| | 1 ᠰᠠᠷ᠎ᠠ ᠶᠢᠨ 11 ᠤ ᠡᠳᠦᠷ᠂ ᠵᠢᠷᠭᠠᠯ ᠤᠨ ᠵᠠᠮ ᠰᠤᠮᠤ ︽ᠠᠮᠤ ᠪᠤᠳᠠᠭ᠎ᠠ ᠶᠢ ᠪᠣᠷᠳᠤᠭ᠎ᠠ ᠪᠣᠯᠭᠠᠨ | ᠥᠭᠡᠷᠡᠴᠢᠯᠡᠬᠦ ︾ ᠨᠥᠬᠦᠪᠥᠷᠢ ᠦᠭᠬᠦ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠰᠤᠮᠤ ᠶᠢᠨ ᠨᠠᠮ ᠵᠠᠰᠠᠭ | ᠤᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠭᠤᠤᠯ ᠠᠵᠢᠯᠯᠠᠬᠤ ᠠᠩᠭᠢ ᠶᠢᠨ ᠪᠦᠷᠢᠯᠳᠦᠬᠦᠨ᠂ ᠡᠯ᠎ᠡ | ᠭᠠᠴᠠᠭ᠎ᠠ ᠲᠣᠰᠬᠤᠨ ᠤ ᠨᠠᠮ ᠤᠨ ᠡᠭᠦᠷ ᠤᠨ ᠪᠦᠷᠢᠯᠳᠦᠬᠦᠨ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠵᠠᠰᠠᠭ ᠤᠨ ᠣᠷᠳᠣᠨ ᠤ ᠳᠡᠳ᠋ ᠰᠤᠮᠤᠨ ᠲᠠᠷᠤᠭ᠎ᠠ ᠪᠦᠷᠢᠨᠪᠡᠶᠡᠷ ᠪᠥᠬᠦ ᠰᠤᠮᠤᠨ ᠤ ︽ | ᠠᠮᠤ ᠪᠤᠳᠠᠭ᠎ᠠ ᠶᠢ ᠪᠣᠷᠳᠤᠭ᠎ᠠ ᠪᠣᠯᠭᠠᠨ ᠥᠭᠡᠷᠡᠴᠢᠯᠡᠬᠦ︾ ᠨᠥᠬᠦᠪᠥᠷᠢ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ | ᠨᠡᠶᠢᠳᠡᠯᠡᠨ ᠮᠡᠳᠡᠭᠳᠡᠵᠦ᠂ ᠵᠢᠷᠭᠠᠯ ᠤᠨ ᠵᠠᠮ ᠤᠨ ᠰᠤᠮᠤᠨ ᠤ 2020 ᠣᠨ ᠤ ︽ᠠᠮᠤ ᠪᠤᠳᠠᠭ᠎ᠠ ᠶᠢ ᠪᠣᠷᠳᠤᠭ᠎ᠠ | ᠪᠣᠯᠭᠠᠨ ᠥᠭᠡᠷᠡᠴᠢᠯᠡᠬᠦ︾ ᠲᠥᠷᠥᠯ ᠵᠦᠶᠯ ᠢ ᠰᠢᠯᠭᠠᠨ ᠠᠪᠬᠤ ᠠᠷᠭ᠎ᠠ ᠶᠢᠨ ᠲᠤᠬᠠᠶ ᠨᠠᠷᠢᠨ ᠲᠠᠶᠢᠯᠪᠤᠷᠢᠯᠠᠵᠤ᠂ ︽ | ᠠᠮᠤ ᠪᠤᠳᠠᠭ᠎ᠠ ᠶᠢ ᠪᠣᠷᠳᠤᠭ᠎ᠠ ᠪᠣᠯᠭᠠᠨ ᠥᠭᠡᠷᠡᠴᠢᠯᠡᠬᠦ ︾ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠪᠠ ᠴᠢᠬᠤᠯᠠ | ᠠᠴᠢ ᠬᠤᠯᠪᠣᠭᠳᠠᠯ ᠤᠨ ᠲᠤᠬᠠᠶ ᠪᠥᠬᠦ ᠲᠠᠯ᠎ᠠ ᠪᠠᠷ ᠲᠠᠶᠢᠯᠤᠮᠵᠢ ᠬᠢᠪᠠ᠃ | ᠬᠤᠷᠠᠯ ᠠᠴᠠ ︽ᠠᠮᠤ ᠪᠤᠳᠠᠭ᠎ᠠ ᠶᠢ ᠪᠣᠷᠳᠤᠭ᠎ᠠ ᠪᠣᠯᠭᠠᠨ ᠥᠭᠡᠷᠡᠴᠢᠯᠡᠬᠦ ︾ ᠪᠣᠯ ᠲᠠᠷᠢᠮᠠᠯ ᠤᠨ ᠦᠶᠯᠡᠰ | ᠤᠨ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠬᠤ ᠠᠷᠠᠳ ᠲᠤ ᠠᠰᠢᠭ ᠬᠦᠷᠲᠡᠭᠡᠬᠦ ᠲᠥᠷᠥᠯ ᠵᠦᠶᠯ ᠪᠣᠯᠤᠨ᠎ᠠ᠂ | ᠡᠯ᠎ᠡ ᠭᠠᠴᠠᠭ᠎ᠠ ᠲᠣᠰᠬᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠩᠬᠦ ᠭᠦᠶᠴᠡᠳᠬᠡᠵᠦ᠂ ᠬᠠᠮᠢᠶ᠎ᠠ ᠪᠥᠬᠦᠶ | ᠱᠠᠭᠠᠷᠳᠠᠯᠭ᠎ᠠ ᠪᠣᠯᠤᠨ ᠲᠠᠰ ᠳᠠᠷᠠᠭᠠᠯᠠᠯ ᠶᠣᠰᠣᠭᠠᠷ ︽ᠠᠮᠤ ᠪᠤᠳᠠᠭ᠎ᠠ ᠶᠢ ᠪᠣᠷᠳᠤᠭ᠎ᠠ ᠪᠣᠯᠭᠠᠨ ᠥᠭᠡᠷᠡᠴᠢᠯᠡᠬᠦ︾ | ᠨᠥᠬᠦᠪᠥᠷᠢ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠪᠠᠷᠢᠮᠵᠢᠶ᠎ᠠ ᠶᠢ ᠴᠢᠩᠭ᠎ᠠ ᠪᠠᠷᠢᠮᠲᠠᠯᠠᠵᠤ᠂ | ᠬᠤᠷᠢᠶᠠᠵᠤ ᠬᠠᠳᠠᠭᠠᠯᠠᠬᠤ ᠶᠠᠪᠤᠴᠠ ᠳᠤ ᠬᠢᠨᠠᠯᠲᠠ ᠲᠠᠯᠪᠢᠵᠤ ᠵᠢᠯᠣᠭᠤᠳᠬᠤ ᠪᠠ ᠪᠠᠶᠢᠴᠠᠭᠠᠵᠤ ᠰᠢᠯᠭᠠᠨ ᠬᠤᠷᠢᠶᠠᠬᠤ | ᠪᠠᠨ ᠤᠯᠠᠮ ᠨᠢᠭᠡ ᠠᠯᠬᠤᠮ ᠴᠢᠩᠭᠠᠳᠬᠠᠨ᠂ ᠨᠤᠭᠤᠭᠠᠨ ᠳᠠᠷᠤᠰᠢ ᠶᠢᠨ ᠡᠷᠳᠡᠨᠢ ᠰᠢᠰᠢ ᠶᠢᠨ ᠶᠠᠰᠤ ᠴᠢᠨᠠᠷ ᠰᠠᠶᠢᠨ᠂ | ᠲᠤᠭ᠎ᠠ ᠬᠡᠮᠵᠢᠶ᠎ᠡ ᠭᠦᠶᠴᠡᠳ ᠪᠠᠶᠢᠬᠤ ᠶᠢ ᠦᠨᠡᠩᠬᠦ ᠪᠠᠲᠤᠯᠠᠵᠤ᠂ ᠮᠠᠭᠤ ᠪᠠᠷ ᠰᠠᠶᠢᠨ ᠢ ᠣᠷᠣᠯᠠᠭᠤᠯᠬᠤ ᠶᠢ ᠡᠷᠡᠰ | ᠬᠤᠷᠢᠭᠯᠠᠬᠤ ᠬᠡᠷᠡᠭᠲᠡᠶ᠃ ᠲᠥᠷᠥᠯ ᠵᠦᠢᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ | ᠲᠥᠷᠥᠯ ᠵᠦᠢᠯ ᠤᠨ ᠪᠡᠯᠡ ᠮᠥᠩᠭᠦ ᠳᠤ ᠪᠢᠲᠡᠭᠦᠮᠵᠢᠯᠡᠨ ᠬᠠᠮᠢᠶᠠᠷᠬᠤ ᠶᠢ ᠬᠡᠷᠡᠭᠵᠢᠭᠦᠯᠵᠦ᠂ ᠲᠤᠰᠬᠠᠶ ᠵᠣᠭᠤᠰ ᠢ | ᠲᠤᠰᠬᠠᠶ ᠵᠦᠢᠯ ᠳᠤᠨᠢ ᠬᠡᠷᠡᠭᠯᠡᠵᠦ᠂ ᠬᠤᠯᠪᠣᠭᠳᠠᠯ ᠪᠦᠬᠦᠢ ᠮᠡᠳᠡᠭᠡ ᠵᠠᠩᠭᠢ᠂ ᠲᠤᠭ᠎ᠠ ᠪᠠᠷᠢᠮᠲᠠ᠂ ᠮᠠᠲ᠋ᠧᠷᠢᠶᠠᠯ ᠳᠤ | ᠲᠤᠰᠬᠠᠶ ᠬᠥᠮᠦᠨ ᠴᠤᠭᠯᠠᠭᠤᠯᠵᠤ᠂ ᠪᠦᠷᠢᠳᠬᠡᠵᠦ᠂ ᠡᠮᠬᠢᠯᠡᠬᠦ ᠪᠠ ᠳᠠᠩᠰᠠ ᠡᠪᠬᠡᠮᠡᠯ ᠳᠤ ᠣᠷᠣᠭᠤᠯᠤᠨ ᠳᠡᠭᠡᠭᠰᠢ | ᠮᠡᠳᠡᠭᠦᠯᠵᠦ᠂ ᠳᠡᠰ ᠳᠠᠷᠠᠭᠠᠯᠠᠯ ᠨᠢ ᠵᠢᠷᠤᠮᠵᠢᠯ ᠲᠠᠢ᠂ ᠮᠠᠲ᠋ᠧᠷᠢᠶᠠᠯ ᠨᠢ ᠪᠦᠷᠢᠨ ᠭᠦᠢᠴᠡᠳ ᠪᠠᠶᠢᠬᠤ ᠬᠡᠷᠡᠭᠲᠡᠶ ᠬᠡᠵᠠᠢ᠃ | | ᠵᠢᠷᠭᠠᠯ ᠤᠨ ᠵᠠᠮ ᠰᠤᠮᠤ᠄ ᠤᠶᠤᠨᠴᠢᠮᠡᠩ |