| 1 ᠰᠠᠷ᠎ᠠ ᠶᠢᠨ 11 ᠤ ᠦᠳᠡ ᠶᠢᠨ ᠬᠤᠶᠢᠨ᠎ᠠ᠂ ᠪᠠᠭᠠᠷᠢᠨ ᠪᠠᠷᠠᠭᠤᠨ ᠬᠤᠰᠢᠭᠤᠨ ᠤ ᠨᠠᠮ ᠤᠨ ᠬᠤᠷᠢᠶᠠᠨ | ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠬᠠᠨ ᠶᠢᠩ ᠵᠢᠷᠭᠠᠯ ᠤᠨ ᠵᠠᠮ ᠤᠨ ᠰᠤᠮᠤᠨ ᠳᠤ | ᠬᠦᠷᠴᠦ᠂ ᠤᠷᠢᠳ ᠬᠤᠵᠢᠳ ᠰᠤᠮᠤᠨ ᠤ ᠭᠤᠤᠯ ᠡᠷᠡᠭᠦᠯ ᠬᠠᠮᠠᠭᠠᠯᠠᠯ ᠤᠨ ᠬᠤᠷᠢᠶ᠎ᠠ᠂ ᠵᠢᠷᠭᠠᠯ ᠤᠨ ᠵᠠᠮ ᠲᠣᠰᠬᠤᠨ | ᠤ ᠵᠦᠪᠯᠡᠯ ᠵᠢᠴᠢ ᠰᠤᠮᠤᠨ ᠤ ᠵᠠᠰᠠᠭ ᠤᠨ ᠣᠷᠳᠣᠨ ᠤ ᠪᠠᠶᠢᠭ᠎ᠠ ᠭᠠᠵᠠᠷ ᠤᠨ ᠡᠵᠡᠩᠨᠡᠯᠲᠡ ᠶᠢᠨ ᠳᠡᠯᠭᠡᠭᠦᠷ ᠲᠤ | ᠬᠦᠷᠴᠦ ᠡᠪᠦᠯ ᠬᠠᠪᠤᠷ ᠤᠨ ᠤᠯᠠᠷᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ | ᠰᠤᠳᠤᠯᠵᠤ ᠱᠠᠭᠠᠷᠳᠠᠨ ᠵᠢᠯᠤᠭᠤᠳᠤᠪᠠ᠂ ᠰᠤᠮᠤᠨ ᠤ ᠨᠠᠮ ᠤᠨ ᠬᠤᠷᠢᠶᠠᠨ ᠤ ᠱᠦᠵᠢ ᠡᠦ ᠶᠠ ᠫᠢᠩ᠂ ᠵᠠᠰᠠᠭ ᠤᠨ | ᠣᠷᠳᠣᠨ ᠤ ᠳᠡᠳ᠋ ᠰᠤᠮᠤᠨ ᠲᠠᠷᠤᠭ᠎ᠠ ᠶᠠᠩ ᠹᠧᠩ ᠭᠠᠩ᠂ ᠰᠦᠶ ᠢᠦ᠋ᠶ ᠴᠧᠩ ᠪᠠᠷ᠎ᠠ ᠪᠣᠯᠪᠠ᠃ | ᠰᠤᠮᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ᠂ ᠬᠠᠨ ᠶᠢᠩ ᠪᠡᠶ᠎ᠡ ᠶᠢᠨ ᠬᠠᠯᠠᠭᠤᠨ ᠤ ᠪᠠᠶᠢᠴᠠᠭᠠᠯᠲᠠ | ᠬᠢᠭᠰᠡᠨ ᠤ ᠳᠠᠷᠠᠭ᠎ᠠ ᠡᠷᠡᠭᠦᠯ ᠬᠠᠮᠠᠭᠠᠯᠠᠯ ᠤᠨ ᠬᠤᠷᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠦᠯᠡᠳᠡᠭᠡᠨ ᠠᠵᠢᠭᠯᠠᠬᠤ ᠲᠠᠰᠤᠭ ᠢ ᠳᠣᠭᠢᠷᠠᠭᠤᠯᠤᠨ ᠬᠠᠮᠢᠶᠠᠷᠴᠤ | ᠪᠠᠶᠢᠭ᠎ᠠ ᠪᠠᠶᠢᠳᠠᠯ ᠵᠢᠴᠢ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠨᠥᠭᠡᠴᠡᠯᠡᠵᠦ ᠪᠠᠶᠢᠭ᠎ᠠ ᠪᠠᠶᠢᠳᠠᠯ ᠢ ᠲᠤᠬᠠᠶ | ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠴᠠᠭᠠᠨ ᠰᠠᠷ᠎ᠠ ᠣᠶᠢᠷᠠᠳᠴᠤ᠂ ᠡᠯ᠎ᠡ ᠭᠠᠵᠠᠷ ᠠᠴᠠ ᠨᠤᠲᠤᠭ | ᠲᠠᠭᠠᠨ ᠪᠤᠴᠠᠬᠤ ᠬᠥᠮᠦᠰ ᠣᠯᠠᠰᠢᠷᠠᠵᠤ ᠪᠠᠶᠢᠨ᠎ᠠ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ ᠤᠨ | ᠬᠢᠨ ᠬᠠᠷᠢᠭᠤᠴᠠᠯᠭ᠎ᠠ ᠪᠠᠨ ᠦᠨᠡᠩᠬᠦ ᠡᠭᠦᠷᠭᠡᠯᠡᠵᠦ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ | ᠪᠠᠶᠢᠭᠤᠯᠤᠨ ᠪᠦᠷᠢᠨᠰᠢᠬᠦᠯᠵᠤ᠂ ᠨᠡᠩ ᠨᠠᠷᠢᠨ ᠨᠢᠮᠪᠠᠢ ᠬᠠᠷᠢᠭᠤᠴᠠᠬᠤ ᠣᠪᠣᠷ ᠢᠶᠠᠷ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠢ ᠰᠠᠶᠢᠲᠤᠷ ᠬᠢᠵᠦ᠂ ᠠᠷᠠᠳ ᠤᠯᠠᠨ ᠤ ᠠᠮᠢ ᠨᠠᠰᠤᠨ ᠤ | ᠠᠮᠤᠷ ᠲᠦᠪᠰᠢᠨ ᠢ ᠪᠠᠲᠤᠯᠠᠬᠤ ᠬᠡᠷᠡᠭᠲᠡᠢ ᠬᠡᠵᠠᠢ᠃ | ᠵᠢᠷᠭᠠᠯ ᠤᠨ ᠵᠠᠮ ᠲᠣᠰᠬᠤᠨ ᠤ ᠵᠥᠪᠯᠡᠯ ᠳᠤ᠂ ᠬᠠᠨ ᠶᠢᠩ ᠭᠠᠴᠠᠭ᠎ᠠ ᠲᠣᠰᠬᠤᠨ ᠤ ᠬᠢᠵᠢᠭ ᠤᠨ ᠪᠠᠶᠢᠳᠠᠯ | ᠢ ᠰᠡᠷᠭᠡᠶᠢᠯᠡᠨ ᠡᠵᠡᠮᠳᠡᠬᠦ ᠲᠤᠤᠷᠴᠢᠯᠠᠬᠰᠠᠨ ᠬᠠᠮᠢᠶᠠᠷᠤᠯᠲᠠ᠂ ᠭᠠᠳᠠᠨ᠎ᠠ ᠠᠴᠠ ᠢᠷᠡᠭᠰᠡᠨ ᠬᠥᠮᠦᠰ ᠢ ᠵᠢᠭᠰᠠᠭᠠᠨ | ᠪᠠᠶᠢᠴᠠᠭᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠵᠡᠷᠭᠡ | ᠠᠵᠢᠯ ᠥᠷᠨᠢᠭᠦᠯᠦᠭᠰᠡᠨ ᠪᠠᠶᠢᠳᠠᠯ ᠢ ᠪᠦᠬᠦ ᠲᠠᠯ᠎ᠠ ᠪᠠᠷ ᠪᠠᠶᠢᠴᠠᠭᠠᠨ ᠣᠶᠢᠯᠠᠭᠠᠪᠠ᠃ ᠲᠡᠷᠡ᠂ ︽ᠲᠦᠷᠪᠡᠨ ᠲᠠᠯ᠎ᠠ ᠶᠢᠨ | ᠬᠠᠷᠢᠭᠤᠴᠠᠯᠭ᠎ᠠ︾ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠡᠨᠡᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠲᠤᠤᠷᠴᠢᠯᠠᠬᠰᠠᠨ ᠬᠠᠮᠢᠶᠠᠷᠤᠯᠲᠠ ᠶᠢ ᠴᠢᠩᠭ᠎ᠠ | ᠨᠠᠶᠢᠳᠠᠪᠤᠷᠢᠵᠢᠭᠤᠯᠵᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠴᠢᠩᠭᠠᠳᠬᠠᠨ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠤᠭ ᠤᠨ ᠦᠨᠳᠦᠰᠦᠨ ᠱᠠᠲᠤᠨ ᠤ ᠲᠣᠣᠷ ᠢ ᠪᠠᠬᠢᠵᠡᠬᠦᠯᠬᠦ ᠬᠡᠷᠡᠭᠲᠡᠢ᠃ | ᠨᠤᠲᠤᠭ ᠲᠠᠭᠠᠨ ᠪᠤᠴᠠᠭᠰᠠᠨ ᠬᠥᠮᠦᠰ ᠢ ᠵᠢᠭᠰᠠᠭᠠᠨ ᠪᠠᠶᠢᠴᠠᠭᠠᠵᠤ ᠳᠡᠩᠰᠡᠯᠡᠨ ᠲᠡᠮᠳᠡᠭᠯᠡᠬᠦ ᠠᠵᠢᠯ ᠢ ᠴᠢᠩᠭᠠᠳᠬᠠᠵᠤ᠂ | ᠬᠤᠲᠠ ᠠᠴᠠ ᠭᠠᠷᠤᠭᠰᠠᠨ ᠬᠥᠮᠦᠰ ᠢ ᠮᠡᠳᠡᠭᠦᠯᠵᠦ ᠪᠦᠷᠢᠳᠬᠡᠨ ᠳᠠᠩᠰᠠᠯᠠᠬᠤ᠂ ᠨᠤᠲᠤᠭ ᠲᠠᠭᠠᠨ ᠪᠤᠴᠠᠭᠰᠠᠨ ᠬᠥᠮᠦᠰ | ᠤᠨ ᠮᠡᠳᠡᠭᠡ ᠵᠠᠩᠭᠢ ᠶᠢ ᠳᠡᠩᠰᠡᠯᠡᠨ ᠲᠡᠮᠳᠡᠭᠯᠡᠬᠦ᠂ ᠪᠠᠶᠢᠴᠠᠭᠠᠨ ᠵᠢᠭᠰᠠᠭᠠᠬᠤ᠂ ᠡᠷᠡᠭᠦᠯ ᠮᠡᠨᠳᠦ ᠶᠢᠨ ᠬᠢᠨᠠᠨ | ᠰᠢᠨᠵᠢᠯᠲᠡ ᠬᠢᠬᠦ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠶᠠᠪᠤᠵᠤ ᠰᠠᠭᠤᠭᠰᠠᠨ ᠭᠠᠵᠠᠷ ᠤᠷᠤᠨ | ᠢᠶᠠᠷ ᠨᠢ ᠬᠠᠷᠭᠤᠭᠤᠯᠤᠨ ᠬᠠᠮᠢᠶᠠᠷᠬᠤ ᠶᠢ ᠬᠡᠷᠡᠭᠵᠢᠭᠦᠯᠦᠨ᠂ ᠳᠤᠲᠠᠭᠤᠳᠠᠯ ᠢᠶᠠᠨ ᠤᠯᠠᠮ ᠨᠢᠭᠡ ᠠᠯᠬᠤᠮ | ᠨᠥᠬᠦᠪᠥᠷᠢᠯᠡᠵᠦ᠂ ᠠᠯᠳᠠᠭ᠎ᠠ ᠪᠤᠷᠤᠭᠤ ᠪᠠᠨ ᠵᠠᠯᠠᠷᠠᠭᠤᠯᠬᠤ ᠬᠡᠷᠡᠭᠲᠡᠶ᠂ ᠡᠯ᠎ᠡ ᠵᠦᠶᠯ ᠤᠨ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠶᠢ ᠡᠷᠡᠰ ᠪᠣᠳᠠᠲᠠᠶ ᠨᠠᠶᠢᠳᠠᠪᠤᠷᠢᠵᠢᠭᠤᠯᠵᠤ᠂ ᠮᠡᠳᠡᠭᠦᠯᠬᠦ ᠥᠬᠡᠶ ᠨᠢᠭᠤᠬᠤ᠂ ᠣᠷᠬᠢᠭᠳᠠᠭᠤᠯᠤᠨ | ᠮᠡᠳᠡᠭᠦᠯᠬᠦ ᠦᠵᠡᠭᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃ ᠣᠯᠠᠨ ᠲᠦᠮᠡᠨ ᠢ ᠤᠬᠠᠭᠤᠯᠵᠤ ᠬᠥᠲᠥᠯᠥᠨ | ᠵᠢᠯᠣᠭᠤᠳᠬᠤ ᠠᠵᠢᠯ ᠢ ᠰᠠᠶᠢᠲᠤᠷ ᠬᠢᠵᠦ᠂ ᠬᠥᠮᠦᠨ ᠬᠠᠷ᠎ᠠ ᠬᠤᠷᠠᠨ ᠴᠤᠭᠯᠠᠷᠠᠬᠤ ᠶᠢ ᠪᠠᠭᠠᠰᠬᠠᠨ᠂ ᠬᠢᠵᠢᠭ ᠤᠨ | ᠪᠠᠶᠢᠳᠠᠯ ᠢ ᠰᠡᠷᠭᠡᠶᠢᠯᠡᠨ ᠬᠠᠮᠠᠭᠠᠯᠠᠬᠤ ᠮᠡᠳᠡᠯᠭᠡ ᠶᠢ ᠢᠳᠡᠪᠬᠢᠲᠡᠶ ᠤᠬᠠᠭᠤᠯᠵᠤ᠂ ᠣᠯᠠᠨ ᠲᠦᠮᠡᠨ ᠳᠤ ᠬᠢᠵᠢᠭ ᠤᠨ | ᠪᠠᠶᠢᠳᠠᠯ ᠢ ᠭᠦᠶᠴᠡᠳ ᠣᠶᠢᠯᠠᠭᠠᠭᠤᠯᠤᠨ᠂ ᠵᠥᠪ ᠢᠶᠠᠷ ᠲᠠᠨᠢᠭᠤᠯᠵᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ | ᠢᠶᠠᠨ ᠵᠠᠰᠠᠬᠤ ᠴᠢᠩᠭ᠎ᠠ ᠰᠡᠷᠭᠡᠶᠢᠯᠡᠯᠲᠡ ᠶᠢᠨ ᠱᠤᠭᠤᠮ ᠢ ᠦᠨᠡᠩᠬᠦ ᠪᠠᠶᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | ᠰᠤᠮᠤᠨ ᠤ ᠵᠠᠰᠠᠭ ᠤᠨ ᠣᠷᠳᠣᠨ ᠤ ᠪᠠᠶᠢᠭ᠎ᠠ ᠭᠠᠵᠠᠷ ᠤᠨ ᠡᠵᠡᠩᠨᠡᠯᠲᠡ ᠶᠢᠨ ᠳᠡᠯᠭᠡᠭᠦᠷ ᠲᠤ᠂ ᠬᠠᠨ ᠶᠢᠩ | ᠳᠡᠯᠭᠡᠭᠦᠷ ᠤᠨ ᠪᠡᠶ᠎ᠡ ᠶᠢᠨ ᠬᠠᠯᠠᠭᠤᠨ ᠢ ᠰᠢᠯᠭᠠᠨ ᠪᠠᠶᠢᠴᠠᠭᠠᠬᠤ᠂ ᠮᠡᠳᠡᠭᠡ ᠵᠠᠩᠭᠢ ᠶᠢ ᠳᠠᠩᠰᠠᠯᠠᠬᠤ ᠵᠡᠷᠭᠡ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠪᠠ ᠬᠦᠯᠳᠡᠬᠦᠦ ᠬᠦᠶᠲᠡᠨ ᠢᠳᠡᠭᠡᠨ ᠤ ᠬᠢᠨᠠᠯᠲᠠ ᠬᠠᠮᠢᠶᠠᠷᠤᠯᠲᠠ | ᠶᠢᠨ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠨ ᠦᠵᠡᠪᠡ᠃ ᠲᠡᠷᠡ᠂ ᠬᠤᠳᠠᠯᠳᠤᠭ᠎ᠠ ᠲᠡᠯᠬᠡᠬᠦᠷ ᠵᠡᠷᠭᠡ ᠶᠢᠨ ᠭᠠᠷᠴᠤ | ᠤᠷᠤᠬᠤ ᠬᠥᠮᠦᠰ ᠤᠨ ᠪᠡᠶ᠎ᠡ ᠶᠢᠨ ᠳᠤᠯᠠᠭᠠᠨ ᠢ ᠬᠡᠮᠵᠢᠬᠦ᠂ ᠺᠣᠳ᠋ ᠢ ᠰᠢᠯᠭᠠᠬᠤ᠂ ᠠᠮᠠᠪᠴᠢ ᠵᠡᠭᠦᠬᠦ ᠵᠡᠷᠭᠡ ᠰᠡᠷᠭᠡᠶᠢᠯᠡᠨ | ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠷᠴᠢᠨ ᠲᠣᠭᠤᠷᠢᠨ ᠢ ᠠᠷᠢᠭᠤᠳᠬᠠᠨ ᠴᠡᠪᠡᠷᠯᠡᠬᠦ ᠪᠠ | ᠠᠷᠢᠭᠤᠨ ᠴᠡᠪᠡᠷ ᠢ ᠴᠢᠩᠭᠠᠳᠬᠠᠵᠤ᠂ ᠬᠥᠮᠦᠨ ᠤᠨ ᠠᠷᠪᠢᠨ ᠶᠠᠪᠤᠵᠤ ᠰᠠᠭᠤᠬᠤ ᠶᠢ ᠢᠳᠬᠠᠨ ᠰᠠᠨᠠᠭᠤᠯᠵᠤ᠂ | ᠴᠤᠭᠯᠠᠷᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠬᠦᠯᠳᠡᠬᠦᠦ ᠬᠦᠶᠲᠡᠨ ᠢᠳᠡᠭᠡᠨ ᠤ ᠲᠡᠭᠡᠭᠡᠪᠦᠷᠢ᠂ | ᠦᠶᠯᠡᠳᠪᠦᠷᠢᠯᠡᠯ᠂ ᠪᠣᠷᠣᠯᠠᠭᠤᠯᠭ᠎ᠠ ᠵᠡᠷᠭᠡ ᠪᠠᠷᠠᠭ᠎ᠠ ᠣᠷᠣᠭᠤᠯᠬᠤ ᠳᠤ ᠪᠠᠶᠢᠴᠠᠭᠠᠨ ᠰᠢᠯᠭᠠᠬᠤ ᠭᠤᠭᠴᠤᠭ᠎ᠠ ᠶᠢ ᠪᠥᠬᠦ | ᠲᠠᠯ᠎ᠠ ᠪᠠᠷ ᠪᠠᠶᠢᠴᠠᠭᠠᠵᠤ᠂ ᠬᠦᠯᠳᠡᠬᠦᠦ ᠬᠦᠶᠲᠡᠨ ᠢᠳᠡᠭᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ | ᠢ ᠡᠷᠡᠰ ᠰᠠᠶᠢᠲᠤᠷ ᠬᠢᠬᠦ ᠬᠡᠷᠡᠭᠲᠡᠶ ᠬᠡᠵᠠᠢ᠃ | ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠪᠠᠷ ᠳᠠᠮᠵᠢᠭᠤᠯᠤᠨ᠂ ᠬᠠᠨ ᠶᠢᠩ ᠰᠤᠮᠤᠨ ᠤ ᠬᠢᠵᠢᠭ | ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠭᠦᠶᠴᠡᠳ ᠨᠤᠳᠠᠯᠠᠪᠠ᠃ ᠡᠭᠦᠨ ᠤ ᠬᠠᠮᠲᠤ᠂ ᠪᠥᠬᠦ ᠰᠤᠮᠤ ᠶᠢᠨ | ᠬᠢᠨ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ | ᠤᠬᠠᠭᠤᠯᠭ᠎ᠠ ᠶᠠᠷᠢᠶ᠎ᠠ ᠬᠡᠯᠡᠯᠴᠡᠭᠡᠨ ᠤ ᠵᠢᠯᠣᠭᠤᠳᠤᠮᠵᠢ ᠶᠢ ᠦᠷᠭᠦᠯᠵᠢᠯᠡᠨ ᠴᠢᠩᠭᠠᠳᠬᠠᠵᠤ᠂ ᠬᠥᠮᠦᠨ ᠣᠯᠠᠨ | ᠴᠤᠭᠯᠠᠷᠠᠬᠤ ᠲᠠᠯᠠᠪᠤᠷ ᠭᠠᠵᠠᠷ᠂ ᠬᠦᠯᠳᠡᠬᠦᠦ ᠬᠦᠶᠲᠡᠨ ᠪᠠᠷᠠᠭᠠᠨ ᠤ ᠭᠦᠶᠯᠭᠡᠭᠡ ᠵᠡᠷᠭᠡ ᠭᠤᠤᠯᠳᠠᠯᠭ᠎ᠠ ᠲᠠᠢ ᠬᠦᠷᠢᠶ᠎ᠡ | ᠴᠠᠷ᠎ᠠ᠂ ᠭᠤᠤᠯᠳᠠᠯᠭ᠎ᠠ ᠲᠠᠢ ᠲᠠᠯᠠᠪᠤᠷ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠩᠬᠦ | ᠰᠠᠶᠢᠲᠤᠷ ᠠᠳᠬᠤᠵᠤ᠂ ᠪᠥᠬᠦ ᠠᠷᠠᠳ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠮᠰᠠᠷ ᠢ | ᠳᠡᠭᠡᠭᠰᠢᠯᠡᠭᠦᠯᠦᠨ᠂ ᠡᠯ᠎ᠡ ᠵᠦᠶᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠶ | ᠨᠠᠶᠢᠳᠠᠪᠤᠷᠢᠵᠢᠭᠤᠯᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠡᠳᠦᠷ ᠲᠤᠲᠤᠮ ᠤᠨ | ᠦᠶᠯᠡᠳᠪᠦᠷᠢᠯᠡᠯ ᠠᠮᠢᠳᠤᠷᠠᠯ ᠢ ᠪᠠᠲᠤᠯᠠᠵᠤ᠂ ᠡᠶ᠎ᠡ ᠨᠠᠶᠢᠷᠠᠮᠳᠠᠭᠤ ᠠᠮᠤᠷ ᠠᠮᠤᠭᠤᠯᠠᠩ ᠪᠠᠶᠠᠷ ᠤᠨ ᠡᠳᠦᠷ ᠤᠨ ᠠᠭᠤᠷ | ᠠᠮᠢᠰᠬᠤᠯ ᠢ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠵᠢᠷᠭᠠᠯ ᠤᠨ ᠵᠠᠮ ᠰᠤᠮᠤ᠄ ᠤᠶᠤᠨᠴᠢᠮᠡᠩ |