ᠨᠡᠶᠢᠭᠡᠮ ᠲᠣᠭᠤᠷᠢᠭ ᠠᠴᠠ ᠬᠤᠰᠢᠭᠤᠨ ᠤ ᠠᠷᠠᠳ ᠤᠨ ᠶᠠᠪᠤᠳᠠᠯ ᠤᠨ ᠲᠤᠪᠴᠢᠶ᠎ᠠ ᠳᠤ ᠬᠡᠮᠡᠷᠯᠢᠭ ᠲᠤᠭ ᠬᠦᠷᠬᠡᠪᠡ
ᠨᠡᠶᠢᠲᠡᠯᠡᠭᠰᠡᠨ ᠴᠠᠭ᠄
2021/1/19
     1 ᠰᠠᠷ᠎ᠠ ᠶᠢᠨ 18 ᠤ ᠡᠳᠦᠷ᠂ ᠰᠠᠶᠢᠬᠠᠨ ᠵᠡᠭᠡᠯᠢ ᠭᠤᠳᠤᠮᠵᠢ ᠶᠢᠨ ᠳᠤᠯᠠᠭᠠᠨ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠸᠠᠩ ᠶᠠᠨ ᠵᠢᠶᠦ᠋ᠨ ︽ᠦᠨᠳᠦᠰᠦᠨ ᠱᠠᠲᠤᠨ ᠳᠤ ᠦᠶᠯᠡᠴᠢᠯᠡᠵᠦ᠂ ᠨᠡᠶᠢᠭᠡᠮ ᠲᠣᠭᠤᠷᠢᠭ ᠢ ᠰᠡᠳᠬᠢᠯ ᠳᠡᠭᠡᠨ ᠪᠤᠳᠤᠬᠤ︾ ᠬᠡᠮᠡᠷᠯᠢᠭ ᠲᠤᠭ ᠢ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ  ᠳᠤ ᠬᠦᠷᠭᠡᠪᠡ᠃      ᠳᠤᠯᠠᠭᠠᠨ ᠨᠡᠶᠢᠭᠡᠮ ᠲᠣᠭᠤᠷᠢᠭ ᠠᠴᠠ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠨᠠᠮ ᠤᠨ ᠪᠠᠶᠢᠭᠤᠯᠤᠯᠲᠠ ᠶᠢ ᠠᠭᠤᠰᠤᠯᠴᠠᠭᠤᠯᠤᠨ ᠬᠠᠮᠲᠤᠪᠠᠷ ᠪᠠᠶᠢᠭᠤᠯᠬᠤ ᠠᠵᠢᠯᠯᠠᠭ᠎ᠠ ᠳᠤᠮᠳᠠ ᠤᠷᠢᠳ ᠬᠤᠵᠢᠳ ᠲᠦᠮᠡᠨ ᠲᠥᠭᠦᠷᠢᠭ ᠤᠨ ᠪᠡᠯᠡᠨ ᠵᠣᠭᠤᠰ ᠪᠠ ᠠᠯᠪᠠᠨ ᠺᠣᠮᠫᠢᠦ᠋ᠲ᠋ᠧᠷ ᠬᠠᠨᠳᠢᠪᠯᠠᠵᠤ᠂ ᠡᠳ᠋ ᠪᠣᠳᠠᠰ᠂  ᠵᠤᠭᠤᠰ ᠮᠦᠩᠬᠦ ᠵᠡᠷᠭᠡ ᠲᠠᠯ᠎ᠠ ᠪᠠᠷ ᠴᠥᠮ ᠳᠤᠯᠠᠭᠠᠨ ᠨᠡᠶᠢᠭᠡᠮ ᠲᠣᠭᠤᠷᠢᠭ ᠲᠤ ᠬᠦᠴᠦᠲᠡᠶ ᠳᠡᠮᠵᠢᠯᠭᠡ ᠦᠵᠡᠭᠦᠯᠵᠦ᠂ ᠨᠡᠶᠢᠭᠡᠮ ᠲᠣᠭᠤᠷᠢᠭ  ᠤᠨ ᠳᠠᠶᠢᠴᠢᠨ ᠬᠦᠴᠦᠨ ᠢ ᠴᠢᠩᠭᠠᠳᠬᠠᠭᠰᠠᠭᠠᠷ ᠢᠷᠡᠪᠡ᠃ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶᠠᠨ  ᠤ ᠳᠡᠳ᠋ ᠳᠠᠷᠤᠭ᠎ᠠ ᠭᠤᠤ ᠶᠠᠨ ᠵᠢᠶᠧ ᠢᠯᠡᠷᠬᠡᠶᠢᠯᠡᠬᠦ ᠳᠡᠭᠡᠨ᠂ ᠬᠠᠮᠲᠤ ᠪᠠᠷ ᠪᠠᠶᠢᠭᠤᠯᠬᠤ ᠨᠢᠭᠡᠴᠢ ᠪᠣᠯᠤᠨ ᠨᠡᠶᠢᠭᠡᠮ ᠲᠣᠭᠤᠷᠢᠭ ᠪᠣᠯ ᠨᠢᠭᠡᠨ ᠬᠠᠮᠲᠤ ᠶᠢᠨ ᠴᠣᠭᠴᠠ ᠮᠥᠨ᠂ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠬᠠᠲᠠᠭᠤ ᠪᠡᠷᠬᠡᠰᠢᠶᠡᠯ ᠢ ᠬᠠᠮᠲᠤ ᠪᠠᠷ ᠳᠤᠭᠤᠯᠬᠤ ᠬᠡᠷᠡᠭᠲᠡᠶ᠂ ᠬᠤᠶᠢᠰᠢᠳᠠ ᠥᠩᠭᠡᠷᠡᠭᠰᠡᠨ ᠲᠠᠢ ᠪᠠᠨ ᠠᠳᠠᠯᠢ ᠪᠠᠷ ᠨᠡᠶᠢᠭᠡᠮ ᠲᠣᠭᠤᠷᠢᠭ ᠤᠨ ᠡᠯ᠎ᠡ ᠵᠦᠶᠯ ᠤᠨ ᠠᠵᠢᠯ ᠢ ᠳᠡᠮᠵᠢᠵᠦ᠂ ᠨᠠᠮ ᠤᠨ ᠪᠠᠶᠢᠭᠤᠯᠤᠯᠲᠠ ᠶᠢ ᠠᠭᠤᠰᠤᠯᠴᠠᠭᠤᠯᠬᠤ ᠠᠵᠢᠯ  ᠤᠨ ᠰᠢᠨ᠎ᠡ ᠪᠠᠶᠢᠳᠠᠯ ᠢ ᠡᠭᠦᠳᠦᠨ᠎ᠡ ᠭᠡᠵᠡᠶ᠃
 
ᠢᠷᠡᠯᠲᠡ᠄ ᠪᠠᠭᠠᠷᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05001926号-2