︽ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠬᠠᠷᠢᠶ᠎ᠠ ᠭᠠᠵᠠᠷ ᠢᠶᠠᠷ ᠬᠠᠮᠢᠶᠠᠷᠤᠭᠤᠯᠬᠤ᠂ ᠰᠠᠯᠠᠭ᠎ᠠ | ᠮᠥᠴᠢᠷ ᠤᠳ ᠬᠠᠮᠵᠢᠯᠴᠠᠬᠤ᠂ ᠨᠡᠶᠢᠭᠡᠮ ᠳᠠᠶᠠᠭᠠᠷ ᠣᠷᠣᠯᠴᠠᠬᠤ︾ ᠠᠵᠢᠯ ᠤᠨ ᠵᠠᠷᠴᠢᠮ ᠶᠣᠰᠣᠭᠠᠷ᠂ ᠬᠠᠷᠢᠶ᠎ᠠ | ᠭᠠᠵᠠᠷ᠂ ᠰᠠᠯᠠᠭ᠎ᠠ ᠮᠥᠴᠢᠷ᠂ ᠨᠢᠭᠡᠴᠡ ᠪᠣᠯᠤᠨ ᠬᠤᠪᠢ ᠬᠥᠮᠦᠨ ᠤ ︽ᠳᠥᠷᠪᠡᠨ ᠲᠠᠯ᠎ᠠ ︾ ᠶᠢᠨ ᠬᠠᠷᠢᠭᠤᠴᠠᠯᠭ᠎ᠠ | ᠶᠢ ᠴᠢᠩᠭ᠎ᠠ ᠪᠣᠳᠠᠲᠠᠶᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ | ᠲᠤᠶᠢᠯ ᠤᠨ ᠣᠨᠣᠪᠴᠢᠲᠠᠶ ᠪᠠᠷ ᠰᠠᠶᠢᠲᠤᠷ ᠬᠢᠬᠦ ᠶᠢᠨ ᠲᠤᠰᠠᠳᠠ᠂ ᠡᠳᠦᠭᠡ ᠬᠤᠯᠪᠣᠭᠳᠠᠯ ᠪᠥᠬᠦᠶ ᠤᠴᠢᠷ ᠢ | ᠳᠠᠷᠠᠭᠠᠬᠢ ᠮᠡᠲᠦ ᠮᠡᠳᠡᠭᠳᠡᠶ᠎ᠡ᠄ | ᠨᠢᠭᠡ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠡᠯ᠎ᠡ ᠰᠤᠮᠤ | ᠪᠠᠯᠭᠠᠰᠤ ᠵᠡᠭᠡᠯᠢ ᠭᠤᠳᠤᠮᠵᠢ ᠶᠢᠨ ᠬᠢᠨ ᠲᠤᠰ ᠭᠠᠵᠠᠷ ᠣᠷᠣᠨ ᠤ ᠪᠠᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠵᠤ᠂ ᠲᠤᠰ ᠬᠠᠷᠢᠶ᠎ᠠ ᠣᠷᠣᠨ ᠤ ᠪᠠᠨ ᠬᠢᠵᠢᠭ ᠤᠨ ᠪᠠᠶᠢᠳᠠᠯ | ᠢ ᠰᠡᠷᠭᠡᠶᠢᠯᠡᠨ ᠡᠵᠡᠮᠳᠡᠬᠦ ᠠᠵᠢᠯ ᠢ ᠡᠯ᠎ᠡ ᠵᠦᠢᠯ ᠤᠨ ᠠᠵᠢᠯ ᠤᠨ ᠢᠶᠠᠨ ᠴᠢᠬᠤᠯᠠ ᠠᠴᠠ ᠴᠢᠬᠤᠯᠠ ᠵᠦᠢᠯ ᠪᠣᠯᠭᠠᠵᠤ᠂ | ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠡᠭᠦᠰᠬᠦ ᠶᠢ | ᠰᠡᠷᠭᠡᠶᠢᠯᠡᠬᠦ︾ ᠠᠵᠢᠯ ᠢ ᠦᠷᠭᠦᠯᠵᠢᠯᠡᠨ ᠴᠢᠩᠭ᠎ᠠ ᠨᠠᠷᠢᠯᠢᠭ ᠪᠥᠭᠡᠳ ᠪᠣᠳᠠᠲᠠᠢ ᠠᠳᠬᠤᠬᠤ ᠬᠡᠷᠡᠭᠲᠡᠢ᠃ | ᠵᠢᠯᠣᠭᠤᠳᠬᠤ ᠲᠣᠭᠲᠠᠴᠠ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠲᠥᠰᠦᠯ ᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠵᠢᠯᠣᠭᠤᠳᠬᠤ ᠰᠢᠰᠲ᠋ᠧᠮ ᠤᠨ ᠤᠷᠤᠭᠰᠢᠲᠠᠶ ᠥᠨᠳᠥᠷ ᠦᠷ᠎ᠡ ᠪᠦᠲᠦᠮᠵᠢᠲᠡᠶ ᠠᠵᠢᠯᠯᠠᠬᠤ ᠶᠢ | ᠦᠨᠡᠨᠬᠦ ᠪᠠᠲᠤᠯᠠᠵᠤ᠂ ᠪᠠᠴᠢᠮ ᠪᠠᠶᠢᠳᠠᠯ ᠭᠠᠷᠤᠮᠠᠭᠴᠠ ᠳᠠᠷᠤᠶ ᠳᠤᠨᠢ ᠲᠤᠰᠬᠠᠯ ᠭᠠᠷᠭᠠᠬᠤ ᠶᠢ ᠪᠠᠲᠤᠯᠠᠵᠤ᠂ | ᠲᠣᠭᠲᠠᠭᠰᠠᠨ ᠳᠡᠰ ᠳᠠᠷᠠᠭᠠᠯᠠᠯ ᠤᠨ ᠶᠣᠰᠣᠭᠠᠷ ᠴᠠᠭ ᠲᠤᠬᠠᠶ ᠳᠤᠨᠢ ᠲᠣᠬᠢᠲᠠᠶ ᠰᠢᠶᠳᠪᠦᠷᠢᠯᠡᠬᠦ ᠬᠡᠷᠡᠭᠲᠡᠶ᠃ ᠵᠠᠷᠤᠳᠠᠯ | ᠤᠨ ᠣᠷᠣᠭᠤᠯᠤᠯᠲᠠ ᠪᠠᠨ ᠨᠡᠮᠡᠭᠳᠡᠭᠦᠯᠵᠦ᠂ ᠡᠳ᠋ ᠪᠣᠳᠠᠰ ᠤᠨ ᠪᠠᠲᠤᠯᠠᠭ᠎ᠠ ᠪᠠᠨ ᠴᠢᠩᠭᠠᠳᠬᠠᠬᠤ ᠶᠢᠨ ᠬᠠᠮᠲᠤ ᠬᠢᠵᠢᠭ | ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠱᠠᠭᠠᠷᠳᠠᠨ ᠵᠢᠯᠣᠭᠤᠳᠴᠤ ᠪᠠᠶᠢᠴᠠᠭᠠᠬᠤ ᠠᠵᠢᠯ ᠢ ᠪᠠᠶᠢᠩᠭᠤ | ᠥᠷᠨᠢᠭᠦᠯᠵᠦ᠂ ᠰᠡᠷᠭᠡᠶᠢᠯᠡᠨ ᠡᠵᠡᠮᠳᠡᠬᠦ ᠠᠯᠳᠠᠰᠢ ᠭᠠᠷᠬᠤ ᠶᠢ ᠴᠠᠭ ᠲᠤᠬᠠᠢ ᠳᠤᠨᠢ ᠬᠤᠷᠢᠭᠯᠠᠬᠤ ᠬᠡᠷᠡᠭᠲᠡᠢ᠃ | ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠬᠠᠷᠢᠭᠤᠴᠠᠯᠭ᠎ᠠ ᠶᠢ ᠡᠯ᠎ᠡ ᠬᠦᠷᠢᠶ᠎ᠡ᠂ ᠡᠯ᠎ᠡ ᠵᠠᠩᠭᠢᠯᠠᠭ᠎ᠠ᠂ ᠡᠯ᠎ᠡ | ᠬᠠᠷᠢᠭᠤᠴᠠᠯᠭᠠᠲᠠᠨ ᠳᠤ ᠨᠠᠶᠢᠳᠠᠪᠤᠷᠢᠵᠢᠭᠤᠯᠵᠤ᠂ ︽ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ᠂ ᠠᠵᠢᠯ ᠤᠨ | ᠬᠠᠷᠢᠭᠤᠴᠠᠯᠭ᠎ᠠ ᠪᠠᠨ ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ︾ ᠶᠢ ᠦᠨᠡᠨ ᠬᠦ ᠪᠡᠶᠡᠯᠡᠭᠦᠯᠬᠦ | ᠬᠡᠷᠡᠭᠲᠡᠢ᠃ | ᠬᠤᠶᠠᠷ᠂ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ | ᠤᠬᠠᠭᠤᠯᠭ᠎ᠠ᠂ ᠢᠨᠲ᠋ᠧᠷ ᠰᠦᠯᠵᠢᠶᠡᠨ ᠤ ᠮᠡᠳᠡᠭᠡ ᠵᠠᠩᠭᠢ᠂ ᠳᠣᠲᠣᠭᠠᠳᠤ ᠶᠢ ᠬᠠᠮᠠᠭᠠᠯᠠᠬᠤ᠂ ᠬᠥᠭᠵᠢᠭᠦᠯᠦᠯᠲᠡ | ᠥᠭᠡᠷᠡᠴᠢᠯᠡᠯᠲᠡ᠂ ᠠᠵᠤ ᠦᠢᠯᠡᠳᠪᠦᠷᠢ ᠰᠢᠨᠵᠢᠯᠡᠬᠦ ᠤᠬᠠᠭᠠᠨ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠤᠷᠭᠠᠨ | ᠬᠥᠮᠦᠵᠢᠯ᠂ ᠰᠣᠶᠣᠯ ᠲᠠᠮᠢᠷ᠂ ᠠᠷᠠᠳ ᠤᠨ ᠶᠠᠪᠤᠳᠠᠯ᠂ ᠬᠠᠤᠯᠢ ᠴᠠᠭᠠᠵᠠ᠂ ᠵᠠᠮ ᠬᠠᠷᠢᠯᠴᠠᠭ᠎ᠠ ᠲᠡᠭᠡᠭᠡᠪᠦᠷᠢ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ | ᠬᠤᠲᠠ ᠶᠢᠨ ᠬᠠᠮᠢᠶᠠᠷᠤᠯᠲᠠ᠂ ᠪᠠᠶᠢᠭᠠᠯᠢ ᠶᠢᠨ ᠡᠬᠢ ᠪᠠᠶᠠᠯᠢᠭ᠂ ᠲᠠᠷᠢᠶᠠᠯᠠᠩ ᠮᠠᠯ ᠠᠵᠤ ᠠᠬᠤᠶ᠂ ᠣᠳᠣᠬᠢᠴᠢᠯᠠᠯᠲᠠ | ᠶᠢᠨ ᠠᠯᠪᠠᠨ ᠬᠡᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠤᠯᠢ ᠬᠡᠷᠡᠭᠵᠢᠭᠦᠯᠦᠯᠲᠡ᠂ ᠠᠷᠠᠳ ᠤᠨ ᠪᠠᠩᠬᠢ᠂ | ᠲᠡᠮᠦᠷ ᠵᠠᠮ ᠵᠡᠷᠭᠡ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠭᠤᠤᠯᠴᠢᠯᠠᠨ ᠬᠠᠮᠢᠶᠠᠷᠬᠤ ᠬᠠᠷᠢᠭᠤᠴᠠᠯᠭ᠎ᠠ | ᠪᠠᠨ ᠨᠠᠶᠢᠳᠠᠪᠤᠷᠢᠵᠢᠭᠤᠯᠵᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠪᠠᠨ ᠴᠢᠩᠭᠠᠳᠬᠠᠬᠤ ᠬᠡᠷᠡᠭᠲᠡᠶ᠃ | ᠲᠤᠰ ᠠᠵᠢᠯ ᠲᠦᠷᠦᠯ᠂ ᠲᠤᠰ ᠰᠢᠰᠲ᠋ᠧᠮ ᠤᠨ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ | ᠲᠣᠭᠤᠷᠢᠨ ᠪᠠᠶᠢᠴᠠᠭᠠᠬᠤ ᠶᠠᠪᠤᠳᠠᠯ ᠢ ᠴᠢᠩᠭᠠᠳᠬᠠᠵᠤ᠂ ᠱᠠᠭᠠᠷᠳᠠᠨ ᠵᠢᠯᠣᠭᠤᠳᠴᠤ᠂ ᠲᠤᠰ ᠠᠵᠢᠯ ᠲᠦᠷᠦᠯ ᠤᠨ | ᠣᠨᠴᠠᠯᠢᠭ ᠲᠤ ᠲᠤᠬᠢᠷᠠᠬᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠰᠦᠯ ᠪᠣᠯᠤᠨ ᠮᠡᠷᠭᠡᠵᠢᠯ ᠤᠨ | ᠵᠦᠭᠯᠡᠭᠦᠷ ᠢ ᠲᠣᠭᠲᠠᠭᠠᠨ ᠲᠡᠭᠦᠯᠳᠡᠷᠵᠢᠭᠦᠯᠬᠦ ᠶᠢᠨ ᠬᠠᠮᠲᠤ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ | ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠳᠤᠷᠢᠳᠬᠤ ᠲᠣᠭᠲᠠᠴᠠ ᠶᠢ ᠪᠠᠶᠢᠭᠤᠯᠵᠤ᠂ ᠪᠦᠬᠦ | ᠠᠵᠢᠯ ᠲᠦᠷᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠯᠪᠠᠰᠤᠷᠠᠯ ᠪᠣᠯᠤᠨ ᠪᠠᠴᠢᠮ ᠪᠠᠶᠢᠳᠠᠯ ᠢ | ᠠᠷᠭᠠᠴᠠᠭᠠᠬᠤ ᠰᠣᠷᠢᠯᠲᠠ ᠬᠢᠬᠦ ᠶᠢ ᠠᠬᠢᠭᠤᠯᠤᠨ᠎ᠠ᠃ | ᠭᠤᠷᠪᠠ᠂ ᠨᠢᠭᠡᠴᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠡᠯ᠎ᠡ | ᠪᠠᠶᠢᠭᠤᠯᠭ᠎ᠠ ᠪᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠰᠢᠰᠲ᠋ᠧᠮ ᠢᠶᠠᠷ ᠢᠶᠠᠨ ᠬᠠᠮᠢᠶᠠᠷᠬᠤ ᠨᠢᠭᠡᠴᠢ᠂ | ᠡᠯ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠬᠠᠤᠯᠢ ᠶᠢᠨ ᠬᠥᠮᠦᠨ ᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠥᠪᠡᠷ ᠤᠨ ᠡᠭᠦᠳᠡ ᠪᠠᠨ ᠰᠠᠶᠢᠲᠤᠷ ᠬᠠᠷᠠᠵᠤ᠂ ᠥᠪᠡᠷ ᠤᠨ ᠬᠥᠮᠦᠨ ᠢᠶᠠᠨ | ᠰᠠᠶᠢᠲᠤᠷ ᠬᠠᠮᠢᠶᠠᠷᠬᠤ ᠬᠡᠷᠡᠭᠲᠡᠢ᠃ ︽ᠲᠠᠪᠤ ᠪᠠᠶᠢᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ | ᠲᠤᠬᠠᠶᠢᠯᠠᠪᠠᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠥᠲᠥᠯᠪᠥᠷᠢ ᠲᠠᠢ᠂ ᠰᠡᠷᠭᠡᠶᠢᠯᠡᠨ ᠡᠵᠡᠮᠳᠡᠬᠦ | ᠬᠠᠮᠢᠶᠠᠷᠤᠯᠲᠠ ᠶᠢᠨ ᠲᠦᠷᠢᠮ ᠪᠠ ᠬᠠᠷᠢᠭᠤᠴᠠᠯᠭᠠᠲᠠᠨ ᠲᠠᠢ᠂ ᠵᠣᠬᠢᠬᠤ ᠬᠡᠮᠵᠢᠶᠡᠨ ᠤ ᠰᠡᠷᠭᠡᠶᠢᠯᠡᠨ ᠬᠠᠮᠠᠭᠠᠯᠠᠬᠤ ᠡᠳ᠋ | ᠪᠣᠳᠠᠰ ᠤᠨ ᠨᠥᠭᠡᠴᠡ ᠲᠠᠢ᠂ ᠬᠠᠷᠢᠶ᠎ᠠ ᠭᠠᠵᠠᠷ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠬᠦᠴᠦᠨ ᠠᠴᠠ | ᠵᠢᠯᠣᠭᠤᠳᠤᠨ ᠳᠡᠮᠵᠢᠬᠦ᠂ ᠲᠤᠰᠠᠭᠠᠷᠯᠠᠬᠤ ᠲᠠᠯᠠᠪᠤᠷ ᠪᠠ ᠰᠢᠯᠵᠢᠭᠦᠯᠦᠨ ᠵᠥᠭᠡᠭᠡᠪᠦᠷᠢᠯᠡᠬᠦ ᠪᠡᠯᠡᠳᠬᠡᠯ ᠲᠠᠢ ᠪᠠᠶᠢᠬᠤ | ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠯᠪᠠᠰᠤᠷᠠᠯ ᠪᠣᠯᠤᠨ ᠪᠠᠴᠢᠮ ᠪᠠᠶᠢᠳᠠᠯ ᠢ ᠠᠷᠭᠠᠴᠠᠭᠠᠬᠤ | ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠢᠵᠢᠭ ᠤᠨ ᠪᠠᠶᠢᠳᠠᠯ ᠢ ᠰᠢᠢᠳᠪᠦᠷᠢᠯᠡᠬᠦ ᠴᠢᠳᠠᠪᠤᠷᠢ ᠪᠠᠨ | ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠦᠶᠯᠡᠳᠪᠦᠷᠢ ᠶᠢᠨ ᠲᠠᠰᠤᠭ᠂ ᠠᠯᠪᠠᠨ ᠬᠡᠷ ᠵᠡᠷᠭᠡ ᠠᠵᠢᠯ ᠤᠨ ᠭᠠᠵᠠᠷ ᠪᠠ | ᠠᠵᠢᠯᠲᠠᠨ ᠠᠵᠢᠯᠴᠢᠨ ᠤ ᠨᠡᠶᠢᠲᠡ ᠶᠢᠨ ᠪᠠᠶᠢᠷᠢ᠂ ᠨᠢᠭᠡᠴᠢ ᠶᠢᠨ ᠬᠤᠭᠤᠯᠠᠨ ᠬᠡᠷ ᠵᠡᠷᠭᠡ ᠠᠮᠢᠳᠤᠷᠠᠯ ᠤᠨ ᠣᠷᠴᠢᠨ | ᠲᠣᠭᠤᠷᠢᠨ ᠤ ᠠᠷᠢᠭᠤᠨ ᠴᠡᠪᠡᠷ ᠢ ᠪᠠᠲᠤᠯᠠᠵᠤ᠂ ᠰᠠᠯᠬᠢ ᠨᠡᠪᠲᠡᠷᠡᠭᠦᠯᠦᠨ ᠠᠭᠠᠷ ᠰᠣᠯᠢᠬᠤ ᠬᠡᠷᠡᠭᠲᠡᠢ᠃ ᠴᠠᠬᠢᠯᠭᠠᠨ | ᠱᠠᠲᠤ᠂ ᠠᠷᠢᠭᠤᠨ ᠴᠡᠪᠡᠷ ᠤᠨ ᠲᠠᠰᠤᠯᠭ᠎ᠠ᠂ ᠠᠭᠠᠷ ᠲᠣᠬᠢᠷᠠᠭᠤᠯᠤᠭᠴᠢ ᠵᠡᠷᠭᠡ ᠣᠯᠠᠨ ᠨᠡᠶᠢᠲᠡ ᠶᠢᠨ ᠣᠷᠣᠨ ᠪᠦᠰᠡ | ᠪᠣᠯᠤᠨ ᠬᠠᠮᠢᠶ᠎ᠠ ᠪᠦᠬᠦᠢ ᠡᠳ᠋ ᠪᠣᠳᠠᠰ ᠢ ᠲᠣᠭᠲᠠᠮᠠᠯ ᠬᠤᠭᠤᠴᠠᠭ᠎ᠠ ᠲᠠᠢ ᠪᠠᠷ ᠠᠷᠢᠭᠤᠳᠬᠠᠵᠤ᠂ ᠤᠬᠢᠶᠠᠬᠤ | ᠦᠭᠡᠢ ᠪᠠᠷ ᠠᠷᠢᠭᠤᠳᠬᠠᠬᠤ ᠰᠢᠩᠭᠡᠨ ᠲᠣᠬᠢᠷᠠᠭᠤᠯᠬᠤ ᠬᠡᠷᠡᠭᠲᠡᠶ᠃ ︽ᠴᠢᠬᠤᠯᠠ ᠥᠬᠡᠶ ᠪᠣᠯ ᠡᠷᠭᠢᠯᠡᠬᠦ ᠥᠬᠡᠶ︾ | ᠪᠠᠶᠢᠬᠤ ᠵᠠᠷᠴᠢᠮ ᠢ ᠴᠢᠩᠭ᠎ᠠ ᠵᠢᠷᠤᠮᠯᠠᠨ᠂ ᠲᠣᠮᠣ ᠬᠡᠯᠪᠡᠷᠢ ᠶᠢᠨ ᠴᠤᠭᠯᠠᠭᠠᠨ ᠤ ᠰᠢᠨᠵᠢ ᠲᠠᠢ ᠠᠵᠢᠯᠯᠠᠭ᠎ᠠ ᠶᠢ | ᠳᠥᠭᠦᠮᠴᠢᠯᠡᠵᠦ ᠴᠣᠮᠬᠠᠳᠬᠠᠨ᠎ᠠ᠃ ᠠᠵᠢᠯᠲᠠᠨ ᠠᠵᠢᠯᠴᠢᠨ ᠢ ᠱᠠᠭᠠᠷᠳᠠᠨ ᠭᠡᠷ ᠪᠦᠯᠢ ᠶᠢᠨ ᠪᠦᠷᠢᠯᠳᠦᠬᠦᠨ ᠵᠢᠴᠢ | ᠲᠦᠷᠦᠯ ᠰᠠᠳᠤᠨ ᠢᠶᠠᠷ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠲᠣᠭᠲᠠᠭᠠᠯ ᠢ | ᠰᠠᠶᠢᠲᠤᠷ ᠵᠢᠷᠤᠮᠯᠠᠭᠤᠯᠬᠤ ᠬᠡᠷᠡᠭᠲᠡᠢ᠃ | ᠳᠥᠷᠪᠡ᠂ ᠬᠤᠪᠢ ᠬᠥᠮᠦᠨ ᠤ ᠡᠷᠡᠭᠦᠯ ᠮᠡᠨᠳᠦ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠥᠷᠭᠡᠨ | ᠤᠯᠠᠨ ᠰᠠᠭᠤᠭᠠᠯᠢ ᠠᠷᠠᠳ ᠥᠪᠡᠷ ᠢᠶᠠᠨ ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ ᠭᠡᠳᠡᠭ ᠤᠬᠠᠮᠰᠠᠷ ᠢ | ᠪᠠᠲᠤ ᠪᠤᠢ ᠪᠣᠯᠭᠠᠵᠤ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ ᠵᠡᠷᠭᠡ ᠬᠤᠯᠪᠣᠭᠳᠠᠯ ᠪᠦᠬᠦᠢ | ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠬᠤ ᠬᠡᠷᠡᠭᠲᠡᠢ᠃ ᠠᠷᠠᠳ ᠢᠷᠭᠡᠳ ᠤᠨ ᠬᠠᠷᠢᠭᠤᠴᠠᠯᠭ᠎ᠠ | ᠪᠠ ᠡᠭᠦᠷᠭᠡ ᠶᠢ ᠰᠠᠶᠢᠲᠤᠷ ᠭᠦᠶᠴᠡᠳᠬᠡᠵᠦ᠂ ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠤᠨ ᠱᠠᠭᠠᠷᠳᠠᠯᠭ᠎ᠠ ᠶᠣᠰᠣᠭᠠᠷ᠂ ᠤᠬᠠᠮᠰᠠᠷ ᠠᠴᠠ ᠪᠠᠨ ᠬᠠᠮᠢᠶᠠᠷᠤᠯᠲᠠ ᠶᠢ ᠬᠦᠯᠢᠶᠡᠵᠦ᠂ ᠰᠠᠨᠠᠭᠠᠴᠢᠯᠠᠭ᠎ᠠ ᠠᠴᠠ | ᠪᠠᠨ ᠬᠠᠮᠵᠢᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠠᠪᠰᠤᠷᠤᠨ ᠰᠠᠶᠢᠲᠤᠷ ᠬᠢᠬᠦ ᠬᠡᠷᠡᠭᠲᠡᠶ | ᠃ ᠨᠢᠭᠡ ᠳᠤ᠂ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠨ᠎ᠠ᠃ ᠠᠮᠠᠪᠴᠢ ᠵᠡᠭᠦᠬᠦ᠂ ᠭᠠᠷ ᠢᠶᠠᠨ ᠦᠷᠭᠦᠯᠵᠢ | ᠤᠬᠢᠶᠠᠬᠤ᠂ ︽ᠨᠢᠭᠡ ᠮᠧᠲᠷ ᠵᠠᠶᠢᠲᠠᠢ ᠪᠠᠶᠢᠬᠤ︾ ᠵᠡᠷᠭᠡ ᠪᠦᠲᠦᠮᠵᠢᠲᠡᠶ ᠠᠷᠭ᠎ᠠ ᠬᠢᠳᠡᠯ ᠢ ᠪᠠᠷᠢᠮᠲᠠᠯᠠᠨ᠎ᠠ᠃ | ᠥᠷᠥᠭᠡᠨ ᠤ ᠴᠣᠩᠬᠤ ᠪᠠᠨ ᠨᠡᠭᠡᠭᠡᠵᠦ ᠰᠠᠯᠬᠢ ᠨᠡᠪᠲᠡᠷᠡᠭᠦᠯᠬᠦ ᠶᠢ ᠠᠩᠬᠠᠷᠴᠤ᠂ ᠠᠮᠠᠪᠴᠢ᠂ ᠠᠷᠢᠭᠤᠳᠬᠠᠬᠤ ᠰᠢᠩᠭᠡᠨ | ᠵᠡᠷᠭᠡ ᠬᠢᠵᠢᠭ ᠢ ᠰᠡᠷᠭᠡᠶᠢᠯᠡᠬᠦ ᠴᠢᠬᠤᠯᠠ ᠪᠦᠬᠦᠢ ᠡᠳ᠋ ᠪᠣᠳᠠᠰ ᠢ ᠵᠣᠬᠢᠰᠲᠠᠢ ᠨᠥᠭᠡᠴᠡᠯᠡᠬᠦ ᠬᠡᠷᠡᠭᠲᠡᠢ᠃ ᠬᠤᠶᠠᠷ ᠲᠤ᠂ | ᠥᠪᠡᠷ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠨ᠎ᠠ᠃ ᠬᠠᠯᠠᠭᠤᠷᠠᠬᠤ᠂ ᠬᠠᠭᠤᠷᠠᠶ ᠪᠠᠷ | ᠬᠠᠨᠢᠶᠠᠯᠭᠠᠬᠤ᠂ ᠲᠠᠮᠢᠷᠳᠠᠬᠤ ᠵᠡᠷᠭᠡ ᠡᠪᠡᠳᠴᠢᠨ ᠤ ᠪᠠᠶᠢᠳᠠᠯ ᠢᠯᠡᠷᠡᠪᠡᠯ ᠳᠠᠷᠤᠶᠢᠬᠠᠨ ᠣᠶᠢᠷ᠎ᠠ ᠬᠠᠪᠢ ᠶᠢᠨ ᠡᠮᠨᠡᠯᠭᠡ | ᠶᠢᠨ ᠬᠤᠷᠢᠶᠠᠨ ᠤ ᠬᠠᠯᠠᠭᠤᠷᠠᠯ ᠤᠨ ᠡᠭᠦᠳᠡᠨ ᠡᠮᠨᠡᠯᠭᠡ ᠳᠤ ᠬᠦᠷᠴᠦ ᠡᠮᠨᠡᠭᠦᠯᠵᠦ᠂ 14 ᠡᠳᠦᠷ ᠤᠨ ᠬᠥᠳᠡᠯᠭᠡᠭᠡᠨ ᠤ | ᠵᠠᠮ ᠮᠥᠷ ᠵᠢᠴᠢ ᠣᠶᠢᠷᠠᠲᠤᠭᠰᠠᠨ ᠲᠡᠦᠬᠡ ᠶᠢ ᠰᠠᠨᠠᠭᠠᠴᠢᠯᠠᠭ᠎ᠠ ᠠᠴᠠ ᠪᠠᠨ ᠮᠡᠳᠡᠭᠳᠡᠬᠦ ᠬᠡᠷᠡᠭᠲᠡᠶ᠃ ᠡᠮᠨᠡᠭᠦᠯᠬᠦ ᠶᠠᠪᠤᠴᠠ | ᠳᠤ ᠠᠮᠠᠪᠴᠢ ᠵᠡᠭᠦᠵᠦ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠤᠨᠤᠭᠠᠨ ᠳᠤ ᠰᠠᠭᠤᠬᠤ ᠠᠴᠠ ᠵᠠᠶᠢᠯᠠᠰᠬᠢᠬᠦ | ᠬᠡᠷᠡᠭᠲᠡᠶ᠃ ᠭᠤᠷᠪᠠ ᠳᠤ᠂ ᠥᠪᠡᠷ ᠢ ᠪᠠᠨ ᠬᠢᠵᠠᠭᠠᠷᠯᠠᠬᠤ ᠶᠢ ᠴᠢᠩᠭᠠᠳᠬᠠᠵᠤ᠂ ᠬᠤᠰᠢᠭᠤᠨ ᠳᠣᠲᠣᠷᠠᠬᠢ ᠬᠥᠮᠦᠰ | ᠴᠢᠬᠤᠯᠠ ᠦᠭᠡᠢ ᠪᠣᠯ ᠬᠤᠰᠢᠭᠤᠨ ᠠᠴᠠ ᠪᠠᠨ ᠭᠠᠷᠬᠤ ᠥᠬᠡᠶ ᠪᠠᠶᠢᠵᠤ᠂ ᠬᠢᠯᠢ ᠶᠢᠨ ᠭᠠᠳᠠᠨ᠎ᠠ ᠪᠠ ᠤᠯᠤᠰ ᠤᠨ | ᠬᠥᠳᠡᠯᠦᠩᠭᠦᠶ ᠲᠣᠬᠢᠷᠠᠭᠤᠯᠤᠯᠲᠠ ᠬᠢᠵᠦ ᠪᠠᠶᠢᠭ᠎ᠠ ᠳᠤᠮᠳᠠ᠂ ᠥᠨᠳᠥᠷ ᠡᠷᠡᠰᠳᠡᠯ ᠲᠠᠢ ᠭᠠᠵᠠᠷ ᠣᠷᠣᠨ ᠳᠤ ᠣᠴᠢᠬᠤ | ᠠᠴᠠ ᠵᠠᠶᠢᠯᠠᠰᠬᠢᠬᠦ ᠬᠡᠷᠡᠭᠲᠡᠢ᠃ ᠲᠦᠷᠪᠡ ᠳᠤ᠂ ᠭᠠᠳᠠᠨ᠎ᠠ ᠣᠷᠣᠨ ᠳᠤ ᠪᠠᠶᠢᠭ᠎ᠠ ᠨᠤᠲᠤᠭ ᠤᠨ ᠠᠬ᠎ᠠ ᠳᠡᠭᠦᠦ ᠨᠡᠷ | ᠯᠦᠭᠡ ᠶᠢᠨ ᠬᠠᠷᠢᠯᠴᠠᠭ᠎ᠠ ᠪᠠᠨ ᠴᠢᠩᠭᠠᠳᠬᠠᠵᠤ᠂ ︽ᠴᠢᠬᠤᠯᠠ ᠦᠭᠡᠢ ᠪᠣᠯ ᠨᠤᠲᠤᠭ ᠲᠠᠭᠠᠨ ᠪᠤᠴᠠᠬᠤ ᠦᠭᠡᠢ︾ | ᠪᠠᠶᠢᠬᠤ ᠶᠢ ᠢᠳᠬᠠᠬᠤ ᠬᠡᠷᠡᠭᠲᠡᠢ᠃ ᠲᠠᠪᠤ ᠳᠤ᠂ ᠴᠤᠭᠯᠠᠭᠠᠨ ᠤ ᠠᠵᠢᠯᠯᠠᠭ᠎ᠠ ᠶᠢ ᠪᠠᠭᠠᠰᠬᠠᠵᠤ᠂ ︽ᠴᠢᠬᠤᠯᠠ ᠥᠬᠡᠶ | ᠪᠣᠯ ᠴᠤᠭᠯᠠᠷᠠᠬᠤ ᠥᠬᠡᠶ︾ ᠪᠠᠶᠢᠬᠤ ᠬᠡᠷᠡᠭᠲᠡᠢ᠃ ᠬᠤᠷᠢᠮ ᠨᠠᠶᠢᠷ ᠠᠴᠠ ᠭᠠᠳᠠᠨ᠎ᠠ᠂ ᠭᠡᠷ ᠪᠦᠯᠢ ᠶᠢᠨ ᠬᠤᠪᠢ | ᠬᠥᠮᠦᠨ ᠤ ᠴᠤᠭᠯᠠᠭᠠᠨ ᠨᠠᠶᠢᠷ ᠵᠡᠷᠭᠡ ᠶᠢ 10 ᠬᠥᠮᠦᠨ ᠠᠴᠠ ᠳᠣᠷᠣᠭᠰᠢ ᠬᠢᠵᠠᠭᠠᠷᠯᠠᠬᠤ ᠬᠡᠷᠡᠭᠲᠡᠶ᠃ ᠵᠢᠷᠭᠤᠭ᠎ᠠ᠂ | ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠬᠢ | ᠳᠢᠭᠯᠢᠮ ᠢ ᠰᠠᠮᠠᠭᠤᠷᠠᠭᠤᠯᠤᠭᠰᠠᠨ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ᠂ ᠡᠭᠦᠷᠭᠡ ᠴᠢᠳᠠᠪᠤᠷᠢᠲᠤ | ᠨᠢᠭᠡᠴᠢ ᠪᠦᠬᠦᠨ ᠢ ᠴᠢᠩᠭ᠎ᠠ ᠪᠠᠶᠢᠴᠠᠭᠠᠨ ᠰᠢᠶᠳᠪᠦᠷᠢᠯᠡᠵᠦ᠂ ᠶᠠᠯ᠎ᠠ ᠳᠤ ᠬᠦᠷᠦᠭᠰᠡᠨ ᠪᠠᠶᠢᠪᠠᠯ ᠬᠠᠤᠯᠢ ᠶᠣᠰᠣᠭᠠᠷ | ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ | ᠪᠠᠭᠠᠷᠢᠨ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠥᠷᠪᠢᠰᠦᠯ ᠢ ᠰᠡᠷᠭᠡᠶᠢᠯᠡᠨ ᠡᠵᠡᠮᠳᠡᠬᠦ | ᠠᠵᠢᠯ ᠤᠨ ᠵᠢᠯᠣᠭᠤᠳᠬᠤ ᠬᠡᠯᠲᠡᠰ | 2021ᠣᠨ ᠤ 1 ᠰᠠᠷ᠎ᠠ ᠶᠢᠨ 9 ᠤ ᠡᠳᠦᠷ |