡ ᠵᠡᠷᠭᠡ ᠣᠯᠠᠨ | ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠴᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠶᠯ | ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠠᠶᠠᠨᠴᠢᠳ ᠨᠢ ᠢᠷᠭᠡᠨ ᠤ ᠬᠠᠷᠢᠭᠤᠴᠠᠯᠭ᠎ᠠ | ᠪᠣᠯᠤᠨ ᠡᠭᠦᠷᠭᠡ ᠪᠠᠨ ᠭᠦᠢᠴᠡᠳᠬᠡᠵᠦ᠂ ᠠᠵᠢᠯᠲᠠᠳ ᠲᠠᠢ ᠬᠠᠮᠵᠢᠯᠴᠠᠨ ᠬᠢᠵᠢᠭ ᠰᠡᠷᠭᠡᠶᠢᠯᠡᠬᠦ ᠠᠵᠢᠯ ᠢ ᠰᠠᠶᠢᠲᠤᠷ ᠬᠢᠬᠦ | ᠬᠡᠷᠡᠭᠲᠡᠶ᠃ | ᠠᠷᠪᠠ᠂ ᠰᠤᠷᠭᠠᠭᠤᠯᠢ ᠶᠢᠨ ᠬᠦᠷᠢᠶᠡᠨ ᠤ ᠰᠡᠷᠭᠡᠶᠢᠯᠡᠨ ᠡᠵᠡᠮᠳᠡᠬᠦ ᠠᠵᠢᠯ᠃ ᠡᠯ᠎ᠡ ᠱᠠᠲᠤᠨ ᠤ ᠡᠯ᠎ᠡ ᠲᠥᠷᠥᠯ | ᠤᠨ ᠰᠤᠷᠭᠠᠭᠤᠯᠢ ᠨᠤᠭᠤᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠬᠥᠮᠦᠵᠢᠯ ᠢ ᠦᠨᠡᠨ ᠬᠦ | ᠴᠢᠩᠭᠠᠳᠬᠠᠵᠤ᠂ ᠬᠢᠵᠢᠭ ᠤᠨ ᠪᠠᠶᠢᠳᠠᠯ ᠤᠨ ᠬᠤᠪᠢᠷᠠᠯᠲᠠ ᠶᠢ ᠮᠥᠷᠳᠡᠵᠦ᠂ ᠴᠠᠭ ᠲᠤᠬᠠᠶ ᠳᠤᠨᠢ ᠰᠡᠷᠡᠮᠵᠢᠯᠡᠭᠦᠯᠦᠨ | ᠰᠠᠨᠠᠭᠤᠯᠵᠤ᠂ ᠪᠠᠭᠰᠢ ᠰᠤᠷᠤᠭᠴᠢᠳ ᠲᠤ ᠬᠤᠪᠢ ᠬᠥᠮᠦᠨ ᠵᠢᠴᠢ ᠬᠡᠷ ᠪᠦᠯᠢ ᠶᠢᠨ ᠬᠠᠮᠠᠭᠠᠯᠠᠯᠲᠠ ᠶᠢ ᠰᠠᠶᠢᠲᠤᠷ ᠬᠢᠬᠦ | ᠶᠢ ᠴᠢᠩᠭ᠎ᠠ ᠱᠠᠭᠠᠷᠳᠠᠬᠤ ᠬᠡᠷᠡᠭᠲᠡᠶ᠃ ᠪᠠᠭᠰᠢ ᠰᠤᠷᠤᠭᠴᠢᠳ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ | ᠱᠠᠭᠠᠷᠳᠠᠯᠭ᠎ᠠ ᠶᠣᠰᠣᠭᠠᠷ ᠬᠤᠰᠢᠭᠤᠨ ᠠᠴᠠ ᠰᠠᠯᠬᠤ ᠦᠶ᠎ᠡ ᠮᠡᠳᠡᠭᠦᠯᠦᠨ ᠳᠠᠩᠰᠠᠯᠠᠭᠤᠯᠬᠤ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠬᠢᠯᠢ ᠶᠢᠨ ᠭᠠᠳᠠᠨ᠎ᠠ ᠪᠤᠶᠤ ᠳᠤᠮᠳᠠ ᠥᠨᠳᠥᠷ ᠡᠷᠡᠰᠳᠡᠯ ᠲᠠᠢ ᠭᠠᠵᠠᠷ ᠣᠷᠣᠨ ᠳᠤ ᠣᠴᠢᠵᠤ | ᠪᠣᠯᠬᠤ ᠥᠬᠡᠶ᠃ ᠵᠠᠷᠴᠢᠮ ᠳᠡᠭᠡᠷ᠎ᠡ ᠪᠠᠨ ᠪᠠᠭᠰᠢ ᠰᠤᠷᠤᠭᠴᠢᠳ ᠤᠨ ᠠᠮᠠᠷᠠᠯᠲᠠ ᠶᠢᠨ ᠬᠤᠭᠤᠴᠠᠭᠠᠨ ᠳᠤ | ᠰᠤᠷᠭᠠᠭᠤᠯᠢ ᠳᠠᠭᠠᠨ ᠦᠯᠡᠳᠡᠵᠦ ᠪᠣᠯᠬᠤ ᠥᠬᠡᠶ᠂ ᠦᠨᠡᠨ ᠬᠦ ᠰᠤᠷᠭᠠᠭᠤᠯᠢ ᠳᠠᠭᠠᠨ ᠦᠯᠡᠳᠡᠬᠦ ᠴᠢᠬᠤᠯᠠᠲᠠᠶ ᠪᠣᠯ | ᠬᠤᠰᠢᠭᠤᠨ ᠤ ᠬᠢᠵᠢᠭ ᠤᠨ ᠪᠠᠶᠢᠳᠠᠯ ᠤᠨ ᠵᠢᠯᠣᠭᠤᠳᠬᠤ ᠭᠠᠵᠠᠷ ᠲᠤ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ | ᠰᠤᠷᠭᠠᠭᠤᠯᠢ ᠶᠢᠨ ᠬᠦᠷᠢᠶᠡᠨ ᠤ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ | ᠬᠡᠷᠡᠭᠲᠡᠶ᠃ ᠠᠮᠠᠷᠠᠯᠲᠠ ᠶᠢᠨ ᠬᠤᠭᠤᠴᠠᠭᠠᠨ ᠳᠤ ᠪᠠᠭᠰᠢ ᠰᠤᠷᠤᠭᠴᠢᠳ ᠰᠤᠷᠭᠠᠭᠤᠯᠢ ᠳᠠᠭᠠᠨ ᠪᠤᠴᠠᠵᠤ ᠠᠵᠢᠯᠯᠠᠭᠠᠨ | ᠵᠣᠬᠢᠶᠠᠨ ᠪᠠᠶᠢᠭᠤᠯᠬᠤ ᠥᠬᠡᠶ᠂ ᠰᠤᠷᠭᠠᠭᠤᠯᠢ ᠶᠢᠨ ᠬᠦᠷᠢᠶ᠎ᠡ ᠶᠢ ᠦᠷᠭᠦᠯᠵᠢᠯᠡᠨ ᠪᠢᠲᠡᠭᠦᠮᠵᠢᠯᠡᠨ ᠬᠠᠮᠢᠶᠠᠷᠤᠨ᠎ᠠ᠃ | ᠠᠷᠪᠠᠨ ᠨᠢᠭᠡ᠂ ︽ᠴᠢᠬᠤᠯᠠ ᠦᠭᠡᠢ ᠪᠣᠯ ᠡᠷᠬᠢᠯᠡᠬᠦ ᠦᠭᠡᠢ ︾ ᠪᠠᠶᠢᠬᠤ ᠶᠢ ᠰᠠᠨᠠᠭᠠᠴᠢᠯᠠᠬᠤ ᠬᠡᠷᠡᠭᠲᠡᠢ᠃ | ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠨᠦᠭᠦᠳ ᠲᠤᠮᠤ | ᠬᠡᠯᠪᠡᠷᠢ ᠶᠢᠨ ᠬᠤᠷᠠᠯ ᠵᠢᠴᠢ ᠠᠵᠢᠯᠯᠠᠭ᠎ᠠ ᠶᠢᠨ ᠲᠤᠭ᠎ᠠ ᠬᠡᠪᠴᠢᠶ᠎ᠡ ᠶᠢ ᠴᠢᠩᠭ᠎ᠠ ᠬᠢᠵᠠᠭᠠᠷᠯᠠᠵᠤ᠂ ᠸᠢᠳᠢᠣ᠋ ᠵᠡᠷᠭᠡ | ᠰᠦᠯᠵᠢᠶᠡᠨ ᠳᠡᠭᠡᠷᠡᠬᠢ ᠬᠡᠯᠪᠡᠷᠢ ᠪᠠᠷ ᠬᠤᠷᠠᠯ ᠬᠤᠷᠠᠯᠳᠤᠭᠤᠯᠬᠤ ᠶᠢ ᠰᠠᠨᠠᠭᠠᠴᠢᠯᠠᠬᠤ ᠬᠡᠷᠡᠭᠲᠡᠢ᠃ ᠵᠠᠷᠴᠢᠮ ᠳᠡᠭᠡᠷ᠎ᠡ | ᠪᠠᠨ ᠪᠣᠯᠪᠠᠰᠤᠷᠠᠭᠤᠯᠤᠯ᠂ ᠬᠠᠮᠲᠤ ᠶᠢᠨ ᠵᠣᠯᠭᠠᠯᠲᠠ᠂ ᠬᠠᠮᠲᠤᠷᠠᠭᠰᠠᠨ ᠨᠠᠶᠢᠷ᠂ ᠲᠣᠮᠣ ᠬᠡᠯᠪᠡᠷᠢ ᠶᠢᠨ ᠰᠦᠮ᠎ᠡ ᠶᠢᠨ | ᠬᠤᠷᠠᠯ᠂ ᠣᠨ ᠤ ᠬᠤᠷᠠᠯ᠂ ᠰᠦᠯᠵᠢᠶᠡᠨ ᠭᠠᠳᠠᠨ᠎ᠠ ᠳᠡᠯᠭᠡᠨ ᠪᠣᠷᠣᠯᠠᠭᠤᠯᠬᠤ ᠪᠠ ᠪᠣᠷᠣᠯᠠᠭᠤᠯᠭ᠎ᠠ ᠶᠢ ᠠᠬᠢᠭᠤᠯᠬᠤ | ᠵᠡᠷᠭᠡ ᠠᠵᠢᠯᠯᠠᠭ᠎ᠠ ᠶᠢ ᠡᠷᠬᠢᠯᠡᠬᠦ ᠦᠭᠡᠶ᠃ | ᠠᠷᠪᠠᠨ ᠬᠤᠶᠠᠷ᠂ ᠬᠤᠷᠢᠮ ᠨᠠᠶᠢᠷ ᠡᠷᠭᠢᠯᠡᠬᠦ ᠳᠤ ︽ᠬᠢᠵᠢᠭ ᠢ ᠰᠡᠷᠭᠡᠶᠢᠯᠡᠨ ᠬᠤᠷᠢᠭᠯᠠᠬᠤ ᠠᠮᠠᠯᠠᠯᠲᠠ ᠶᠢᠨ | ᠪᠢᠴᠢᠭ ︾ ᠲᠣᠭᠲᠠᠬᠤ ᠬᠡᠷᠡᠭᠲᠡᠶ᠃ ᠵᠣᠴᠢᠳ ᠤᠨ ᠲᠤᠭ᠎ᠠ ᠶᠢ ᠪᠠᠭᠠᠰᠬᠠᠵᠤ᠂ ᠬᠤᠰᠢᠭᠤᠨ ᠤ ᠭᠠᠳᠠᠨᠠᠬᠢ ᠬᠥᠮᠦᠰ ᠢ | ᠤᠷᠢᠨ ᠣᠷᠣᠯᠴᠠᠭᠤᠯᠵᠤ ᠪᠣᠯᠬᠤ ᠥᠬᠡᠶ᠂ ᠡᠷᠡᠭᠦᠯ ᠮᠡᠨᠳᠦ ᠶᠢᠨ ᠺᠣᠳ᠋ ᠢ ᠪᠠᠶᠢᠴᠠᠭᠠᠨ ᠰᠢᠯᠭᠠᠬᠤ᠂ ᠮᠡᠳᠡᠭᠡ ᠵᠠᠩᠭᠢ ᠶᠢ | ᠳᠠᠩᠰᠠᠯᠠᠬᠤ᠂ ᠪᠡᠶ᠎ᠡ ᠶᠢᠨ ᠬᠠᠯᠠᠭᠤᠨ ᠢ ᠪᠠᠶᠢᠴᠠᠭᠠᠬᠤ᠂ ᠣᠷᠴᠢᠨ ᠲᠣᠭᠤᠷᠢᠨ ᠢ ᠠᠷᠢᠭᠤᠳᠬᠠᠬᠤ ᠵᠡᠷᠭᠡ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠬᠤᠷᠢᠮ ᠨᠠᠶᠢᠷ ᠠᠴᠠ ᠭᠠᠳᠠᠨ᠎ᠠ ᠭᠡᠷ ᠪᠦᠯᠢ ᠶᠢᠨ | ᠬᠤᠪᠢ ᠬᠥᠮᠦᠨ ᠤ ᠴᠤᠭᠯᠠᠭᠠᠨ ᠨᠠᠶᠢᠷ ᠵᠡᠷᠭᠡ ᠶᠢ 10 ᠬᠥᠮᠦᠨ ᠠᠴᠠ ᠳᠣᠷᠣᠭᠰᠢ ᠬᠢᠵᠠᠭᠠᠷᠯᠠᠬᠤ ᠬᠡᠷᠡᠭᠲᠡᠶ᠃ | ᠠᠷᠪᠠᠨ ᠭᠤᠷᠪᠠ᠂ ︽ᠴᠢᠬᠤᠯᠠ ᠦᠭᠡᠢ ᠪᠣᠯ ᠨᠤᠲᠤᠭ ᠲᠠᠭᠠᠨ ᠪᠤᠴᠠᠬᠤ ᠥᠬᠡᠶ︾ ᠪᠠᠶᠢᠬᠤ ᠶᠢ | ᠰᠠᠨᠠᠭᠠᠴᠢᠯᠠᠬᠤ ᠬᠡᠷᠡᠭᠲᠡᠶ᠃ ᠮᠠᠨ ᠤ ᠬᠤᠰᠢᠭᠤᠨ ᠤ ᠭᠠᠳᠠᠨ᠎ᠠ ᠪᠠᠶᠢᠭ᠎ᠠ ᠬᠥᠮᠦᠰ ᠨᠢ ᠴᠢᠬᠤᠯᠠ ᠦᠭᠡᠢ ᠪᠣᠯ ᠪᠤᠴᠠᠬᠤ | ᠦᠭᠡᠢ ᠪᠠᠶᠢᠵᠤ᠂ ᠦᠨᠡᠨ ᠬᠦ ᠬᠤᠰᠢᠭᠤᠨ ᠳᠠᠭᠠᠨ ᠪᠤᠴᠠᠵᠤ ᠢᠷᠡᠬᠦ ᠴᠢᠬᠤᠯᠠ ᠲᠠᠢ ᠪᠣᠯ ᠵᠠᠮ ᠳᠠᠭᠠᠨ ᠠᠮᠠᠪᠴᠢ | ᠵᠡᠭᠦᠵᠦ᠂ ᠭᠠᠷ ᠢᠶᠠᠨ ᠦᠷᠭᠦᠯᠵᠢ ᠤᠬᠢᠶᠠᠵᠤ᠂ ᠠᠮᠤᠷ ᠲᠦᠪᠰᠢᠨ ᠤ ᠵᠠᠶ ᠶᠢ ᠪᠠᠲᠤᠯᠠᠨ᠂ ᠥᠪᠡᠷ ᠢᠶᠠᠨ ᠲᠡᠷᠭᠡ | ᠵᠢᠯᠣᠭᠤᠳᠴᠤ ᠬᠤᠰᠢᠭᠤᠨ ᠳᠠᠭᠠᠨ ᠪᠤᠴᠠᠬᠤ ᠶᠢ ᠰᠠᠨᠠᠭᠠᠴᠢᠯᠠᠨ᠎ᠠ᠃ ᠬᠤᠰᠢᠭᠤᠨ ᠳᠠᠭᠠᠨ ᠪᠤᠴᠠᠭᠰᠠᠨ ᠤ ᠳᠠᠷᠠᠭ᠎ᠠ | ᠠᠶᠢᠯ ᠴᠥᠭᠡᠨᠲ᠋ᠣᠭᠤᠷᠢᠵᠤ᠂ ᠳᠠᠶᠢᠯᠠᠯᠭ᠎ᠠ ᠳᠤ ᠴᠥᠭᠡᠨ ᠣᠷᠣᠯᠴᠠᠨ᠂ ᠴᠤᠭᠯᠠᠷᠠᠬᠤ ᠥᠬᠡᠶ ᠪᠠᠶᠢᠵᠤ᠂ ᠬᠠᠯᠠᠭᠤᠷᠠᠬᠤ᠂ | ᠬᠠᠨᠢᠶᠠᠬᠤ᠂ ᠴᠡᠭᠡᠵᠢ ᠪᠥᠭᠯᠡᠷᠡᠬᠦ ᠵᠡᠷᠭᠡ ᠡᠪᠡᠳᠴᠢᠨ ᠤ ᠪᠠᠶᠢᠳᠠᠯ ᠢᠯᠡᠷᠡᠪᠡᠯ᠂ ᠴᠠᠭ ᠲᠤᠬᠠᠶ ᠳᠤᠨᠢ ᠭᠠᠴᠠᠭ᠎ᠠ | ᠲᠣᠰᠬᠤᠨ ︵ᠨᠡᠶᠢᠭᠡᠮ ᠲᠣᠭᠤᠷᠢᠭ︶ ᠳᠤ ᠮᠡᠳᠡᠭᠦᠯᠵᠦ ᠳᠠᠩᠰᠠᠯᠠᠭᠤᠯᠬᠤ ᠶᠢᠨ ᠬᠠᠮᠲᠤ᠂ ᠬᠤᠪᠢ ᠬᠥᠮᠦᠨ ᠤ | ᠰᠡᠷᠭᠡᠶᠢᠯᠡᠨ ᠬᠠᠮᠠᠭᠠᠯᠠᠯᠲᠠ ᠶᠢ ᠰᠠᠶᠢᠲᠤᠷ ᠬᠢᠵᠦ ᠣᠶᠢᠷ᠎ᠠ ᠬᠠᠪᠢ ᠶᠢᠨ ᠬᠠᠯᠠᠭᠤᠷᠠᠯ ᠤᠨ ᠡᠭᠦᠳᠡᠨ ᠡᠮᠨᠡᠯᠭᠡ ᠳᠤ | ᠬᠦᠷᠴᠦ ᠡᠮᠨᠡᠭᠦᠯᠬᠦ ᠬᠡᠷᠡᠭᠲᠡᠶ᠃ | ᠠᠷᠪᠠᠨ ᠲᠦᠷᠪᠡ᠂ ︽ᠴᠢᠬᠤᠯᠠ ᠦᠭᠡᠢ ᠪᠣᠯ ᠬᠤᠰᠢᠭᠤᠨ ᠠᠴᠠ ᠭᠠᠷᠬᠤ ᠦᠭᠡᠢ︾ ᠪᠠᠶᠢᠬᠤ ᠶᠢ | ᠰᠠᠨᠠᠭᠠᠴᠢᠯᠠᠨ᠎ᠠ᠃ ᠬᠤᠰᠢᠭᠤᠨ ᠳᠣᠲᠣᠷᠠᠬᠢ ᠬᠥᠮᠥᠰ ᠴᠢᠬᠤᠯᠠ ᠦᠭᠡᠢ ᠪᠣᠯ ᠭᠠᠳᠠᠭᠰᠢ ᠭᠠᠷᠬᠤ ᠦᠭᠡᠢ ᠪᠠᠶᠢᠵᠤ᠂ | ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠪᠠ ᠠᠵᠤ ᠠᠬᠤᠶᠢᠯᠠᠯ ᠠᠵᠢᠯ ᠦᠶᠯᠡᠰ ᠤᠨ ᠨᠢᠭᠡᠴᠢ ᠶᠢᠨ ᠠᠵᠢᠯᠲᠠᠨ | ᠲᠦᠷᠦᠭᠦᠯᠡᠨ ᠬᠤᠰᠢᠭᠤᠨ ᠳᠠᠭᠠᠨ ᠰᠢᠨᠡᠯᠡᠵᠦ᠂ ᠦᠨᠡᠨᠬᠦ ᠬᠤᠰᠢᠭᠤᠨ ᠠᠴᠠ ᠪᠠᠨ ᠭᠠᠷᠬᠤ ᠴᠢᠬᠤᠯᠠ ᠲᠠᠢ ᠪᠣᠯ | ᠪᠠᠶᠢᠭ᠎ᠠ ᠪᠠᠶᠢᠭᠤᠯᠭ᠎ᠠ ᠳᠠᠭᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃ ᠰᠠᠭᠤᠭᠠᠯᠢ ᠠᠷᠠᠳ ᠤᠨ ᠭᠠᠳᠠᠭᠰᠢ ᠭᠠᠷᠬᠤ | ᠶᠢ ᠪᠠᠭᠠᠰᠬᠠᠬᠤ ᠶᠢ ᠰᠠᠨᠠᠭᠠᠴᠢᠯᠠᠵᠤ᠂ ᠬᠢᠯᠢ ᠶᠢᠨ ᠭᠠᠳᠠᠨ᠎ᠠ ᠵᠢᠴᠢ ᠤᠯᠤᠰ ᠠᠴᠠ ᠬᠥᠳᠡᠯᠦᠩᠭᠦᠶ ᠲᠣᠬᠢᠷᠠᠭᠤᠯᠤᠯᠲᠠ | ᠬᠢᠭᠰᠡᠨ ᠳᠤᠮᠳᠠ᠂ ᠥᠨᠳᠥᠷ ᠡᠷᠡᠰᠳᠡᠯ ᠲᠠᠢ ᠭᠠᠵᠠᠷ ᠣᠷᠣᠨ ᠳᠤ ᠣᠴᠢᠬᠤ ᠴᠢᠬᠤᠯᠠᠲᠠᠶ ᠪᠣᠯ᠂ ᠬᠤᠰᠢᠭᠤᠨ ᠠᠴᠠ | ᠰᠠᠯᠬᠤ ᠠᠴᠠ ᠪᠠᠨ ᠡᠮᠦᠨ᠎ᠡ ᠪᠠᠶᠢᠭ᠎ᠠ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠪᠦᠷᠢᠳᠬᠡᠭᠦᠯᠦᠨ | ᠳᠠᠩᠰᠠᠯᠠᠭᠤᠯᠵᠤ᠂ ᠬᠤᠪᠢ ᠬᠥᠮᠦᠨ ᠤ ᠬᠠᠮᠠᠭᠠᠯᠠᠯᠲᠠ ᠶᠢ ᠪᠥᠬᠦ ᠶᠠᠪᠤᠴᠠ ᠳᠤ ᠰᠠᠶᠢᠲᠤᠷ ᠬᠢᠵᠦ᠂ ᠬᠤᠰᠢᠭᠤᠨ ᠳᠠᠭᠠᠨ | ᠪᠤᠴᠠᠭᠰᠠᠨ ᠤ ᠳᠠᠷᠠᠭ᠎ᠠ ᠲᠡᠷᠡ ᠳᠠᠷᠤᠶ ᠳᠤᠨᠢ ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠶᠢᠨ ᠬᠠᠮᠲᠤ ᠮᠠᠨ ᠤ | ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ ᠤᠬᠠᠮᠰᠠᠷ ᠠᠴᠠ ᠪᠠᠨ | ᠬᠠᠮᠢᠶᠠᠷᠤᠯᠲᠠ ᠶᠢ ᠬᠦᠯᠢᠶᠡᠬᠦ ᠬᠡᠷᠡᠭᠲᠡᠶ᠃ | ᠠᠷᠪᠠᠨ ᠲᠠᠪᠤ᠂ ᠬᠢᠨᠠᠨ ᠵᠢᠯᠣᠭᠤᠳᠴᠤ ᠪᠠᠶᠢᠴᠠᠭᠠᠬᠤ ᠶᠢ ᠴᠢᠩᠭᠠᠳᠬᠠᠬᠤ ᠬᠡᠷᠡᠭᠲᠡᠶ᠃ ᠬᠤᠰᠢᠭᠤᠨ ᠤ | ᠬᠢᠵᠢᠭ ᠤᠨ ᠪᠠᠶᠢᠳᠠᠯ ᠢ ᠪᠠᠶᠢᠩᠭᠤ ᠰᠡᠷᠭᠡᠶᠢᠯᠡᠨ ᠡᠵᠡᠮᠳᠡᠬᠦ ᠬᠢᠨᠠᠨ ᠵᠢᠯᠣᠭᠤᠳᠬᠤ ᠳᠤᠭᠤᠶᠢᠯᠠᠩ ᠦᠷᠭᠦᠯᠵᠢ | ᠭᠤᠤᠯᠳᠠᠯᠭ᠎ᠠ ᠲᠠᠢ ᠬᠦᠷᠢᠶ᠎ᠡ᠂ ᠭᠤᠤᠯᠳᠠᠯᠭ᠎ᠠ ᠲᠠᠢ ᠠᠵᠢᠯ ᠲᠥᠷᠥᠯ᠂ ᠭᠤᠤᠯᠳᠠᠯᠭ᠎ᠠ ᠲᠠᠢ ᠵᠠᠩᠭᠢᠯᠠᠭ᠎ᠠ ᠵᠢᠴᠢ | ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ᠂ ᠪᠷᠦ᠋ᠼᠧᠯ ᠡᠪᠡᠳᠴᠢᠨ᠂ ᠣᠷᠣᠨ ᠨᠤᠲᠤᠭ ᠤᠨ ᠡᠪᠡᠳᠴᠢᠨ ᠢ | ᠰᠡᠷᠭᠡᠶᠢᠯᠡᠨ ᠵᠠᠰᠠᠬᠤ᠂ ᠤᠳᠠᠭᠠᠨ ᠴᠢᠨᠠᠷᠲᠠᠢ ᠡᠪᠡᠳᠴᠢᠨ ᠢ ᠰᠡᠷᠭᠡᠶᠢᠯᠡᠨ ᠡᠵᠡᠮᠳᠡᠬᠦ᠂ ᠤᠯᠤᠰ ᠢᠶᠠᠨ ᠬᠠᠶᠢᠷᠠᠯᠠᠬᠤ | ᠡᠷᠡᠭᠦᠯ ᠬᠠᠮᠠᠭᠠᠯᠠᠯ ᠤᠨ ᠵᠠᠭᠤᠨ ᠡᠳᠦᠷ ᠤᠨ ᠠᠵᠢᠯᠯᠠᠭ᠎ᠠ᠂ ᠡᠷᠡᠭᠦᠯ ᠡᠩᠬᠡ ᠪᠠᠭᠠᠷᠢᠨ ᠪᠠᠷᠠᠭᠤᠨ ᠬᠤᠰᠢᠭᠤᠨ ᠤ | ᠠᠵᠢᠯᠯᠠᠭ᠎ᠠ ᠵᠡᠷᠭᠡ 6 ᠵᠦᠶᠯ ᠤᠨ ᠠᠵᠢᠯ ᠢ ᠲᠤᠰᠬᠠᠶ ᠬᠢᠨᠠᠨ ᠵᠢᠯᠣᠭᠤᠳᠴᠤ᠂ ᠡᠯ᠎ᠡ ᠵᠦᠶᠯ ᠤᠨ ᠭᠤᠤᠯᠳᠠᠯᠭ᠎ᠠ ᠲᠠᠢ | ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ᠃ | ᠪᠠᠭᠠᠷᠢᠨ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠲᠡᠰ | 2021ᠣᠨ ᠤ1 ᠰᠠᠷ᠎ᠠ ᠶᠢᠨ8 ᠤ ᠡᠳᠦᠷ |