| ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠭᠤᠤᠯ | ᠰᠡᠳᠦᠪ ᠢ ᠣᠨᠣᠪᠴᠢᠲᠠᠶ ᠡᠵᠡᠮᠳᠡᠵᠦ᠂ ᠠᠭᠤᠯᠤᠭᠳᠠᠬᠤᠨ ᠤ ᠮᠥᠨ ᠴᠢᠨᠠᠷ ᠢ ᠭᠦᠨᠵᠡᠭᠡᠶ ᠣᠶᠢᠯᠠᠭᠠᠬᠤ ᠶᠢᠨ ᠲᠥᠯᠥᠭᠡ᠂ | 1 ᠰᠠᠷ᠎ᠠ ᠶᠢᠨ 11 ᠤ ᠡᠳᠦᠷ᠂ ᠵᠢᠷᠭᠠᠯ ᠤᠨ ᠵᠠᠮ ᠰᠤᠮᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ | ᠳᠤᠭᠤᠶᠢᠯᠠᠩ ( ᠥᠷᠭᠡᠳᠬᠡᠭᠰᠡᠨ ) ᠤᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠢᠰᠲ᠋ᠧᠮ ᠲᠠᠢ | ᠰᠤᠷᠤᠯᠴᠠᠪᠠ᠃ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠬᠠᠰᠲᠤᠶᠠᠭ᠎ᠠ ᠪᠠᠭᠰᠢ ᠲᠤᠰᠬᠠᠶ | ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠪᠡ᠃ ᠰᠤᠮᠤ ᠶᠢᠨ ᠨᠠᠮ ᠵᠠᠰᠠᠭ ᠤᠨ ᠤᠳᠤᠷᠢᠳᠬᠤ ᠪᠠᠭ ᠤᠨ | ᠪᠦᠷᠢᠯᠳᠦᠬᠦᠨ᠂ ᠡᠯ᠎ᠡ ᠭᠤᠤᠯ ᠠᠵᠢᠯᠯᠠᠬᠤ ᠠᠩᠭᠢ ᠶᠢᠨ ᠪᠦᠷᠢᠯᠳᠦᠬᠦᠨ᠂ ᠡᠯ᠎ᠡ ᠭᠠᠴᠠᠭ᠎ᠠ ᠲᠣᠰᠬᠤᠨ ᠤ ᠨᠠᠮ ᠤᠨ | ᠡᠭᠦᠷ ᠤᠨ ᠪᠦᠷᠢᠯᠳᠦᠬᠦᠨ ᠲᠤᠬᠠᠶ ᠶᠢᠨ ᠲᠠᠯᠠᠪᠠᠶ ᠳᠤ ᠬᠦᠷᠴᠦ ᠤᠬᠠᠭᠤᠯᠤᠨ ᠲᠠᠶᠢᠯᠪᠤᠷᠢᠯᠠᠬᠤ ᠶᠢ ᠰᠣᠨᠣᠰᠪᠠ᠃ | ᠰᠤᠮᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠸᠠᠩ ᠶᠠᠨ ᠵᠢᠶᠧ ᠬᠤᠷᠠᠯ ᠢ | ᠡᠷᠭᠢᠯᠡᠪᠡ᠃ | ᠤᠬᠠᠭᠤᠯᠤᠨ ᠲᠠᠶᠢᠯᠪᠤᠷᠢᠯᠠᠬᠤ ᠳᠤᠮᠳᠠ᠂ ᠬᠠᠰᠲᠤᠶᠠᠭ᠎ᠠ ᠪᠠᠭᠰᠢ ︽ᠨᠡᠶᠢᠭᠡᠮ ᠵᠢᠷᠤᠮ ᠤᠨ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠰᠠᠶᠢᠨ ᠡᠬᠢᠯᠡᠯᠲᠡ ᠲᠠᠢ ᠪᠣᠯᠭᠠᠶ᠎ᠠ︾ | ᠭᠡᠬᠦ ᠰᠡᠳᠦᠪ ᠢᠶᠠᠷ᠂ ᠲᠦᠬᠦᠮ ᠣᠶᠢᠯᠠᠭᠠᠮᠵᠢᠲᠠᠢ ᠦᠭᠡ ᠶᠠᠷᠢᠶ᠎ᠠ᠂ ᠠᠮᠢᠳᠤᠷᠠᠯ ᠳᠤ ᠤᠢᠢᠷᠠᠳᠤᠬᠰᠠᠨ ᠪᠣᠳᠠᠲᠤ ᠵᠢᠱᠢᠶ᠎ᠡ | ᠪᠠᠷ᠂ ᠬᠤᠷᠠᠯ ᠳᠤ ᠣᠷᠣᠯᠴᠠᠭᠰᠠᠳ ᠲᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ | ᠢᠯᠠᠯᠲᠠ ᠶᠢ ᠤᠯᠬᠤ ᠰᠢᠢᠳᠪᠦᠷᠢᠲᠦ ᠴᠢᠨᠠᠷᠲᠠᠢ ᠠᠮᠵᠢᠯᠲᠠ ᠪᠦᠲᠦᠮᠵᠢ ᠶᠢ ᠭᠦᠨᠵᠡᠭᠡᠢ ᠲᠣᠳᠣᠷᠬᠠᠶᠢᠯᠠᠨ ᠦᠬᠦᠯᠡᠵᠤ᠂ | 2035 ᠣᠨ ᠤ ᠠᠯᠤᠰ ᠤᠨ ᠬᠠᠷᠠᠯᠲᠠ ᠪᠣᠯᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠠᠴᠠ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠪᠣᠯᠤᠨ 2035 ᠣᠨ ᠤ ᠠᠯᠤᠰ ᠤᠨ ᠬᠠᠷᠠᠯᠲᠠ ᠶᠢ | ᠪᠡᠶᠡᠯᠡᠭᠦᠯᠬᠦ ᠤᠯᠤᠰ ᠲᠦᠷᠦ ᠶᠢᠨ ᠪᠠᠲᠤᠯᠠᠭ᠎ᠠ ᠪᠣᠯᠤᠨ ᠭᠠᠳᠠᠭᠠᠳᠤ ᠣᠷᠴᠢᠨ ᠲᠣᠭᠤᠷᠢᠨ ᠵᠡᠷᠭᠡ ᠭᠤᠷᠪᠠᠨ ᠲᠠᠯ᠎ᠠ ᠶᠢᠨ | ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠭᠤᠣᠯ | ᠠᠭᠤᠯᠭ᠎ᠠ ᠶᠢ ᠲᠣᠳᠣᠷᠬᠠᠶᠢᠯᠠᠪᠠ᠃ | ᠤᠬᠠᠭᠤᠯᠤᠨ ᠲᠠᠶᠢᠯᠪᠤᠷᠢᠯᠠᠵᠤ ᠳᠠᠭᠤᠰᠤᠭᠰᠠᠨ ᠤ ᠳᠠᠷᠠᠭ᠎ᠠ᠂ ᠬᠤᠷᠠᠯ ᠳᠤ ᠣᠷᠣᠯᠴᠠᠭᠰᠠᠳ᠂ ᠲᠤᠰ ᠤᠳᠠᠭ᠎ᠠ | ᠶᠢᠨ ᠤᠬᠠᠭᠤᠯᠤᠨ ᠲᠠᠶᠢᠯᠪᠤᠷᠢᠯᠠᠬᠤ ᠪᠠᠷ ᠳᠠᠮᠵᠢᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠳᠤ ᠨᠡᠩ ᠭᠦᠨᠵᠡᠭᠡᠢ ᠣᠶᠢᠯᠠᠭᠠᠯᠲᠠ ᠲᠠᠢ ᠪᠣᠯᠵᠠᠢ | ᠂ ᠬᠤᠷᠠᠯ ᠤᠨ ᠳᠠᠷᠠᠭ᠎ᠠ ᠡᠨᠡ ᠤᠳᠠᠭ᠎ᠠ ᠶᠢᠨ ᠰᠤᠷᠤᠯᠴᠠᠬᠤ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠵᠣᠷᠢᠭᠲᠠᠢ | ᠪᠠᠷ ᠬᠠᠷᠢᠭᠤᠴᠠᠯᠭ᠎ᠠ ᠡᠭᠦᠷᠭᠡᠯᠡᠵᠦ᠂ ᠰᠢᠨ᠎ᠡ ᠶᠢ ᠡᠭᠦᠳᠦᠨ ᠵᠢᠳᠬᠦᠯ ᠴᠢᠷᠮᠠᠶᠢᠯᠭ᠎ᠠ ᠭᠠᠷᠭᠠᠵᠤ᠂ ᠥᠪᠡᠷ ᠤᠨ ᠠᠵᠢᠯ | ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠵᠥᠷᠢᠶ᠎ᠡ ᠪᠠᠨ ᠲᠣᠳᠣᠷᠬᠠᠢ ᠲᠠᠨᠢᠵᠤ᠂ ᠡᠷᠴᠢ ᠵᠣᠷᠢᠭ ᠢᠶᠠᠨ | ᠬᠥᠪᠴᠢᠯᠡᠵᠦ᠂ ᠰᠠᠨᠠᠭᠠᠴᠢᠯᠠᠭᠠᠲᠤ ᠴᠢᠨᠠᠷ ᠪᠣᠯᠤᠨ ᠪᠦᠲᠦᠭᠡᠯᠴᠢ ᠴᠢᠳᠠᠪᠤᠷᠢ ᠪᠠᠨ ᠴᠢᠩᠭᠠᠳᠬᠠᠵᠤ᠂ ᠰᠢᠨ᠎ᠡ ᠴᠠᠭ | ᠦᠶ᠎ᠡ ᠶᠢᠨ ᠵᠢᠷᠭᠠᠯ ᠤᠨ ᠵᠠᠮ ᠤᠨ ᠰᠤᠮᠤ ᠶᠢᠨ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ | ᠦᠵᠡᠰᠬᠦᠯᠡᠩᠲᠦ ᠰᠠᠶᠢᠬᠠᠨ ᠵᠢᠷᠭᠠᠯ ᠤᠨ ᠵᠠᠮ ᠢ ᠪᠦᠲᠦᠭᠡᠨ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ | ᠦᠵᠡᠭᠦᠯᠦᠨ᠎ᠡ ᠭᠡᠵᠦ ᠢᠯᠡᠳᠬᠡᠵᠡᠭᠡᠪᠡ᠃ | ᠵᠢᠷᠭᠠᠯ ᠤᠨ ᠵᠠᠮ ᠰᠤᠮᠤ᠄ ᠤᠶᠤᠨᠴᠢᠮᠡᠩ |