ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠡᠨᠧᠷᠭᠢ ᠶᠢᠨ ᠠᠶᠤᠯᠭᠦᠶ ᠲᠣᠭᠲᠠᠭᠤᠨ ᠬᠠᠩᠭᠠᠯᠭ᠎ᠠ ᠶᠢ ᠪᠠᠲᠤᠯᠠᠵᠤ ᠤᠯᠠᠨ ᠲᠦᠮᠡᠨ ᠤ ᠳᠤᠯᠠᠭᠠᠨ ᠡᠪᠦᠯᠵᠢᠬᠦ ᠶᠢ ᠦᠨᠡᠩᠬᠦ ᠪᠠᠲᠤᠯᠠᠬᠤ ᠬᠤᠯᠪᠣᠭᠳᠠᠯ ᠪᠦᠬᠦᠢ ᠠᠵᠢᠯ ᠢ ᠤᠯᠠᠮ ᠴᠢᠨᠠᠭᠰᠢᠳᠠ ᠰᠠᠶᠢᠲᠤᠷ ᠬᠢᠬᠦ ᠵᠡᠷᠭᠡ ᠠᠵᠢᠯ ᠤᠳ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/1/12
    ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ      ᠡᠨᠧᠷᠭᠢ ᠶᠢᠨ ᠠᠶᠤᠯᠭᠦᠢ ᠲᠣᠭᠲᠠᠭᠤᠨ ᠬᠠᠩᠭᠠᠯᠭ᠎ᠠ ᠶᠢ ᠪᠠᠲᠤᠯᠠᠵᠤ ᠤᠯᠠᠨ ᠲᠦᠮᠡᠨ ᠤ ᠳᠤᠯᠠᠭᠠᠨ ᠡᠪᠦᠯᠵᠢᠬᠦ ᠶᠢ ᠦᠨᠡᠩᠬᠦ ᠪᠠᠲᠤᠯᠠᠬᠤ ᠬᠤᠯᠪᠣᠭᠳᠠᠯ ᠪᠦᠬᠦᠢ ᠠᠵᠢᠯ ᠢ ᠴᠢᠨᠠᠭᠰᠢᠳᠠ ᠰᠠᠶᠢᠲᠤᠷ ᠬᠢᠬᠦ ᠲᠤᠬᠠᠢ ᠪᠠᠶᠢᠷᠢᠯᠠᠭᠤᠯᠪᠠ      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠳᠤ ᠵᠠᠰᠠᠪᠤᠷᠢ ᠣᠷᠣᠭᠤᠯᠬᠤ ᠠᠵᠢᠯ ᠢ ᠢᠳᠡᠪᠬᠢᠲᠡᠶ ᠠᠬᠢᠭᠤᠯᠬᠤ ᠲᠤᠬᠠᠶ ᠪᠠᠶᠢᠷᠢᠯᠠᠭᠤᠯᠵᠤ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠬᠦ ᠶᠢ ᠠᠬᠢᠭᠤᠯᠪᠠ      ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 1 ᠳ᠋ᠦ᠋ᠭᠡᠷ ᠰᠠᠷ᠎ᠠ ᠶᠢᠨ 8 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠡᠨᠧᠷᠭᠢ ᠶᠢᠨ ᠠᠶᠤᠯᠭᠦᠶ ᠲᠣᠭᠲᠠᠭᠤᠨ ᠬᠠᠩᠭᠠᠯᠭ᠎ᠠ ᠶᠢ ᠪᠠᠲᠤᠯᠠᠵᠤ᠂ ᠣᠯᠠᠨ ᠲᠦᠮᠡᠨ ᠤ ᠳᠤᠯᠠᠭᠠᠨ ᠡᠪᠦᠯᠵᠢᠬᠦ ᠶᠢ ᠦᠨᠡᠩᠬᠦ ᠪᠠᠲᠤᠯᠠᠬᠤ ᠬᠤᠯᠪᠣᠭᠳᠠᠯ ᠪᠦᠬᠦᠢ ᠠᠵᠢᠯ ᠢ ᠪᠠᠶᠢᠷᠢᠯᠠᠭᠤᠯᠵᠠᠶ︔ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠳᠤ ᠵᠠᠰᠠᠪᠤᠷᠢ ᠣᠷᠣᠭᠤᠯᠬᠤ ᠠᠵᠢᠯ ᠢ ᠢᠳᠡᠪᠬᠢᠲᠡᠶ ᠠᠬᠢᠭᠤᠯᠬᠤ ᠲᠤᠬᠠᠢ ᠪᠠᠶᠢᠷᠢᠯᠠᠭᠤᠯᠵᠤ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠬᠦ ᠶᠢ ᠠᠬᠢᠭᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠪᠦᠯ ᠤᠨ ᠠᠭᠤᠷ ᠣᠷᠣᠭᠰᠠᠨ ᠠᠴᠠ ᠨᠠᠭᠠᠰᠢ ᠠᠭᠠᠷ ᠤᠨ ᠳᠤᠯᠠᠭᠠᠨ ᠥᠷᠭᠡᠨ ᠬᠡᠪᠴᠢᠶ᠎ᠡ ᠪᠠᠷ ᠪᠠᠭᠤᠷᠠᠭᠰᠠᠨ ᠵᠡᠷᠭᠡ ᠣᠯᠠᠨ ᠵᠦᠢᠯ ᠤᠨ ᠬᠦᠴᠦᠨ ᠵᠦᠶ᠋ᠯ ᠤᠨ ᠨᠥᠯᠥᠭᠡ ᠠᠴᠠ ᠪᠣᠯᠵᠣ᠂ ᠪᠥᠬᠦ ᠤᠯᠤᠰ ᠤᠨ ᠨᠡᠭᠦᠷᠡᠰᠦ᠂ ᠴᠠᠬᠢᠯᠭᠠᠨ᠂ ᠰᠢᠲᠠᠮᠠᠬᠠᠶ ᠬᠡᠶ ᠶᠢᠨ ᠬᠡᠷᠡᠭᠯᠡᠭᠡ ᠶᠡᠭᠡ ᠪᠠᠷ ᠨᠡᠮᠡᠭᠳᠡᠪᠡ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠨᠡᠭᠦᠷᠡᠰᠦ᠂ ᠴᠠᠬᠢᠯᠭᠠᠨ ᠬᠦᠴᠦᠨ᠂ ᠪᠠᠶᠢᠭᠠᠯᠢ ᠶᠢᠨ ᠰᠢᠲᠠᠮᠠᠬᠠᠶ ᠬᠡᠢ ᠶᠢᠨ ᠭᠠᠷᠭᠠᠯᠭ᠎ᠠ ᠪᠠ ᠬᠠᠩᠭᠠᠯᠭ᠎ᠠ ᠶᠢ ᠨᠡᠮᠡᠭᠳᠡᠭᠦᠯᠬᠦ ᠶᠢ ᠪᠦᠬᠦ ᠬᠦᠴᠦᠨ ᠢᠶᠠᠷ ᠢᠶᠠᠨ ᠵᠣᠬᠢᠶᠠᠨ ᠪᠠᠶᠢᠭᠤᠯᠵᠤ᠂ ᠡᠳᠦᠷ ᠪᠦᠷᠢ ᠶᠢᠨ ᠨᠡᠭᠦᠷᠡᠰᠦᠨ ᠤ ᠭᠠᠷᠤᠯᠲᠠ ᠥᠨᠳᠥᠷ ᠪᠠᠶᠢᠷᠢ ᠪᠠᠨ ᠪᠠᠲᠤᠯᠠᠵᠤ᠂ ᠴᠠᠬᠢᠯᠭᠠᠨ ᠭᠠᠷᠭᠠᠬᠤ ᠬᠡᠮᠵᠢᠶ᠎ᠡ᠂ ᠰᠢᠲᠠᠮᠠᠬᠠᠢ ᠬᠡᠢ ᠬᠠᠩᠭᠠᠬᠤ ᠬᠡᠮᠵᠢᠶ᠎ᠡ ᠴᠥᠮ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠠᠷᠠᠳ ᠤᠨ ᠠᠮᠢᠳᠤᠷᠠᠯ ᠪᠣᠯᠤᠨ ᠭᠤᠣᠯᠳᠠᠯᠭ᠎ᠠ ᠲᠠᠢ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠪᠠ᠃ ᠣᠶᠢᠷ᠎ᠠ ᠶᠢᠨ ᠬᠤᠭᠤᠴᠠᠭᠠᠨ ᠳᠤ ᠣᠯᠠᠨ ᠭᠠᠵᠠᠷ ᠤᠨ ᠬᠠᠮᠤᠭ ᠤᠨ ᠳᠣᠤᠷ᠎ᠠ ᠠᠭᠠᠷ ᠤᠨ ᠳᠤᠯᠠᠭᠠᠴᠠ ᠲᠡᠮᠳᠡᠭᠯᠡᠯ ᠲᠠᠢ ᠪᠣᠯᠤᠭᠰᠠᠨ ᠠᠴᠠ ᠨᠠᠭᠠᠰᠢᠬᠢ ᠲᠡᠦᠬᠡ ᠶᠢᠨ ᠲᠦᠢᠯ ᠤᠨ ᠬᠡᠮᠵᠢᠭᠳᠡᠯ ᠢ ᠡᠭᠦᠳᠴᠦ᠂ ᠣᠳᠣᠬᠠᠨ ᠳᠤ ᠪᠠᠰᠠ ︽ᠭᠤᠷᠪᠠ ᠶᠢᠰᠦ︾ ᠣᠷᠣᠪᠠ᠂ ᠴᠠᠭ ᠠᠭᠤᠷ ᠤᠨ ᠰᠠᠯᠠᠭ᠎ᠠ ᠮᠥᠴᠢᠷ ᠤᠨ ᠵᠢᠱᠢᠯᠲᠡ ᠶᠢ ᠦᠨᠳᠦᠰᠦᠯᠡᠪᠡᠯ᠂ ᠨᠢᠭᠡᠳᠦᠭᠡᠷ ᠰᠠᠷ᠎ᠠ ᠶᠢᠨ ᠳᠤᠮᠳᠠᠴᠢ ᠦᠶ᠎ᠡ ᠪᠠᠷ ᠪᠠᠰᠠ ᠬᠦᠢᠲᠡᠷᠡᠮᠡᠷ ᠪᠠᠶᠢᠨ᠎ᠠ᠃ ᠬᠤᠷᠠᠯ ᠠᠴᠠ ᠡᠨᠧᠷᠭᠢ ᠶᠢᠨ ᠠᠶᠤᠯᠭᠦᠢ ᠲᠣᠭᠲᠠᠭᠤᠨ ᠬᠠᠩᠭᠠᠯᠭ᠎ᠠ ᠶᠢ ᠪᠠᠲᠤᠯᠠᠵᠤ᠂ ᠣᠯᠠᠨ ᠲᠦᠮᠡᠨ ᠤ ᠠᠮᠤᠷ ᠲᠦᠪᠰᠢᠨ ᠳᠤᠯᠠᠭᠠᠨ ᠡᠪᠦᠯᠵᠢᠬᠦ ᠶᠢ ᠲᠡᠷᠢᠭᠦᠨ ᠳᠤ ᠲᠠᠯᠪᠢᠬᠤ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃ ᠨᠡᠭᠦᠷᠡᠰᠦ ᠳᠤ ᠲᠤᠬᠢᠷᠠᠪᠠᠯ ᠨᠡᠭᠦᠷᠡᠰᠦ ᠬᠠᠩᠭᠠᠵᠤ᠂ ᠴᠠᠬᠢᠯᠭᠠᠨ ᠳᠤ ᠲᠤᠬᠢᠷᠠᠪᠠᠯ ᠴᠠᠬᠢᠯᠭᠠᠨ ᠬᠠᠩᠭᠠᠵᠤ ᠂ ᠰᠢᠲᠠᠮᠠᠬᠠᠢ ᠬᠡᠢ ᠳᠤ ᠲᠤᠬᠢᠷᠠᠪᠠᠯ ᠰᠢᠲᠠᠮᠠᠬᠠᠢ ᠬᠡᠢ ᠬᠠᠩᠭᠠᠬᠤ ᠶᠢ ᠪᠠᠷᠢᠮᠲᠠᠯᠠᠵᠤ᠂ ᠤᠯᠠᠨ ᠲᠦᠮᠡᠨ ᠤ ᠳᠤᠯᠠᠭᠠᠯᠠᠭ᠎ᠠ ᠢᠯᠠᠩᠭᠤᠶ᠎ᠠ ᠤᠮᠠᠷᠠᠲᠤ ᠣᠷᠣᠨ ᠤ ᠳᠤᠯᠠᠭᠠᠯᠠᠭ᠎ᠠ ᠳᠤ ᠬᠡᠷᠡᠭᠯᠡᠬᠦ ᠡᠨᠧᠷᠭᠢ ᠶᠢᠨ ᠪᠠᠲᠤᠯᠠᠭ᠎ᠠ ᠶᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ᠃ ᠨᠢᠭᠡ ᠳᠤ᠂ ᠰᠢᠲᠠᠮᠠᠬᠠᠶ ᠬᠡᠶ ᠶᠢᠨ ᠠᠶ ᠰᠠᠪᠠ ᠶᠢᠨ ᠠᠮᠤᠷ ᠲᠦᠪᠰᠢᠨ ᠳᠠᠭᠠᠭᠠᠴᠠ ᠳᠦᠭᠦᠷᠡᠩ ᠦᠢᠯᠡᠳᠪᠦᠷᠢᠯᠡᠯ ᠢ ᠵᠣᠬᠢᠶᠠᠨ ᠪᠠᠶᠢᠭᠤᠯᠵᠤ᠂ ᠰᠢᠲᠠᠮᠠᠬᠠᠶ ᠬᠡᠶ ᠬᠠᠳᠠᠭᠠᠯᠠᠬᠤ ᠪᠡᠯᠡᠳᠬᠡᠮᠵᠢ ᠶᠢᠨ ᠪᠠᠴᠢᠮ ᠪᠠᠶᠢᠳᠠᠯ ᠢ ᠠᠷᠭᠠᠴᠠᠭᠠᠨ᠂ ᠬᠠᠩᠭᠠᠯᠭ᠎ᠠ ᠶᠢ ᠪᠠᠲᠤᠯᠠᠬᠤ ᠦᠢᠯᠡᠳᠦᠯ ᠢ ᠨᠢ ᠭᠦᠢᠴᠡᠳ ᠪᠠᠳᠠᠷᠠᠭᠤᠯᠵᠤ᠂ ᠲᠣᠬᠢᠷᠠᠭᠤᠯᠤᠯᠲᠠ ᠵᠣᠬᠢᠴᠠᠭᠤᠯᠭ᠎ᠠ ᠪᠠᠨ ᠴᠢᠩᠭᠠᠳᠬᠠᠵᠤ᠂ ᠨᠥᠬᠦᠴᠡᠯ ᠲᠠᠢ ᠭᠠᠵᠠᠷ ᠣᠷᠣᠨ ᠤ ᠳᠤᠯᠠᠭᠠᠯᠠᠬᠤ ᠳᠤ ᠬᠡᠷᠡᠭᠯᠡᠬᠦ ᠰᠢᠲᠠᠮᠠᠬᠠᠢ ᠬᠡᠶ ᠶᠢ ᠪᠦᠲᠦᠮᠵᠢᠲᠡᠶ ᠪᠠᠲᠤᠯᠠᠬᠤ ᠬᠡᠷᠡᠭᠲᠡᠶ᠃ ᠬᠤᠶᠠᠷ ᠲᠤ᠂ ᠨᠡᠭᠦᠷᠡᠰᠦᠨ ᠤ ᠭᠤᠤᠯ ᠭᠠᠷᠤᠯᠲᠠ ᠶᠢᠨ ᠣᠷᠣᠨ ᠪᠣᠯᠤᠨ ᠭᠤᠤᠯᠳᠠᠯᠭ᠎ᠠ ᠲᠠᠢ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠠᠮᠤᠷ ᠲᠦᠪᠰᠢᠨ ᠢ ᠦᠨᠡᠩᠬᠦ ᠪᠠᠲᠤᠯᠠᠭᠰᠠᠨ ᠤᠷᠢᠲᠠᠯ ᠳᠣᠤᠷ᠎ᠠ ᠳᠠᠯᠳᠠ ᠬᠦᠴᠦᠨ ᠢ ᠠᠭᠤᠳᠠᠯᠠᠨ ᠭᠠᠷᠤᠯᠲᠠ ᠨᠡᠮᠡᠭᠳᠡᠭᠦᠯᠵᠦ᠂ ᠲᠡᠭᠡᠭᠡᠪᠦᠷᠢ ᠶᠢᠨ ᠬᠦᠴᠦᠨ ᠤ ᠪᠠᠲᠤᠯᠠᠭ᠎ᠠ ᠶᠢ ᠴᠢᠩᠭᠠᠳᠬᠠᠨ᠂ ᠨᠥᠭᠡᠴᠡ ᠪᠠᠨ ᠡᠮᠬᠢ ᠵᠢᠷᠤᠮ ᠲᠠᠢ ᠪᠠᠷ ᠬᠥᠳᠡᠯᠭᠡᠨ ᠬᠡᠷᠡᠭᠯᠡᠵᠦ᠂ ᠣᠯᠠᠨ ᠠᠷᠭ᠎ᠠ ᠬᠡᠮᠵᠢᠶ᠎ᠡ ᠶᠢ ᠵᠡᠷᠭᠡ ᠳᠤ ᠨᠢ ᠬᠡᠷᠡᠭᠵᠢᠭᠦᠯᠵᠦ ᠨᠡᠭᠦᠷᠡᠰᠦᠨ ᠤ ᠬᠠᠩᠭᠠᠯᠭ᠎ᠠ ᠬᠡᠷᠡᠭᠴᠡᠭᠡ ᠶᠢᠨ ᠲᠡᠩᠴᠡᠭᠦᠷᠢ ᠶᠢ ᠪᠠᠲᠤᠯᠠᠬᠤ ᠬᠡᠷᠡᠭᠲᠡᠶ᠃ ᠭᠤᠷᠪᠠ ᠳᠤ᠂ ᠣᠯᠠᠨ ᠵᠦᠢᠯ ᠤᠨ ᠴᠠᠬᠢᠯᠭᠠᠨ ᠡᠭᠦᠰᠭᠡᠭᠴᠢ ᠶᠢᠨ ᠮᠠᠰᠢᠨ ᠢᠶᠠᠨ ᠨᠡᠭᠡᠭᠡᠵᠦ ᠣᠷᠭᠢᠯ ᠦᠶ᠎ᠡ ᠶᠢᠨ ᠴᠠᠬᠢᠯᠭᠠᠨ ᠬᠦᠴᠦᠨ ᠤ ᠬᠡᠷᠡᠭᠴᠡᠭᠡ ᠶᠢ ᠠᠷᠭᠠᠴᠠᠬᠤ ᠶᠢ ᠰᠠᠶᠢᠲᠤᠷ ᠲᠣᠬᠢᠷᠠᠭᠤᠯᠵᠤ᠂ ᠴᠠᠬᠢᠯᠭᠠᠨ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠭᠤᠤᠯᠳᠠᠯᠭ᠎ᠠ ᠲᠠᠢ ᠭᠠᠵᠠᠷ ᠣᠷᠣᠨ ᠠᠴᠠ ᠪᠤᠰᠤᠳ ᠭᠠᠵᠠᠷ ᠣᠷᠣᠨ ᠳᠤ ᠴᠠᠬᠢᠯᠭᠠᠨ ᠬᠦᠷᠭᠡᠬᠦ ᠶᠢ ᠳᠡᠮᠵᠢᠬᠦ ᠪᠠᠨ ᠴᠢᠩᠭᠠᠳᠬᠠᠵᠤ᠂ ᠴᠠᠬᠢᠯᠭᠠᠨ ᠬᠦᠴᠦᠨ ᠤ ᠢᠯᠡᠭᠦᠦ ᠳᠤᠲᠠᠭᠤ ᠶᠢ ᠬᠠᠷᠢᠯᠴᠠᠨ ᠲᠤᠰᠠᠯᠠᠬᠤ ᠶᠢ ᠰᠠᠶᠢᠲᠤᠷ ᠬᠢᠬᠦ ᠬᠡᠷᠡᠭᠲᠡᠶ᠃ ᠲᠦᠷᠪᠡ ᠳᠤ ᠂ ᠡᠯ᠎ᠡ ᠲᠠᠯ᠎ᠠ ᠶᠢᠨ ᠬᠢᠨ ᠤ ᠬᠠᠩᠭᠠᠯᠭ᠎ᠠ ᠶᠢ ᠪᠠᠲᠤᠯᠠᠬᠤ ᠬᠠᠷᠢᠭᠤᠴᠠᠯᠭ᠎ᠠ ᠶᠢ ᠨᠢ ᠪᠣᠳᠠᠲᠠᠶᠢᠵᠢᠭᠤᠯᠵᠤ᠂ ᠭᠡᠷ᠎ᠡ ᠶᠣᠰᠣᠭᠠᠷ ᠨᠡᠭᠦᠷᠡᠰᠦ᠂ ᠴᠠᠬᠢᠯᠭᠠᠨ ᠬᠦᠴᠦ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠬᠠᠩᠭᠠᠯᠭ᠎ᠠ ᠶᠢ ᠪᠠᠲᠤᠯᠠᠬᠤ ᠶᠢ ᠱᠠᠯᠠᠪᠳᠠᠭᠤᠯᠵᠤ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠦᠨ᠎ᠡ ᠬᠠᠩᠰᠢ ᠶᠢᠨ ᠬᠠᠤᠯᠢ ᠲᠦᠷᠢᠮ ᠠᠴᠠ ᠵᠥᠷᠢᠴᠡᠭᠰᠡᠨ ᠠᠵᠢᠯᠯᠠᠭ᠎ᠠ ᠶᠢ ᠴᠠᠭ ᠲᠤᠬᠠᠢ ᠳᠤ ᠨᠢ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠲᠠᠪᠤ ᠳᠤ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠤᠷᠲᠤ ᠬᠤᠭᠤᠴᠠᠭᠠᠨ ᠤ ᠬᠦᠴᠦᠨ ᠪᠦᠬᠦᠢ ᠲᠣᠭᠲᠠᠴᠠ ᠶᠢ ᠪᠦᠷᠢᠨᠰᠢᠭᠦᠯᠵᠦ᠂ ᠡᠨᠧᠷᠭᠢ ᠶᠢᠨ ᠦᠢᠯᠡᠳᠪᠦᠷᠢᠯᠡᠯ ᠬᠠᠩᠭᠠᠯᠭ᠎ᠠ ᠨᠥᠭᠡᠴᠡ ᠪᠣᠷᠣᠯᠠᠭᠤᠯᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠰᠢᠲᠠᠮᠠᠬᠠᠢ ᠬᠡᠢ ᠬᠠᠳᠠᠭᠠᠯᠠᠬᠤ᠂ ᠨᠡᠭᠦᠷᠡᠰᠦ ᠬᠠᠳᠠᠭᠠᠯᠠᠬᠤ ᠪᠡᠯᠡᠳᠬᠡᠮᠵᠢ ᠪᠠ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠴᠠᠬᠢᠯᠭᠠᠨ ᠰᠤᠷᠪᠤᠯᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠨᠡᠭᠦᠷᠡᠰᠦᠨ ᠴᠠᠬᠢᠯᠭᠠᠨ ᠭᠠᠷᠭᠠᠯᠲᠠ ᠶᠢᠨ ᠣᠷᠭᠢᠯ ᠦᠶ᠎ᠡ ᠶᠢᠨ ᠴᠠᠬᠢᠯᠭᠠᠨ ᠬᠡᠷᠡᠭᠯᠡᠭᠡ ᠳᠤ ᠦᠵᠡᠭᠦᠯᠬᠦ ᠲᠤᠯᠭᠠᠭᠤᠷᠢᠯᠠᠬᠤ ᠦᠢᠯᠡᠳᠦᠯ ᠢ ᠨᠢ ᠰᠢᠨᠵᠢᠯᠡᠬᠦ ᠤᠬᠠᠭᠠᠨᠴᠢ ᠪᠠᠷ ᠪᠠᠳᠠᠷᠠᠭᠤᠯᠵᠤ᠂ ᠡᠨᠧᠷᠭᠢ ᠶᠢᠨ ᠠᠮᠤᠷ ᠲᠦᠪᠰᠢᠨ ᠢ ᠦᠨᠡᠩᠬᠦ ᠪᠠᠲᠤᠯᠠᠬᠤ ᠬᠡᠷᠡᠭᠲᠡᠢ᠃ ᠬᠤᠷᠠᠯ ᠠᠴᠠ ᠴᠢᠬᠤᠯᠠᠴᠢᠯᠠᠭᠰᠠᠨ ᠨᠢ᠂ ᠣᠯᠠᠨ ᠲᠦᠮᠡᠨ ᠤ ᠬᠠᠯᠠᠭᠤᠨ ᠬᠦᠢᠲᠡᠨ ᠳᠤ ᠪᠠᠭ᠎ᠠ ᠶᠠᠪᠤᠳᠠᠯ ᠭᠡᠵᠦ ᠥᠬᠡᠶ᠃ ᠠᠷᠠᠳ ᠤᠨ ᠠᠮᠢᠳᠤᠷᠠᠯ ᠳᠤ ᠬᠡᠷᠡᠭᠯᠡᠬᠦ ᠰᠢᠲᠠᠮᠠᠬᠠᠶ ᠬᠡᠢ᠂ ᠴᠠᠬᠢᠯᠭᠠᠨ᠂ ᠨᠡᠭᠦᠷᠡᠰᠦ ᠶᠢᠨ ᠬᠠᠩᠭᠠᠯᠭ᠎ᠠ ᠶᠢ ᠦᠨᠡᠩᠬᠦ ᠰᠠᠶᠢᠲᠤᠷ ᠪᠠᠲᠤᠯᠠᠬᠤ ᠬᠡᠷᠡᠭᠲᠡᠶ᠂ ᠬᠥᠮᠥᠨ ᠤ ᠤᠷᠰᠢᠭ ᠠᠴᠠ ᠪᠣᠯᠵᠤ ᠬᠠᠩᠭᠠᠯᠭ᠎ᠠ ᠲᠠᠰᠤᠷᠠᠬᠤ ᠪᠠᠶᠢᠳᠠᠯ ᠭᠠᠷᠬᠤ ᠶᠢ ᠣᠭᠲᠣ ᠵᠥᠪᠰᠢᠶᠡᠷᠡᠵᠦ ᠪᠣᠯᠬᠤ ᠦᠭᠡᠶ ᠪᠥᠭᠡᠳ ᠰᠢᠮᠳᠠᠭᠤᠯᠤᠨ ᠪᠠᠶᠢᠴᠠᠭᠠᠵᠤ ᠬᠢᠨᠠᠨ ᠪᠠᠶᠢᠴᠠᠭᠠᠬᠤ ᠡᠷᠴᠢᠮ ᠢᠶᠠᠨ ᠨᠡᠮᠡᠭᠳᠡᠭᠦᠯᠵᠦ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤ ᠨᠢ ᠪᠦᠲᠦᠮᠵᠢᠲᠡᠶ ᠰᠢᠢᠳᠪᠦᠷᠢᠯᠡᠵᠦ᠂ ᠠᠷᠠᠳ ᠣᠯᠠᠨ ᠤ ᠠᠮᠤᠷ ᠲᠦᠪᠰᠢᠨ ᠳᠤᠯᠠᠭᠠᠨ ᠪᠦᠯᠢᠶᠡᠨ ᠡᠪᠦᠯᠵᠢᠬᠦ ᠶᠢ ᠦᠨᠡᠩᠬᠦ ᠪᠠᠲᠤᠯᠠᠬᠤ ᠬᠡᠷᠡᠭᠲᠡᠶ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠨᠢ ᠥᠷᠭᠡᠨ ᠣᠯᠠᠨ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠳᠤ ᠬᠤᠯᠪᠣᠭᠳᠠᠵᠤ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠳᠤ ᠬᠤᠯᠪᠣᠭᠳᠠᠨ᠎ᠠ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠦᠢᠯᠡᠳᠦᠯᠭᠡ ᠲᠠᠢ ᠤᠶᠠᠯᠳᠤᠭᠤᠯᠵᠤ᠂ ᠬᠤᠯᠪᠣᠭᠳᠠᠯ ᠪᠦᠬᠦᠢ ᠬᠠᠤᠯᠢ ᠴᠠᠭᠠᠵᠠ ᠶᠢ ᠴᠠᠭ ᠲᠤᠬᠠᠢ ᠳᠤ ᠨᠢ ᠪᠦᠷᠢᠨᠰᠢᠭᠦᠯᠵᠦ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠳᠤ ᠨᠡᠩ ᠬᠦᠴᠦᠲᠡᠢ ᠬᠠᠤᠯᠢᠵᠢᠯ ᠤᠨ ᠪᠠᠲᠤᠯᠠᠭ᠎ᠠ ᠬᠠᠩᠭᠠᠬᠤ ᠬᠡᠷᠡᠭᠲᠡᠢ ᠭᠡᠪᠡ᠃ ᠬᠤᠷᠠᠯ ᠠᠴᠠ ᠱᠠᠭᠠᠷᠳᠠᠭᠰᠠᠨ ᠨᠢ ᠬᠠᠤᠯᠢ ᠲᠣᠭᠲᠠᠭᠠᠬᠤ ᠲᠥᠯᠥᠪᠯᠡᠭᠡ ᠶᠣᠰᠣᠭᠠᠷ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠳᠤ ᠵᠠᠰᠠᠪᠤᠷᠢ ᠣᠷᠣᠭᠤᠯᠬᠤ ᠶᠢ ᠢᠳᠡᠪᠬᠢᠲᠡᠶ ᠠᠬᠢᠭᠤᠯᠬᠤ ᠶᠢᠨ ᠬᠠᠮᠲᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠠᠵᠢᠯ ᠢ ᠵᠣᠯᠭᠠᠭᠤᠯᠬᠤ ᠬᠡᠷᠡᠭᠲᠡᠶ᠃ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠳᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ ᠶᠢ ᠳᠣᠪᠤᠶᠢᠯᠭᠠᠵᠤ᠂ ᠡᠷᠲᠡ ᠢᠯᠡᠷᠡᠭᠦᠯᠬᠦ᠂ ᠡᠷᠲᠡ ᠮᠡᠳᠡᠭᠦᠯᠬᠦ᠂ ᠡᠷᠲᠡ ᠲᠤᠰᠠᠭᠠᠷᠯᠠᠬᠤ᠂ ᠡᠷᠲᠡ ᠡᠮᠨᠡᠨ ᠵᠠᠰᠠᠬᠤ ᠶᠢ ᠴᠢᠩᠳᠠᠯᠠᠨ ᠨᠠᠶᠢᠳᠠᠪᠤᠷᠢᠵᠢᠭᠤᠯᠵᠤ᠂ ᠬᠢᠨᠠᠨ ᠬᠡᠮᠵᠢᠬᠦ᠂ ᠤᠷᠢᠳᠴᠢᠯᠠᠨ ᠰᠡᠷᠡᠮᠵᠢᠯᠡᠭᠦᠯᠬᠦ᠂ ᠮᠡᠳᠡᠭᠦᠯᠬᠦ ᠪᠠ ᠢᠯᠡ ᠪᠠᠷ ᠨᠡᠶᠢᠲᠡᠯᠡᠬᠦ ᠲᠦᠷᠢᠮ ᠢ ᠰᠠᠶᠢᠵᠢᠷᠠᠭᠤᠯᠵᠤ᠂ ᠬᠠᠯᠳᠠᠪᠤᠷᠢᠲᠤ ᠡᠪᠡᠳᠴᠢᠨ ᠤ ᠲᠦᠷᠦᠯ ᠵᠦᠢᠯ ᠢ ᠲᠣᠭᠲᠠᠭᠠᠬᠤ ᠪᠠ ᠪᠠᠴᠢᠮ ᠬᠠᠮᠢᠶᠠᠷᠤᠨ ᠬᠤᠷᠢᠭᠯᠠᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠵᠡᠷᠭᠡ ᠲᠣᠭᠲᠠᠭᠠᠯ ᠢ ᠪᠦᠷᠢᠨᠰᠢᠭᠦᠯᠵᠦ᠂ ᠬᠢᠵᠢᠭ ᠤᠨ ᠪᠠᠶᠢᠳᠠᠯ ᠢ ᠠᠪᠤᠷᠠᠨ ᠵᠠᠰᠠᠬᠤ ᠰᠢᠰᠲ᠋ᠧᠮ ᠢ ᠲᠡᠭᠦᠯᠳᠡᠷᠵᠢᠭᠦᠯᠵᠦ᠂ ᠬᠠᠯᠳᠠᠪᠤᠷᠢᠲᠤ ᠡᠪᠡᠳᠴᠢᠨ ᠢ ᠡᠮᠨᠡᠨ ᠵᠠᠰᠠᠬᠤ ᠦᠢᠯᠡᠴᠢᠯᠡᠭᠡᠨ ᠤ ᠰᠦᠯᠵᠢᠶᠡᠨ ᠤ ᠪᠠᠶᠢᠭᠤᠯᠤᠯᠲᠠ ᠶᠢ ᠴᠢᠩᠭᠠᠳᠬᠠᠬᠤ ᠶᠢᠨ ᠬᠠᠮᠲᠤ ᠬᠠᠤᠯᠢ ᠶᠢ ᠵᠥᠷᠢᠴᠡᠭᠰᠡᠨ ᠠᠵᠢᠯᠯᠠᠭ᠎ᠠ ᠠᠴᠠ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢ ᠴᠢᠩᠭᠠᠷᠠᠭᠤᠯᠬᠤ ᠬᠡᠷᠡᠭᠲᠡᠢ᠃ ᠬᠠᠤᠯᠢ ᠴᠠᠭᠠᠵᠠ ᠳᠤ ᠵᠠᠰᠠᠪᠤᠷᠢ ᠣᠷᠣᠭᠤᠯᠤᠨ ᠪᠦᠷᠢᠨᠰᠢᠭᠦᠯᠦᠭᠰᠡᠨ ᠤ ᠳᠠᠷᠠᠭ᠎ᠠ ᠡᠯ᠎ᠡ ᠲᠠᠯ᠎ᠠ ᠶᠢᠨ ᠬᠢᠨ ᠤ ᠰᠠᠨᠠᠯ ᠢ ᠰᠣᠨᠣᠰᠤᠨ᠂ ᠳᠡᠰ ᠳᠠᠷᠠᠭᠠᠯᠠᠯ ᠶᠣᠰᠣᠭᠠᠷ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠬᠢᠨᠠᠨ ᠶᠠᠷᠢᠯᠴᠠᠭᠤᠯᠬᠤ ᠪᠠᠷ ᠳᠡᠪᠰᠢᠭᠦᠯᠬᠦ ᠬᠡᠷᠡᠭᠲᠡᠢ ᠭᠡᠵᠡᠢ᠃       ᠬᠤᠷᠠᠯ ᠠᠴᠠ ᠴᠢᠬᠤᠯᠠᠴᠢᠯᠠᠭᠰᠠᠨ ᠨᠢ᠂ ᠣᠶᠢᠷ᠎ᠠ ᠶᠢᠨ ᠬᠤᠭᠤᠴᠠᠭᠠᠨ ᠳᠤ ᠤᠯᠤᠰ ᠤᠨ ᠳᠣᠲᠣᠭᠠᠳᠤ ᠶᠢᠨ ᠣᠯᠠᠨ ᠭᠠᠵᠠᠷ ᠲᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠪᠡᠳᠴᠢᠨ ᠤ ᠵᠢᠱᠢᠶ᠎ᠡ ᠴᠢᠨᠠᠭᠰᠢᠯᠠᠪᠠᠯ ᠬᠡᠰᠡᠭ ᠭᠠᠵᠠᠷ ᠲᠤ ᠲᠥᠪᠯᠡᠷᠡᠯ ᠤᠨ ᠴᠢᠨᠠᠷᠲᠠᠶ ᠬᠢᠵᠢᠭ ᠤᠨ ᠪᠠᠶᠢᠳᠠᠯ ᠢᠯᠡᠷᠡᠪᠡ᠃ ᠦᠷᠭᠦᠯᠵᠢᠯᠡᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠬᠤ ᠬᠡᠷᠡᠭᠲᠡᠶ᠃ ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ ᠶᠢᠨ ᠬᠢᠨ ᠣᠷᠣᠨ ᠨᠤᠲᠤᠭ ᠪᠣᠯᠤᠨ ᠬᠠᠮᠢᠶ᠎ᠠ ᠪᠥᠬᠦᠶ ᠲᠠᠯ᠎ᠠ ᠳᠤ ᠵᠢᠯᠣᠭᠤᠳᠤᠨ ᠵᠣᠬᠢᠴᠠᠭᠤᠯᠬᠤ ᠪᠠᠨ ᠴᠢᠩᠭᠠᠳᠬᠠᠵᠤ᠂ ︽ᠳᠥᠷᠪᠡᠨ ᠡᠷᠲᠡ︾ ᠶᠢ ᠪᠠᠷᠢᠮᠲᠠᠯᠠᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠪᠥᠭᠡᠮ ᠬᠦᠴᠢᠯ ᠢ ᠪᠠᠶᠢᠴᠠᠭᠠᠨ ᠬᠡᠮᠵᠢᠬᠦ᠂ ᠲᠤᠰᠠᠭᠠᠷᠯᠠᠵᠤ ᠬᠠᠮᠢᠶᠠᠷᠤᠨ ᠡᠵᠡᠮᠳᠡᠬᠦ᠂ ᠡᠮᠴᠢᠯᠡᠭᠡ ᠪᠠᠷ ᠠᠪᠤᠷᠠᠨ ᠵᠠᠰᠠᠬᠤ ᠂ ᠡᠪᠡᠳᠴᠢᠨ ᠤ ᠡᠬᠢ ᠰᠤᠷᠪᠤᠯᠵᠢ ᠶᠢ ᠮᠥᠷᠳᠡᠬᠦ ᠵᠡᠷᠭᠡ ᠠᠵᠢᠯ ᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠨ  ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠂ ᠦᠨᠡᠨ ᠠᠴᠠ ᠵᠥᠪ ᠢ ᠡᠷᠢᠵᠦ᠂ ᠮᠡᠳᠡᠭᠡ ᠵᠠᠩᠭᠢ ᠶᠢ ᠢᠯᠡ ᠲᠣᠳᠣ ᠨᠡᠶᠢᠲᠡᠯᠡᠵᠦ᠂ ᠬᠢᠵᠢᠭ ᠤᠨ ᠪᠠᠶᠢᠳᠠᠯ ᠤᠨ ᠳᠠᠷᠬᠠᠨ ᠳᠡᠯᠭᠡᠷᠡᠬᠦ ᠶᠢ ᠡᠷᠡᠰ ᠬᠤᠷᠢᠭᠯᠠᠬᠤ ᠬᠡᠷᠡᠭᠲᠡᠶ ᠭᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05001926号-2