| ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠮᠠᠨ ᠤ ᠬᠤᠰᠢᠭᠤᠨ ᠤ ᠲᠠᠷᠢᠶᠠᠯᠠᠩ | ᠤᠨ ᠦᠶᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠠᠮᠤᠷ ᠲᠦᠪᠰᠢᠨ ᠲᠣᠭᠲᠠᠭᠤᠨ ᠪᠠᠶᠢᠬᠤ ᠶᠢ | ᠪᠠᠲᠤᠯᠠᠬᠤ ᠶᠢᠨ ᠲᠥᠯᠥᠭᠡ᠂ 1 ᠰᠠᠷ᠎ᠠ ᠶᠢᠨ 14 ᠤ ᠡᠳᠦᠷ ᠠᠴᠠ 15 ᠤ ᠡᠳᠦᠷ ᠪᠣᠯᠲᠠᠯ᠎ᠠ᠂ ᠲᠠᠷᠢᠶᠠᠯᠠᠩ ᠮᠠᠯ | ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠠᠴᠠ ᠬᠠᠤᠯᠢ | ᠬᠡᠷᠡᠭᠵᠢᠭᠦᠯᠬᠦ ᠠᠵᠢᠯᠲᠠᠨ ᠢ ᠵᠣᠬᠢᠶᠠᠨ ᠪᠠᠶᠢᠭᠤᠯᠵᠤ ᠪᠥᠬᠦ ᠬᠤᠰᠢᠭᠤᠨ ᠤ ᠲᠠᠷᠢᠶᠠᠯᠠᠩ ᠤᠨ ᠦᠶᠯᠡᠳᠪᠦᠷᠢᠯᠡᠯ ᠤᠨ | ᠬᠡᠷᠡᠭᠰᠡᠯ ᠤᠨ ᠦᠶᠯᠡᠳᠪᠦᠷᠢᠯᠡᠯ ᠤᠨ ᠠᠵᠤ ᠠᠬᠤᠶᠢᠯᠠᠯ ᠪᠣᠯᠤᠨ ᠲᠠᠷᠢᠶᠠᠯᠠᠩ ᠤᠨ ᠦᠶᠯᠡᠳᠪᠦᠷᠢᠯᠡᠯ ᠤᠨ ᠬᠡᠷᠡᠭᠰᠡᠯ ᠤᠨ | ᠡᠵᠡᠩᠨᠡᠯᠲᠡ ᠶᠢᠨ ᠡᠭᠦᠳᠡᠨ ᠳᠡᠯᠭᠡᠭᠦᠷ ᠲᠤ ᠲᠤᠰᠬᠠᠶ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠪᠡ᠃ | ᠲᠣᠰ ᠤᠳᠠᠭᠠᠨ ᠤ ᠪᠠᠶᠢᠴᠠᠭᠠᠯᠲᠠ ᠶᠢ ᠬᠤᠶᠠᠷ ᠲᠠᠯ᠎ᠠ ᠪᠠᠷ ᠭᠤᠤᠯᠳᠠᠯᠭ᠎ᠠ ᠲᠠᠢ ᠶᠠᠪᠤᠭᠳᠠᠭᠤᠯᠪᠠ᠃ | ᠨᠢᠭᠡ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ᠎ᠠ᠃ ᠡᠯ᠎ᠡ ᠦᠶᠯᠡᠳᠪᠦᠷᠢᠯᠡᠯ ᠡᠵᠡᠩᠨᠡᠯᠲᠡ ᠶᠢᠨ ᠲᠠᠯᠠᠪᠤᠷ ᠭᠠᠵᠠᠷ | ᠤᠨ ᠭᠤᠤᠯ ᠬᠠᠷᠢᠭᠤᠴᠠᠯᠭᠠᠲᠠᠨ ᠪᠡᠶ᠎ᠡ ᠪᠠᠷ ᠢᠶᠠᠨ ᠠᠳᠬᠤᠵᠤ᠂ ᠲᠠᠯᠠᠪᠤᠷ ᠲᠠᠬᠢ ᠠᠷᠢᠭᠤᠳᠬᠠᠯ᠂ ᠲᠠᠯᠠᠪᠤᠷ ᠭᠠᠵᠠᠷ | ᠲᠤ ᠣᠷᠣᠬᠤ ᠬᠥᠮᠦᠰ ᠤᠨ ᠡᠷᠡᠭᠦᠯ ᠮᠡᠨᠳᠦ ᠶᠢᠨ ᠺᠣᠳ᠋ ᠢ ᠰᠢᠷᠪᠢᠬᠦ᠂ ᠪᠡᠶ᠎ᠡ ᠶᠢᠨ ᠬᠠᠯᠠᠭᠤᠨ ᠢ ᠬᠡᠮᠵᠢᠬᠦ᠂ ᠠᠮᠠᠪᠴᠢ | ᠵᠡᠭᠦᠬᠦ᠂ ᠬᠤᠪᠢ ᠬᠥᠮᠦᠨ ᠤ ᠮᠡᠳᠡᠭᠡ ᠵᠠᠩᠭᠢ ᠶᠢ ᠲᠡᠮᠳᠡᠭᠯᠡᠬᠦ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠱᠠᠭᠠᠷᠳᠠᠪᠠ᠃ ᠪᠡᠶ᠎ᠡ ᠶᠢᠨ ᠬᠠᠯᠠᠭᠤᠨ ᠥᠨᠳᠥᠷ | ᠂ ᠤᠯᠠᠭᠠᠨ ᠺᠣᠳ᠋ ᠵᠡᠷᠭᠡ ᠬᠡᠪ ᠤᠨ ᠪᠤᠰᠤ ᠪᠠᠶᠢᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠳᠡᠭᠡᠭᠰᠢ ᠮᠡᠳᠡᠭᠦᠯᠵᠦ᠂ | ᠴᠠᠭ ᠲᠤᠬᠠᠶ ᠳᠤᠨᠢ ᠰᠢᠶᠳᠪᠦᠷᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠠᠷᠭ᠎ᠠ | ᠬᠡᠮᠵᠢᠶ᠎ᠡ ᠶᠢ ᠨᠠᠷᠢᠯᠢᠭ ᠪᠣᠳᠠᠲᠠᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠪᠠᠶᠢᠴᠠᠭᠠᠬᠤ ᠶᠠᠪᠤᠴᠠ ᠳᠤ ᠬᠠᠤᠯᠢ ᠬᠡᠷᠡᠭᠵᠢᠭᠦᠯᠦᠭᠴᠢ ᠶᠢ ᠵᠦᠶᠯ ᠳᠠᠷᠠᠭᠠᠯᠠᠨ ᠬᠠᠷᠭᠤᠭᠤᠯᠵᠤ᠂ | ᠨᠠᠶᠢᠳᠠᠪᠤᠷᠢᠵᠢᠭᠤᠯᠤᠭᠰᠠᠨ ᠨᠢ ᠪᠣᠳᠠᠲᠠᠶ ᠥᠬᠡᠶ ᠪᠠᠶᠢᠪᠠᠯ ᠵᠠᠷᠯᠢᠭᠳᠠᠵᠤ ᠪᠠᠶᠢᠭᠠᠳ ᠳᠠᠷᠤᠶᠢᠬᠠᠨ ᠴᠡᠭᠴᠡᠯᠡᠨ | ᠰᠠᠶᠢᠵᠢᠷᠠᠭᠤᠯᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠨᠢ ᠳᠠᠬᠢᠨ ᠬᠢᠨᠠᠵᠤ ᠪᠠᠶᠢᠴᠠᠭᠠᠬᠤ | ᠬᠡᠷᠡᠭᠲᠡᠶ᠃ | ᠬᠤᠶᠠᠷ ᠲᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠪᠦᠷᠢᠯᠡᠯ ᠡᠵᠡᠩᠨᠡᠯᠲᠡ ᠶᠢᠨ | ᠦᠢᠯᠡᠳᠬᠦᠨ ᠤ ᠶᠠᠰᠤ ᠴᠢᠨᠠᠷ ᠢ ᠪᠠᠲᠤᠯᠠᠨ᠎ᠠ᠃ ᠤᠬᠠᠭᠤᠯᠵᠤ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ | ᠠᠮᠤᠷ ᠲᠦᠪᠰᠢᠨ ᠤ ᠤᠬᠠᠮᠰᠠᠷ ᠢᠶᠠᠨ ᠴᠢᠩᠭᠠᠳᠬᠠᠵᠤ᠂ ᠦᠶᠯᠡᠳᠪᠦᠷᠢᠯᠡᠯ ᠤᠨ ᠠᠵᠤ ᠠᠬᠤᠶᠢᠯᠠᠯ ᠪᠣᠯᠤᠨ | ᠡᠵᠡᠩᠨᠡᠯᠲᠡ ᠶᠢᠨ ᠳᠡᠯᠭᠡᠭᠦᠷ ᠤᠳ ᠦᠨᠡᠨᠴᠢ ᠢᠲᠡᠭᠡᠮᠵᠢᠲᠡᠶ ᠪᠠᠷ ᠬᠠᠤᠯᠢ ᠶᠢ ᠵᠢᠷᠤᠮᠯᠠᠨ ᠡᠵᠡᠩᠨᠡᠵᠦ᠂ ᠵᠢᠩᠬᠢᠨᠢ | ᠦᠶᠯᠡᠳᠪᠦᠷᠢ ᠠᠴᠠ ᠪᠠᠷᠠᠭ᠎ᠠ ᠣᠷᠣᠭᠤᠯᠵᠤ᠂ ᠦᠶᠯᠡᠳᠪᠦᠷᠢᠯᠡᠯ ᠡᠵᠡᠩᠨᠡᠯᠲᠡ ᠶᠢᠨ ᠲᠠᠩᠰᠠ ᠡᠪᠬᠡᠮᠡᠯ᠂ ᠬᠤᠳᠠᠯᠳᠤᠨ | ᠠᠪᠬᠤ ᠪᠠ ᠪᠣᠷᠣᠯᠠᠭᠤᠯᠬᠤ ᠡᠬᠡ ᠲᠠᠩᠰᠠ ᠵᠡᠷᠭᠡ ᠶᠢ ᠲᠡᠭᠦᠯᠳᠡᠷᠵᠢᠭᠦᠯᠵᠦ᠂ ᠭᠠᠷ ᠭᠦᠶᠴᠡᠳᠬᠡᠯ ᠪᠦᠷᠢᠨ ᠪᠤᠰᠤ᠂ | ᠬᠤᠭᠤᠴᠠᠭ᠎ᠠ ᠬᠡᠲᠦᠷᠡᠭᠰᠡᠨ ᠪᠠ ᠦᠷ᠎ᠡ ᠠᠰᠢᠭ ᠠᠯᠳᠠᠵᠤ ᠴᠢᠨᠠᠷ ᠬᠤᠪᠢᠷᠬᠠᠰᠠᠨ ᠦᠶᠯᠡᠳᠬᠦᠨ ᠢ ᠪᠣᠷᠣᠯᠠᠭᠤᠯᠵᠤ | ᠪᠣᠯᠬᠤ ᠥᠬᠡᠶ᠂ ᠦᠶᠯᠡᠳᠪᠦᠷᠢᠯᠡᠯ ᠡᠵᠡᠩᠨᠡᠯᠲᠡ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠪᠠᠷᠠᠭᠠᠨ ᠤ ᠢᠷᠡᠯᠲᠡ ᠶᠢ | ᠭᠦᠶᠴᠡᠳ ᠪᠡᠯᠡᠳᠬᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠶᠡᠭᠡ ᠲᠠᠯ᠎ᠠ ᠳᠤ ᠦᠶᠯᠡᠴᠢᠯᠡᠵᠦ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠪᠥᠬᠦ | ᠬᠤᠰᠢᠭᠤᠨ ᠤ ᠲᠠᠷᠢᠶᠠᠯᠠᠩ ᠤᠨ ᠦᠶᠯᠡᠳᠪᠦᠷᠢᠯᠡᠯ ᠤᠨ ᠬᠡᠷᠡᠭᠰᠡᠯ ᠤᠨ ᠦᠶᠯᠡᠳᠬᠦᠨ ᠤ ᠶᠠᠰᠤ ᠴᠢᠨᠠᠷ ᠤᠨ ᠠᠮᠤᠷ | ᠲᠦᠪᠰᠢᠨ ᠪᠠ ᠦᠨ᠎ᠡ ᠬᠠᠩᠰᠢ ᠶᠢᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ ᠲᠣᠰ | ᠤᠳᠠᠭ᠎ᠠ ᠨᠡᠶᠢᠲᠡ 3 ᠦᠶᠯᠡᠳᠪᠦᠷᠢᠯᠡᠯ ᠤᠨ ᠠᠵᠤ ᠠᠬᠤᠶᠢᠯᠠᠯ᠂ 2 ᠮᠠᠯ ᠤᠨ ᠡᠮ ᠡᠵᠡᠩᠨᠡᠬᠦ ᠳᠡᠯᠭᠡᠭᠦᠷ ᠪᠠ 3 | ᠲᠡᠵᠢᠭᠡᠯ ᠪᠣᠷᠳᠤᠭ᠎ᠠ ᠡᠵᠡᠩᠨᠡᠬᠦ ᠳᠡᠯᠭᠡᠭᠦᠷ ᠢ ᠪᠠᠶᠢᠴᠠᠭᠠᠪᠠ᠃ | ᠲᠣᠰ ᠤᠳᠠᠭᠠᠨ ᠤ ᠪᠠᠶᠢᠴᠠᠭᠠᠯᠲᠠ ᠪᠠᠷ ᠳᠡᠮᠵᠢᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠬᠤᠭᠤᠴᠠᠭᠠᠨ ᠳᠠᠬᠢ ᠲᠠᠷᠢᠶᠠᠯᠠᠩ ᠤᠨ ᠦᠶᠯᠡᠳᠪᠦᠷᠢᠯᠡᠯ ᠤᠨ ᠬᠡᠷᠡᠭᠰᠡᠯ ᠤᠨ ᠦᠶᠯᠡᠳᠪᠦᠷᠢᠯᠡᠭᠴᠢ ᠡᠵᠡᠩᠨᠡᠭᠴᠢ ᠶᠢᠨ | ᠶᠠᠰᠤ ᠴᠢᠨᠠᠷ ᠤᠨ ᠠᠮᠤᠷ ᠲᠦᠪᠰᠢᠨ ᠤ ᠤᠬᠠᠮᠰᠠᠷ ᠪᠣᠯᠤᠨ ᠬᠠᠷᠢᠭᠤᠴᠠᠯᠭ᠎ᠠ ᠶᠢᠨ ᠤᠬᠠᠮᠰᠠᠷ ᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠲᠠᠷᠢᠶᠠᠯᠠᠩ ᠤᠨ ᠦᠶᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ᠂ | ᠲᠠᠷᠢᠶᠠᠯᠠᠩ ᠮᠠᠯ ᠠᠵᠤ ᠠᠬᠤᠶ ᠶᠢᠨ ᠠᠶᠤᠯᠭᠦᠶ ᠦᠶᠯᠡᠳᠪᠦᠷᠢᠯᠡᠯ ᠢ ᠬᠠᠮᠠᠭᠠᠯᠠᠬᠤ ᠳᠤ ᠬᠦᠴᠦᠲᠡᠶ ᠪᠠᠲᠤᠯᠠᠭ᠎ᠠ | ᠬᠠᠩᠭᠠᠭᠰᠠᠨ ᠪᠠᠶᠢᠨ᠎ᠠ᠃ |