ᠵᠧᠦ ᠬᠦᠶ ᠴᠢᠩ ᠵᠢᠷᠭᠠᠯ ᠤᠨ ᠵᠠᠮ ᠰᠤᠮᠤᠨ ᠳᠤ ᠬᠦᠷᠴᠦ ᠡᠮ ᠡᠮᠨᠡᠯᠭᠡ ᠡᠷᠡᠭᠦᠯ ᠬᠠᠮᠠᠭᠠᠯᠠᠯ ᠤᠨ ᠨᠢᠭᠡᠴᠡ  ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠭᠠᠷᠳᠠᠨ ᠵᠢᠯᠣᠭᠤᠳᠪᠠ
ᠨᠡᠶᠢᠲᠡᠯᠡᠭᠰᠡᠨ ᠴᠠᠭ᠄
2021/1/14
     1 ᠰᠠᠷ᠎ᠠ ᠶᠢᠨ 12 ᠤᠨ ᠦᠳᠡ ᠶᠢᠨ ᠬᠤᠶᠢᠨ᠎ᠠ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠵᠧᠦ ᠬᠦᠶ ᠴᠢᠩ ᠨᠡᠷ ᠵᠢᠷᠭᠠᠯ ᠤᠨ ᠵᠠᠮ ᠰᠤᠮᠤ ᠳᠤ ᠬᠦᠷᠴᠦ ᠡᠮ ᠡᠮᠨᠡᠯᠭᠡ ᠡᠷᠡᠭᠦᠯ ᠬᠠᠮᠠᠭᠠᠯᠠᠯ  ᠤᠨ ᠨᠢᠭᠡᠴᠡ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠪᠣᠯᠤᠨ ᠬᠤᠯᠤᠭᠠᠨ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠭᠠᠷᠳᠠᠨ ᠵᠢᠯᠣᠭᠤᠳᠪᠠ᠃ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠭᠡᠭᠡᠨᠲᠤᠶᠠᠭ᠎ᠠ᠂ ᠰᠤᠮᠤᠨ ᠤ ᠨᠠᠮ ᠤᠨ ᠬᠤᠷᠢᠶᠠᠨ ᠤ ᠱᠦᠵᠢ ᠡᠦ ᠶᠠ ᠫᠢᠩ᠂ ᠵᠠᠰᠠᠭ ᠤᠨ ᠣᠷᠳᠣᠨ ᠤ ᠳᠡᠳ᠋ ᠰᠤᠮᠤᠨ ᠲᠠᠷᠤᠭ᠎ᠠ ᠰᠦᠶ ᠢᠦ᠋ᠶ ᠴᠧᠩ ᠪᠠᠷ᠎ᠠ ᠪᠣᠯᠵᠤ ᠬᠢᠨᠠᠨ ᠵᠢᠯᠣᠭᠤᠳᠪᠠ᠃      ᠵᠧᠦ ᠬᠦᠢ ᠴᠢᠩ ᠨᠡᠷ ᠤᠷᠢᠳ ᠬᠤᠵᠢᠳ ᠭᠠᠩᠭᠠᠨ ᠡᠷᠡᠭᠦᠯ ᠬᠠᠮᠠᠭᠠᠯᠠᠯ ᠤᠨ ᠬᠤᠷᠢᠶ᠎ᠠ᠂ ᠨᠤᠤᠷᠭᠠᠢ ᠭᠠᠴᠠᠭ᠎ᠠ  ᠶᠢᠨ ᠡᠷᠡᠭᠦᠯ ᠬᠠᠮᠠᠭᠠᠯᠠᠯ ᠤᠨ ᠲᠠᠰᠤᠭ᠂ ᠸᠠᠩ ᠠᠶᠢᠯ ᠭᠠᠴᠠᠭ᠎ᠠ ᠶᠢᠨ ᠡᠷᠡᠭᠦᠯ ᠬᠠᠮᠠᠭᠠᠯᠠᠯ ᠤᠨ ᠲᠠᠰᠤᠭ ᠪᠣᠯᠤᠨ ᠰᠤᠮᠤᠨ ᠤ ᠭᠤᠣᠯ ᠡᠷᠡᠭᠦᠯ ᠬᠠᠮᠠᠭᠠᠯᠠᠯ ᠤᠨ ᠬᠤᠷᠢᠶ᠎ᠠ ᠳᠤ ᠭᠦᠨᠵᠡᠭᠡᠶᠢᠷᠡᠵᠦ᠂ ᠤᠷᠢᠳᠴᠢᠯᠠᠨ ᠪᠠᠶᠢᠴᠠᠭᠠᠵᠤ ᠬᠤᠪᠢᠶᠠᠨ ᠣᠨᠣᠰᠢᠯᠠᠬᠤ ᠶᠠᠪᠤᠴᠠ᠂ ᠺᠣᠳ᠋ ᠰᠢᠷᠪᠢᠨ ᠪᠡᠶ᠎ᠡ ᠶᠢᠨ ᠬᠠᠯᠠᠭᠤᠨ ᠢ ᠬᠡᠮᠵᠢᠵᠦ ᠳᠠᠩᠰᠠᠯᠠᠬᠤ᠂ ᠳᠤᠮᠳᠠ ᠥᠨᠳᠥᠷ ᠵᠡᠷᠭᠡ  ᠶᠢᠨ ᠠᠶᠤᠯ ᠲᠦᠭᠰᠢᠭᠦᠷᠢ ᠲᠠᠢ ᠭᠠᠵᠠᠷ ᠣᠷᠣᠨ ᠤ ᠬᠥᠮᠦᠰ ᠢ ᠵᠢᠭᠰᠠᠭᠠᠨ ᠪᠠᠶᠢᠴᠠᠭᠠᠬᠤ᠂ ᠬᠠᠯᠠᠭᠤᠷᠠᠵᠤ ᠪᠠᠶᠢᠭ᠎ᠠ ᠡᠪᠡᠳᠴᠢᠲᠡᠨ ᠢ ᠰᠢᠢᠳᠪᠦᠷᠢᠯᠡᠬᠦ᠂ ᠦᠯᠡᠳᠡᠭᠡᠨ ᠠᠵᠢᠭᠯᠠᠬᠤ ᠲᠠᠰᠤᠭ ᠤᠨ ᠲᠤᠬᠢᠷᠠᠭᠤᠯᠤᠯᠳᠠ᠂ ᠡᠮᠴᠢᠯᠡᠭᠡᠨ ᠤ ᠡᠳ᠋ ᠪᠣᠳᠠᠰ ᠢ ᠨᠥᠭᠡᠴᠡᠯᠡᠬᠦ ᠵᠡᠷᠭᠡ ᠰᠡᠷᠭᠡᠶᠢᠯᠡᠨ ᠡᠵᠡᠮᠳᠡᠬᠦ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠤᠣᠯᠳᠠᠯᠭ᠎ᠠ  ᠲᠠᠢ ᠱᠠᠭᠠᠷᠳᠠᠨ ᠪᠠᠶᠢᠴᠠᠭᠠᠵᠤ᠂ ᠤᠷᠢᠳᠴᠢᠯᠠᠨ ᠪᠠᠶᠢᠴᠠᠭᠠᠵᠤ ᠬᠤᠪᠢᠶᠠᠨ ᠣᠨᠣᠰᠢᠯᠠᠬᠤ ᠠᠵᠢᠯ ᠤᠨ ᠶᠠᠪᠤᠴᠠ᠂ ᠬᠠᠯᠠᠭᠤᠷᠠᠵᠤ ᠪᠠᠶᠢᠭ᠎ᠠ ᠡᠪᠡᠳᠴᠢᠲᠡᠨ ᠤ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠵᠢᠴᠢ ᠡᠮᠴᠢ ᠰᠤᠪᠢᠯᠠᠭᠴᠢᠳ ᠤᠨ ᠰᠡᠷᠭᠡᠶᠢᠯᠡᠨ ᠬᠠᠮᠠᠭᠠᠯᠠᠬᠤ ᠵᠡᠷᠭᠡ ᠠᠵᠢᠯ ᠢ ᠭᠤᠣᠯᠳᠠᠯᠭ᠎ᠠ ᠲᠠᠢ ᠪᠠᠶᠢᠴᠠᠭᠠᠨ ᠵᠢᠯᠣᠭᠤᠳᠪᠠ᠃      ᠱᠠᠭᠠᠷᠳᠠᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠵᠧᠦ ᠬᠦᠢ ᠴᠢᠩ ᠲᠤᠬᠠᠢ ᠶᠢᠨ ᠲᠠᠯᠠᠪᠠᠢ ᠳᠤ ᠵᠢᠯᠣᠭᠤᠳᠬᠤ ᠰᠠᠨᠠᠯ ᠳᠤᠷᠠᠳᠴᠤ᠂ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠭᠰᠠᠨ ᠪᠥᠭᠡᠳ ᠰᠤᠮᠤ ᠶᠢᠨ ᠡᠯ᠎ᠡ ᠡᠷᠡᠭᠦᠯ ᠬᠠᠮᠠᠭᠠᠯᠠᠯ ᠤᠨ ᠬᠤᠷᠢᠶ᠎ᠠ ᠵᠢᠴᠢ ᠡᠷᠡᠭᠦᠯ ᠬᠠᠮᠠᠭᠠᠯᠠᠯ ᠤᠨ ᠲᠠᠰᠤᠭ  ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠪᠣᠯᠤᠨ ᠬᠤᠯᠤᠭᠠᠨ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠴᠢᠨᠠᠭᠰᠢᠳᠠ ᠴᠢᠩᠭᠠᠳᠬᠠᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠪᠠ᠃      ᠵᠧᠦ ᠬᠦᠢ ᠴᠢᠩ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠰᠢᠰᠲ᠋ᠧᠮ ᠪᠣᠯ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠬᠤᠯᠠ ᠵᠢᠭᠰᠠᠭᠠᠯ ᠤᠨ ᠭᠠᠵᠠᠷ ᠮᠥᠨ ᠂ ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠂ ᠥᠴᠦᠬᠡᠨ ᠴᠦ ᠰᠤᠯᠠᠷᠠᠭᠤᠯᠵᠤ ᠪᠣᠯᠬᠤ ᠦᠭᠡᠢ ᠪᠥᠭᠡᠳ ᠠᠯᠮᠠᠶᠢᠷᠠᠨ ᠲᠠᠶᠢᠪᠤᠰᠢᠷᠠᠵᠤ ᠪᠣᠯᠬᠤ ᠦᠭᠡᠢ᠂ ᠪᠢᠲᠡᠭᠦᠮᠵᠢᠯᠡᠭᠰᠡᠨ ᠬᠠᠮᠢᠶᠠᠷᠤᠯᠲᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠷᠢᠮᠵᠢᠶᠠᠵᠢᠭᠰᠠᠨ᠂ ᠳᠡᠰ ᠳᠠᠷᠠᠭᠠᠵᠢᠭᠰᠠᠨ᠂ ᠰᠡᠷᠭᠡᠭᠵᠢᠭᠰᠡᠨ᠂ ᠳᠦᠷᠢᠮᠵᠢᠭᠰᠡᠨ ᠤᠬᠠᠮᠰᠠᠷ ᠢ ᠦᠨᠡᠩᠬᠦ ᠴᠢᠩᠭᠠᠳᠬᠠᠬᠤ ᠬᠡᠷᠡᠭᠲᠡᠢ᠃ ᠨᠠᠷᠢᠯᠢᠬᠵᠢᠭᠤᠯᠤᠭᠰᠠᠨ᠂ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ᠤᠷᠢᠳᠴᠢᠯᠠᠨ ᠪᠠᠶᠢᠴᠠᠭᠠᠵᠤ ᠬᠤᠪᠢᠶᠠᠨ ᠣᠨᠣᠰᠢᠯᠠᠬᠤ᠂ ᠬᠠᠯᠠᠭᠤᠷᠠᠯ᠂ ᠪᠥᠭᠡᠮ ᠬᠦᠴᠢᠯ ᠢ ᠰᠢᠯᠭᠠᠨ ᠪᠠᠶᠢᠴᠠᠭᠠᠬᠤ᠂ ᠡᠳ᠋ ᠪᠣᠳᠠᠰ ᠨᠥᠭᠡᠴᠡᠯᠡᠬᠦ ᠵᠡᠷᠭᠡ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠭᠤᠭᠴᠤᠭ᠎ᠠ ᠪᠠ ᠴᠢᠬᠤᠯᠠ ᠲᠠᠯᠠᠪᠤᠷ ᠭᠠᠵᠠᠷ ᠢ ᠴᠢᠩᠭ᠎ᠠ ᠠᠩᠬᠠᠷᠬᠤ ᠬᠡᠷᠡᠭᠲᠡᠢ᠃ ᠰᠤᠮᠤᠨ ᠤ ᠵᠠᠰᠠᠭ ᠤᠨ ᠣᠷᠳᠣᠨ ᠵᠢᠴᠢ ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ ᠭᠠᠳᠠᠨ᠎ᠠ ᠠᠴᠠ ᠢᠷᠡᠭᠰᠡᠨ ᠬᠥᠮᠦᠰ ᠤᠨ ᠬᠠᠮᠢᠶᠠᠷᠤᠯᠲᠠ ᠶᠢᠨ ᠲᠦᠷᠢᠮ ᠢ ᠨᠠᠷᠢᠨ ᠬᠢᠨᠠᠮᠠᠭᠠᠶ ᠰᠠᠶᠢᠲᠤᠷ ᠨᠠᠶᠢᠳᠠᠪᠤᠷᠢᠵᠢᠭᠤᠯᠵᠤ᠂ ᠭᠠᠳᠠᠨ᠎ᠠ ᠠᠴᠠ ᠢᠷᠡᠭᠰᠡᠨ ᠬᠥᠮᠦᠰ ᠤᠨ ᠮᠡᠳᠡᠭᠡ ᠵᠠᠩᠭᠢ ᠶᠢ ᠪᠥᠬᠦ ᠲᠠᠯ᠎ᠠ ᠪᠠᠷ ᠣᠨᠣᠪᠴᠢᠲᠠᠶ ᠴᠤᠭᠯᠠᠭᠤᠯᠵᠤ᠂ ᠭᠤᠤᠯᠳᠠᠯᠭ᠎ᠠ ᠲᠠᠢ ᠬᠥᠮᠦᠰ ᠢ ᠬᠠᠮᠢᠶᠠᠷᠤᠨ ᠡᠵᠡᠮᠳᠡᠬᠦ ᠶᠢ ᠪᠦᠷᠢᠨ ᠪᠥᠷᠬᠦᠭᠦᠯᠬᠦ ᠶᠢ ᠦᠨᠡᠩᠬᠦ ᠪᠠᠲᠤᠯᠠᠬᠤ ᠬᠡᠷᠡᠭᠲᠡᠶ᠃ ᠡᠷᠡᠭᠦᠯ ᠬᠠᠮᠠᠭᠠᠯᠠᠯ ᠤᠨ ᠬᠤᠷᠢᠶ᠎ᠠ᠂ ᠡᠷᠡᠭᠦᠯ ᠬᠠᠮᠠᠭᠠᠯᠠᠯ ᠤᠨ ᠲᠠᠰᠤᠭ ᠨᠢ ᠪᠥᠬᠦ ᠠᠵᠢᠯᠲᠠᠨ ᠤ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠪᠣᠯᠪᠠᠰᠤᠷᠠᠭᠤᠯᠤᠯ ᠢ ᠤᠯᠠᠮ ᠨᠢᠭᠡ ᠠᠯᠬᠤᠮ ᠴᠢᠩᠭᠠᠳᠬᠠᠵᠤ᠂ ᠣᠨᠣᠰᠢᠯᠠᠨ ᠡᠮᠨᠡᠬᠦ ᠲᠥᠰᠦᠯ ᠢᠶᠠᠨ ᠴᠢᠩᠭᠠᠷᠠᠭᠤᠯᠤᠨ᠂ ᠡᠯ᠎ᠡ ᠵᠦᠶᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠪᠠᠶᠢᠭᠤᠯᠭ᠎ᠠ ᠨᠢᠭᠡᠴᠢ ᠱᠠᠭᠠᠷᠳᠠᠯᠭ᠎ᠠ ᠶᠣᠰᠣᠭᠠᠷ ᠰᠡᠷᠭᠡᠶᠢᠯᠡᠨ ᠡᠵᠡᠮᠳᠡᠬᠦ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢ ᠲᠡᠭᠦᠯᠳᠡᠷᠵᠢᠭᠦᠯᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠪᠠ ᠬᠤᠯᠤᠭᠠᠨ᠎ᠠ ᠶᠢᠨ ᠬᠢᠵᠢᠭ ᠤᠨ ᠳᠠᠷᠬᠠᠨ ᠳᠡᠯᠭᠡᠷᠡᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ ᠬᠡᠵᠠᠢ᠃       ᠵᠢᠷᠭᠠᠯ ᠤᠨ ᠵᠠᠮ ᠰᠤᠮᠤ᠄ ᠤᠶᠤᠨᠴᠢᠮᠡᠩ
 
ᠢᠷᠡᠯᠲᠡ᠄ ᠪᠠᠭᠠᠷᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05001926号-2