| ᠪᠦᠬᠦ ᠬᠤᠲᠠ ᠶᠢᠨ ᠬᠤᠲᠠ ᠬᠥᠳᠡᠭᠡ ᠶᠢᠨ ᠥᠷᠭᠡᠨ ᠣᠯᠠᠨ ᠰᠠᠭᠤᠭᠠᠯᠢ ᠠᠷᠠᠳ ᠲᠤ᠄ | ᠣᠶᠢᠷ᠎ᠠ ᠳᠤ᠂ ᠪᠥᠬᠦ ᠤᠯᠤᠰ ᠲᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠳᠠᠷᠬᠠᠨ | ᠳᠡᠯᠭᠡᠷᠡᠬᠦ ᠳᠤ ᠰᠢᠨ᠎ᠡ ᠬᠤᠪᠢᠷᠠᠯᠲᠠ ᠭᠠᠷᠴᠤ᠂ ᠮᠠᠨ ᠤ ᠬᠤᠲᠠ ᠶᠢᠨ ᠡᠷᠬᠢᠨ ᠲᠣᠭᠤᠷᠢᠨ ᠤ ᠭᠠᠵᠠᠷ ᠣᠷᠣᠨ ᠳᠤ | ᠬᠡᠰᠡᠭ ᠪᠤᠰᠠᠭ ᠢᠶᠠᠷ ᠳᠠᠷᠬᠠᠨ ᠳᠡᠯᠭᠡᠷᠡᠬᠦ ᠪᠠ ᠬᠡᠰᠡᠭ ᠭᠠᠵᠠᠷ ᠲᠤ ᠲᠥᠪᠯᠡᠷᠡᠬᠦ ᠴᠢᠨᠠᠷᠲᠠᠶ ᠬᠢᠵᠢᠭ ᠤᠨ ᠪᠠᠶᠢᠳᠠᠯ | ᠰᠣᠯᠪᠢᠴᠠᠨ ᠳᠠᠪᠬᠤᠴᠠᠬᠤ ᠪᠠᠶᠢᠳᠠᠯ ᠲᠠᠢ ᠪᠣᠯᠪᠠ᠃ ᠢᠯᠠᠩᠭᠤᠶ᠎ᠠ ᠴᠠᠭᠠᠨ ᠰᠠᠷ᠎ᠠ ᠤᠳᠠᠯ ᠥᠬᠡᠶ ᠬᠦᠷᠴᠦ ᠢᠷᠡᠬᠦ | ᠭᠡᠵᠦ ᠪᠠᠶᠢᠭ᠎ᠠ ᠦᠶ᠎ᠡ ᠳᠤ᠂ ᠬᠥᠮᠦᠰ ᠤᠨ ᠶᠠᠪᠤᠵᠤ ᠰᠠᠭᠤᠬᠤ ᠤᠯᠠᠰᠢᠷᠠᠨ᠂ ᠴᠤᠭᠯᠠᠷᠠᠯ ᠤᠨ ᠴᠢᠨᠠᠷᠲᠠᠶ ᠬᠦᠴᠦᠨ | ᠵᠦᠶᠯ ᠨᠡᠮᠡᠭᠳᠡᠵᠤ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠨᠢ ᠬᠦᠨᠳᠦ | ᠬᠡᠴᠡᠭᠦᠦ ᠪᠠᠶᠢᠳᠠᠯ ᠳᠤ ᠲᠤᠯᠭᠠᠷᠠᠵᠤ ᠪᠠᠶᠢᠨ᠎ᠠ᠃ ᠣᠳᠣᠬᠠᠨ ᠳᠤ ᠮᠠᠨ ᠤ ᠬᠤᠲᠠ ᠨᠢᠭᠡᠨᠲᠡ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠪᠠ᠃ ᠬᠡᠷ ᠪᠦᠯᠢ ᠨᠢᠭᠡᠪᠦᠷᠢ ᠶᠢᠨ ᠵᠣᠯ ᠵᠢᠷᠭᠠᠯ | ᠠᠮᠤᠷ ᠠᠮᠤᠭᠤᠯᠠᠩ ᠢ ᠰᠠᠶᠢᠲᠤᠷ ᠬᠠᠮᠠᠭᠠᠯᠠᠵᠤ᠂ ᠬᠤᠷᠢᠮ ᠨᠠᠶᠢᠷ ᠪᠡᠯᠪᠡᠰᠦᠷᠡᠯ ᠵᠡᠷᠭᠡ ᠬᠥᠮᠦᠰ ᠴᠤᠭᠯᠠᠷᠠᠭᠰᠠᠨ ᠠᠴᠠ | ᠪᠣᠯᠵᠣ ᠬᠢᠵᠢᠭ ᠳᠡᠯᠭᠡᠷᠡᠬᠦ ᠠᠶᠤᠯ ᠲᠦᠭᠰᠢᠭᠦᠷᠢ ᠠᠴᠠ ᠵᠠᠶᠢᠯᠠᠰᠬᠢᠬᠦ ᠶᠢᠨ ᠲᠥᠯᠥᠭᠡ ᠣᠨᠴᠠᠭᠠᠶᠢᠯᠠᠨ ᠳᠣᠤᠷᠠᠬᠢ ᠮᠡᠲᠦ | ᠰᠠᠨᠠᠭᠠᠴᠢᠯᠠᠭ᠎ᠠ ᠭᠠᠷᠭᠠᠪᠠ᠃ | ᠨᠢᠭᠡ᠂ ᠬᠤᠷᠢᠮ ᠨᠠᠶᠢᠷ ᠢ ᠬᠤᠶᠢᠰᠢᠯᠠᠭᠤᠯᠤᠨ ᠬᠢᠬᠦ ᠶᠢ ᠰᠠᠨᠠᠭᠠᠴᠢᠯᠠᠨ᠎ᠠ᠃ ᠣᠷᠤᠭ ᠳᠠᠩᠰᠠᠯᠠᠭᠤᠯᠬᠤ | ᠲᠥᠯᠥᠪᠯᠡᠭᠡ ᠲᠠᠢ ᠰᠢᠨ᠎ᠡ ᠬᠥᠮᠦᠨ ᠣᠯᠠᠨ ᠨᠡᠶᠢᠲᠡ ᠶᠢᠨ ᠲᠠᠯᠠᠪᠤᠷ ᠲᠤ ᠬᠤᠪᠢ ᠬᠥᠮᠦᠨ ᠤ ᠰᠡᠷᠭᠡᠶᠢᠯᠡᠯᠲᠡ | ᠬᠠᠮᠠᠭᠠᠯᠠᠯᠲᠠ ᠪᠠᠨ ᠰᠠᠶᠢᠲᠤᠷ ᠬᠢᠵᠦ᠂ ᠰᠦᠯᠵᠢᠶ᠎ᠡ ᠪᠠᠷ ᠳᠡᠮᠵᠢᠨ ᠤᠷᠢᠳᠴᠢᠯᠠᠨ ᠪᠣᠯᠵᠣᠵᠤ᠂ ᠡᠮᠬᠢ ᠵᠢᠷᠤᠮ ᠲᠠᠢ᠂ | ᠣᠷᠭᠢᠯ ᠤᠨ ᠬᠤᠭᠤᠴᠠᠭ᠎ᠠ ᠶᠢ ᠵᠥᠷᠢᠭᠦᠯᠦᠨ ᠣᠷᠤᠭ ᠳᠠᠩᠰᠠᠯᠠᠬᠤ ᠭᠠᠵᠠᠷ ᠲᠤ ᠬᠦᠷᠴᠦ ᠭᠦᠶᠴᠡᠳᠬᠡᠵᠦ ᠪᠣᠯᠤᠨ᠎ᠠ᠃ | ᠢᠯᠠᠩᠭᠤᠶ᠎ᠠ ᠴᠠᠭᠠᠨ ᠰᠠᠷ᠎ᠠ ᠶᠢᠨ ᠤᠷᠢᠳ ᠬᠤᠵᠢᠳ ᠪᠠ ᠠᠮᠠᠷᠠᠭᠴᠤᠤᠯ ᠤᠨ ᠪᠠᠶᠠᠷ ᠲᠤ ᠲᠠᠭᠠᠷᠠᠭᠤᠯᠤᠨ ᠣᠷᠤᠭ | ᠳᠠᠩᠰᠠᠯᠠᠭᠤᠯᠬᠤ ᠠᠴᠠ ᠵᠠᠶᠢᠯᠠᠰᠬᠢᠬᠦ ᠶᠢ ᠣᠨᠴᠠᠭᠠᠶᠢᠯᠠᠨ ᠠᠩᠬᠠᠷᠬᠤ ᠬᠡᠷᠡᠭᠲᠡᠶ᠃ ᠬᠤᠷᠢᠮ ᠤᠨ ᠳᠠᠶᠢᠯᠠᠯᠭ᠎ᠠ᠂ ᠬᠡᠦᠬᠡᠳ | ᠤᠨ ᠰᠠᠷ᠎ᠠ ᠶᠢᠨ ᠬᠤᠷᠢᠮ᠂ ᠲᠥᠷᠥᠭᠰᠡᠨ ᠡᠳᠦᠷ ᠤᠨ ᠳᠠᠶᠢᠯᠠᠯᠭ᠎ᠠ᠂ ᠣᠷᠤᠭ ᠲᠣᠭᠲᠠᠬᠤ ᠳᠠᠶᠢᠯᠠᠯᠭ᠎ᠠ ᠵᠢᠴᠢ ᠡᠯ᠎ᠡ | ᠵᠦᠶᠯ ᠤᠨ ᠬᠠᠮᠲᠤ ᠶᠢᠨ ᠳᠠᠶᠢᠯᠠᠯᠭ᠎ᠠ ᠶᠢ ᠡᠷᠭᠢᠯᠡᠬᠦ ᠥᠬᠡᠶ ᠪᠤᠶᠤ ᠠᠯᠭᠤᠷᠯᠠᠬᠤ ᠶᠢ ᠰᠠᠨᠠᠭᠠᠴᠢᠯᠠᠵᠤ᠂ ᠬᠤᠷᠢᠮ ᠤᠨ | ᠳᠠᠶᠢᠯᠠᠯᠭ᠎ᠠ ᠵᠡᠷᠭᠡ ᠠᠵᠢᠯᠯᠠᠭ᠎ᠠ ᠶᠢ ᠬᠢᠵᠢᠭ ᠤᠨ ᠪᠠᠶᠢᠳᠠᠯ ᠨᠠᠮᠳᠠᠭᠰᠠᠨ ᠤ ᠳᠠᠷᠠᠭ᠎ᠠ ᠰᠠᠶᠢᠨ ᠡᠳᠦᠷ ᠢ ᠰᠣᠩᠭᠤᠵᠤ | ᠶᠠᠪᠤᠭᠳᠠᠭᠤᠯᠤᠨ᠎ᠠ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠬᠤᠷᠢᠮ ᠤᠨ ᠵᠠᠩ ᠦᠢᠯᠡ ᠶᠢᠨ ᠰᠣᠶᠣᠯ ᠪᠠ ᠤᠳᠤ | ᠦᠶ᠎ᠡ ᠶᠢᠨ ᠪᠣᠯᠪᠠᠰᠤᠨ ᠤ ᠠᠭᠤᠰᠤᠯᠴᠠᠯ ᠢ ᠰᠠᠨᠠᠭᠠᠴᠢᠯᠠᠨ ᠠᠬᠢᠭᠤᠯᠵᠤ᠂ ᠲᠦᠬᠦᠮ ᠪᠥᠭᠡᠳ ᠲᠣᠬᠢᠷᠠᠮᠵᠢᠲᠠᠢ᠂ | ᠪᠣᠯᠪᠠᠰᠤᠨ ᠥᠭᠡᠳᠡᠷᠬᠡᠭ ᠬᠤᠷᠢᠮ ᠤᠨ ᠵᠠᠩ ᠦᠢᠯᠡ ᠶᠢ ᠡᠷᠬᠢᠮᠯᠡᠨ ᠳᠡᠭᠡᠳᠦᠯᠡᠵᠦ᠂ ᠱᠠᠯᠢᠨ ᠪᠦᠷᠢᠯᠭᠡᠬᠦ ᠪᠠ ᠵᠦᠢ | ᠵᠤᠬᠢᠰ ᠦᠭᠡᠢ ᠬᠡᠷᠡᠭᠯᠡᠭᠡ ᠶᠢ ᠡᠰᠡᠷᠭᠦᠴᠡᠨ᠎ᠡ᠃ ᠬᠤᠷᠢᠮ ᠤᠨ ᠶᠣᠰᠣᠯᠠᠯ ᠢ ᠳᠥᠭᠦᠮᠴᠢᠯᠡᠬᠦ ᠶᠢ ᠰᠠᠨᠠᠭᠠᠴᠢᠯᠠᠵᠤ᠂ | ᠬᠤᠷᠢᠮ ᠤᠨ ᠬᠡᠪᠴᠢᠶ᠎ᠡ ᠶᠢ ᠬᠢᠵᠠᠭᠠᠷᠯᠠᠨ᠂ ᠬᠤᠷᠢᠮ ᠤᠨ ᠴᠠᠭ ᠢ ᠪᠣᠭᠤᠨᠢᠰᠬᠠᠵᠤ᠂ ᠲᠥᠷᠥᠯ ᠰᠠᠳᠤᠨ ᠢᠶᠠᠨ | ᠤᠭᠲᠤᠬᠤ ᠲᠡᠷᠭᠡ ᠬᠥᠰᠬᠡ᠂ ᠬᠤᠷᠢᠮ ᠤᠨ ᠰᠢᠷᠡᠭᠡ ᠶᠢᠨ ᠲᠤᠭ᠎ᠠ ᠪᠠ ᠪᠠᠷᠢᠮᠵᠢᠶ᠎ᠠ ᠶᠢ ᠬᠢᠵᠠᠭᠠᠷᠯᠠᠨ᠂ ᠯᠠᠷᠵᠢᠶ᠎ᠠ | ᠶᠠᠮᠪᠠ ᠲᠠᠲᠠᠬᠤ᠂ ᠪᠠᠶᠠᠨ ᠲᠠᠩᠰᠤᠭ ᠢᠶᠠᠨ ᠠᠳᠠᠯᠢᠳᠬᠠᠬᠤ᠂ ᠪᠣᠭᠲᠣᠯᠠᠬᠤ ᠪᠡᠯᠡᠭ ᠥᠭᠬᠦ ᠵᠡᠷᠭᠡ ᠮᠠᠭᠤ ᠰᠤᠷᠲᠠᠯ ᠢ | ᠬᠤᠷᠢᠭᠯᠠᠬᠤ ᠬᠡᠷᠡᠭᠲᠡᠢ᠃ | ᠬᠤᠶᠠᠷ᠂ ᠴᠠᠭᠠᠨ ᠤ ᠶᠠᠪᠤᠳᠠᠯ ᠢ ᠳᠥᠭᠦᠮᠴᠢᠯᠡᠬᠦ ᠶᠢ ᠰᠠᠨᠠᠭᠠᠴᠢᠯᠠᠨ᠎ᠠ᠃ ᠥᠷᠭᠡᠨ ᠣᠯᠠᠨ ᠬᠤᠲᠠ ᠬᠥᠳᠡᠭᠡ | ᠶᠢᠨ ᠰᠠᠭᠤᠭᠠᠯᠢ ᠠᠷᠠᠳ ᠤᠨ ᠴᠢᠬᠤᠯᠠ ᠪᠦᠬᠦᠢ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠪᠠᠨ ᠰᠠᠶᠢᠲᠤᠷ ᠬᠢᠬᠦ ᠶᠢ | ᠰᠠᠨᠠᠭᠠᠴᠢᠯᠠᠵᠤ᠂ ᠴᠠᠭᠠᠨ ᠤ ᠶᠠᠪᠤᠳᠠᠯ ᠢ ᠳᠥᠭᠦᠮᠴᠢᠯᠡᠨ ᠲᠦᠷᠭᠡᠨ ᠬᠦᠢᠴᠡᠳᠬᠡᠵᠤ᠂ ᠴᠠᠭᠠᠨ ᠤ ᠶᠠᠪᠤᠳᠠᠯ ᠤᠨ | ᠬᠡᠪᠴᠢᠶ᠎ᠡ ᠶᠢ ᠬᠢᠵᠠᠭᠠᠷᠯᠠᠨ᠂ ᠴᠠᠭ ᠢ ᠪᠣᠭᠤᠨᠢᠰᠬᠠᠵᠤ᠂ ᠴᠤᠭᠯᠠᠭᠠᠨ ᠨᠠᠶᠢᠷ ᠬᠢᠬᠦ ᠦᠭᠡᠶ ᠪᠠᠶᠢᠵᠤ᠂ ᠬᠥᠮᠦᠰ ᠤᠨ | ᠴᠤᠭᠯᠠᠷᠠᠬᠤ ᠶᠢ ᠪᠠᠭᠠᠰᠬᠠᠬᠤ ᠬᠡᠷᠡᠭᠲᠡᠶ᠃ ᠣᠯᠠᠨ ᠨᠡᠶᠢᠲᠡ ᠶᠢᠨ ᠲᠠᠯᠠᠪᠤᠷ ᠲᠤ ᠴᠢᠨᠳᠠᠷ ᠤᠨ ᠲᠠᠩᠬᠢᠮ᠂ ᠭᠠᠰᠢᠭᠤᠳᠠᠯ | ᠤᠨ ᠬᠥᠭᠵᠢᠮ ᠫᠤᠤᠵᠢᠩ ᠲᠠᠯᠪᠢᠬᠤ᠂ ᠹᠸᠣᠳᠠᠯ ᠤᠨ ᠮᠤᠬᠤᠷ ᠪᠢᠰᠢᠷᠡᠯ ᠭᠠᠷᠭᠠᠬᠤ ᠵᠡᠷᠭᠡ ᠠᠷᠠᠳ ᠢ ᠦᠢᠮᠡᠭᠦᠯᠬᠦ | ᠦᠢᠯᠡ ᠠᠵᠢᠯᠯᠠᠭ᠎ᠠ ᠶᠢ ᠡᠰᠡᠷᠭᠦᠴᠡᠵᠦ᠂ ᠹᠸᠣᠳᠠᠯ ᠤᠨ ᠮᠤᠬᠤᠷ ᠪᠢᠰᠢᠷᠡᠯ ᠤᠨ ᠣᠷᠣᠰᠢᠭᠤᠯᠭ᠎ᠠ ᠶᠢᠨ ᠬᠡᠷᠡᠭᠰᠡᠯ | ᠬᠡᠷᠡᠭᠯᠡᠬᠦ ᠶᠢ ᠡᠰᠡᠷᠭᠦᠴᠡᠵᠦ᠂ ᠬᠤᠳᠠ ᠲᠣᠭᠤᠷᠢᠭ ᠤᠨ ᠵᠡᠭᠡᠯᠢ ᠭᠤᠳᠤᠮᠵᠢ᠂ ᠵᠠᠮ ᠤᠨ ᠠᠭᠤᠯᠵᠠᠷ᠂ ᠭᠤᠣᠯ ᠤᠨ ᠵᠠᠮ | ᠤᠨ ᠬᠤᠶᠠᠷ ᠬᠠᠵᠠᠭᠤ ᠵᠡᠷᠭᠡ ᠣᠯᠠᠨ ᠨᠡᠶᠢᠲᠡ ᠶᠢᠨ ᠣᠷᠣᠨ ᠳᠤ ᠴᠠᠭᠠᠰᠤᠨ ᠵᠣᠭᠤᠰ ᠰᠢᠲᠠᠭᠠᠬᠤ ᠶᠢ ᠴᠢᠩᠭ᠎ᠠ | ᠬᠤᠷᠢᠭᠯᠠᠵᠤ᠂ ᠬᠡᠭᠡᠷ᠎ᠡ ᠭᠠᠳᠠᠨ᠎ᠠ ᠢᠯᠡ ᠭᠠᠯ ᠨᠣᠴᠣᠭᠠᠵᠤ ᠲᠠᠬᠢᠯᠭ᠎ᠠ ᠡᠷᠬᠦᠬᠦ᠂ ᠬᠤᠸᠠᠷ ᠫᠤᠤᠵᠢᠩ ᠲᠠᠯᠪᠢᠬᠤ ᠶᠢ | ᠴᠢᠩᠭ᠎ᠠ ᠬᠤᠷᠢᠭᠯᠠᠨ᠎ᠠ᠃ ︽ᠤᠯᠠᠭᠠᠨᠬᠠᠳᠠ ᠶᠢᠨ ᠲᠠᠬᠢᠯᠭ᠎ᠠ ᠶᠢᠨ ᠰᠦᠯᠵᠢᠶ᠎ᠡ︾ ᠪᠠᠷ ᠳᠠᠮᠵᠢᠭᠤᠯᠤᠨ ᠰᠦᠯᠵᠢᠶ᠎ᠡ ᠪᠠᠷ | ᠲᠠᠬᠢᠯᠭ᠎ᠠ ᠬᠢᠬᠦ᠂ ᠣᠷᠣᠯᠠᠨ ᠲᠠᠬᠢᠯᠭ᠎ᠠ ᠬᠢᠬᠦ᠂ ᠪᠠᠭ᠎ᠠ ᠬᠡᠪᠴᠢᠶᠡᠨ ᠤ ᠬᠡᠷ ᠪᠦᠯᠢ ᠶᠢᠨ ᠡᠷᠭᠢᠴᠡᠭᠦᠯᠦᠯ ᠵᠡᠷᠭᠡ ᠰᠢᠨ᠎ᠡ | ᠬᠡᠯᠪᠡᠷᠢ ᠶᠢᠨ ᠲᠠᠬᠢᠯᠭ᠎ᠠ ᠬᠢᠬᠦ ᠪᠠᠷ ᠨᠠᠰᠤ ᠨᠦᠬᠦᠴᠡᠭᠰᠡᠨ ᠬᠦᠮᠦᠰ ᠢ ᠮᠥᠷᠥᠭᠡᠳᠦᠨ ᠰᠠᠨᠠᠭᠠᠯᠵᠠᠬᠤ ᠶᠢ | ᠵᠣᠷᠢᠭᠵᠢᠭᠤᠯᠵᠤ᠂ ᠲᠤᠬᠠᠶ ᠶᠢᠨ ᠭᠠᠵᠠᠷ ᠲᠤ ᠴᠤᠭᠯᠠᠷᠠᠨ ᠲᠠᠬᠢᠯᠭ᠎ᠠ ᠬᠢᠭᠰᠡᠨ ᠠᠴᠠ ᠪᠣᠯᠤᠭᠰᠠᠨ ᠬᠢᠵᠢᠭ | ᠬᠠᠯᠳᠠᠪᠤᠷᠢᠯᠠᠬᠤ ᠡᠷᠡᠰᠳᠡᠯ ᠢ ᠪᠠᠭᠠᠰᠬᠠᠬᠤ ᠬᠡᠷᠡᠭᠳᠠᠢ᠃ | ᠭᠤᠷᠪᠠ᠂ ᠨᠠᠮ ᠤᠨ ᠭᠡᠰᠢᠭᠦᠨ ᠺᠠᠳ᠋ᠷᠴᠤᠳ ᠤᠨ ᠲᠦᠷᠦᠭᠦᠯᠡᠨ ᠵᠢᠱᠢᠶ᠎ᠡ ᠦᠵᠡᠭᠦᠯᠬᠦ ᠦᠢᠯᠡᠳᠦᠯ ᠢᠶᠠᠨ | ᠪᠠᠳᠠᠷᠠᠭᠤᠯᠬᠤ ᠶᠢ ᠰᠠᠨᠠᠭᠠᠴᠢᠯᠠᠨ᠎ᠠ᠃ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠱᠠᠭᠠᠷᠳᠠᠯᠭ᠎ᠠ ᠶᠢ ᠲᠦᠷᠦᠭᠦᠯᠡᠨ ᠢᠳᠡᠪᠬᠢᠲᠡᠶ ᠨᠠᠶᠢᠳᠠᠪᠤᠷᠢᠵᠢᠭᠤᠯᠬᠤ ᠶᠢ | ᠤᠷᠢᠶᠠᠯᠠᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠲᠠᠯ᠎ᠠ ᠪᠠᠷ ᠵᠢᠱᠢᠶ᠎ᠡ ᠦᠵᠡᠬᠦᠯᠦᠨ᠂ | ᠨᠡᠶᠢᠭᠡᠮ ᠤᠨ ᠬᠠᠷᠢᠭᠤᠴᠠᠯᠭ᠎ᠠ ᠡᠭᠦᠷᠭᠡᠯᠡᠵᠦ᠂ ᠭᠡᠷ ᠪᠦᠯᠢ ᠶᠢᠨ ᠰᠡᠷᠭᠡᠶᠢᠯᠡᠯᠲᠡ ᠶᠢᠨ ᠱᠤᠭᠤᠮ ᠳᠡᠭᠡᠷ᠎ᠡ ᠬᠤᠰᠢᠭᠤᠴᠢ | ᠪᠤᠯᠤᠨ᠎ᠠ᠃ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ ᠤ ᠬᠥᠲᠥᠯᠥᠨ ᠵᠢᠯᠣᠭᠤᠳᠬᠤ ᠶᠢ | ᠲᠦᠷᠦᠭᠦᠯᠡᠨ ᠰᠠᠶᠢᠲᠤᠷ ᠬᠢᠵᠤ᠂ ᠣᠷᠤᠭ ᠬᠤᠷᠢᠮ᠂ ᠣᠷᠣᠰᠢᠭᠤᠯᠭ᠎ᠠ ᠶᠢᠨ ᠶᠠᠪᠤᠳᠠᠯ᠂ ᠳᠡᠭᠡᠳᠦᠰ ᠢᠶᠠᠨ ᠲᠡᠬᠢᠬᠤ ᠳᠤ | ᠠᠷᠪᠢᠯᠠᠨ ᠭᠠᠮᠨᠠᠵᠤ᠂ ᠬᠡᠪ ᠵᠠᠩᠰᠢᠯ ᠢᠶᠠᠨ ᠥᠭᠡᠷᠡᠴᠢᠯᠡᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠳᠠᠭᠠᠭᠤᠯᠤᠭᠴᠢ᠂ ᠤᠬᠠᠭᠤᠯᠤᠭᠴᠢ ᠪᠤᠯᠬᠤ ᠪᠠᠷ ᠴᠢᠷᠮᠠᠶᠢᠵᠤ᠂ ᠵᠥᠪ ᠤᠳᠤᠷᠢᠳᠤᠮᠵᠢ ᠪᠠ ᠦᠢᠯᠡ ᠠᠵᠢᠯᠯᠠᠭ᠎ᠠ ᠪᠠᠷ | ᠥᠷᠭᠡᠨ ᠣᠯᠠᠨ ᠲᠦᠮᠡᠨ ᠢ ᠳᠠᠶᠢᠴᠢᠯᠠᠨ ᠦᠵᠡᠯᠲᠡ ᠶᠢ ᠨᠢ ᠬᠤᠪᠢᠷᠠᠭᠤᠯᠬᠤ ᠬᠡᠷᠡᠭᠲᠡᠶ᠃ ᠳᠡᠷᠭᠡᠳᠡᠬᠢ ᠬᠠᠤᠯᠢ | ᠲᠣᠭᠲᠠᠭᠠᠯ ᠠᠴᠠ ᠵᠥᠷᠢᠴᠡᠭᠰᠡᠨ ᠪᠠ ᠪᠣᠯᠪᠠᠰᠤᠨ ᠪᠤᠰᠤ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠢᠳᠬᠠᠨ | ᠬᠤᠷᠢᠭᠯᠠᠵᠤ᠂ ᠰᠢᠯᠢᠳᠡᠭ ᠰᠠᠶᠢᠨ ᠨᠠᠮ ᠤᠨ ᠰᠤᠷᠲᠠᠯ ᠵᠠᠰᠠᠭ ᠤᠨ ᠰᠤᠷᠲᠠᠯ ᠢᠶᠠᠷ ᠠᠷᠠᠳ ᠤᠨ ᠰᠤᠷᠲᠠᠯ ᠢ | ᠲᠠᠶᠢᠴᠢᠯᠠᠨ᠂ ᠤᠶᠤᠨ ᠤ ᠪᠣᠯᠪᠠᠰᠤᠨ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠦᠨᠡᠩᠬᠦ ᠲᠦᠯᠬᠢᠨ | ᠠᠬᠢᠭᠤᠯᠬᠤ ᠬᠡᠷᠡᠭᠳᠠᠢ᠃ | ᠳᠥᠷᠪᠡ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠶᠢ ᠰᠠᠨᠠᠭᠠᠴᠢᠯᠠᠨ᠎ᠠ᠃ ᠭᠠᠴᠠᠭ᠎ᠠ | ᠲᠣᠰᠬᠤᠨ ︵ᠰᠠᠭᠤᠭᠠᠯᠢ︶ ᠤ ᠠᠷᠠᠳ ᠤᠨ ᠵᠥᠪᠯᠡᠯ ᠨᠢ ᠬᠤᠰᠢᠭᠤ ᠰᠢᠶᠠᠨ ︵ᠲᠣᠭᠤᠷᠢᠭ︶᠂ ᠰᠤᠮᠤ ᠰᠢᠶᠠᠩ | ᠪᠠᠯᠭᠠᠰᠤ ︵ᠵᠡᠭᠡᠯᠢ ᠭᠤᠳᠤᠮᠵᠢ︶ ᠶᠢᠨ ᠤᠳᠤᠷᠢᠳᠤᠯᠭ᠎ᠠ ᠶᠢᠨ ᠳᠣᠣᠷ᠎ᠠ᠂ ᠲᠣᠰᠬᠤᠨ ᠤ ᠱᠠᠲᠤᠨ ᠤ ᠬᠠᠮᠢᠶᠠᠷᠤᠯᠲᠠ | ᠶᠢᠨ ᠵᠣᠬᠢᠶᠠᠨ ᠪᠠᠶᠢᠭᠤᠯᠤᠯᠲᠠ ᠪᠣᠯᠤᠨ ᠤᠯᠠᠭᠠᠨ ᠴᠠᠭᠠᠨ ᠤ ᠬᠡᠷᠡᠭ ᠡᠷᠬᠢᠯᠡᠭᠴᠢᠳ ᠤᠨ ᠵᠦᠪᠯᠡᠯ ᠵᠡᠷᠭᠡ ᠤᠯᠠᠨ | ᠲᠦᠮᠡᠨ ᠤ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠪᠦᠲᠦᠮᠵᠢᠲᠡᠢ ᠪᠠᠳᠠᠷᠠᠭᠤᠯᠬᠤ ᠶᠢ | ᠰᠠᠨᠠᠭᠠᠴᠢᠯᠠᠨ᠂ ᠥᠷᠭᠡᠨ ᠢᠶᠠᠷ ᠲᠠᠶᠢᠴᠢᠯᠠᠨ ᠤᠬᠠᠭᠤᠯᠵᠤ᠂ ᠲᠤᠰ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ | ᠰᠠᠭᠤᠭᠠᠯᠢ ᠠᠷᠠᠳ ᠤᠨ ᠤᠯᠠᠭᠠᠨ ᠴᠠᠭᠠᠨ ᠤ ᠶᠠᠪᠤᠳᠠᠯ ᠤᠨ ᠵᠢᠯᠣᠭᠤᠳᠤᠮᠵᠢ ᠶᠢ ᠰᠠᠨᠠᠭᠠᠴᠢᠯᠠᠭ᠎ᠠ ᠠᠴᠠ ᠪᠠᠨ | ᠰᠠᠶᠢᠲᠤᠷ ᠬᠢᠵᠦ᠂ ᠤᠬᠠᠭᠤᠯᠭ᠎ᠠ ᠬᠥᠮᠦᠵᠢᠯ ᠪᠣᠯᠤᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ | ᠣᠷᠤᠭ ᠳᠠᠩᠰᠠᠯᠠᠬᠤ ᠪᠠᠶᠢᠭᠤᠯᠭ᠎ᠠ ᠠᠴᠠ ᠬᠢᠵᠢᠭ ᠤᠨ ᠪᠠᠶᠢᠳᠠᠯ ᠤᠨ ᠬᠥᠭᠵᠢᠯᠲᠡ ᠶᠢᠨ ᠬᠡᠮᠵᠢᠶ᠎ᠡ ᠶᠢ ᠦᠨᠳᠦᠰᠦᠯᠡᠨ | ᠤᠷᠢᠳᠴᠢᠯᠠᠨ ᠪᠣᠯᠵᠣᠵᠤ ᠳᠠᠩᠰᠠᠯᠠᠬᠤ ᠶᠢ ᠬᠡᠷᠡᠭᠵᠢᠭᠦᠯᠬᠦ ᠶᠢ ᠰᠠᠨᠠᠭᠠᠴᠢᠯᠠᠵᠤ᠂ ᠦᠨᠡᠮᠯᠡᠯ ᠣᠯᠭᠤᠬᠤ ᠶᠣᠰᠣᠯᠠᠯ | ᠶᠠᠪᠤᠭᠤᠯᠬᠤ ᠥᠬᠡᠶ᠃ ᠣᠷᠣᠰᠢᠭᠤᠯᠭ᠎ᠠ ᠶᠢᠨ ᠦᠢᠯᠡᠴᠢᠯᠡᠭᠡᠨ ᠤ ᠪᠠᠶᠢᠭᠤᠯᠤᠮᠵᠢ ᠪᠠᠶᠢᠳᠠᠯ ᠢ ᠨᠢ ᠦᠵᠡᠵᠦ ᠪᠠᠶᠢᠭᠠᠳ | ᠣᠷᠣᠰᠢᠭᠤᠯᠭ᠎ᠠ ᠶᠢᠨ ᠭᠠᠵᠠᠷ ᠤᠨ ᠪᠡᠯᠪᠡᠰᠦᠷᠡᠯ ᠲᠠᠬᠢ ᠣᠶᠢᠷ᠎ᠠ ᠲᠥᠷᠥᠯ ᠰᠠᠳᠤᠨ ᠤ ᠬᠥᠮᠦᠨ ᠤ ᠲᠤᠭ᠎ᠠ ᠶᠢ | ᠬᠢᠵᠠᠭᠠᠷᠯᠠᠬᠤ ᠶᠢ ᠰᠠᠨᠠᠭᠠᠴᠢᠯᠠᠬᠤ ᠬᠡᠷᠡᠭᠲᠡᠶ᠃ ᠥᠷᠭᠡᠨ ᠤᠯᠠᠨ ᠰᠠᠭᠤᠭᠠᠯᠢ ᠠᠷᠠᠳ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠤᠬᠠᠮᠰᠠᠷ ᠪᠣᠯᠤᠨ ᠥᠪᠡᠷ ᠢ ᠪᠠᠨ ᠬᠠᠮᠠᠭᠠᠯᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠴᠢᠬᠤᠯᠠ | ᠦᠭᠡᠢ ᠪᠣᠯ ᠭᠠᠳᠠᠭᠰᠢ ᠭᠠᠷᠬᠤ ᠦᠭᠡᠢ᠂ ᠴᠢᠬᠤᠯᠠ ᠦᠭᠡᠢ ᠪᠣᠯ ᠴᠤᠭᠯᠠᠷᠠᠬᠤ ᠦᠭᠡᠢ᠂ ᠭᠠᠵᠠᠷ ᠣᠷᠣᠨ ᠠᠯᠤᠰᠯᠠᠨ | ᠤᠯᠠᠭᠠᠨ ᠴᠠᠭᠠᠨ ᠤ ᠠᠵᠢᠯᠯᠠᠭ᠎ᠠ ᠳᠤ ᠣᠷᠣᠯᠴᠠᠬᠤ ᠦᠭᠡᠢ ᠪᠠᠶᠢᠬᠤ ᠬᠡᠷᠡᠭᠲᠡᠢ᠃ | ᠠᠷᠠᠳ ᠲᠦᠮᠡᠨ ᠢ ᠲᠡᠭᠡᠳᠦᠯᠡᠨ᠂ ᠠᠮᠢ ᠨᠠᠰᠤ ᠶᠢ ᠲᠡᠬᠡᠳᠦᠯᠡᠶᠠ᠃ ᠪᠥᠬᠦ ᠬᠤᠲᠠ ᠶᠢᠨ ᠥᠷᠭᠡᠨ ᠣᠯᠠᠨ | ᠰᠠᠭᠤᠭᠠᠯᠢ ᠠᠷᠠᠳ ᠴᠠᠯᠠᠭᠠᠶᠢᠳᠠᠬᠤ ᠥᠬᠡᠶ ᠪᠠᠶᠢᠵᠤ᠂ ᠬᠤᠷᠢᠮ ᠨᠠᠶᠢᠷ ᠢ ᠬᠤᠶᠢᠰᠢᠯᠠᠭᠤᠯᠤᠨ ᠭᠦᠶᠴᠡᠳᠬᠡᠬᠦ᠂ ᠴᠠᠭᠠᠨ | ᠤ ᠶᠠᠪᠤᠳᠠᠯ ᠢ ᠳᠥᠭᠦᠮᠴᠢᠯᠡᠨ ᠭᠦᠶᠴᠡᠳᠬᠡᠬᠦ ᠶᠢ ᠬᠡᠷᠡᠭᠵᠢᠭᠦᠯᠵᠦ᠂ ᠬᠥᠮᠦᠨ ᠬᠠᠷ᠎ᠠ ᠬᠤᠷᠠᠨ ᠴᠤᠭᠯᠠᠷᠠᠬᠤ ᠶᠢ ᠴᠢᠩᠭ᠎ᠠ | ᠰᠡᠷᠭᠡᠶᠢᠯᠡᠵᠦ᠂ ᠣᠯᠠᠨ ᠢᠶᠠᠷ ᠢᠶᠠᠨ ᠰᠡᠷᠬᠡᠶᠢᠯᠡᠨ ᠣᠯᠠᠨ ᠢᠶᠠᠷ ᠢᠶᠠᠨ ᠡᠵᠡᠮᠳᠡᠵᠤ ᠰᠠᠶᠢᠨ ᠰᠠᠶᠢᠬᠠᠨ ᠨᠡᠶᠢᠭᠡᠮ ᠤᠨ | ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ | ᠮᠠᠬᠠᠪᠣᠳ ᠤᠨ ᠡᠷᠡᠭᠦᠯ ᠮᠡᠨᠳᠦ ᠶᠢ ᠦᠨᠡᠩᠬᠦ ᠪᠠᠲᠤᠯᠠᠵᠤ᠂ ᠢᠳᠡᠪᠬᠢᠲᠡᠶ ᠣᠪᠣᠷ ᠪᠠᠶᠢᠳᠠᠯ ᠪᠠ ᠪᠣᠳᠠᠲᠤ ᠠᠵᠢᠯᠯᠠᠭ᠎ᠠ | ᠪᠠᠷ ᠢᠶᠠᠨ ᠬᠠᠲᠠᠭᠤ ᠪᠡᠷᠬᠡᠰᠢᠶᠡᠯ ᠢ ᠬᠠᠮᠲᠤ ᠪᠠᠷ ᠲᠠᠪᠠᠵᠤ᠂ ᠴᠠᠭ ᠤᠨ ᠪᠡᠷᠬᠡ ᠶᠢ ᠴᠤᠭᠭᠠᠷ ᠳᠤᠭᠤᠯᠵᠤ᠂ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠡᠷᠡᠰ ᠲᠡᠪᠴᠢᠵᠦ᠂ ᠮᠠᠨ ᠤ ᠬᠤᠲᠠ ᠶᠢᠨ ᠬᠢᠵᠢᠭ | ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠶᠢᠯᠠᠯᠳᠤᠭᠠᠨ ᠤ ᠢᠯᠠᠯᠲᠠ ᠶᠢ ᠪᠥᠬᠦ ᠲᠠᠯ᠎ᠠ ᠪᠠᠷ ᠤᠯᠬᠤ ᠶᠢ ᠪᠠᠳᠤᠯᠠᠶ᠎ᠠ︕ | | ᠤᠯᠠᠭᠠᠨᠬᠠᠳᠠ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ | 2021 ᠣᠨ ᠤ 1 ᠰᠠᠷ᠎ᠠ ᠶᠢᠨ 10 ᠤ ᠡᠳᠦᠷ | |