ᠪᠤᠷᠤᠠᠤᠰᠤ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠨᠠᠯᠲᠠ ᠪᠠᠶᠢᠴᠠᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2021/1/14
           ᠪᠥᠬᠦ ᠪᠠᠯᠭᠠᠰᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠤ ᠳᠠᠶᠢᠴᠢᠯᠠᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠴᠠᠭ ᠲᠤᠬᠠᠶ ᠳᠤᠨᠢ ᠴᠢᠩᠭ᠎ᠠ ᠨᠠᠶᠢᠳᠠᠪᠤᠷᠢᠵᠢᠭᠤᠯᠬᠤ ᠶᠢᠨ ᠲᠥᠯᠥᠭᠡ᠂ 1 ᠰᠠᠷ᠎ᠠ ᠶᠢᠨ 11 ᠤ ᠡᠳᠦᠷ᠂ ᠪᠤᠷᠤᠠᠤᠰᠤ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠨᠢ ᠪᠠᠯᠭᠠᠰᠤᠨ ᠤ ᠨᠠᠮ ᠤᠨ ᠬᠤᠷᠢᠶᠠᠨ ᠤ ᠨᠢᠭᠡᠳᠦᠯᠲᠡᠶ ᠤᠳᠤᠷᠢᠳᠤᠯᠭ᠎ᠠ ᠳᠣᠤᠷ᠎ᠠ᠂ ᠺᠠᠳ᠋ᠷᠴᠤᠳ ᠢ ᠵᠣᠬᠢᠶᠠᠨ ᠪᠠᠶᠢᠭᠤᠯᠵᠤ ᠬᠠᠷᠢᠶ᠎ᠠ ᠣᠷᠣᠨ ᠤ ᠪᠠᠨ ᠠᠵᠢᠯ ᠲᠥᠷᠥᠯ ᠤᠨ ᠲᠠᠯᠠᠪᠤᠷ ᠭᠠᠵᠠᠷ ᠵᠢᠴᠢ ᠡᠯ᠎ᠡ ᠭᠠᠴᠠᠭ᠎ᠠ ᠲᠣᠰᠬᠤᠨ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠶ ᠬᠢᠨᠠᠯᠲᠠ ᠪᠠᠶᠢᠴᠠᠭᠠᠯᠲᠠ ᠥᠷᠨᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠬᠢᠨᠠᠯᠲᠠ ᠪᠠᠶᠢᠴᠠᠭᠠᠯᠲᠠ ᠪᠦᠲᠦᠮᠵᠢᠲᠡᠶ ᠪᠠᠶᠢᠬᠤ  ᠶᠢ ᠦᠨᠡᠩᠬᠦ ᠪᠠᠲᠤᠯᠠᠪᠠ᠃     ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠠᠷᠢᠶ᠎ᠠ ᠣᠷᠣᠨ ᠳᠠᠬᠢ ᠢᠲᠡᠭᠡᠮᠵᠢ ᠶᠢᠨ ᠬᠤᠷᠰᠢᠶ᠎ᠠ᠂ ᠵᠣᠴᠢᠳ ᠤᠨ ᠪᠠᠭᠤᠳᠠᠯ᠂ ᠬᠤᠭᠤᠯᠠᠨ ᠬᠡᠷ᠂ ᠬᠡᠲᠦ ᠳᠡᠯᠭᠡᠭᠦᠷ᠂ ᠡᠮ ᠤᠨ ᠳᠡᠯᠭᠡᠭᠦᠷ ᠵᠡᠷᠭᠡ ᠠᠵᠢᠯ ᠲᠥᠷᠥᠯ ᠤᠨ ᠲᠠᠯᠠᠪᠤᠷ ᠵᠢᠴᠢ ᠡᠯ᠎ᠡ ᠭᠠᠴᠠᠭ᠎ᠠ ᠲᠣᠰᠬᠤᠨ ᠳᠤ ᠭᠦᠨᠵᠡᠭᠡᠶᠢᠷᠡᠵᠦ᠂  ︽ᠤᠯᠠᠭᠠᠨᠬᠠᠳᠠ ᠬᠤᠲᠠ ᠶᠢᠨ ᠰᠢᠨ᠎ᠡ ᠬᠡᠯᠪᠡᠷᠢ  ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ  ᠤᠨ ᠵᠠᠷᠯᠢᠭ 4 ᠳ᠋ᠦ᠋ᠭᠡᠷ ᠲᠣᠭᠠᠲᠤ︾ ᠪᠣᠯᠤᠨ ︽ᠪᠠᠭᠠᠷᠢᠨ ᠪᠠᠷᠠᠭᠤᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ 4 ᠳ᠋ᠦ᠋ᠭᠡᠷ ᠲᠣᠭᠠᠲᠤ ᠵᠠᠷᠯᠢᠭ  ︾ ᠢ ᠴᠢᠩᠭ᠎ᠠ ᠭᠦᠶᠴᠡᠳᠬᠡᠭᠰᠡᠨ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠨ ᠦᠵᠡᠬᠦ ᠶᠢᠨ ᠬᠠᠮᠲᠤ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠨ ᠡᠵᠡᠮᠳᠡᠬᠦ ᠵᠦᠭᠯᠡᠭᠦᠷ᠂ ᠰᠡᠷᠭᠡᠶᠢᠯᠡᠨ ᠡᠵᠡᠮᠳᠡᠬᠦ ᠬᠠᠮᠢᠶᠠᠷᠤᠯᠲᠠ ᠶᠢᠨ ᠲᠦᠷᠢᠮ ᠲᠣᠭᠲᠠᠭᠠᠬᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠠᠷᠭ᠎ᠠ ᠬᠡᠮᠵᠢᠶ᠎ᠡ᠂ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠠᠴᠠ ᠪᠤᠴᠠᠵᠤ ᠢᠷᠡᠭᠰᠡᠨ ᠬᠥᠮᠦᠰ ᠤᠨ ᠡᠬᠡ ᠲᠠᠩᠰᠠ᠂ ᠬᠢᠯᠢ ᠳᠤ ᠣᠷᠣᠵᠤ ᠢᠷᠡᠭᠰᠡᠨ ᠬᠥᠮᠦᠰ ᠤᠨ ᠡᠬᠡ ᠲᠠᠩᠰᠠ᠂ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ ᠨᠥᠭᠡᠴᠡ᠂ ᠬᠡᠰᠡᠭ ᠤᠨ ᠬᠠᠮᠢᠶᠠᠷᠤᠯᠳᠠ ᠶᠢ ᠨᠠᠶᠢᠳᠠᠪᠤᠷᠢᠵᠢᠭᠤᠯᠤᠭᠰᠠᠨ ᠵᠡᠷᠬᠡ ᠠᠵᠢᠯ ᠢ ᠪᠠᠶᠢᠴᠠᠭᠠᠪᠠ᠃       ᠪᠠᠶᠢᠴᠠᠭᠠᠯᠳᠠ ᠲᠤᠮᠳᠠ᠂ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠡᠯ᠎ᠡ ᠠᠵᠢᠯ ᠲᠥᠷᠥᠯ  ᠤᠨ ᠲᠠᠯᠠᠪᠤᠷ ᠵᠢᠴᠢ ᠡᠯ᠎ᠡ ᠭᠠᠴᠠᠭ᠎ᠠ ᠲᠣᠰᠬᠤᠨ ᠰᠡᠷᠭᠡᠶᠢᠯᠡᠨ ᠡᠵᠡᠮᠳᠡᠬᠦ ᠠᠵᠢᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠭᠦᠶᠴᠡᠳᠬᠡᠵᠦ᠂ ᠨᠠᠮ ᠤᠨ ᠭᠡᠰᠢᠭᠦᠨ ᠺᠠᠳ᠋ᠷ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠡᠯ᠎ᠡ ᠵᠦᠶᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ ᠬᠡᠵᠠᠢ᠃       ᠲᠠᠷᠠᠭᠠᠴᠢ ᠶᠢᠨ ᠠᠯᠬᠤᠮ ᠳᠤ᠂ ᠪᠤᠷᠤᠠᠤᠰᠤ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ︽ᠲᠤᠰᠠᠭᠠᠷᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠬᠥᠮᠦᠨ ᠬᠠᠷ᠎ᠠ ᠶᠠᠪᠤᠵᠤ ᠰᠠᠭᠤᠬᠤ ᠶᠢ ᠰᠡᠷᠭᠡᠶᠢᠯᠡᠬᠦ᠂ ᠬᠥᠮᠦᠨ ᠬᠠᠷ᠎ᠠ ᠬᠤᠷᠠᠨ ᠴᠤᠭᠯᠠᠷᠠᠬᠤ ᠶᠢ ᠰᠡᠷᠭᠡᠶᠢᠯᠡᠬᠦ︾ ᠭᠤᠷᠪᠠᠨ ᠵᠦᠶᠯ ᠤᠨ ᠭᠤᠤᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠤᠯᠠᠷᠠᠭᠤᠯᠤᠯ ᠥᠬᠡᠶ᠂ ᠬᠢᠨᠠᠯᠲᠠ ᠪᠠᠶᠢᠴᠠᠭᠠᠯᠲᠠ ᠶᠢ ᠰᠤᠯᠠᠷᠠᠭᠤᠯᠤᠯ ᠥᠬᠡᠶ ᠪᠡᠶᠡᠯᠡᠭᠦᠯᠦᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤᠮᠳᠠ ᠵᠢᠯᠣᠭᠤᠳᠣᠯᠭ᠎ᠠ ᠶᠢ ᠳᠠᠭᠠᠬᠤ ᠥᠬᠡᠶ᠂ ᠬᠥᠳᠡᠯᠵᠦ ᠪᠠᠷᠢᠬᠤ ᠨᠢ ᠤᠳᠠᠭᠠᠨ᠂ ᠠᠵᠢᠯ ᠨᠢ ᠬᠦᠴᠦᠲᠡᠶ ᠪᠢᠰᠢ᠂ ᠠᠵᠢᠯ ᠤᠨ ᠪᠠᠶᠢᠷᠢ ᠠᠴᠠ ᠪᠠᠨ ᠳᠤᠷ᠎ᠠ ᠪᠠᠷ ᠢᠶᠠᠨ ᠰᠠᠯᠤᠭᠰᠠᠨ᠂ ᠲᠤᠰᠢᠶᠠᠯ ᠳᠠᠭᠠᠨ ᠣᠰᠣᠯᠳᠠᠵᠤ ᠬᠠᠷᠢᠭᠤᠴᠠᠯᠭ᠎ᠠ ᠪᠠᠨ ᠠᠯᠳᠠᠭᠰᠠᠨ ᠵᠡᠷᠭᠡ ᠠᠰᠠᠭᠤᠳᠠᠯ ᠢ ᠡᠷᠡᠰ ᠪᠠᠶᠢᠴᠠᠭᠠᠨ ᠰᠢᠶᠳᠪᠦᠷᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠨ᠎ᠠ ᠬᠡᠵᠠᠢ᠃
 
ᠢᠷᠡᠯᠲᠡ᠄ ᠪᠠᠭᠠᠷᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05001926号-2