1 ᠰᠠᠷ᠎ᠠ ᠶᠢᠨ 11 ᠤ ᠡᠳᠦᠷ᠂ ᠪᠤᠷᠤᠠᠤᠰᠤ ᠪᠠᠯᠭᠠᠰᠤ 2021 ᠣᠨ ᠤ ᠠᠩᠬᠠᠳᠤᠭᠠᠷ ᠤᠳᠠᠭ᠎ᠠ ᠶᠢᠨ | ᠠᠶᠤᠯᠭᠦᠶ ᠦᠶᠯᠡᠳᠪᠦᠷᠢᠯᠡᠯ ᠤᠨ ᠬᠤᠷᠠᠯ ᠬᠤᠷᠠᠯᠳᠤᠭᠤᠯᠵᠤ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ | ᠤᠨ ᠪᠦᠷᠢᠯᠳᠦᠬᠦᠨ᠂ ᠠᠵᠢᠯᠯᠠᠬᠤ ᠠᠩᠭᠢ ᠶᠢᠨ ᠳᠠᠷᠤᠭ᠎ᠠ᠂ ᠡᠯ᠎ᠡ ᠭᠠᠴᠠᠭ᠎ᠠ ᠲᠣᠰᠬᠤᠨ ᠤ ᠡᠷᠬᠢᠯᠡᠭᠴᠢ ᠬᠤᠷᠠᠯ ᠳᠤ | ᠣᠷᠣᠯᠴᠠᠪᠠ᠃ | ᠬᠤᠷᠠᠯ ᠠᠴᠠ᠂ ᠴᠠᠭᠠᠨ ᠰᠠᠷ᠎ᠠ ᠠᠴᠠ ᠡᠮᠦᠨ᠎ᠡ ᠠᠶᠤᠯᠭᠦᠶ ᠦᠶᠯᠡᠳᠪᠦᠷᠢᠯᠡᠯ ᠤᠨ ᠠᠵᠢᠯ ᠢ ᠰᠠᠶᠢᠲᠤᠷ | ᠠᠳᠬᠤᠵᠤ᠂ ᠬᠢᠵᠢᠭ ᠢ ᠰᠡᠷᠭᠡᠶᠢᠯᠡᠬᠦ ᠶᠢᠨ ᠬᠠᠮᠲᠤ ᠵᠠᠮ ᠬᠠᠷᠢᠯᠴᠠᠭᠠᠨ ᠤ ᠠᠮᠤᠷ ᠲᠦᠪᠰᠢᠨ᠂ ᠣᠷᠣᠨ ᠰᠠᠭᠤᠴᠠ | ᠶᠢᠨ ᠠᠮᠤᠷ ᠲᠦᠪᠰᠢᠨ᠂ ᠴᠠᠬᠢᠯᠭᠠᠨ ᠬᠦᠴᠦᠨ ᠤ ᠠᠮᠤᠷ ᠲᠦᠪᠰᠢᠨ᠂ ᠭᠠᠯ ᠰᠡᠷᠭᠡᠶᠢᠯᠡᠬᠦ ᠠᠮᠤᠷ ᠲᠦᠪᠰᠢᠨ᠂ | ᠢᠳᠡᠭᠡᠨ ᠤ ᠠᠮᠤᠷ ᠲᠦᠪᠰᠢᠨ ᠵᠡᠷᠭᠡ ᠡᠯ᠎ᠡ ᠲᠠᠯ᠎ᠠ ᠶᠢᠨ ᠠᠵᠢᠯ ᠢ ᠴᠢᠬᠤᠯᠠᠴᠢᠯᠠᠪᠠ᠃ | ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ᠂ ᠬᠠᠮᠢᠶ᠎ᠠ ᠪᠥᠬᠦᠶ ᠰᠠᠯᠠᠭ᠎ᠠ ᠮᠥᠴᠢᠷ ᠪᠥᠬᠦ ᠪᠠᠯᠭᠠᠰᠤᠨ ᠤ ᠬᠤᠸᠠᠷ | ᠫᠤᠤᠵᠢᠩ᠂ ᠨᠣᠴᠣᠮᠠᠲᠠᠭᠠᠶ ᠳᠡᠯᠪᠡᠷᠡᠮᠡᠲᠡᠭᠡᠶ ᠪᠣᠳᠠᠰ ᠬᠤᠳᠠᠯᠳᠤᠵᠤ ᠪᠠᠶᠢᠭ᠎ᠠ ᠳᠡᠯᠭᠡᠭᠦᠷ ᠫᠦᠰᠡ ᠶᠢ ᠨᠢᠭᠡ ᠤᠳᠠᠭ᠎ᠠ | ᠪᠥᠬᠦ ᠲᠠᠯ᠎ᠠ ᠪᠠᠷ ᠪᠠᠶᠢᠴᠠᠭᠠᠬᠤ ᠶᠢᠨ ᠬᠠᠮᠲᠤ ᠰᠠᠶᠢᠲᠤᠷ ᠤᠬᠠᠭᠤᠯᠵᠤ᠂ ᠪᠠᠶᠠᠷ ᠤᠨ ᠡᠳᠦᠷ ᠤᠨ ᠬᠤᠭᠤᠴᠠᠭᠠᠨ ᠤ | ᠠᠮᠤᠷ ᠲᠦᠪᠰᠢᠨ ᠢ ᠪᠠᠲᠤᠯᠠᠬᠤ ᠬᠡᠷᠡᠭᠲᠡᠶ᠃ ᠬᠤᠶᠠᠷ ᠲᠤ᠂ ᠡᠯ᠎ᠡ ᠭᠠᠴᠠᠭ᠎ᠠ ᠲᠣᠰᠬᠤᠨ ᠢ ᠴᠠᠭᠠᠨ ᠰᠠᠷ᠎ᠠ ᠶᠢᠨ | ᠬᠤᠭᠤᠴᠠᠭᠠᠨ ᠳᠠᠬᠢ ᠭᠠᠯ ᠰᠡᠷᠭᠡᠶᠢᠯᠡᠬᠦ ᠠᠮᠤᠷ ᠲᠦᠪᠰᠢᠨ ᠤ ᠮᠡᠳᠡᠯᠭᠡ ᠶᠢ ᠤᠬᠠᠭᠤᠯᠵᠤ᠂ ᠬᠤᠸᠠᠷ ᠫᠤᠤᠵᠢᠩ ᠢ | ᠲᠣᠭᠲᠠᠭᠰᠠᠨ ᠠᠮᠤᠷ ᠲᠦᠪᠰᠢᠨ ᠭᠠᠵᠠᠷ ᠲᠤ ᠲᠠᠯᠪᠢᠵᠤ᠂ ᠮᠠᠯᠴᠢᠨ ᠲᠠᠷᠢᠶᠠᠴᠢᠨ ᠤ ᠠᠮᠢ ᠨᠠᠰᠤᠨ ᠤ ᠠᠮᠤᠷ | ᠲᠦᠪᠰᠢᠨ ᠵᠢᠴᠢ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠶ᠃ ᠭᠤᠷᠪᠠ ᠳᠤ ᠵᠢᠵᠢᠭᠦᠷᠯᠡᠨ | ᠰᠠᠬᠢᠬᠤ ᠶᠢ ᠴᠢᠩᠭᠠᠳᠬᠠᠵᠤ᠂ 24 ᠴᠠᠭ ᠢᠶᠠᠷ ᠵᠢᠵᠢᠭᠦᠷᠯᠡᠬᠦ ᠪᠠ ᠤᠳᠤᠷᠢᠳᠤᠯᠭ᠎ᠠ ᠵᠢᠵᠢᠭᠦᠷ ᠳᠠᠭᠠᠭᠤᠯᠬᠤ ᠠᠵᠢᠯ ᠤᠨ | ᠲᠦᠷᠢᠮ ᠢ ᠨᠠᠷᠢᠨ ᠬᠢᠨᠠᠮᠠᠭᠠᠶ ᠬᠡᠷᠡᠭᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠠᠵᠢᠯ ᠢ | ᠰᠠᠶᠢᠲᠤᠷ ᠬᠢᠬᠦ ᠬᠡᠷᠡᠭᠲᠡᠶ᠃ ᠳᠥᠷᠪᠡ ᠳᠤ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢ ᠴᠢᠩᠭᠠᠷᠠᠭᠤᠯᠵᠤ᠂ ᠡᠯ᠎ᠡ | ᠭᠠᠴᠠᠭ᠎ᠠ ᠲᠣᠰᠬᠤᠨ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠪᠡᠯᠡᠳᠬᠡᠯ ᠲᠥᠰᠦᠯ ᠢᠶᠠᠨ ᠤᠷᠢᠳᠴᠢᠯᠠᠨ | ᠲᠣᠭᠲᠠᠭᠠᠵᠤ᠂ ᠰᠡᠷᠭᠡᠶᠢᠯᠡᠬᠦ ᠠᠷᠭ᠎ᠠ ᠬᠡᠮᠵᠢᠶ᠎ᠡ ᠪᠠᠨ ᠪᠠᠶᠢᠭᠤᠯᠤᠨ ᠪᠦᠷᠢᠨᠰᠢᠭᠦᠯᠵᠦ᠂ ᠡᠮᠴᠢᠯᠡᠭᠡᠨ ᠤ ᠠᠪᠤᠷᠠᠨ | ᠲᠤᠰᠠᠯᠠᠬᠤ ᠪᠠᠲᠤᠯᠠᠭ᠎ᠠ ᠪᠠ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠬᠤᠭᠤᠴᠠᠭᠠᠨ ᠤ ᠤᠰᠤ᠂ ᠴᠠᠬᠢᠯᠭᠠᠨ᠂ | ᠳᠤᠯᠠᠭᠠᠨ᠂ ᠬᠡᠢ᠂ ᠰᠦᠯᠵᠢᠶ᠎ᠡ ᠵᠡᠷᠭᠡ ᠰᠠᠭᠤᠷᠢ ᠪᠠᠲᠤᠯᠠᠭ᠎ᠠ ᠶᠢ ᠰᠠᠶᠢᠲᠤᠷ ᠬᠢᠵᠦ᠂ ᠦᠶᠯᠡᠳᠪᠦᠷᠢᠯᠡᠯ ᠠᠮᠢᠳᠤᠷᠠᠯ ᠤᠨ | ᠡᠮᠬᠢ ᠳᠢᠭᠯᠢᠮ ᠤᠨ ᠬᠡᠪ ᠤᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ | ᠪᠠᠯᠭᠠᠰᠤᠨ ᠤ ᠨᠠᠮ ᠤᠨ ᠬᠤᠷᠢᠶᠠᠨ ᠤ ᠱᠦᠵᠢ ᠮᠥᠩᠬᠡᠪᠠᠭᠠᠲᠤᠷ᠂ ᠣᠳᠣᠬᠠᠨ ᠳᠤ ᠤᠯᠤᠰ ᠤᠨ ᠳᠣᠲᠣᠭᠠᠳᠤ | ᠶᠢᠨ ᠬᠢᠵᠢᠭ ᠤᠨ ᠪᠠᠶᠢᠳᠠᠯ ᠬᠦᠨᠳᠦ ᠨᠣᠴᠢᠲᠠᠶ ᠨᠠᠷᠢᠨ ᠪᠤᠳᠤᠯᠢᠶᠠᠨᠲᠠᠶ ᠪᠠᠶᠢᠨ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠬᠠᠮᠲᠤ ᠠᠶᠤᠯᠭᠦᠶ ᠦᠶᠯᠡᠳᠪᠦᠷᠢᠯᠡᠯ ᠤᠨ ᠠᠵᠢᠯ ᠢ ᠴᠢᠩᠭᠠᠳᠬᠠᠬᠤ | ᠴᠢᠬᠤᠯᠠᠲᠠᠶ᠃ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠳᠤ᠂ ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯ ᠢ | ᠴᠢᠩᠭᠠᠷᠠᠭᠤᠯᠵᠤ᠂ ᠭᠠᠯ ᠰᠡᠷᠭᠡᠶᠢᠯᠡᠬᠦ ᠪᠡᠯᠡᠳᠬᠡᠮᠵᠢ ᠶᠢ ᠪᠦᠬᠦ ᠲᠠᠯ᠎ᠠ ᠪᠠᠷ ᠪᠠᠶᠢᠴᠠᠭᠠᠵᠤ᠂ ᠭᠠᠯ ᠤᠨ ᠠᠶᠤᠯ ᠭᠠᠷᠬᠤ | ᠠᠴᠠ ᠵᠠᠶᠢᠯᠠᠰᠬᠢᠵᠦ᠂ ᠥᠷᠭᠡᠨ ᠣᠯᠠᠨ ᠲᠠᠷᠢᠶᠠᠴᠢᠨ ᠮᠠᠯᠴᠢᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠢ | ᠦᠨᠡᠩᠬᠦ ᠪᠠᠲᠤᠯᠠᠬᠤ ᠬᠡᠷᠡᠭᠲᠡᠶ᠃ |