ᠵᠢᠷᠭᠠᠯ ᠤᠨ ᠵᠠᠮ ᠰᠤᠮᠤ ᠭᠠᠴᠠᠭ᠎ᠠ ᠲᠤᠰᠬᠤᠨ ᠤ ᠠᠷᠠᠳ ᠤᠨ ᠵᠥᠪᠯᠡᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/1/14
      ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠬᠡᠳᠬᠡᠨ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠪᠥᠬᠦ ᠰᠤᠮᠤ ᠶᠢᠨ ᠡᠯ᠎ᠡ ᠭᠠᠴᠠᠭ᠎ᠠ ᠲᠣᠰᠬᠤᠨ ᠤ ︽ᠬᠤᠶᠠᠷ ᠵᠥᠪᠯᠡᠯ︾   ᠤᠨ ᠬᠤᠭᠤᠴᠠᠭ᠎ᠠ ᠰᠣᠯᠢᠬᠤ ᠰᠣᠩᠭᠤᠭᠤᠯᠢ ᠶᠢ ᠵᠢᠷᠤᠮᠵᠢᠭᠤᠨ ᠪᠥᠭᠡᠳ ᠡᠮᠬᠢ  ᠲᠢᠭᠯᠢᠮ ᠲᠠᠢ ᠠᠬᠢᠭᠤᠯᠬᠤ ᠶᠢᠨ ᠲᠥᠯᠥᠭᠡ᠂ 1 ᠰᠠᠷ᠎ᠠ ᠶᠢᠨ 11  ᠤ ᠡᠳᠦᠷ᠂ ᠵᠢᠷᠭᠠᠯ ᠤᠨ ᠵᠠᠮ ᠰᠤᠮᠤ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠰᠤᠮᠤ ᠶᠢᠨ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠭᠤᠤᠯ ᠠᠵᠢᠯᠯᠠᠬᠤ ᠠᠩᠭᠢ ᠶᠢᠨ ᠪᠦᠷᠢᠯᠳᠦᠬᠦᠨ᠂ ᠡᠯ᠎ᠡ ᠭᠠᠴᠠᠭ᠎ᠠ ᠲᠣᠰᠬᠤᠨ ᠤ ᠨᠠᠮ ᠤᠨ ᠡᠭᠦᠷ ᠤᠨ ᠪᠦᠷᠢᠯᠳᠦᠬᠦᠨ᠂ ︽ᠰᠢᠶᠠᠩ ᠠᠴᠠ ᠡᠯᠰᠡᠨ ᠲᠤᠰᠬᠤᠨ ᠳᠤ ᠬᠡᠷᠡᠭᠯᠡᠬᠦ  ︾ ᠺᠠᠳ᠋ᠷᠴᠤᠳ ᠬᠤᠷᠠᠯ  ᠳᠤ ᠣᠷᠣᠯᠴᠠᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠸᠠᠩ ᠶᠠᠨ ᠵᠢᠶᠧ ᠬᠤᠷᠠᠯ  ᠢ ᠡᠷᠭᠢᠯᠡᠪᠡ᠃       ᠬᠤᠷᠠᠯ ᠳᠡᠭᠡᠷ᠎ᠡ᠂ ᠶᠠᠩ ᠹᠧᠩ ᠭᠠᠩ ᠳᠡᠳ᠋ ᠰᠤᠮᠤᠨ ᠳᠠᠷᠤᠭ᠎ᠠ ᠰᠣᠩᠭᠤᠭᠤᠯᠢ ᠶᠢᠨ ᠠᠷᠠᠳ ᠢ ᠳᠠᠬᠢᠨ ᠬᠢᠨᠠᠨ ᠬᠠᠷᠭᠤᠭᠤᠯᠬᠤ᠂ ᠰᠣᠩᠭᠤᠭᠤᠯᠢ ᠳᠤ ᠣᠷᠣᠯᠴᠠᠬᠤ ᠦᠨᠡᠮᠯᠡᠯ ᠢ ᠲᠠᠭᠯᠠᠨ ᠪᠢᠴᠢᠬᠦ ᠪᠠ ᠲᠠᠷᠬᠠᠭᠠᠬᠤ᠂ ᠨᠠᠶᠢᠳᠠᠨ ᠪᠢᠯᠧᠲ ᠥᠭᠴᠦ ᠰᠢᠶᠳᠪᠦᠷᠢᠯᠡᠭᠦᠯᠬᠦ ᠵᠡᠷᠭᠡ ᠬᠠᠮᠢᠶ᠎ᠠ ᠪᠥᠬᠦᠶ ᠶᠠᠪᠤᠳᠠᠯ ᠤᠨ ᠲᠤᠬᠠᠶ ᠪᠣᠯᠪᠠᠰᠤᠷᠠᠯ ᠵᠢᠯᠣᠭᠤᠳᠣᠯᠭ᠎ᠠ ᠬᠢᠭᠰᠡᠨ ᠤ ᠬᠠᠮᠲᠤ᠂ ᠭᠠᠴᠠᠭ᠎ᠠ ᠲᠣᠰᠬᠤᠨ ᠤ ᠵᠥᠪᠯᠡᠯ ᠤᠨ ᠰᠣᠩᠭᠤᠭᠤᠯᠢ ᠳᠤ ᠥᠷᠢᠰᠥᠯᠳᠦᠭᠴᠢ ᠶᠢ ᠠᠩᠬ᠎ᠠ ᠠᠯᠬᠤᠮ ᠠᠷᠠᠳᠴᠢᠯᠠᠯ ᠢᠶᠠᠷ ᠰᠢᠯᠭᠠᠨ ᠦᠨᠡᠯᠡᠬᠦ ᠪᠠ ᠠᠷᠠᠳ ᠤᠨ ᠰᠠᠨᠠᠭ᠎ᠠ ᠶᠢ ᠪᠠᠶᠢᠴᠠᠭᠠᠬᠤ ᠵᠡᠷᠭᠡ ᠠᠵᠢᠯ ᠤᠨ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠡᠯ᠎ᠡ ᠭᠠᠴᠠᠭ᠎ᠠ ᠲᠣᠰᠬᠤᠨ ᠤ ᠬᠢᠨ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠲᠠᠰ ᠳᠠᠷᠠᠭᠠᠯᠠᠯ ᠢ ᠴᠢᠩᠭ᠎ᠠ ᠵᠢᠷᠤᠮᠵᠢᠭᠤᠯᠵᠤ᠂ ᠴᠠᠭ ᠤᠨ ᠵᠠᠩᠭᠢᠶᠠᠰᠤ ᠶᠢ ᠴᠢᠩᠭ᠎ᠠ ᠡᠵᠡᠮᠳᠡᠵᠦ᠂ ᠬᠠᠤᠯᠢ ᠲᠣᠭᠲᠠᠭᠠᠯ ᠶᠣᠰᠣᠭᠠᠷ ᠠᠵᠢᠯᠯᠠᠨ᠂ ᠯᠠᠪᠳᠠᠭᠤᠨ ᠢᠶᠠᠷ ᠠᠬᠢᠭᠤᠯᠵᠤ᠂ ᠰᠣᠩᠭᠤᠭᠤᠯᠢ ᠶᠢᠨ ᠭᠤᠭᠴᠤᠭ᠎ᠠ ᠨᠢᠭᠡᠪᠦᠷᠢ ᠶᠢ ᠪᠣᠳᠠᠲᠠᠶ ᠨᠠᠷᠢᠯᠢᠭ ᠠᠳᠬᠤᠵᠤ᠂ ᠰᠣᠩᠭᠤᠭᠤᠯᠢ ᠶᠢᠨ ᠠᠷᠠᠳ ᠢ ᠳᠡᠩᠰᠡᠯᠡᠵᠦ ᠪᠤᠷᠤᠭᠤ ᠨᠡᠶᠢᠲᠡᠯᠡᠬᠦ᠂ ᠣᠷᠬᠢᠭᠳᠠᠭᠤᠯᠬᠤ᠂ ᠳᠠᠬᠢᠨ ᠨᠡᠶᠢᠲᠡᠯᠡᠬᠦ ᠵᠡᠷᠭᠡ ᠪᠠᠶᠢᠳᠠᠯ ᠭᠠᠷᠬᠤ ᠶᠢ ᠡᠷᠡᠰ ᠬᠤᠷᠢᠭᠯᠠᠵᠤ᠂ ᠤᠬᠠᠭᠤᠯᠭ᠎ᠠ ᠪᠠᠨ ᠴᠢᠩᠭᠠᠳᠬᠠᠵᠤ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠤᠯᠭᠠᠬᠤ ᠬᠡᠷᠡᠭᠳᠠᠢ᠂ ᠬᠤᠭᠤᠴᠠᠭ᠎ᠠ ᠰᠣᠯᠢᠬᠤ ᠰᠣᠩᠭᠤᠭᠤᠯᠢ ᠶᠢ ᠬᠠᠷᠰᠢᠯᠠᠬᠤ ᠪᠠ ᠡᠪᠳᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠵᠠᠷᠯᠠᠯ ᠵᠢᠴᠢ ᠬᠤᠭᠤᠴᠠᠭ᠎ᠠ ᠰᠣᠯᠢᠬᠤ ᠰᠣᠩᠭᠤᠭᠤᠯᠢ ᠶᠢᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠥᠷᠭᠡᠨ ᠢᠶᠠᠷ ᠤᠬᠠᠭᠤᠯᠵᠤ᠂ ᠥᠷᠭᠡᠨ ᠣᠯᠠᠨ ᠮᠠᠯᠴᠢᠨ ᠲᠠᠷᠢᠶᠠᠴᠢᠨ ᠢ ᠳᠠᠶᠢᠴᠢᠯᠠᠨ ᠬᠤᠭᠤᠴᠠᠭ᠎ᠠ ᠰᠣᠯᠢᠬᠤ ᠰᠣᠩᠭᠤᠭᠤᠯᠢ ᠳᠤ ᠢᠳᠡᠪᠬᠢᠲᠡᠶ ᠣᠷᠣᠯᠴᠠᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃      ᠰᠤᠮᠤᠨ ᠤ ᠨᠠᠮ ᠤᠨ ᠬᠤᠷᠢᠶ᠎ᠠ ᠶᠢᠨ ᠱᠦᠵᠢ ᠡᠦ ᠶᠠ ᠫᠢᠩ ᠴᠢᠬᠤᠯᠠᠴᠢᠯᠠᠭᠰᠠᠨ ᠨᠢ᠂ ᠭᠠᠴᠠᠭᠠᠨ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠰᠠᠶᠢᠲᠤᠷ ᠬᠢᠬᠦ ᠳᠤ ᠡᠭᠦᠷᠭᠡ ᠬᠠᠲᠠᠭᠤ ᠪᠡᠷᠬᠡ᠂ ᠠᠴᠢ ᠬᠤᠯᠪᠣᠭᠳᠠᠯ ᠬᠦᠨᠳᠦ ᠴᠢᠬᠤᠯᠠ᠂ ᠨᠥᠯᠥᠭᠡ ᠭᠦᠨ ᠭᠦᠨᠵᠡᠭᠡᠶ ᠪᠠᠶᠢᠳᠠᠭ᠂ ᠡᠯ᠎ᠡ ᠭᠠᠴᠠᠭ᠎ᠠ ᠲᠣᠰᠬᠤᠨ ᠵᠠᠪᠠᠯ ︽ᠲᠠᠰ ᠳᠠᠷᠠᠭᠠᠯᠠᠯ ᠤᠨ ᠤᠬᠠᠮᠰᠠᠷ︾ ᠢᠶᠠᠨ ᠴᠢᠩᠭᠠᠳᠬᠠᠵᠤ᠂ ᠬᠤᠭᠤᠴᠠᠭ᠎ᠠ ᠰᠣᠯᠢᠬᠤ ᠲᠠᠰ ᠳᠠᠷᠠᠭᠠᠯᠠᠯ ᠢ ᠴᠢᠩᠭ᠎ᠠ ᠵᠢᠷᠤᠮᠯᠠᠵᠤ᠂ ᠲᠠᠰ ᠳᠠᠷᠠᠭᠠᠯᠠᠯ ᠤᠨ ᠴᠢᠨᠠᠷᠲᠠᠶ ᠠᠰᠠᠭᠤᠳᠠᠯ ᠭᠠᠷᠬᠤ ᠥᠬᠡᠶ ᠪᠠᠶᠢᠬᠤ ᠶᠢ ᠪᠠᠲᠤᠯᠠᠬᠤ ᠬᠡᠷᠡᠭᠲᠡᠶ᠃ ᠭᠤᠤᠯᠳᠠᠯᠭ᠎ᠠ ᠲᠠᠢ ᠵᠠᠩᠭᠢᠯᠠᠭ᠎ᠠ ᠶᠢ ᠪᠠᠲᠤ ᠡᠵᠡᠮᠳᠡᠵᠦ᠂ ᠲᠣᠭᠲᠠᠭᠠᠯ ᠪᠠ ᠪᠠᠶᠢᠷᠢᠯᠠᠭᠤᠯᠤᠯᠲᠠ  ᠶᠢᠨ ᠱᠠᠭᠠᠷᠳᠠᠯᠭ᠎ᠠ ᠶᠣᠰᠣᠭᠠᠷ᠂ ᠠᠵᠢᠯ ᠤᠨ ᠶᠠᠪᠤᠴᠠ ᠪᠠᠨ ᠨᠠᠷᠢᠯᠢᠭᠵᠢᠭᠤᠯᠵᠤ᠂ ᠠᠶᠢᠵᠠᠮ ᠢ ᠡᠵᠡᠮᠳᠡᠬᠦ ᠶᠢ ᠠᠩᠬᠠᠷᠴᠤ᠂ ᠬᠤᠭᠤᠴᠠᠭ᠎ᠠ ᠰᠣᠯᠢᠬᠤ ᠴᠠᠭ ᠢ ᠪᠠᠲᠤᠯᠠᠵᠤ᠂ ᠰᠣᠩᠭᠤᠭᠤᠯᠢ ᠶᠢᠨ ᠶᠠᠰᠤ ᠴᠢᠨᠠᠷ ᠢ ᠳᠠᠭᠠᠬᠤ ᠬᠡᠷᠡᠭᠲᠡᠶ᠃ ᠣᠯᠠᠨ ᠵᠦᠶᠯ ᠤᠨ ᠠᠷᠭ᠎ᠠ ᠵᠠᠮ ᠢᠶᠠᠷ ᠥᠷᠭᠡᠨ ᠣᠯᠠᠨ ᠲᠦᠮᠡᠨ ᠳᠤ ᠭᠠᠴᠠᠭ᠎ᠠ ᠲᠣᠰᠬᠤᠨ ᠤ ᠨᠠᠮ ᠤᠨ ᠡᠭᠦᠷ ᠤᠨ ᠱᠦᠵᠢ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠤᠨ ᠡᠷᠬᠢᠯᠡᠭᠴᠢ ︽ᠬᠠᠷᠢᠭᠤᠴᠠᠯᠭ᠎ᠠ ᠶᠢ ᠬᠠᠮᠳᠤ ᠳᠤᠨᠢ ᠡᠬᠦᠷᠬᠡᠯᠡᠬᠦ︾ ᠲᠥᠷᠥ ᠶᠢᠨ ᠪᠣᠳᠣᠯᠭ᠎ᠠ ᠶᠢ ᠤᠬᠠᠭᠤᠯᠵᠤ᠂ ᠡᠯ᠎ᠡ ᠵᠦᠶᠯ ᠤᠨ ᠬᠤᠭᠤᠴᠠᠭ᠎ᠠ ᠰᠣᠯᠢᠬᠤ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠶ ᠰᠠᠶᠢᠲᠤᠷ ᠠᠳᠬᠤᠵᠤ᠂ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠩᠬᠦ ᠪᠠᠲᠤᠯᠠᠬᠤ ᠬᠡᠷᠡᠭᠲᠡᠶ᠃       ᠵᠢᠷᠭᠠᠯ ᠤᠨ ᠵᠠᠮ ᠰᠤᠮᠤ᠄ ᠤᠶᠤᠨᠴᠢᠮᠡᠩ
 
ᠢᠷᠡᠯᠲᠡ᠄ ᠪᠠᠭᠠᠷᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05001926号-2