| 2021 ᠤᠨ ᠤ ᠰᠢᠨ᠎ᠡ ᠵᠢᠯ ᠬᠦᠷᠴᠦ ᠢᠷᠡᠬᠦ ᠲᠠᠰᠢᠷᠠᠮ ᠢᠶᠠᠷ᠂ ᠬᠤᠰᠢᠭᠤᠨ ᠤ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠠᠭᠠᠨᠬᠠᠳᠠ ᠬᠤᠲᠠ ᠶᠢᠨ ᠵᠢᠱᠢᠶᠡᠴᠢ ᠴᠡᠷᠢᠭ ᠤᠨ | ᠠᠯᠪᠠ ᠠᠴᠠ ᠬᠠᠯᠠᠭᠳᠠᠭᠰᠠᠳ ᠯᠢᠦ ᠬᠠᠶ ᠡᠦ ᠲᠤᠬᠠᠶ ᠶᠢᠨ ᠭᠠᠵᠠᠷ ᠤᠨ ᠤᠳᠤᠷᠢᠳᠤᠯᠭ᠎ᠠ ᠶᠢᠨ ᠪᠠᠷ᠎ᠠ ᠪᠣᠯᠣᠯᠭ᠎ᠠ ᠲᠠᠢ | ᠪᠠᠷ ᠨᠤᠲᠤᠭ ᠪᠠᠶᠠᠨᠬᠤᠰᠢᠭᠤ ᠪᠠᠯᠭᠠᠰᠤ ᠳᠠᠭᠠᠨ ᠪᠤᠴᠠᠵᠤ ᠴᠡᠷᠢᠭ ᠤᠨ ᠠᠯᠪᠠ ᠠᠴᠠ ᠬᠠᠯᠠᠭᠳᠠᠭᠰᠠᠳ᠂ | ᠨᠠᠰᠤᠲᠠᠶᠢᠴᠤᠳ ᠪᠣᠯᠤᠨ ᠶᠠᠳᠠᠭᠤ ᠬᠦᠴᠢᠷᠳᠡᠯᠲᠡᠶ ᠡᠷᠦᠬᠡ ᠵᠡᠷᠭᠡ 18 ᠡᠷᠦᠬᠡ ᠶᠢ ᠲᠣᠬᠤᠨᠢᠭᠤᠯᠵᠤ᠂ ᠲᠡᠳᠡᠨ ᠳᠤ | ᠴᠢᠩ ᠰᠡᠳᠬᠢᠯ ᠤᠨ ᠮᠡᠨᠳᠦᠴᠢᠯᠡᠯ ᠪᠣᠯᠤᠨ ᠴᠠᠭᠠᠨ ᠰᠠᠷ᠎ᠠ ᠶᠢᠨ ᠵᠥᠩᠨᠡᠯ ᠳᠡᠪᠰᠢᠭᠦᠯᠪᠡ᠃ | ᠯᠢᠦ ᠬᠠᠶ ᠡᠦ ᠡᠷᠦᠬᠡ ᠪᠣᠯᠭᠠᠨ ᠳᠤ ᠬᠦᠷᠬᠦ ᠪᠦᠷᠢ ᠲᠡᠳᠡᠨ ᠲᠠᠢ ᠰᠡᠳᠬᠢᠯ ᠤᠨ ᠦᠭᠡ ᠪᠠᠨ ᠶᠠᠷᠢᠯᠴᠠᠵᠤ᠂ | ᠲᠡᠳᠡᠨ ᠤ ᠦᠢᠯᠡᠳᠪᠦᠷᠢᠯᠡᠯ ᠠᠮᠢᠳᠤᠷᠠᠯ᠂ ᠠᠵᠤ ᠠᠬᠤᠶ ᠶᠢᠨ ᠢᠷᠡᠯᠲᠡ᠂ ᠡᠪᠡᠳᠴᠢᠨ ᠦᠵᠡᠭᠦᠯᠬᠦ ᠵᠡᠷᠭᠡ ᠲᠠᠯ᠎ᠠ ᠶᠢᠨ | ᠪᠠᠶᠢᠳᠠᠯ ᠢ ᠯᠠᠪᠯᠠᠨ ᠠᠰᠠᠭᠤᠪᠠ᠃ ᠲᠡᠷᠠ ᠴᠡᠷᠢᠭ ᠠᠴᠠ ᠬᠠᠯᠠᠭᠳᠠᠭᠰᠠᠨ ᠠᠬᠠᠮᠠᠳ ᠴᠡᠷᠢᠭ ᠬᠠᠨ ᠹᠧᠩ ᠶᠤᠸᠠᠨ ᠤ | ᠭᠡᠷ ᠲᠤ ᠬᠦᠷᠴᠦ᠂ ᠳᠠᠶᠢᠨ ᠤ ᠣᠨ ᠵᠢᠯ ᠤᠳ ᠲᠤ ᠡᠳᠡᠭᠡᠷ ᠠᠬᠠᠮᠠᠳ ᠴᠡᠷᠢᠭ ᠦᠬᠦᠵᠤ ᠰᠡᠭᠡᠬᠦ ᠶᠢ ᠦᠯᠦ | ᠬᠠᠶᠢᠬᠤᠷᠤᠨ᠂ ᠬᠤᠶᠠᠷ ᠮᠥᠷᠥᠨ ᠳᠡᠭᠡᠨ ᠤᠯᠤᠰ ᠢᠶᠠᠨ ᠠᠪᠤᠷᠠᠬᠤ ᠠᠷᠠᠳ ᠲᠦᠮᠡᠨ ᠢᠶᠠᠨ ᠠᠪᠤᠷᠠᠬᠤ ᠬᠠᠷᠢᠭᠤᠴᠠᠯᠭ᠎ᠠ | ᠶᠢ ᠡᠭᠦᠷᠭᠡᠯᠡᠵᠦ ᠢᠷᠡᠭᠰᠡᠨ ᠶᠤᠮ᠂ ᠡᠳᠡᠭᠡᠷ ᠠᠬᠠᠮᠠᠳ ᠴᠡᠷᠢᠭ ᠢ ᠢᠯᠡᠭᠦᠬᠡᠨ ᠬᠠᠯᠠᠮᠵᠢᠯᠠᠵᠤ ᠬᠠᠷᠠᠭᠠᠯᠵᠠᠪᠠᠯ ᠵᠣᠬᠢᠨ᠎ᠠ᠂ | ᠨᠠᠮ ᠪᠠ ᠤᠯᠤᠰ ᠠᠴᠠ ᠴᠡᠷᠢᠭ ᠠᠴᠠ ᠬᠠᠯᠠᠭᠳᠠᠭᠰᠠᠳ ᠢ ᠤᠯᠠᠮ ᠠᠴᠠ ᠤᠯᠠᠮ ᠴᠢᠬᠤᠯᠠᠴᠢᠯᠠᠵᠤ᠂ ᠴᠡᠷᠢᠭ ᠠᠴᠠ | ᠬᠠᠯᠠᠭᠳᠠᠭᠰᠠᠳ ᠢ ᠬᠦᠨᠳᠦᠳᠬᠡᠬᠦ ᠨᠡᠶᠢᠭᠡᠮ ᠤᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠵᠤ᠂ ᠲᠡᠳᠡᠨ ᠳᠤ | ᠨᠡᠶᠢᠭᠡᠮ ᠤᠨ ᠶᠡᠭᠡ ᠭᠡᠷ ᠪᠦᠯᠢ ᠶᠢᠨ ᠬᠠᠶᠢᠷ᠎ᠠ ᠬᠠᠯᠠᠮᠵᠢ ᠶᠢ ᠮᠡᠳᠡᠷᠡᠭᠦᠯᠬᠦ ᠪᠣᠯ ᠪᠠᠰᠠ ᠴᠤ ᠥᠪᠡᠷ ᠤᠨ ᠵᠠᠶᠢᠯᠠᠭᠤᠯᠵᠤ | ᠪᠣᠯᠤᠰᠢ ᠦᠭᠡᠢ ᠬᠠᠷᠢᠭᠤᠴᠠᠯᠭ᠎ᠠ ᠪᠣᠯᠤᠨ᠎ᠠ ᠭᠡᠵᠦ ᠢᠯᠡᠳᠬᠡᠪᠡ᠃ | ᠤᠰᠤ ᠶᠢ ᠨᠢ ᠤᠤᠭᠤᠪᠠᠯ ᠡᠬᠢ ᠶᠢ ᠨᠢ ᠪᠦ᠋ᠦ ᠮᠠᠷᠲᠠ ᠭᠡᠳᠡᠭᠴᠢᠯᠡᠨ᠂ ᠴᠡᠷᠢᠭ ᠠᠴᠠ ᠬᠠᠯᠠᠭᠳᠠᠵᠤ ᠨᠤᠲᠤᠭ | ᠲᠠᠭᠠᠨ ᠪᠤᠴᠠᠭᠰᠠᠨ ᠤ ᠳᠠᠷᠠᠭ᠎ᠠ᠂ ᠯᠢᠦ ᠬᠠᠢ ᠡᠦ ᠮᠥᠨ ᠬᠦ ᠨᠡᠶᠢᠭᠡᠮ ᠳᠤ ᠠᠴᠢ ᠬᠠᠷᠢᠭᠤᠯᠬᠤ ᠪᠠᠨ ᠮᠠᠷᠲᠠᠯ ᠦᠭᠡᠢ᠂ | ᠤᠷᠢᠳ ᠬᠤᠵᠢᠳ ᠪᠡᠯᠡ ᠮᠥᠩᠭᠦ ᠭᠠᠷᠭᠠᠨ ᠶᠠᠳᠠᠭᠤ ᠬᠦᠴᠢᠷᠳᠡᠯᠲᠡᠢ ᠡᠷᠦᠬᠡ ᠶᠢ ᠲᠣᠬᠤᠨᠢᠭᠤᠯᠵᠤ᠂ ᠶᠠᠳᠠᠭᠤ | ᠬᠦᠴᠢᠷᠳᠡᠯᠲᠡᠢ ᠡᠷᠦᠬᠡ ᠶᠢ ᠬᠠᠪᠰᠤᠷᠤᠨ ᠲᠡᠳᠬᠦᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ | ᠬᠦᠴᠦᠨ ᠨᠡᠮᠡᠷᠢᠯᠡᠵᠦ᠂ ᠴᠡᠷᠢᠭ ᠠᠩᠬᠢ ᠠᠴᠠ ᠲᠡᠭᠦᠨ ᠳᠤ ᠡᠷᠬᠢᠮ ᠨᠠᠨᠳᠢᠨ ᠠᠮᠢᠳᠤᠷᠠᠯ ᠤᠨ ᠡᠳ᠋ ᠪᠠᠶᠠᠯᠢᠭ | ᠣᠯᠭᠤᠵᠠᠢ᠂ ᠭᠡᠲᠡᠯ᠎ᠡ ᠲᠡᠷᠡ ᠪᠣᠳᠠᠲᠤ ᠠᠵᠢᠯᠯᠠᠭ᠎ᠠ ᠪᠠᠷ ᠢᠶᠠᠨ ᠨᠢᠭᠡᠨ ᠴᠡᠷᠢᠭ ᠤᠨ ᠠᠯᠪᠠᠨ ᠠᠴᠠ ᠬᠠᠯᠠᠭᠳᠠᠭᠰᠠᠳ | ᠤᠨ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠪᠣᠯᠤᠨ ᠨᠤᠲᠤᠭ ᠤᠰᠤᠨ ᠤ ᠪᠠᠨ ᠲᠥᠯᠥᠭᠡ ᠰᠠᠨᠠᠭᠠᠰᠢᠷᠠᠵᠤ | ᠪᠠᠶᠢᠭ᠎ᠠ ᠴᠢᠩ ᠦᠨᠡᠨᠴᠢ ᠰᠡᠳᠬᠢᠯᠭᠡ ᠶᠢ ᠬᠠᠷᠠᠭᠤᠯᠵᠤ ᠴᠢᠳᠠᠭᠰᠠᠨ ᠪᠠᠶᠢᠨ᠎ᠠ᠃ |