ᠪᠠᠭᠠᠷᠢᠨ ᠪᠠᠷᠠᠭᠤᠨ ᠬᠤᠰᠢᠭᠤᠨ ᠤ ᠡᠷᠬᠡ ᠲᠡᠭᠰᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠰᠢᠯᠢᠳᠡᠭᠵᠢᠭᠦᠯᠪᠡ
ᠨᠡᠶᠢᠲᠡᠯᠡᠭᠰᠡᠨ ᠴᠠᠭ᠄
2021/1/12
     ᠪᠠᠭᠠᠷᠢᠨ ᠪᠠᠷᠠᠭᠤᠨ ᠬᠤᠰᠢᠭᠤᠨ ᠤ ᠡᠷᠬᠡ ᠲᠡᠭᠰᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠶᠢᠨ ᠲᠥᠷᠥᠯ ᠤᠨ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠵᠢᠷᠤᠮᠵᠢᠭᠤᠯᠪᠠ᠃ 2020 ᠣᠨ ᠤ 5 ᠰᠠᠷ᠎ᠠ ᠳᠤ᠂ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠢ ᠦᠨᠳᠦᠰᠦᠯᠡᠨ᠂ ᠮᠠᠨ ᠤ ᠬᠤᠰᠢᠭᠤ ᠨᠢ《 ᠬᠡᠨ ᠲᠣᠭᠲᠠᠭᠠᠪᠠᠯ᠂ ᠬᠡᠨ ᠢᠯᠭᠠᠷᠠᠭᠤᠯᠬᠤ 》 ᠵᠠᠷᠴᠢᠮ ᠢᠶᠠᠷ᠂ 2019 ᠣᠨ ᠤ 12 ᠳ᠋ᠤᠭᠠᠷ ᠰᠠᠷ᠎ᠠ ᠶᠢᠨ 31   ᠤ ᠡᠳᠦᠷ ᠠᠴᠠ ᠡᠮᠦᠨ᠎ᠡ ᠲᠣᠭᠲᠠᠭᠠᠭᠰᠠᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠠᠶᠢᠭᠤᠯᠬᠤ᠂ ᠤᠬᠤᠷᠢᠨ ᠭᠠᠷᠬᠤ ᠵᠢᠴᠢ ᠡᠳᠦᠷ ᠲᠤᠲᠤᠮ ᠤᠨ ᠠᠵᠤ ᠠᠬᠤᠶ  ᠶᠢᠨ ᠠᠵᠢᠯᠯᠠᠭ᠎ᠠ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ ᠪᠠ ᠠᠷᠭ᠎ᠠ ᠬᠡᠮᠵᠢᠶ᠎ᠡ ᠶᠢ ᠵᠦᠶᠯ ᠳᠠᠷᠠᠭᠠᠯᠠᠨ ᠰᠤᠳᠤᠯᠤᠨ ᠵᠠᠳᠠᠯᠵᠤ᠂ ᠢᠯᠭᠠᠷᠠᠭᠤᠯᠬᠤ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠪᠠ ᠃ ᠪᠥᠬᠦ ᠬᠤᠰᠢᠭᠤᠨ ᠤ ᠨᠢᠭᠡᠳᠦᠯᠲᠡᠶ ᠵᠠᠬ᠎ᠠ ᠳᠡᠯᠭᠡᠭᠦᠷ ᠪᠠ ᠡᠷᠬᠡ ᠲᠡᠭᠰᠢ ᠥᠷᠢᠰᠥᠯᠳᠦᠭᠡᠨ ᠢ ᠬᠠᠷᠰᠢᠯᠠᠬᠤ ᠲᠦᠷᠢᠮ ᠲᠣᠭᠲᠠᠭᠠᠯ ᠢ ᠢᠯᠭᠠᠷᠠᠭᠤᠯᠤᠨ ᠴᠡᠪᠡᠷᠯᠡᠵᠦ᠂ ᠪᠤᠰᠤᠳ 3 ᠬᠤᠪᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠴᠥᠮ ᠬᠦᠴᠦᠨ ᠥᠬᠡᠶ ᠪᠣᠯᠭᠠᠪᠠ᠃ 11 ᠰᠠᠷ᠎ᠠ ᠳᠤ᠂ ᠮᠠᠨ ᠤ ᠬᠤᠰᠢᠭᠤᠨ ᠤ ᠡᠯ᠎ᠡ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠢ ᠲᠤᠭᠤᠷᠪᠢᠬᠤ ᠪᠠᠶᠢᠭᠤᠯᠭ᠎ᠠ ᠨᠢ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ ᠪᠠ ᠲᠣᠰ ᠪᠠᠶᠢᠭᠤᠯᠭ᠎ᠠ ᠶᠢᠨ ᠵᠠᠰᠠᠭ ᠤᠨ ᠶᠠᠪᠤᠳᠠᠯ ᠤᠨ ᠰᠦᠯᠵᠢᠶ᠎ᠡ ᠶᠢᠨ ᠨᠡᠶᠢᠲᠡᠯᠡᠭᠰᠡᠨ ᠵᠠᠬ᠎ᠠ ᠳᠡᠯᠭᠡᠭᠦᠷ ᠤᠨ ᠭᠤᠤᠯ ᠴᠣᠭᠴᠠ  ᠶᠢᠨ ᠠᠵᠤ ᠠᠬᠤᠶ ᠶᠢᠨ ᠠᠵᠢᠯᠯᠠᠭ᠎ᠠ ᠳᠤ ᠬᠤᠯᠪᠣᠭᠳᠠᠭᠰᠠᠨ ᠡᠯ᠎ᠡ ᠵᠦᠶᠯ ᠤᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠲᠣᠭᠲᠠᠭᠠᠯ ᠳᠤ ᠨᠢᠭᠡ ᠤᠳᠠᠭ᠎ᠠ ᠢᠯᠭᠠᠷᠠᠭᠤᠯᠤᠨ ᠪᠠᠶᠢᠴᠠᠭᠠᠯᠲᠠ ᠬᠢᠵᠦ᠂ 《 ᠡᠷᠬᠡ ᠲᠡᠭᠰᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠲᠦᠷᠢᠮ ᠤᠨ ᠬᠡᠷᠡᠭᠵᠢᠭᠦᠯᠬᠦ ᠨᠠᠷᠢᠨ ᠲᠦᠷᠢᠮ ( ᠲᠦᠷ ᠬᠡᠷᠡᠭᠵᠢᠭᠦᠯᠬᠦ ) 》 ᠳᠤ ᠲᠣᠭᠲᠠᠭᠠᠭᠰᠠᠨ ᠬᠢᠨᠠᠨ ᠪᠠᠶᠢᠴᠠᠭᠠᠬᠤ ᠪᠠᠷᠢᠮᠵᠢᠶ᠎ᠠ ᠲᠠᠢ ᠨᠡᠶᠢᠴᠡᠬᠦ ᠥᠬᠡᠶ ᠮᠥᠷᠲᠡᠭᠡᠨ《 ᠲᠥᠷᠥ ᠲᠠᠷᠬᠠᠭᠠᠭᠰᠠᠨ〔2020〕34 ᠳ᠋ᠦ᠋ᠭᠡᠷ ᠲᠣᠭᠠᠲᠤ 》 ᠪᠢᠴᠢᠭ ᠮᠠᠲ᠋ᠧᠷᠢᠶᠠᠯ ᠳᠤ ᠲᠣᠳᠣᠷᠬᠠᠶ ᠲᠣᠭᠲᠠᠭᠠᠭᠰᠠᠨ《 ᠣᠨᠴᠠᠭᠠᠶ ᠲᠣᠭᠲᠠᠭᠠᠯ 》 ᠤᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ ᠪᠠᠶᠢᠬᠤ ᠥᠬᠡᠶ᠃      2020 ᠣᠨ ᠤ 9 ᠰᠠᠷ᠎ᠠ ᠳᠤ᠂ ᠬᠤᠰᠢᠭᠤᠨ ᠤ ᠵᠠᠰᠠᠭ ᠤᠨ ᠣᠷᠳᠣᠨ《 ᠬᠤᠰᠢᠭᠤᠨ ᠤ ᠡᠷᠬᠡ ᠲᠡᠭᠰᠢ ᠥᠷᠢᠰᠥᠯᠳᠦᠭᠡᠨ ᠢ ᠬᠢᠨᠠᠨ ᠪᠠᠶᠢᠴᠠᠭᠠᠬᠤ ᠠᠵᠢᠯ ᠤᠨ ᠲᠣᠪᠴᠢᠶ᠎ᠠ ᠶᠢᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠪᠦᠷᠢᠯᠳᠦᠬᠦᠨ ᠳᠤ ᠲᠣᠬᠢᠷᠠᠭᠤᠯᠤᠯᠲᠠ ᠬᠢᠬᠦ ᠲᠤᠬᠠᠶ ᠮᠡᠳᠡᠭᠳᠡᠯ》ᠪᠠᠭᠤᠯᠭᠠᠨ᠂ ᠬᠤᠷᠠᠯᠳᠤᠭᠤᠯᠤᠭᠴᠢ᠂ ᠭᠡᠰᠢᠭᠦᠨ᠂ ᠡᠭᠦᠷᠭᠡ ᠬᠠᠷᠢᠭᠤᠴᠠᠯᠭ᠎ᠠ ᠶᠢᠨ ᠲᠣᠬᠢᠷᠠᠭᠤᠯᠤᠯᠲᠠ ᠪᠠ ᠬᠤᠪᠢᠷᠠᠯᠲᠠ ᠶᠢ ᠪᠡᠶᠡᠯᠡᠭᠦᠯᠵᠦ᠂ ᠬᠠᠮᠲᠤᠷᠠᠭᠰᠠᠨ ᠬᠤᠷᠠᠯ ᠤᠨ ᠠᠵᠢᠯᠯᠠᠭᠠᠨ ᠳᠤ ᠪᠠᠲᠤᠯᠠᠭ᠎ᠠ ᠬᠠᠩᠭᠠᠪᠠ︔ ᠡᠯ᠎ᠡ ᠪᠦᠷᠢᠯᠳᠦᠬᠦᠨ ᠨᠢᠭᠡᠴᠡ ᠴᠥᠮ ᠡᠷᠬᠡ ᠲᠡᠭᠰᠢ ᠥᠷᠢᠰᠥᠯᠳᠦᠭᠡᠨ ᠢ ᠬᠢᠨᠠᠨ ᠪᠠᠶᠢᠴᠠᠭᠠᠬᠤ ᠪᠠᠶᠢᠭᠤᠯᠤᠮᠵᠢ ᠶᠢ ᠲᠤᠰᠬᠠᠶᠢᠯᠠᠨ ᠬᠠᠷᠢᠭᠤᠴᠠᠵᠤ᠂ ᠠᠵᠢᠯᠲᠠᠨ ᠢ ᠨᠠᠶᠢᠳᠠᠪᠤᠷᠢᠵᠢᠭᠤᠯᠤᠭᠰᠠᠨ ᠪᠥᠭᠡᠳ ᠡᠷᠬᠡ ᠲᠡᠭᠰᠢ ᠥᠷᠢᠰᠥᠯᠳᠦᠭᠡᠨ ᠢ ᠬᠢᠨᠠᠨ ᠪᠠᠶᠢᠴᠠᠭᠠᠬᠤ ᠲᠣᠭᠲᠠᠴᠠ ᠶᠢ ᠪᠠᠶᠢᠭᠤᠯᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05001926号-2