ᠪᠠᠭᠠᠷᠢᠨ ᠪᠠᠷᠠᠭᠤᠨ ᠬᠤᠰᠢᠭᠤ ᠵᠠᠬ᠎ᠠ ᠳᠡᠯᠭᠡᠭᠦᠷ ᠤᠨ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠷᠤᠮᠵᠢᠭᠤᠯᠵᠤ᠂ ᠦᠶᠯᠡᠴᠢᠯᠡᠭᠡ ᠶᠢ ᠰᠢᠯᠢᠳᠡᠭᠵᠢᠭᠦᠯᠵᠦ ᠭᠦᠨᠵᠡᠭᠡᠶᠢᠷᠡᠭᠦᠯᠦᠨ ᠬᠥᠭᠵᠢᠭᠦᠯᠪᠡ
ᠨᠡᠶᠢᠲᠡᠯᠡᠭᠰᠡᠨ ᠴᠠᠭ᠄
2021/1/12
    ᠵᠠᠬ᠎ᠠ ᠳᠡᠯᠭᠡᠭᠦᠷ ᠤᠨ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠵᠠᠰᠠᠭ  ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠶᠯᠡᠴᠢᠯᠡᠭᠡ ᠶᠢ ᠰᠢᠯᠢᠳᠡᠭᠵᠢᠭᠦᠯᠬᠦ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢᠨ ᠲᠥᠯᠥᠭᠡ᠂ ᠪᠠᠭᠠᠷᠢᠨ ᠪᠠᠷᠠᠭᠤᠨ ᠬᠤᠰᠢᠭᠤᠨ ᠤ ᠡᠯ᠎ᠡ ᠠᠵᠤ ᠠᠬᠤᠶᠢᠯᠠᠯ ᠳᠤ ᠬᠤᠯᠪᠣᠭᠳᠠᠬᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ  ᠤᠳ《 ᠨᠢᠭᠡ ᠬᠠᠭᠤᠳᠠᠰᠤ ᠬᠤᠶᠠᠷ ᠬᠥᠮᠥᠷᠭᠡ ᠨᠢᠭᠡ ᠨᠠᠷᠢᠨ ᠲᠦᠷᠢᠮ 》 ᠢ ᠪᠠᠶᠢᠭᠤᠯᠪᠠ᠂ ᠲᠤᠬᠠᠶᠢᠯᠠᠪᠠᠯ ᠲᠠᠰᠢᠷᠠᠮ ᠳᠠᠭᠠᠤ ᠰᠤᠭᠤᠴᠢᠨ ᠪᠠᠶᠢᠴᠠᠭᠠᠬᠤ ᠵᠦᠶᠯᠡᠰ ᠤᠨ ᠨᠠᠷᠢᠨ ᠬᠠᠭᠤᠳᠠᠰᠤ ᠶᠢ ᠲᠣᠭᠲᠠᠭᠠᠵᠤ᠂ ᠬᠢᠨᠠᠨ ᠬᠠᠮᠢᠶᠠᠷᠬᠤ ᠡᠲᠡᠭᠡᠳ ᠤᠨ ᠨᠡᠷᠡᠰ ᠤᠨ ᠬᠥᠮᠥᠷᠭᠡ᠂ ᠬᠠᠤᠯᠢ ᠬᠡᠷᠡᠭᠵᠢᠭᠦᠯᠬᠦ ᠠᠵᠢᠯᠲᠠᠨ ᠤ ᠨᠡᠷᠡᠰ ᠤᠨ ᠬᠥᠮᠥᠷᠭᠡ ᠶᠢ ᠪᠠᠶᠢᠭᠤᠯᠤᠨ᠂《ᠬᠤᠤᠰ ᠲᠤᠬᠢᠶᠠᠯᠳᠤᠮᠵᠢ ᠶᠢᠨ ᠪᠠᠶᠢᠴᠠᠭᠠᠯᠲᠠ》ᠨᠠᠷᠢᠨ ᠲᠦᠷᠢᠮ ᠢ ᠵᠢᠷᠤᠮᠵᠢᠭᠤᠯᠪᠠ᠃ 12 ᠰᠠᠷ᠎ᠠ ᠶᠢᠨ 28   ᠤ ᠡᠳᠦᠷ ᠪᠣᠯᠲᠠᠯ᠎ᠠ᠂ ᠪᠥᠬᠦ ᠬᠤᠰᠢᠭᠤᠨ ᠳᠤ ᠰᠤᠭᠤᠴᠢᠨ ᠪᠠᠶᠢᠴᠠᠭᠠᠬᠤ ᠵᠦᠶᠯᠡᠰ ᠤᠨ ᠨᠠᠷᠢᠨ ᠲᠠᠩᠰᠠ 156 ᠵᠦᠶᠯ ᠪᠠᠶᠢᠭᠤᠯᠵᠤ᠂ ᠬᠠᠤᠯᠢ ᠬᠡᠷᠡᠭᠵᠢᠭᠦᠯᠬᠦ ᠠᠵᠢᠯᠲᠠᠨ ᠤ ᠨᠡᠷᠡᠰ ᠤᠨ ᠬᠥᠮᠥᠷᠭᠡ ᠶᠢ ᠪᠠᠶᠢᠭᠤᠯᠤᠨ᠂ ᠨᠢᠭᠡᠨᠲᠡ 303 ᠬᠥᠮᠦᠨ ᠤ ᠨᠡᠷᠡᠰ ᠢ ᠤᠷᠤᠭᠤᠯᠵᠤ᠂《 ᠨᠢᠭᠡ ᠬᠠᠭᠤᠳᠠᠰᠤ ᠬᠤᠶᠠᠷ ᠬᠥᠮᠥᠷᠭᠡ ᠨᠢᠭᠡ ᠨᠠᠷᠢᠨ ᠲᠦᠷᠢᠮ 》 ᠢ ᠪᠦᠷᠢᠨᠰᠢᠭᠦᠯᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05001926号-2