ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ 2021 ᠣᠨ ᠤ ᠦᠨᠳᠦᠰᠦᠨ ᠱᠠᠲᠤᠨ ᠳᠤ ᠦᠶᠯᠡᠴᠢᠯᠡᠬᠦ ᠲᠥᠷᠥᠯ ᠵᠦᠶᠯ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠲᠣᠬᠤᠨᠢᠭᠤᠯᠬᠤ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/1/19
    ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠪᠠ ᠵᠠᠰᠠᠭ ᠤᠨ ᠣᠷᠳᠣᠨ ᠠᠴᠠ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠰᠠᠶᠢᠨ ᠳᠤᠷ᠎ᠠ ᠶᠢᠨ ᠠᠵᠢᠯᠲᠠᠨ ᠵᠢᠴᠢ ᠳᠤᠮᠳᠠ ᠪᠠᠭ᠎ᠠ ᠠᠵᠤ ᠠᠬᠤᠶᠢᠯᠠᠯ ᠤᠨ ᠴᠢᠳᠠᠪᠤᠷᠢᠲᠠᠨ ᠨᠥᠭᠡᠴᠡᠯᠡᠬᠦ ᠤᠶᠤᠲᠠᠳ ᠢ ᠬᠠᠯᠠᠮᠵᠢᠯᠠᠵᠤ ᠪᠠᠶᠢᠬᠤ ᠪᠠ ᠴᠢᠬᠤᠯᠠᠴᠢᠯᠠᠵᠤ ᠪᠠᠶᠢᠬᠤ ᠶᠢ ᠭᠦᠶᠴᠡᠳ ᠢᠯᠡᠷᠡᠭᠦᠯᠵᠦ᠂ ᠪᠠᠭᠠᠷᠢᠨ ᠪᠠᠷᠠᠭᠤᠨ ᠬᠤᠰᠢᠭᠤᠨ ᠤ ᠦᠨᠳᠦᠰᠦᠨ ᠱᠠᠲᠤᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠪᠠ ᠠᠮᠢᠳᠤᠷᠠᠯ ᠤᠨ ᠪᠠᠶᠢᠳᠠᠯ ᠢ ᠭᠦᠨᠵᠡᠭᠡᠶ ᠣᠶᠢᠯᠠᠭᠠᠬᠤ ᠶᠢᠨ ᠲᠦᠯᠦᠬᠡ᠂ 1 ᠰᠠᠷ᠎ᠠ ᠶᠢᠨ 15 ᠤ ᠡᠳᠦᠷ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠤᠨ ᠣᠯᠠᠨ ᠨᠡᠶᠢᠲᠡ ᠶᠢᠨ ᠦᠶᠯᠡᠴᠢᠯᠡᠭᠡᠨ ᠤ ᠲᠥᠪ ᠬᠠᠮᠲᠤᠷᠠᠨ 2021 ᠣᠨ ᠤ ᠦᠨᠳᠦᠰᠦᠨ ᠱᠠᠲᠤᠨ ᠳᠤ ᠦᠶᠯᠡᠴᠢᠯᠡᠬᠦ ᠲᠥᠷᠥᠯ ᠵᠦᠶᠯ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠴᠠᠭᠠᠨ ᠰᠠᠷ᠎ᠠ ᠶᠢᠨ ᠲᠣᠬᠤᠨᠢᠭᠤᠯᠬᠤ ᠶᠠᠷᠢᠯᠴᠠᠬᠤ ᠬᠤᠷᠠᠯ ᠢ ᠡᠷᠭᠢᠯᠡᠪᠡ᠃     ᠬᠤᠷᠠᠯ ᠳᠡᠭᠡᠷ᠎ᠡ᠂ ᠦᠨᠳᠦᠰᠦᠨ ᠱᠠᠲᠤᠨ ᠳᠤ ᠦᠢᠯᠡᠴᠢᠯᠡᠬᠦ ᠲᠥᠷᠥᠯ ᠵᠦᠢᠯ ᠤᠨ ᠳᠡᠭᠡᠳᠦ ᠰᠤᠷᠭᠠᠭᠤᠯᠢ ᠲᠡᠭᠦᠰᠦᠭᠰᠡᠳ ᠳᠡᠰ ᠳᠠᠷᠠᠭ᠎ᠠ ᠲᠠᠢ ᠪᠠᠷ ᠥᠪᠡᠷ ᠢ ᠪᠠᠨ ᠲᠠᠨᠢᠯᠴᠠᠭᠤᠯᠵᠤ᠂ ᠣᠯᠠᠨ ᠢᠶᠠᠷ ᠢᠶᠠᠨ ᠲᠤᠰ ᠲᠤᠰ ᠤᠨ ᠠᠵᠢᠯ᠂ ᠠᠮᠢᠳᠤᠷᠠᠯ ᠤᠨ ᠪᠠᠶᠢᠳᠠᠯ ᠪᠣᠯᠤᠨ ᠰᠤᠷᠤᠯᠴᠠᠭᠰᠠᠨ ᠣᠯᠤᠯᠲᠠ ᠪᠠᠨ ᠰᠣᠯᠢᠯᠴᠠᠵᠤ᠂ ᠬᠤᠶᠢᠰᠢᠳᠠ ᠶᠢᠨ ᠠᠵᠢᠯ ᠳᠤ ᠲᠣᠯᠢ ᠪᠣᠯᠭᠠᠵᠤ᠂ ᠴᠢᠭᠯᠡᠯ ᠢ ᠲᠤᠳᠤᠷᠬᠠᠶᠢᠯᠠᠵᠠᠢ᠃ ᠳᠠᠷᠠᠭ᠎ᠠ ᠨᠢ᠂ ᠬᠤᠰᠢᠭᠤᠨ ᠤ ᠬᠥᠮᠦᠨ ᠤ ᠬᠦᠴᠦᠨ  ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠯᠢ ᠳ᠋ᠠᠨ ︽ᠤᠯᠠᠭᠠᠨᠬᠠᠳᠠ ᠬᠤᠲᠠ ᠶᠢᠨ ︿ᠭᠤᠷᠪᠠ ᠶᠢ ᠳᠡᠮᠵᠢᠵᠦ ᠨᠢᠭᠡ ᠶᠢ ᠲᠡᠳᠬᠦᠬᠦ  ﹀ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠲᠥᠷᠥᠯ ᠵᠦᠶᠯ ᠤᠨ ᠠᠮᠢᠳᠤᠷᠠᠯ ᠤᠨ ᠡᠳᠦᠷ ᠲᠤᠲᠤᠮ ᠤᠨ ᠬᠠᠮᠢᠶᠠᠷᠤᠯᠲᠠ ᠶᠢᠨ ᠠᠷᠭ᠎ᠠ 》 ᠶᠢ ᠤᠩᠰᠢᠨ ᠨᠡᠶᠢᠲᠡᠯᠡᠪᠡ᠃     ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠶ ᠰᠣᠨᠣᠰᠤᠭᠰᠠᠨ ᠤ ᠳᠠᠷᠠᠭ᠎ᠠ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠮᠥᠷᠡᠨ ᠪᠠᠭᠠᠷᠢᠨ ᠪᠠᠷᠠᠭᠤᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠡᠮᠦᠨ᠎ᠡ ᠠᠴᠠ ᠪᠥᠬᠦ ᠬᠤᠰᠢᠭᠤᠨ ᠤ ᠦᠨᠳᠦᠰᠦᠨ ᠱᠠᠲᠤᠨ ᠳᠤ ᠦᠶᠯᠡᠴᠢᠯᠡᠬᠦ ᠲᠥᠷᠥᠯ ᠵᠦᠶᠯ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠮᠡᠨᠳᠦᠴᠢᠯᠡᠯ ᠳᠡᠪᠰᠢᠭᠦᠯᠵᠦ᠂ ᠦᠶᠯᠡᠴᠢᠯᠡᠬᠦ ᠬᠤᠭᠤᠴᠠᠭᠠᠨ ᠳᠤ ᠣᠯᠤᠭᠰᠠᠨ ᠠᠮᠵᠢᠯᠲᠠ ᠪᠦᠲᠦᠮᠵᠢ ᠶᠢ ᠨᠢ ᠨᠤᠲᠠᠯᠠᠵᠤ ᠂ ᠲᠡᠳᠡᠨ ᠤ ᠳᠤᠷᠠᠲᠠᠶ᠎ᠠ ᠬᠤᠪᠢ ᠨᠡᠮᠡᠷᠢ ᠦᠵᠡᠭᠦᠯᠵᠦ᠂ ᠠᠴᠢ ᠬᠠᠷᠢᠭᠤᠯᠠᠬᠤ ᠶᠢ ᠬᠦᠰᠡᠬᠦ ᠥᠬᠡᠶ ᠵᠣᠷᠢᠭ ᠰᠠᠨᠠᠭ᠎ᠠ ᠶᠢ ᠮᠠᠭᠲᠠᠨ ᠰᠠᠶᠢᠰᠢᠶᠠᠬᠤ ᠶᠢᠨ ᠬᠠᠮᠲᠤ᠂ ᠲᠡᠳᠡᠨ ᠢ ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ ᠪᠠᠨ ᠴᠢᠩᠭᠠᠳᠬᠠᠵᠤ᠂ ᠣᠨᠣᠯ ᠤᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠦᠨ᠂ ᠣᠷᠣᠨ ᠪᠠᠶᠢᠷᠢ ᠪᠠᠨ ᠵᠥᠪ ᠪᠠᠶᠢᠯᠭᠠᠵᠤ᠂ ᠬᠦᠨᠳᠦ ᠨᠠᠶᠢᠳᠠᠯᠭ᠎ᠠ ᠶᠢ ᠬᠥᠰᠡᠷᠳᠡᠭᠦᠯᠦᠯ ᠥᠬᠡᠶ ᠪᠠᠷ ᠦᠨᠳᠦᠰᠦᠨ ᠱᠠᠲᠤᠨ ᠤ ᠠᠵᠢᠯ ᠤᠨ ᠪᠠᠶᠢᠷᠢ ᠳᠡᠭᠡᠷ᠎ᠡ ᠪᠠᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠵᠦ᠂ ᠢᠳᠡᠪᠬᠢᠲᠡᠶ ᠣᠪᠣᠷ ᠪᠠᠶᠢᠳᠠᠯ ᠢ ᠪᠣᠶ ᠪᠣᠯᠭᠠᠬᠤ ᠶᠢᠨ ᠬᠠᠮᠲᠤ ᠬᠥᠮᠦᠨ ᠤ ᠠᠮᠢᠳᠤᠷᠠᠯ ᠤᠨ ᠲᠥᠯᠥᠪᠵᠢᠭᠦᠯᠭᠡ ᠪᠠᠨ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃ ᠲᠡᠳᠡᠨ ᠢ ᠰᠢᠨ᠎ᠡ ᠨᠢᠭᠡ ᠵᠢᠯ  ᠳᠤ᠂ ᠡᠭᠦᠷᠭᠡᠯᠡᠯ ᠤᠨ ᠳᠤᠮᠳᠠ ᠳᠠᠪᠲᠠᠨ ᠪᠣᠯᠪᠠᠰᠤᠷᠠᠵᠤ᠂ ᠬᠠᠷᠢᠭᠤᠴᠠᠯᠭ᠎ᠠ ᠪᠠᠨ ᠭᠦᠢᠴᠡᠳᠬᠡᠬᠦ ᠳᠤᠮᠳᠠ ᠦᠰᠦᠨ ᠪᠣᠶᠢᠵᠢᠵᠤ᠂ ᠵᠠᠯᠠᠭᠤ ᠨᠠᠰᠤ ᠪᠠᠨ ᠲᠠᠯᠠᠭᠠᠷ ᠦᠩᠬᠡᠷᠡᠬᠦᠯᠬᠦ ᠦᠭᠡᠢ᠂ ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠵᠦ᠂ ᠰᠢᠨ᠎ᠡ ᠴᠠᠭ ᠦᠶ᠎ᠡ ᠶᠢᠨ ᠵᠠᠯᠠᠭᠤ ᠨᠠᠰᠤᠨ ᠤ ᠳᠠᠭᠤᠯᠠᠯ ᠢ ᠪᠢᠴᠢᠭᠯᠡᠬᠦ ᠶᠢ ᠬᠦᠰᠡᠭᠰᠡᠨ ᠪᠠᠶᠢᠨ᠎ᠠ᠃       ᠬᠤᠷᠠᠯ ᠲᠡᠭᠦᠰᠦᠭᠰᠡᠨ ᠤ ᠳᠠᠷᠠᠭ᠎ᠠ᠂ ᠪᠠᠭᠠᠷᠢᠨ ᠪᠠᠷᠠᠭᠤᠨ ᠬᠤᠰᠢᠭᠤᠨ ᠳᠤ ᠦᠶᠯᠡᠴᠢᠯᠡᠵᠦ ᠪᠠᠶᠢᠭ᠎ᠠ ᠦᠨᠳᠦᠰᠦᠨ ᠱᠠᠲᠤᠨ ᠤ ᠲᠥᠷᠥᠯ ᠵᠦᠢᠯ ᠤᠨ ᠳᠡᠭᠡᠳᠦ ᠰᠤᠷᠭᠠᠭᠤᠯᠢ ᠲᠡᠭᠦᠰᠦᠭᠰᠡᠳ ᠲᠤ ᠲᠤᠬᠠᠶ ᠶᠢᠨ ᠲᠠᠯᠠᠪᠠᠶ ᠳᠤ ᠴᠠᠭᠠᠨ ᠰᠠᠷ᠎ᠠ ᠶᠢᠨ ᠲᠣᠬᠤᠨᠢᠭᠤᠯᠬᠤ ᠪᠣᠳᠠᠰ ᠲᠠᠷᠬᠠᠭᠠᠪᠠ᠃
 
ᠢᠷᠡᠯᠲᠡ᠄ ᠪᠠᠭᠠᠷᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05001926号-2