| ᠰᠠᠭᠤᠷᠢ ᠮᠥᠩᠭᠦᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ ᠤᠯᠠᠮ ᠨᠢᠭᠡ ᠠᠯᠬᠤᠮ | ᠴᠢᠩᠭᠠᠳᠬᠠᠵᠤ᠂ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ | ᠲᠥᠯᠥᠭᠡ᠂ 1 ᠰᠠᠷ᠎ᠠ ᠶᠢᠨ 5 ᠤ ᠡᠳᠦᠷ ᠠᠴᠠ 1 ᠰᠠᠷ᠎ᠠ ᠶᠢᠨ 15 ᠤ ᠡᠳᠦᠷ ᠪᠣᠯᠲᠠᠯ᠎ᠠ ᠤᠯᠠᠭᠠᠨᠬᠠᠳᠠ ᠬᠤᠲᠠ | ᠶᠢᠨ ᠬᠢᠨᠠᠨ ᠪᠤᠳᠤᠬᠤ ᠲᠣᠪᠴᠢᠶ᠎ᠠ ᠬᠢᠨᠠᠨ ᠪᠤᠳᠤᠬᠤ ᠳᠤᠭᠤᠶᠢᠯᠠᠩ ᠲᠣᠮᠢᠯᠠᠨ ᠪᠠᠭᠠᠷᠢᠨ ᠪᠠᠷᠠᠭᠤᠨ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ 2020 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠪᠠ ᠪᠠᠶᠢᠭᠤᠯᠭ᠎ᠠ ᠠᠵᠢᠯ ᠦᠶᠯᠡᠰ ᠤᠨ ᠨᠢᠭᠡᠴᠢ ᠶᠢᠨ | ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠳᠤ ᠲᠤᠰᠬᠠᠶ ᠬᠢᠨᠠᠨ ᠪᠤᠳᠤᠯᠲᠠ ᠬᠢᠪᠠ᠃ 1 ᠰᠠᠷ᠎ᠠ ᠶᠢᠨ 5 ᠤ | ᠡᠳᠦᠷ ᠬᠢᠨᠠᠨ ᠪᠣᠳᠣᠬᠤ ᠠᠵᠢᠯ ᠤᠨ ᠠᠬᠢᠯᠲᠠ ᠶᠢᠨ ᠬᠤᠷᠠᠯ ᠬᠤᠷᠠᠯᠳᠤᠭᠤᠯᠵᠤ᠂ ᠬᠢᠨᠠᠨ ᠪᠣᠳᠣᠬᠤ ᠠᠵᠢᠯ ᠢ | ᠨᠢᠭᠡᠳᠦᠯᠲᠡᠶ ᠲᠣᠬᠢᠷᠠᠭᠤᠯᠤᠨ ᠪᠠᠶᠢᠷᠢᠯᠠᠭᠤᠯᠬᠤ ᠶᠢᠨ ᠬᠠᠮᠲᠤ ᠪᠣᠳᠠᠲᠠᠶ ᠠᠵᠢᠯ ᠤᠨ ᠱᠠᠭᠠᠷᠳᠠᠯᠭ᠎ᠠ ᠳᠤᠷᠠᠳᠪᠠ᠃ | ᠲᠣᠰ ᠤᠳᠠᠭᠠᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠨ ᠪᠤᠳᠤᠯᠲᠠ ᠳᠤ | ᠭᠤᠤᠯᠳᠠᠭᠤ ᠲᠤᠬᠠᠶᠢᠯᠠᠭᠰᠠᠨ ᠠᠵᠢᠯ ᠤᠨ ᠪᠠᠶᠢᠴᠠᠭᠠᠯᠲᠠ ᠬᠢᠬᠦ ᠪᠠ ᠡᠳ᠋ ᠤᠨ ᠶᠠᠪᠤᠳᠠᠯ ᠤᠨ ᠬᠢᠨᠠᠨ ᠪᠤᠳᠤᠯᠲᠠ ᠬᠢᠬᠦ | ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠰᠠᠭᠤᠷᠢ ᠮᠥᠩᠭᠦ ᠴᠤᠭᠯᠠᠭᠤᠯᠤᠭᠰᠠᠨ᠂ ᠬᠡᠷᠡᠭᠯᠡᠭᠰᠡᠨ ᠪᠠ | ᠠᠵᠢᠯᠯᠠᠭᠠᠨ ᠤ ᠬᠠᠮᠢᠶᠠᠷᠤᠯᠲᠠ ᠶᠢᠨ ᠪᠠᠶᠢᠳᠠᠯ ᠵᠡᠷᠭᠡ ᠠᠭᠤᠯᠭ᠎ᠠ ᠶᠢ ᠭᠤᠤᠯᠳᠠᠯᠭ᠎ᠠ ᠲᠠᠢ ᠬᠢᠨᠠᠨ ᠪᠤᠳᠤᠪᠠ᠃ ᠨᠢᠭᠡ ᠳᠤ | ᠰᠠᠭᠤᠷᠢ ᠮᠥᠩᠭᠦ ᠴᠤᠭᠯᠠᠭᠤᠯᠤᠭᠰᠠᠨ ᠪᠠᠶᠢᠳᠠᠯ᠂ ᠡᠳ᠋ ᠤᠨ ᠵᠠᠰᠠᠭ ᠤᠨ ᠨᠥᠬᠦᠪᠥᠷᠢ ᠪᠠᠯᠠ ᠮᠥᠩᠭᠦ ᠶᠢᠨ | ᠪᠣᠳᠠᠲᠠᠶᠢᠵᠢᠭᠰᠠᠨ ᠪᠠᠶᠢᠳᠠᠯ᠂ ᠭᠤᠤᠯᠳᠠᠯᠭ᠎ᠠ ᠲᠠᠢ ᠬᠥᠮᠦᠰ ᠤᠨ ᠳᠠᠭᠠᠳᠬᠠᠯ ᠳᠤ ᠣᠷᠣᠯᠴᠠᠭᠰᠠᠨ ᠪᠠᠶᠢᠳᠠᠯ ᠢ | ᠣᠶᠢᠯᠠᠭᠠᠨ᠎ᠠ᠃ ᠬᠤᠶᠠᠷ ᠲᠤ ᠰᠠᠭᠤᠷᠢ ᠮᠥᠩᠭᠦ ᠶᠢ ᠬᠡᠷᠡᠭᠯᠡᠭᠰᠡᠨ ᠪᠠᠶᠢᠳᠠᠯ᠂ ᠲᠤᠰᠬᠠᠢ ᠲᠠᠭᠠᠭᠰᠠᠨ ᠡᠷᠥᠭᠡ ᠪᠠᠷ | ᠬᠠᠮᠢᠶᠠᠷᠤᠭᠰᠠᠨ ᠡᠰᠡᠬᠦ᠂ ᠪᠡᠯᠡ ᠮᠥᠩᠭᠦ ᠶᠢ ᠨᠡᠭᠦᠯᠭᠡᠨ ᠬᠡᠷᠡᠭᠯᠡᠭᠰᠡᠨ ᠪᠠᠶᠢᠳᠠᠯ ᠪᠠᠶᠢᠬᠤ ᠡᠰᠡᠬᠦ ᠵᠢᠴᠢ ᠵᠣᠭᠤᠰ | ᠥᠭᠭᠦᠭᠰᠡᠨ ᠪᠠᠶᠢᠳᠠᠯ ᠢ ᠬᠢᠨᠠᠨ ᠬᠠᠷᠭᠤᠭᠤᠯᠤᠨ᠎ᠠ᠃ ᠭᠤᠷᠪᠠ ᠳᠤ ᠰᠠᠭᠤᠷᠢ ᠮᠥᠩᠭᠦ ᠶᠢᠨ ᠠᠵᠢᠯᠯᠠᠭᠠᠨ ᠤ | ᠬᠠᠮᠢᠶᠠᠷᠤᠯᠲᠠ ᠶᠢ ᠦᠨᠡᠯᠡᠨ ᠵᠢᠱᠢᠵᠦ᠂ ᠣᠷᠣᠯᠭ᠎ᠠ᠂ ᠵᠠᠷᠤᠯᠭ᠎ᠠ᠂ ᠦᠯᠡᠳᠡᠪᠦᠷᠢ ᠶᠢᠨ ᠬᠤᠪᠢᠷᠠᠯᠲᠠ ᠶᠢᠨ ᠬᠠᠨᠳᠤᠰᠢ | ᠶᠢ ᠪᠠᠶᠢᠴᠠᠭᠠᠨ ᠦᠵᠡᠵᠦ᠂ ᠰᠠᠭᠤᠷᠢ ᠮᠥᠩᠭᠦ ᠶᠢᠨ ᠲᠤᠯᠭᠠᠭᠤᠷᠢᠯᠠᠬᠤ ᠴᠢᠳᠠᠪᠤᠷᠢ ᠪᠠ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠶᠠᠰᠤ ᠴᠢᠨᠠᠷ ᠲᠤ ᠳᠣᠲᠣᠭᠠᠳᠤ ᠶᠢᠨ ᠡᠵᠡᠮᠳᠡᠯ ᠪᠠ ᠰᠠᠭᠤᠷᠢ ᠮᠥᠩᠭᠦ ᠶᠢᠨ ᠬᠠᠤᠯᠢ ᠲᠣᠭᠲᠠᠭᠠᠯ | ᠠᠴᠠ ᠵᠥᠷᠢᠴᠡᠭᠰᠡᠨ ᠪᠠᠶᠢᠳᠠᠯ ᠢ ᠦᠨᠡᠯᠡᠨ ᠵᠢᠱᠢᠨ᠎ᠡ᠃ ᠡᠳ᠋ ᠤᠨ ᠶᠠᠪᠤᠳᠠᠯ᠂ ᠲᠤᠬᠠᠶᠢᠯᠠᠭᠰᠠᠨ ᠠᠵᠢᠯ ᠤᠨ ᠬᠤᠤᠰ | ᠬᠠᠮᠢᠶᠠᠷᠤᠯᠲᠠ ᠶᠢ ᠵᠡᠷᠭᠡ ᠪᠠᠷ ᠬᠡᠷᠡᠭᠵᠢᠭᠦᠯᠬᠦ ᠪᠠᠷ ᠳᠠᠮᠵᠢᠭᠤᠯᠤᠨ᠂ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ | ᠶᠢᠨ ᠣᠷᠣᠯᠭ᠎ᠠ᠂ ᠵᠠᠷᠤᠯᠭ᠎ᠠ᠂ ᠦᠯᠡᠳᠡᠪᠦᠷᠢ ᠵᠡᠷᠭᠡ ᠲᠠᠯ᠎ᠠ ᠶᠢᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠵᠤ | ᠡᠵᠡᠮᠰᠢᠨ᠎ᠡ᠃ | ᠲᠣᠰ ᠤᠳᠠᠭᠠᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠨ ᠪᠤᠳᠤᠯᠲᠠ ᠨᠢ ᠬᠢᠨᠠᠨ | ᠪᠤᠳᠤᠭᠰᠠᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠵᠤ᠂ ᠲᠡᠭᠦᠨ ᠤ ᠰᠠᠭᠤᠷᠢ ᠮᠥᠩᠭᠦᠨ ᠤ ᠠᠶᠤᠯ | ᠲᠦᠭᠰᠢᠭᠦᠷᠢ ᠶᠢ ᠬᠠᠮᠢᠶᠠᠷᠤᠨ ᠡᠵᠡᠮᠳᠡᠬᠦ ᠵᠡᠷᠭᠡ ᠲᠠᠯ᠎ᠠ ᠶᠢᠨ ᠦᠶᠯᠡᠳᠦᠯ ᠢ ᠭᠦᠶᠴᠡᠳ ᠪᠠᠳᠠᠷᠠᠭᠤᠯᠬᠤ ᠶᠢᠨ ᠬᠠᠮᠲᠤ | ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢᠨ ᠪᠠᠶᠢᠭᠤᠯᠤᠯᠲᠠ ᠶᠢ ᠠᠬᠢᠭᠤᠯᠵᠤ᠂ ᠨᠡᠶᠢᠭᠡᠮ ᠤᠨ | ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠲᠠᠯᠪᠢᠬᠤ ᠠᠷᠭ᠎ᠠ ᠪᠠᠷᠢᠯ ᠢ ᠪᠠᠶᠢᠭᠤᠯᠵᠤ᠂ ᠨᠡᠶᠢᠭᠡᠮ ᠤᠨ ᠬᠢᠨᠠᠯᠲᠠ | ᠲᠠᠯᠪᠢᠬᠤ ᠦᠶᠯᠡᠳᠦᠯ ᠴᠢᠳᠠᠪᠤᠷᠢ ᠪᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠨᠡᠶᠢᠭᠡᠮ ᠤᠨ ᠳᠠᠭᠠᠳᠬᠠᠯ ᠤᠨ | ᠰᠠᠭᠤᠷᠢ ᠮᠥᠩᠭᠦ ᠶᠢᠨ ᠠᠮᠤᠷ ᠲᠦᠪᠰᠢᠨ᠂ ᠪᠦᠷᠢᠨ ᠪᠦᠲᠦᠨ ᠵᠢᠴᠢ ᠪᠦᠲᠦᠮᠵᠢᠲᠡᠶ ᠠᠵᠢᠯᠯᠠᠭᠠᠨ ᠢ ᠠᠬᠢᠭᠤᠯᠪᠠ᠃ |