ᠪᠠᠭᠠᠷᠢᠨ ᠪᠠᠷᠠᠭᠤᠨ ᠬᠤᠰᠢᠭᠤᠨ ᠤ《ᠬᠤᠤᠰ ᠲᠤᠬᠢᠶᠠᠯᠳᠤᠮᠵᠢ ᠶᠢᠨ ᠪᠠᠶᠢᠴᠠᠭᠠᠯᠲᠠ᠂ ᠨᠢᠭᠡ ᠶᠢ ᠢᠯᠡ ᠪᠣᠯᠭᠠᠬᠤ》ᠬᠢᠨᠠᠯᠲᠠ ᠬᠠᠮᠢᠶᠠᠷᠤᠯᠲᠠ ᠶᠢᠨ ᠠᠵᠢᠯ ᠢ ᠥᠷᠨᠢᠭᠦᠯᠦᠭᠰᠡᠨ ᠨᠣᠷᠮ᠎ᠠ 100 %  ᠳᠤ ᠬᠥᠷᠪᠡ
ᠨᠡᠶᠢᠲᠡᠯᠡᠭᠰᠡᠨ ᠴᠠᠭ᠄
2021/1/12
    ᠪᠠᠭᠠᠷᠢᠨ ᠪᠠᠷᠠᠭᠤᠨ ᠬᠤᠰᠢᠭᠤ ᠨᠢ《 ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠰᠠᠯᠠᠭ᠎ᠠ ᠮᠥᠴᠢᠷ ᠬᠠᠮᠲᠤᠷᠠᠨ〈 ᠬᠤᠤᠰ ᠲᠤᠬᠢᠶᠠᠯᠳᠤᠮᠵᠢ ᠶᠢᠨ ᠪᠠᠶᠢᠴᠠᠭᠠᠯᠲᠠ ᠂ ᠨᠢᠭᠡ ᠶᠢ ᠢᠯᠡ ᠪᠣᠯᠭᠠᠬᠤ 〉ᠬᠢᠨᠠᠯᠲᠠ ᠬᠠᠮᠢᠶᠠᠷᠤᠯᠲᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠠᠯᠪᠠᠨ ᠬᠡᠷ  ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠶᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ  ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠤᠬᠠᠶ ᠮᠡᠳᠡᠭᠳᠡᠯ 》 ᠤᠨ ᠱᠠᠭᠠᠷᠳᠠᠯᠭ᠎ᠠ ᠶᠣᠰᠣᠭᠠᠷ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠪᠠᠨ ᠦᠨᠡᠩᠬᠦ ᠭᠦᠶᠴᠡᠳᠬᠡᠬᠦ ᠶᠢ ᠱᠠᠯᠠᠪᠳᠠᠭᠤᠯᠤᠨ ᠱᠠᠭᠠᠷᠳᠠᠵᠤ᠂ ᠣᠷᠣᠰᠢᠵᠤ ᠪᠠᠶᠢᠭ᠎ᠠ ᠠᠰᠠᠭᠤᠳᠠᠯ ᠤᠨ ᠰᠢᠯᠲᠠᠭᠠᠨ ᠢ ᠨᠠᠷᠢᠨ ᠬᠢᠨᠠᠮᠠᠭᠠᠶ ᠵᠠᠳᠠᠯᠵᠤ ᠰᠤᠳᠤᠯᠤᠨ ᠮᠠᠭᠠᠳᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠣᠪᠣᠶᠢᠯᠭᠠᠨ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶ ᠳᠤ ᠨᠠᠶᠢᠳᠠᠪᠤᠷᠢᠵᠢᠭᠤᠯᠬᠤ  ᠶᠢ ᠦᠨᠡᠩᠬᠦ ᠪᠠᠲᠤᠯᠠᠪᠠ᠃ 12 ᠳ᠋ᠤᠭᠠᠷ ᠰᠠᠷ᠎ᠠ ᠶᠢᠨ 28   ᠤ ᠡᠳᠦᠷ ᠪᠣᠯᠲᠠᠯ᠎ᠠ᠂ ᠮᠠᠨ ᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ 16 ᠬᠢᠨᠠᠯᠲᠠ ᠬᠠᠮᠢᠶᠠᠷᠤᠯᠲᠠ ᠶᠢᠨ ᠡᠭᠦᠷᠭᠡ ᠴᠢᠳᠠᠪᠤᠷᠢᠲᠤ ᠰᠠᠯᠠᠭ᠎ᠠ ᠮᠥᠴᠢᠷ《 ᠬᠤᠤᠰ ᠲᠤᠬᠢᠶᠠᠯᠳᠤᠮᠵᠢ ᠶᠢᠨ ᠪᠠᠶᠢᠴᠠᠭᠠᠯᠲᠠ᠂ ᠨᠢᠭᠡ ᠶᠢ ᠢᠯᠡ ᠪᠣᠯᠭᠠᠬᠤ 》ᠠᠵᠢᠯ ᠢ ᠥᠷᠨᠢᠭᠦᠯᠵᠦ᠂ ᠰᠤᠭᠤᠴᠢᠨ ᠪᠠᠶᠢᠴᠠᠭᠠᠭᠰᠠᠨ ᠮᠡᠳᠡᠭᠡ ᠵᠠᠩᠭᠢ ᠶᠢ ᠨᠡᠶᠢᠲᠡ 2738 ᠵᠤᠷᠪᠤᠰ ᠢᠯᠡ ᠨᠡᠶᠢᠲᠡᠯᠡᠨ᠂ ᠠᠵᠢᠯ ᠥᠷᠨᠢᠭᠦᠯᠦᠭᠰᠡᠨ ᠨᠣᠷᠮ᠎ᠠ ᠨᠢ 100 %   ᠳᠤ ᠬᠥᠷᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05001926号-2