| 1 ᠰᠠᠷ᠎ᠠ ᠶᠢᠨ 18 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠪᠠᠷᠠᠭᠤᠨ | ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠠᠷᠪᠠᠨ ᠭᠤᠷᠪᠠᠳᠤᠭᠠᠷ ᠪᠥᠬᠦᠳᠡ ᠬᠤᠷᠠᠯ | ᠬᠤᠰᠢᠭᠤᠨ ᠤ ᠵᠠᠰᠠᠭ ᠤᠨ ᠣᠷᠳᠣᠨ ᠤ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ ᠲᠤ ᠬᠤᠷᠠᠯᠳᠤᠪᠠ᠃ ᠪᠠᠭᠠᠷᠢᠨ | ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠨᠠᠷᠢᠨ | ᠨᠢᠭᠲᠠ ᠪᠠᠶᠢᠷᠢᠯᠠᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠤᠷᠠᠯ ᠤᠨ ᠠᠮᠤᠷ ᠲᠦᠪᠰᠢᠨ | ᠤᠷᠤᠭᠰᠢᠲᠠᠶ ᠶᠠᠪᠤᠭᠳᠠᠬᠤ ᠶᠢ ᠪᠠᠲᠤᠯᠠᠵᠤ᠂ ᠬᠤᠷᠠᠯ ᠤᠨ ᠠᠮᠤᠷ ᠢ ᠬᠠᠮᠠᠭᠠᠯᠠᠬᠤ ᠠᠵᠢᠯ ᠤᠨ ᠡᠭᠦᠷᠭᠡ ᠶᠢ ᠲᠡᠭᠦᠰ | ᠠᠮᠵᠢᠯᠲᠠ ᠲᠠᠢ ᠪᠡᠶᠡᠯᠡᠭᠦᠯᠪᠡ᠃ | ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠪᠥᠬᠦ ᠴᠠᠭᠳᠠᠭ᠎ᠠ ᠶᠢ ᠳᠠᠶᠢᠴᠢᠯᠠᠨ᠂ | ᠨᠠᠷᠢᠨ ᠨᠢᠭᠲᠠ ᠠᠮᠤᠷ ᠢ ᠬᠠᠮᠠᠭᠠᠯᠠᠬᠤ ᠠᠵᠢᠯ ᠤᠨ ᠲᠥᠰᠦᠯ ᠲᠣᠭᠲᠠᠭᠠᠵᠤ᠂ ᠬᠥᠮᠦᠨ ᠲᠣᠭᠲᠠᠭᠠᠬᠤ᠂ ᠠᠵᠢᠯ ᠤᠨ | ᠪᠠᠶᠢᠷᠢ ᠲᠣᠭᠲᠠᠭᠠᠬᠤ᠂ ᠬᠠᠷᠢᠭᠤᠴᠠᠯᠭ᠎ᠠ ᠲᠣᠭᠲᠠᠭᠠᠬᠤ ᠠᠷᠭ᠎ᠠ ᠬᠡᠮᠵᠢᠶ᠎ᠡ ᠠᠪᠴᠤ᠂ ᠬᠠᠷᠢᠭᠤᠴᠠᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ︽ᠴᠡᠭ ᠱᠤᠭᠤᠮ ᠪᠥᠬᠦ ᠲᠠᠯ᠎ᠠ︾ ᠶᠢᠨ ᠰᠡᠷᠭᠡᠶᠢᠯᠡᠨ ᠡᠵᠡᠮᠳᠡᠬᠦ | ᠰᠢᠰᠲ᠋ᠧᠮ ᠢ ᠴᠢᠩᠭᠠᠳᠬᠠᠵᠤ᠂ ᠪᠥᠬᠦ ᠬᠦᠴᠦᠨ ᠢᠶᠠᠷ ᠢᠶᠠᠨ ᠴᠢᠷᠮᠠᠶᠢᠨ᠂ ᠴᠢᠩᠭ᠎ᠠ ᠨᠢᠮᠪᠠᠶ᠂ ᠨᠠᠷᠢᠯᠢᠭ ᠪᠣᠳᠠᠲᠠᠶ | ᠪᠠᠶᠢᠵᠤ᠂ ᠠᠮᠤᠷ ᠢ ᠬᠠᠮᠠᠭᠠᠯᠠᠬᠤ ᠠᠵᠢᠯ ᠤᠨ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠪᠠ᠃ | 1 ᠰᠠᠷ᠎ᠠ ᠶᠢᠨ 18 ᠤ ᠡᠳᠦᠷ ᠤᠨ 8 ᠴᠠᠭ ᠲᠤ᠂ ᠲᠣᠭᠲᠠᠭᠰᠠᠨ ᠲᠥᠰᠦᠯ ᠤᠨ ᠱᠠᠭᠠᠷᠳᠠᠯᠭ᠎ᠠ ᠶᠣᠰᠣᠭᠠᠷ᠂ | ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠠᠮᠢᠶ᠎ᠠ ᠪᠥᠬᠦᠶ ᠡᠭᠦᠷᠭᠡ ᠭᠦᠶᠴᠡᠳᠬᠡᠬᠦ ᠴᠠᠭᠳᠠᠭᠠᠨ ᠤ | ᠬᠦᠴᠦᠨ ᠨᠢᠭᠡᠨᠲᠡ ᠬᠤᠷᠠᠯ ᠤᠨ ᠲᠠᠯᠠᠪᠠᠶ ᠳᠤ ᠪᠥᠬᠦ ᠲᠠᠯ᠎ᠠ ᠪᠠᠷ ᠬᠥᠷᠪᠡ᠃ ᠬᠤᠷᠠᠯ ᠤᠨ ᠲᠠᠯᠠᠪᠠᠶ ᠶᠢᠨ ᠡᠷᠭᠢᠨ | ᠲᠣᠭᠤᠷᠢᠨ ᠤ ᠵᠠᠮ ᠬᠠᠷᠢᠯᠴᠠᠭᠠᠨ ᠤ ᠡᠮᠬᠢ ᠳᠢᠭᠯᠢᠮ ᠤᠨ ᠬᠠᠮᠢᠶᠠᠷᠤᠯᠲᠠ ᠶᠢ ᠶᠡᠬᠡᠪᠡᠷ ᠴᠢᠩᠭᠠᠳᠬᠠᠵᠤ᠂ ᠳᠤᠷ᠎ᠠ ᠪᠠᠷ | ᠢᠶᠠᠨ ᠲᠡᠷᠬᠡ ᠵᠣᠭᠰᠣᠭᠠᠵᠤ ᠳᠤᠷ᠎ᠠ ᠪᠠᠷ ᠢᠶᠠᠨ ᠲᠡᠷᠬᠡ ᠲᠠᠯᠪᠢᠬᠤ ᠵᠡᠷᠭᠡ ᠵᠠᠮ ᠬᠠᠷᠢᠯᠴᠠᠭᠠᠨ ᠤ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠴᠡᠭᠴᠡᠯᠡᠨ ᠵᠠᠰᠠᠬᠤ ᠡᠷᠴᠢᠮ ᠢᠶᠠᠨ ᠨᠡᠮᠡᠭᠳᠡᠬᠦᠯᠵᠠᠢ᠃ ᠡᠭᠦᠨ ᠤ ᠬᠠᠮᠲᠤ | ᠬᠤᠷᠠᠯ ᠤᠨ ᠲᠠᠯᠠᠪᠠᠶ ᠶᠢᠨ ᠣᠯᠠᠨ ᠨᠡᠶᠢᠲᠡ ᠶᠢᠨ ᠲᠠᠯᠠᠪᠤᠷ ᠲᠤ ᠠᠮᠤᠷ ᠲᠦᠪᠰᠢᠨ ᠤ ᠳᠠᠯᠳᠠ ᠬᠡᠮ ᠢ ᠦᠷᠭᠦᠯᠵᠢᠯᠡᠨ | ᠵᠢᠭᠰᠠᠭᠠᠨ ᠪᠠᠶᠢᠴᠠᠭᠠᠵᠤ᠂ ᠵᠢᠭᠰᠠᠭᠠᠨ ᠪᠠᠶᠢᠴᠠᠭᠠᠵᠤ ᠭᠠᠷᠭᠠᠭᠰᠠᠨ ᠳᠠᠯᠳᠠ ᠬᠡᠮ ᠢ ᠴᠠᠭ ᠲᠤᠬᠠᠶ ᠳᠤᠨᠢ᠂ ᠲᠦᠷᠭᠡᠨ | ᠴᠡᠭᠴᠡᠯᠡᠨ ᠰᠠᠶᠢᠵᠢᠷᠠᠭᠤᠯᠵᠤ᠂ ᠶᠡᠭᠡ ᠬᠤᠷᠠᠯ ᠤᠨ ᠬᠤᠭᠤᠴᠠᠭᠠᠨ ᠳᠤ ᠠᠮᠤᠷ ᠲᠦᠪᠰᠢᠨ ᠤ ᠠᠳᠡᠯ ᠭᠠᠷᠬᠤ ᠥᠬᠡᠶ | ᠪᠠᠶᠢᠬᠤ ᠶᠢ ᠪᠠᠲᠤᠯᠠᠪᠠ᠃ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠠᠰᠠ ᠪᠥᠬᠦ ᠬᠤᠰᠢᠭᠤᠨ ᠤ ᠨᠡᠶᠢᠭᠡᠮ ᠤᠨ ᠠᠮᠤᠷ ᠲᠦᠪᠰᠢᠨ ᠢ | ᠬᠠᠮᠢᠶᠠᠷᠤᠨ ᠡᠵᠡᠮᠳᠡᠬᠦ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠨᠠᠷᠢᠨ ᠨᠢᠮᠪᠠᠶ ᠵᠢᠭᠰᠠᠭᠠᠨ | ᠪᠠᠶᠢᠴᠠᠭᠠᠵᠤ᠂ ᠨᠠᠩ ᠬᠤᠷᠴᠠ ᠰᠡᠷᠭᠡᠭ ᠢᠶᠠᠷ ᠤᠷᠢᠳᠴᠢᠯᠠᠨ ᠰᠡᠷᠡᠮᠵᠢᠯᠡᠭᠦᠯᠬᠦ ᠬᠢᠷᠢ ᠲᠦᠪᠰᠢᠨ ᠢᠶᠠᠨ | ᠳᠡᠭᠡᠭᠰᠢᠯᠡᠭᠦᠯᠵᠦ᠂ ᠨᠠᠩ ᠲᠦᠷᠭᠡᠨ ᠲᠤᠰᠬᠠᠯ ᠢᠶᠠᠷ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠴᠢᠳᠠᠪᠤᠷᠢ ᠪᠠᠨ | ᠴᠢᠩᠭᠠᠳᠬᠠᠵᠤ᠂ ᠶᠡᠭᠡ ᠬᠤᠷᠠᠯ ᠤᠨ ᠬᠤᠭᠤᠴᠠᠭᠠᠨ ᠳᠤ ᠠᠯᠳᠠᠰᠢ ᠭᠠᠷᠭᠠᠬᠤ ᠥᠬᠡᠶ ᠪᠠᠶᠢᠬᠤ ᠶᠢ ᠪᠠᠳᠤᠯᠠᠭᠰᠠᠨ | ᠪᠠᠶᠢᠨ᠎ᠠ᠃ | ᠶᠡᠭᠡ ᠬᠤᠷᠠᠯ ᠤᠨ ᠬᠤᠭᠤᠴᠠᠭᠠᠨ ᠳᠤ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠥᠬᠦ | ᠴᠠᠭᠳᠠᠭ᠎ᠠ ᠶᠢᠨ ᠬᠦᠴᠦᠨ᠂ ᠪᠥᠬᠦ ᠴᠠᠭᠳᠠᠭ᠎ᠠ ᠶᠢᠨ ᠣᠶᠤᠨ ᠤᠬᠠᠭᠠᠨ ᠢ ᠲᠥᠪᠯᠡᠷᠡᠭᠦᠯᠵᠦ᠂ ᠨᠡᠶᠢᠭᠡᠮ ᠤᠨ ᠠᠮᠤᠷ | ᠲᠦᠪᠰᠢᠨ ᠤ ᠦᠷᠭᠦᠯᠵᠢᠯᠡᠨ ᠠᠮᠤᠷ ᠲᠣᠭᠲᠠᠭᠤᠨ ᠪᠠᠶᠢᠬᠤ ᠶᠢ ᠪᠠᠲᠤᠯᠠᠵᠤ᠂ ᠬᠤᠷᠠᠯ ᠳᠤ ᠣᠷᠣᠯᠴᠠᠭᠰᠠᠨ | ᠤᠳᠤᠷᠢᠳᠤᠯᠭ᠎ᠠ ᠪᠠ ᠡᠯ᠎ᠡ ᠵᠦᠶᠯ ᠤᠨ ᠠᠵᠢᠯᠯᠠᠭ᠎ᠠ ᠶᠢᠨ ᠬᠠᠷᠢᠴᠠᠯᠠᠰᠢ ᠥᠬᠡᠶ ᠠᠮᠤᠷ ᠲᠦᠪᠰᠢᠨ ᠢ ᠪᠠᠲᠤᠯᠠᠵᠤ᠂ | ᠠᠷᠪᠠᠨ ᠲᠠᠪᠤᠳᠤᠭᠠᠷ ᠬᠤᠭᠤᠴᠠᠭᠠᠨ ᠤ ᠵᠥᠪᠯᠡᠯ ᠤᠨ ᠠᠷᠪᠠᠨ ᠭᠤᠷᠪᠠᠳᠤᠭᠠᠷ ᠤᠳᠠᠭᠠᠨ ᠤ ᠪᠥᠬᠦᠳᠡ ᠬᠤᠷᠠᠯ ᠤᠨ | ᠡᠯ᠎ᠡ ᠵᠦᠶᠯ ᠤᠨ ᠠᠮᠤᠷ ᠢ ᠬᠠᠮᠠᠭᠠᠯᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠬᠤᠰᠢᠭᠤᠨ ᠤ ᠨᠠᠮ | ᠤᠨ ᠬᠤᠷᠢᠶ᠎ᠠ᠂ ᠵᠠᠰᠠᠭ ᠤᠨ ᠣᠷᠳᠣᠨ ᠤ ᠭᠦᠶᠴᠡᠳ ᠨᠤᠲᠠᠯᠠᠯᠲᠠ ᠪᠠ ᠬᠤᠷᠠᠯ ᠳᠤ ᠣᠷᠣᠯᠴᠠᠭᠰᠠᠨ ᠬᠥᠮᠦᠰ ᠤᠨ | ᠥᠷᠭᠡᠨ ᠳᠡᠯᠭᠡᠷ ᠰᠠᠶᠢᠨ ᠦᠨᠡᠯᠡᠯᠲᠡ ᠶᠢ ᠣᠯᠵᠠᠶ᠃ |