ᠵᠢᠷᠭᠠᠯ ᠤᠨ ᠵᠠᠮ ᠰᠤᠮᠤᠨ ᠤ ᠡᠪᠦᠯ ᠬᠠᠪᠤᠷ ᠤᠨ ᠤᠯᠠᠷᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠶᠢᠯᠠᠯᠳᠤᠭᠠᠨ ᠤ ᠳᠠᠶᠢᠴᠢᠯᠠᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/1/14
                   ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠤᠯᠠᠨ ᠭᠠᠷᠴᠤ ᠪᠠᠶᠢᠭ᠎ᠠ ᠨᠠᠷᠢᠨ ᠪᠤᠳᠤᠯᠢᠶᠠᠨᠲᠠᠢ ᠪᠠᠶᠢᠳᠠᠯ ᠢ ᠦᠨᠳᠦᠰᠦᠯᠡᠨ᠂ ᠡᠪᠦᠯ ᠬᠠᠪᠤᠷ ᠤᠨ ᠤᠯᠠᠷᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ  ᠤᠨ ᠦᠷᠭᠦᠯᠵᠢᠯᠡᠨ ᠴᠢᠩᠭᠠᠷᠠᠵᠤ ᠪᠠᠶᠢᠭ᠎ᠠ ᠬᠦᠨᠳᠦ ᠬᠡᠴᠡᠭᠦᠦ ᠪᠠᠶᠢᠳᠠᠯ ᠢ ᠪᠦᠲᠦᠮᠵᠢᠲᠡᠢ ᠠᠷᠭᠠᠴᠠᠭᠠᠵᠤ᠂ ᠡᠪᠦᠯ ᠬᠠᠪᠤᠷ ᠤᠨ ᠤᠯᠠᠷᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠭᠯᠠᠨ ᠠᠷᠢᠯᠭᠠᠬᠤ ᠳᠠᠶᠢᠯᠠᠯᠳᠤᠭᠠᠨ  ᠤ ᠢᠯᠠᠯᠲᠠ ᠶᠢ ᠡᠷᠡᠰ ᠲᠡᠮᠡᠴᠡᠨ ᠤᠯᠬᠤ ᠶᠢᠨ ᠲᠦᠯᠦᠬᠡ᠂1 ᠰᠠᠷ᠎ᠠ ᠶᠢᠨ 11 ᠤ ᠡᠳᠦᠷ᠂ ᠵᠢᠷᠭᠠᠯ ᠤᠨ ᠵᠠᠮ ᠰᠤᠮᠤ ᠡᠪᠦᠯ ᠬᠠᠪᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠶᠢᠯᠠᠯᠳᠤᠭᠠᠨ ᠤ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠵᠤ᠂ ᠪᠥᠬᠦ ᠰᠤᠮᠤ ᠶᠢᠨ ᠡᠪᠦᠯ ᠬᠠᠪᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠠᠬᠢᠨ ᠪᠠᠶᠢᠷᠢᠯᠠᠭᠤᠯᠵᠤ᠂ ᠳᠠᠬᠢᠨ ᠳᠠᠶᠢᠴᠢᠯᠠᠵᠤ᠂ ᠳᠠᠬᠢᠨ ᠨᠠᠶᠢᠳᠠᠪᠤᠷᠢᠵᠢᠭᠤᠯᠪᠠ᠃ ᠰᠤᠮᠤ ᠶᠢᠨ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠭᠠᠴᠠᠭ᠎ᠠ ᠲᠣᠰᠬᠤᠨ ᠤ ᠭᠤᠤᠯ ᠠᠵᠢᠯᠯᠠᠬᠤ ᠠᠩᠭᠢ ᠶᠢᠨ ᠪᠦᠷᠢᠯᠳᠦᠬᠦᠨ᠂ ᠡᠯ᠎ᠡ ᠭᠠᠴᠠᠭ᠎ᠠ ᠲᠣᠰᠬᠤᠨ ᠤ ᠨᠠᠮ ᠤᠨ ᠡᠭᠦᠷ ᠤᠨ ᠪᠦᠷᠢᠯᠳᠦᠬᠦᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ᠂ ᠡᠷᠡᠭᠦᠯ ᠬᠠᠮᠠᠭᠠᠯᠠᠯ ᠤᠨ ᠬᠤᠷᠢᠶ᠎ᠠ᠂ ᠲᠣᠮᠢᠯᠠᠭᠰᠠᠨ ᠰᠠᠯᠪᠤᠷᠢ ᠵᠢᠴᠢ ᠭᠤᠤᠯᠳᠠᠯᠭ᠎ᠠ ᠲᠠᠢ ᠠᠵᠤ ᠠᠬᠤᠶᠢᠯᠠᠯ ᠠᠵᠢᠯ ᠦᠶᠯᠡᠰ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠵᠠᠰᠠᠭ ᠤᠨ ᠣᠷᠳᠣᠨ ᠤ ᠳᠡᠳ᠋ ᠰᠤᠮᠤᠨ ᠳᠠᠷᠤᠭ᠎ᠠ ᠰᠦᠶ ᠢᠦ᠋ᠶ ᠴᠧᠩ ᠬᠤᠷᠠᠯ ᠳᠤ ᠣᠷᠣᠯᠴᠠᠭᠰᠠᠨ ᠬᠥᠮᠦᠰ ᠲᠤ ᠬᠤᠲᠠ ᠬᠤᠰᠢᠭᠤ ᠬᠤᠶᠠᠷ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠮᠤᠭ ᠤᠨ ᠰᠢᠨ᠎ᠡ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠨᠢᠮᠪᠠᠶ ᠤᠯᠠᠮᠵᠢᠯᠠᠵᠤ᠂ ᠣᠳᠣᠬᠠᠨ ᠤ ᠪᠥᠬᠦ ᠰᠤᠮᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ ᠵᠠᠳᠠᠯᠤᠨ ᠰᠤᠳᠤᠯᠵᠤ᠂ ᠬᠤᠲᠠ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠲᠠᠢ ᠤᠶᠠᠯᠳᠤᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠭᠤᠷᠠᠶ ᠭᠤᠭᠴᠤᠭ᠎ᠠ ᠪᠠ ᠲᠣᠪᠣᠶᠢᠮ᠎ᠠ ᠠᠰᠠᠭᠤᠳᠠᠯ ᠳᠤ ᠴᠢᠭᠯᠡᠭᠦᠯᠦᠨ᠂ ᠠᠵᠢᠯᠲᠠᠨ ᠢ ᠬᠠᠮᠢᠶᠠᠷᠤᠨ ᠡᠵᠡᠮᠳᠡᠬᠦ᠂ ᠨᠢᠭᠡᠴᠢ ᠰᠠᠯᠠᠭ᠎ᠠ ᠮᠥᠴᠢᠷ ᠬᠠᠮᠢᠶᠠᠷᠤᠨ ᠡᠵᠡᠮᠳᠡᠬᠦ᠂ ᠤᠬᠠᠭᠤᠯᠵᠤ ᠬᠥᠲᠥᠯᠥᠨ ᠵᠢᠯᠣᠭᠤᠳᠬᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠡᠷᠭᠡ ᠲᠠᠯ᠎ᠠ ᠪᠠᠷ ᠪᠥᠬᠦ ᠲᠠᠯ᠎ᠠ ᠶᠢᠨ ᠨᠠᠷᠢᠯᠢᠭ ᠲᠣᠬᠢᠷᠠᠭᠤᠯᠤᠯᠲᠠ ᠬᠢᠪᠠ᠃ ᠭᠠᠴᠠᠭ᠎ᠠ ᠲᠣᠰᠬᠤᠨ ᠤ ᠱᠦᠵᠢ᠂ ᠡᠯ᠎ᠡ ᠠᠵᠤ ᠠᠬᠤᠶᠢᠯᠠᠯ ᠠᠵᠢᠯ ᠦᠶᠯᠡᠰ ᠤᠨ ᠨᠢᠭᠡᠴᠢ ᠶᠢᠨ ᠭᠤᠤᠯ ᠬᠠᠷᠢᠭᠤᠴᠠᠯᠭᠠᠲᠠᠨ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠬᠠᠷᠢᠭᠤᠴᠠᠯᠭᠠᠲᠠᠨ ᠪᠣᠯᠬᠤ ᠶᠢ ᠲᠣᠳᠣᠷᠬᠠᠶᠢᠯᠠᠵᠤ᠂ ᠬᠠᠷᠢᠶ᠎ᠠ ᠣᠷᠣᠨ  ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠭᠦᠶᠴᠡᠳᠬᠡᠵᠦ᠂ ᠬᠤᠲᠠ ᠶᠢᠨ ᠳᠤᠷᠠᠳᠤᠭᠰᠠᠨ ︽ᠭᠠᠳᠠᠨ᠎ᠠ  ᠠᠴᠠ ᠣᠷᠣᠵᠤ ᠢᠷᠡᠭᠰᠡᠨ ᠡᠪᠡᠳᠴᠢᠨ ᠤ ᠵᠢᠱᠢᠶ᠎ᠡ ᠶᠢ ᠲᠡᠷᠡ ᠳᠠᠷᠤᠶ ᠳᠤᠨᠢ ᠢᠯᠡᠷᠡᠭᠦᠯᠬᠦ ᠪᠥᠭᠡᠳ ᠬᠠᠮᠢᠶᠠᠷᠤᠨ ᠡᠵᠡᠮᠳᠡᠬᠦ ᠶᠢ ᠦᠨᠡᠩᠬᠦ ᠪᠠᠲᠤᠯᠠᠵᠤ᠂ ᠴᠤᠭᠯᠠᠷᠠᠯ ᠤᠨ ᠴᠢᠨᠠᠷᠲᠠᠶ ᠬᠠᠯᠳᠠᠪᠤᠷᠢᠯᠠᠯ ᠡᠭᠦᠰᠬᠦ ᠥᠬᠡᠶ ᠪᠠᠶᠢᠬᠤ ᠶᠢ ᠦᠨᠡᠩᠬᠦ ᠪᠠᠲᠤᠯᠠᠬᠤ︾ ᠬᠤᠶᠠᠷ ᠠᠵᠢᠯ ᠤᠨ ᠬᠠᠷᠠᠯᠲᠠ ᠶᠢ ᠡᠷᠡᠰ ᠪᠡᠶᠡᠯᠡᠭᠦᠯᠬᠦ ᠬᠡᠷᠡᠭᠲᠡᠶ ᠬᠡᠵᠠᠢ᠃      ᠨᠠᠮ ᠤᠨ ᠬᠤᠷᠢᠶᠠᠨ ᠤ ᠱᠦᠵᠢ ᠡᠦ ᠶᠠ ᠫᠢᠩ ᠶᠠᠷᠢᠶ᠎ᠠ ᠲᠠᠯᠪᠢᠬᠤ ᠳᠠᠭᠠᠨ᠂ ᠡᠯ᠎ᠡ ᠭᠠᠴᠠᠭ᠎ᠠ ᠲᠣᠰᠬᠤᠨ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠬᠢᠨ ᠪᠠᠴᠢᠮ ᠲᠤᠯᠭᠠᠮ᠎ᠠ ᠰᠡᠳᠬᠢᠯᠬᠡ ᠪᠠᠨ ᠦᠨᠡᠩᠬᠦ ᠴᠢᠩᠭᠠᠳᠬᠠᠵᠤ᠂ ᠲᠠᠨᠢᠯᠲᠠ ᠪᠠᠨ  ᠲᠡᠭᠡᠭᠰᠢᠯᠡᠬᠦᠯᠦᠨ᠂ ᠠᠵᠠ ᠬᠠᠷᠠᠬᠤ ᠶᠢ ᠲᠡᠪᠴᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢ ᠣᠳᠣᠬᠠᠨ ᠤ ᠴᠢᠬᠤᠯᠠ ᠶᠡᠭᠡ ᠠᠵᠢᠯ ᠤᠨ ᠡᠭᠦᠷᠭᠡ ᠪᠣᠯᠭᠠᠬᠤ ᠬᠡᠷᠡᠭᠲᠡᠢ᠃ ᠲᠠᠶᠢᠨ ᠤ ᠦᠶ᠎ᠡ ᠶᠢᠨ ᠪᠠᠶᠢᠳᠠᠯ ᠢᠶᠠᠨ ᠢᠮᠠᠭᠲᠠ ᠪᠠᠲᠤᠯᠠᠵᠤ᠂ ᠬᠠᠷᠢᠭᠤᠴᠠᠯᠭ᠎ᠠ ᠶᠢ ᠱᠠᠳᠤ ᠱᠠᠳᠤ ᠪᠠᠷ ᠪᠣᠳᠠᠲᠠᠶᠢᠵᠢᠭᠤᠯᠵᠤ᠂ ᠡᠴᠦᠰ ᠤᠨ ᠰᠡᠷᠭᠡᠶᠢᠯᠡᠯᠲᠡ ᠶᠢ ᠰᠠᠶᠢᠲᠤᠷ ᠠᠳᠬᠤᠵᠤ᠂ ᠬᠤᠳᠠ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠡᠯ᠎ᠡ ᠲᠠᠯ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ  ᠪᠠᠷ ᠨᠠᠶᠢᠳᠠᠪᠤᠷᠢᠵᠢᠭᠤᠯᠵᠤ᠂ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ  ᠳᠠᠭᠠᠨ ᠲᠠᠷᠬᠠᠨ ᠳᠡᠯᠭᠡᠷᠡᠬᠦ ᠶᠢ ᠰᠡᠷᠭᠡᠶᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠲᠡᠷᠡ ᠶᠣᠰᠣᠭᠠᠷ ᠨᠢ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ᠃ ᠤᠬᠠᠭᠤᠯᠵᠤ ᠬᠥᠲᠥᠯᠥᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠤᠬᠠᠭᠤᠯᠤᠨ ᠲᠠᠶᠢᠯᠪᠤᠷᠢᠯᠠᠬᠤ ᠪᠠᠨ ᠴᠢᠩᠭᠠᠳᠬᠠᠨ᠂ ᠣᠯᠠᠨ ᠲᠦᠮᠡᠨ ᠤ ᠥᠪᠡᠷ ᠢ ᠪᠠᠨ ᠬᠠᠮᠠᠭᠠᠯᠠᠬᠤ ᠤᠬᠠᠮᠰᠠᠷ ᠪᠠ ᠨᠡᠶᠢᠭᠡᠮ ᠤᠨ ᠢᠲᠡᠭᠡᠯ ᠢ ᠨᠡᠮᠡᠭᠳᠡᠭᠦᠯᠵᠦ᠂ ᠡᠪᠦᠯ ᠬᠠᠪᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠦᠴᠦᠲᠡᠶ ᠡᠮᠬᠢ ᠵᠢᠷᠤᠮ ᠲᠠᠢ ᠥᠷᠨᠢᠭᠦᠯᠬᠦ ᠶᠢ ᠦᠨᠡᠩᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃       ᠵᠢᠷᠭᠠᠯ ᠤᠨ ᠵᠠᠮ ᠰᠤᠮᠤ᠄ ᠤᠶᠤᠨᠴᠢᠮᠡᠩ
 
ᠢᠷᠡᠯᠲᠡ᠄ ᠪᠠᠭᠠᠷᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05001926号-2