| 1 ᠰᠠᠷ᠎ᠠ ᠶᠢᠨ 14 ᠤ ᠡᠳᠦᠷ᠂ ᠬᠤᠲᠠ ᠶᠢᠨ ᠶᠠᠳᠠᠭᠤ ᠶᠢ ᠲᠡᠳᠬᠦᠬᠦ ᠠᠯᠪᠠᠨ ᠬᠡᠷ᠂ ᠬᠤᠲᠠ ᠶᠢᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠠᠮᠢᠶ᠎ᠠ ᠪᠥᠬᠦᠶ ᠤᠳᠤᠷᠢᠳᠤᠯᠭ᠎ᠠ ᠨᠠᠷ ᠪᠠᠭᠠᠷᠢᠨ ᠪᠠᠷᠠᠭᠤᠨ | ᠬᠤᠰᠢᠭᠤᠨ ᠳᠤ ᠢᠷᠡᠵᠦ ᠲᠣᠰᠬᠤᠨ ᠤ ᠲᠠᠰ ᠤᠨ ᠬᠡᠷᠡᠯ ᠴᠡᠨᠡᠭ ᠢᠶᠠᠷ ᠶᠠᠳᠠᠭᠤ ᠶᠢ ᠲᠡᠳᠬᠦᠬᠦ ᠴᠠᠬᠢᠯᠭᠠᠨ ᠥᠷᠲᠡᠭᠡᠨ | ᠤ ᠲᠥᠷᠥᠯ ᠵᠦᠶᠯ ᠳᠤ ᠬᠤᠲᠠ ᠶᠢᠨ ᠲᠠᠰ ᠤᠨ ᠰᠢᠯᠭᠠᠨ ᠠᠪᠬᠤ ᠠᠵᠢᠯ ᠥᠷᠨᠢᠭᠦᠯᠪᠡ᠃ ᠲᠣᠰ ᠤᠳᠠᠭᠠᠨ ᠤ | ᠰᠢᠯᠭᠠᠨ ᠬᠤᠷᠢᠶᠠᠵᠤ ᠦᠨᠡᠯᠡᠨ ᠵᠢᠱᠢᠬᠦ ᠳᠤ ᠮᠠᠲ᠋ᠧᠷᠢᠶᠠᠯ ᠢ ᠰᠢᠯᠭᠠᠨ ᠬᠤᠷᠢᠶᠠᠵᠤ ᠦᠨᠡᠯᠡᠨ ᠵᠢᠱᠢᠬᠦ ᠪᠠ ᠲᠤᠬᠠᠶ ᠶᠢᠨ | ᠲᠠᠯᠠᠪᠤᠷ ᠲᠤ ᠰᠢᠯᠭᠠᠨ ᠬᠤᠷᠢᠶᠠᠵᠤ ᠦᠨᠡᠯᠡᠨ ᠵᠢᠱᠢᠬᠦ ᠬᠤᠶᠠᠷ ᠵᠦᠶᠯ ᠤᠨ ᠬᠡᠯᠪᠡᠷᠢ ᠶᠢ ᠬᠡᠷᠡᠭᠯᠡᠵᠠᠢ᠃ ᠬᠤᠰᠢᠭᠤᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠰᠢᠭᠤᠨ ᠤ ᠶᠠᠳᠠᠭᠤ ᠶᠢ ᠲᠡᠳᠬᠦᠬᠦ ᠠᠯᠪᠠᠨ ᠭᠡᠷ ᠵᠡᠷᠭᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠯᠭᠠᠨ ᠠᠪᠤᠪᠠ᠃ | 1 ᠰᠠᠷ᠎ᠠ ᠶᠢᠨ 14 ᠤ ᠡᠳᠦᠷ ᠤᠨ ᠦᠳᠡ ᠶᠢᠨ ᠬᠤᠶᠢᠨ᠎ᠠ᠂ ᠰᠢᠯᠭᠠᠨ ᠦᠨᠡᠯᠡᠬᠦ ᠠᠵᠢᠯ ᠤᠨ ᠳᠤᠭᠤᠶᠢᠯᠠᠩ | ᠮᠠᠨ ᠤ ᠬᠤᠰᠢᠭᠤᠨ ᠤ ᠲᠣᠰᠬᠤᠨ ᠤ ᠲᠠᠰ ᠤᠨ ᠬᠡᠷᠡᠯ ᠴᠡᠨᠡᠭ ᠢᠶᠠᠷ ᠶᠠᠳᠠᠭᠤ ᠶᠢ ᠲᠡᠳᠬᠦᠬᠦ ᠴᠠᠬᠢᠯᠭᠠᠨ ᠥᠷᠲᠡᠭᠡᠨ ᠤ | ᠲᠥᠷᠥᠯ ᠵᠦᠶᠯ ᠳᠤ ᠲᠤᠬᠠᠶ ᠶᠢᠨ ᠲᠠᠯᠠᠪᠠᠶ ᠶᠢᠨ ᠰᠢᠯᠭᠠᠨ ᠦᠨᠡᠯᠡᠬᠦ ᠠᠵᠢᠯ ᠥᠷᠨᠢᠭᠦᠯᠪᠡ᠃ ᠠᠵᠢᠯᠯᠠᠬᠤ | ᠳᠤᠭᠤᠶᠢᠯᠠᠩ ᠤᠨ ᠪᠦᠷᠢᠯᠳᠦᠬᠦᠨ ᠢ ᠬᠤᠶᠠᠷ ᠳᠤᠭᠤᠶᠢᠯᠠᠩ ᠬᠤᠪᠢᠶᠠᠵᠤ᠂ ᠲᠥᠷᠥᠯ ᠵᠦᠶᠯ ᠤᠨ ᠪᠥᠲᠥᠭᠡᠨ | ᠪᠠᠶᠢᠭᠤᠯᠤᠯᠲᠠ ᠶᠢᠨ ᠪᠦᠬᠦᠯᠢ ᠴᠣᠭᠴᠠ ᠵᠢᠴᠢ ᠠᠵᠢᠯᠯᠠᠭᠠᠨ ᠤ ᠬᠠᠮᠠᠭᠠᠯᠠᠯᠲᠠ ᠶᠢᠨ ᠪᠠᠶᠢᠳᠠᠯ ᠢ ᠭᠦᠨᠵᠡᠭᠡᠶ ᠨᠠᠷᠢᠨ | ᠣᠶᠢᠯᠠᠭᠠᠪᠠ᠃ | 1 ᠰᠠᠷ᠎ᠠ ᠶᠢᠨ 15 ᠤ ᠦᠳᠡ ᠶᠢᠨ ᠡᠮᠦᠨ᠎ᠡ᠂ ᠬᠤᠰᠢᠭᠤᠨ ᠤ ᠶᠠᠳᠠᠭᠤ ᠶᠢ ᠲᠡᠳᠬᠦᠬᠦ ᠠᠯᠪᠠᠨ ᠬᠡᠷ | ᠰᠢᠯᠭᠠᠨ ᠦᠨᠡᠯᠡᠬᠦ ᠠᠵᠢᠯ ᠤᠨ ᠬᠤᠷᠠᠯ ᠬᠢᠵᠦ᠂ ᠠᠵᠢᠯᠯᠠᠬᠤ ᠳᠤᠭᠤᠶᠢᠯᠠᠩ ᠠᠴᠠ ᠮᠠᠨ ᠤ ᠬᠤᠰᠢᠭᠤᠨ ᠤ ᠲᠣᠰᠬᠤᠨ | ᠤ ᠱᠠᠲᠤᠨ ᠤ ᠬᠡᠷᠡᠯ ᠴᠡᠨᠡᠭ ᠢᠶᠠᠷ ᠶᠠᠳᠠᠭᠤ ᠶᠢ ᠲᠡᠳᠬᠦᠬᠦ ᠴᠠᠬᠢᠯᠭᠠᠨ ᠥᠷᠲᠡᠭᠡᠨ ᠤ ᠲᠥᠷᠥᠯ ᠵᠦᠶᠯ ᠤᠨ ᠪᠥᠲᠥᠭᠡᠨ | ᠪᠠᠶᠢᠭᠤᠯᠤᠯᠲᠠ ᠶᠢᠨ ᠶᠠᠰᠤ ᠴᠢᠨᠠᠷ᠂ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ᠂ ᠠᠵᠢᠯᠯᠠᠭᠠᠨ ᠤ ᠬᠠᠮᠠᠭᠠᠯᠠᠯᠲᠠ | ᠂ ᠠᠰᠢᠭ ᠣᠷᠣᠯᠭ᠎ᠠ ᠶᠢᠨ ᠬᠤᠪᠢᠶᠠᠷᠢᠯᠠᠯᠲᠠ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ | ᠪᠥᠭᠡᠳ ᠬᠠᠮᠢᠶ᠎ᠠ ᠪᠥᠬᠦᠶ ᠲᠠᠩᠰᠠ ᠡᠪᠬᠡᠮᠡᠯ ᠢ ᠪᠠᠶᠢᠴᠠᠭᠠᠨ ᠦᠵᠡᠪᠡ᠃ | ᠰᠢᠯᠭᠠᠨ ᠦᠨᠡᠯᠡᠬᠦ ᠪᠠᠷ ᠳᠡᠮᠵᠢᠨ᠂ ᠠᠵᠢᠯᠯᠠᠬᠤ ᠳᠤᠭᠤᠶᠢᠯᠠᠩ ᠠᠴᠠ ᠮᠠᠨ ᠤ ᠬᠤᠰᠢᠭᠤᠨ ᠤ ᠲᠣᠰᠬᠤᠨ ᠤ | ᠱᠠᠲᠤᠨ ᠤ ᠬᠡᠷᠡᠯ ᠴᠡᠨᠡᠭ ᠢᠶᠠᠷ ᠶᠠᠳᠠᠭᠤ ᠶᠢ ᠲᠡᠳᠬᠦᠬᠦ ᠴᠠᠬᠢᠯᠭᠠᠨ ᠥᠷᠲᠡᠭᠡᠨ ᠤ ᠲᠥᠷᠥᠯ ᠵᠦᠶᠯ ᠤᠨ ᠪᠥᠲᠥᠭᠡᠨ | ᠪᠠᠶᠢᠭᠤᠯᠤᠯᠲᠠ᠂ ᠠᠵᠢᠯᠯᠠᠭᠤᠯᠵᠤ ᠪᠠᠲᠤᠯᠠᠬᠤ᠂ ᠠᠰᠢᠭ ᠣᠷᠣᠯᠭ᠎ᠠ ᠶᠢ ᠬᠤᠪᠢᠶᠠᠷᠢᠯᠠᠬᠤ ᠵᠡᠷᠭᠡ ᠠᠵᠢᠯ ᠳᠤ | ᠬᠠᠨᠤᠮᠵᠢᠲᠠᠶ ᠪᠠᠶᠢᠬᠤ ᠪᠠᠨ ᠢᠯᠡᠳᠬᠡᠭᠰᠡᠨ ᠪᠥᠭᠡᠳ ᠮᠠᠨ ᠤ ᠬᠤᠰᠢᠭᠤ ᠭᠤᠷᠪᠠᠳᠠᠬᠢ ᠡᠲᠡᠭᠡᠳ ᠤᠨ ᠰᠢᠯᠭᠠᠨ | ᠠᠪᠤᠭᠰᠠᠨ ᠶᠡᠷᠦᠩᠬᠡᠶᠢᠯᠡᠭᠰᠡᠨ ᠮᠡᠳᠡᠭᠦᠯᠦᠯᠲᠡ ᠳᠤ ᠳᠤᠷᠠᠳᠤᠭᠰᠠᠨ ᠴᠡᠭᠴᠡᠯᠡᠨ ᠰᠠᠶᠢᠵᠢᠷᠠᠭᠤᠯᠤᠭᠰᠠᠨ ᠠᠰᠠᠭᠤᠳᠠᠯ ᠢ | ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠤᠭᠰᠠᠨ ᠳᠤ ᠥᠨᠳᠥᠷ ᠦᠨᠡᠯᠡᠯᠲᠡ ᠥᠭᠴᠡᠶ᠃ ᠠᠵᠢᠯᠯᠠᠬᠤ | ᠳᠤᠭᠤᠶᠢᠯᠠᠩ ᠤᠨ ᠦᠵᠡᠬᠦ ᠪᠠᠷ᠂ ᠮᠠᠨ ᠤ ᠬᠤᠰᠢᠭᠤᠨ ᠤ ᠲᠣᠰᠬᠤᠨ ᠤ ᠱᠠᠲᠤᠨ ᠤ ᠬᠡᠷᠡᠯ ᠴᠡᠨᠡᠭ ᠢᠶᠠᠷ ᠶᠠᠳᠠᠭᠤ ᠶᠢ | ᠲᠡᠳᠬᠦᠬᠦ ᠴᠠᠬᠢᠯᠭᠠᠨ ᠥᠷᠲᠡᠭᠡᠨ ᠤ ᠲᠥᠷᠥᠯ ᠵᠦᠶᠯ ᠨᠢ ᠳᠡᠭᠡᠳᠦ ᠱᠠᠲᠤᠨ ᠤ ᠲᠣᠭᠲᠠᠭᠠᠯ ᠵᠢᠴᠢ ᠬᠠᠮᠢᠶ᠎ᠠ ᠪᠥᠬᠦᠶ | ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠵᠦ᠂ ᠰᠢᠯᠭᠠᠨ ᠬᠤᠷᠢᠶᠠᠬᠤ ᠪᠠᠷᠢᠮᠵᠢᠶ᠎ᠠ ᠳᠤ ᠬᠦᠷᠴᠦ᠂ | ᠬᠤᠲᠠ ᠶᠢᠨ ᠱᠠᠲᠤᠨ ᠤ ᠰᠢᠯᠭᠠᠨ ᠪᠠᠶᠢᠴᠠᠭᠠᠯᠲᠠ ᠳᠤ ᠤᠷᠤᠭᠰᠢᠲᠠᠶ ᠬᠢᠷᠢ ᠲᠡᠩᠴᠡᠪᠡ᠃ |