| ᠪᠠᠭᠠᠷᠢᠨ ᠪᠠᠷᠠᠭᠤᠨ ᠬᠤᠰᠢᠭᠤᠨ ᠤ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠲᠠᠯᠠᠪᠤᠷ ᠭᠠᠵᠠᠷ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠦᠯᠬᠦᠢ ᠦᠶᠯᠡᠳᠪᠦᠷᠢᠯᠡᠯ ᠤᠨ ᠠᠵᠢᠯ ᠢ ᠪᠣᠳᠠᠲᠠᠶᠢᠵᠢᠭᠤᠯᠬᠤ ᠶᠢ | ᠦᠨᠡᠩᠬᠦ ᠪᠠᠲᠤᠯᠠᠬᠤ ᠶᠢᠨ ᠲᠥᠯᠥᠭᠡ᠂ 1 ᠰᠠᠷ᠎ᠠ ᠶᠢᠨ 12 ᠤᠨ ᠡᠳᠦᠷ ᠠᠴᠠ 14 ᠤ ᠡᠳᠦᠷ ᠪᠣᠯᠲᠠᠯ᠎ᠠ᠂ ᠪᠠᠭᠠᠷᠢᠨ | ᠪᠠᠷᠠᠭᠤᠨ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠪᠡᠶ᠎ᠡ ᠶᠢᠨ ᠲᠠᠮᠢᠷ ᠤᠨ | ᠲᠠᠰᠤᠭ ᠤᠨ ᠠᠵᠢᠯᠲᠠᠳ ᠬᠠᠷᠢᠶ᠎ᠠ ᠣᠷᠣᠨ ᠤ ᠪᠠᠨ 45 ᠪᠡᠶ᠎ᠡ ᠶᠢᠨ ᠲᠠᠮᠢᠷ ᠤᠨ ᠡᠵᠡᠩᠨᠡᠯᠲᠡ ᠶᠢᠨ ᠲᠠᠯᠠᠪᠤᠷ ᠭᠠᠵᠠᠷ | ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠦᠯᠬᠦᠢ ᠦᠶᠯᠡᠳᠪᠦᠷᠢᠯᠡᠯ ᠤᠨ ᠠᠵᠢᠯ ᠳᠤ ᠲᠣᠭᠤᠷᠢᠨ | ᠰᠡᠷᠭᠡᠶᠢᠯᠡᠬᠦ ᠪᠠᠶᠢᠴᠠᠭᠠᠯᠲᠠ ᠬᠢᠪᠠ᠃ | ᠲᠣᠰ ᠤᠳᠠᠭ᠎ᠠ ᠪᠡᠶ᠎ᠡ ᠶᠢᠨ ᠲᠠᠮᠢᠷ ᠤᠨ ᠡᠵᠡᠩᠨᠡᠯᠲᠡ ᠶᠢᠨ ᠲᠠᠯᠠᠪᠤᠷ ᠭᠠᠵᠠᠷ ᠢ ᠭᠤᠤᠯᠳᠠᠯᠭ᠎ᠠ ᠲᠠᠢ ᠪ᠊ | ᠪᠠᠶᠢᠴᠠᠭᠠᠵᠤ᠂ ᠲᠠᠮᠢᠷ ᠤᠨ ᠣᠷᠳᠣᠨ᠂ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠣᠷᠣᠯᠠᠨ | ᠪᠣᠷᠣᠯᠠᠭᠤᠯᠬᠤ ᠲᠣᠤᠷ ᠴᠢᠭ ᠲᠤ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠬᠤ ᠡᠰᠡᠬᠦ᠂ | ᠭᠠᠯ ᠤᠨᠲᠠᠷᠠᠭᠠᠭᠤᠷ ᠬᠤᠭᠤᠴᠠᠭ᠎ᠠ ᠥᠩᠭᠡᠷᠡᠭᠰᠡᠨ ᠡᠰᠡᠬᠦ᠂ ᠪᠠᠴᠢᠮ ᠪᠠᠶᠢᠳᠠᠯ ᠢ ᠠᠷᠭᠠᠴᠠᠬᠤ ᠳ᠋ᠧᠩ ᠦᠶᠯᠡᠳᠦᠯ ᠲᠠᠢ | ᠡᠰᠡᠬᠦ᠂ ᠵᠠᠮ ᠱᠤᠭᠤᠮ ᠠᠮᠤᠷ ᠲᠦᠪᠰᠢᠨ ᠡᠰᠡᠬᠦ᠂ ᠠᠮᠤᠷ ᠲᠦᠪᠰᠢᠨ ᠤ ᠵᠠᠮ ᠰᠠᠭᠠᠳ ᠦᠭᠡᠢ ᠨᠡᠪᠲᠡᠷᠡᠬᠦ ᠡᠰᠡᠬᠦ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠶᠢᠵᠢᠭᠤᠯᠤᠭᠰᠠᠨ ᠡᠰᠡᠬᠦ᠂ ᠲᠠᠯᠠᠪᠤᠷ ᠲᠤ ᠪᠡᠶ᠎ᠡ ᠶᠢᠨ | ᠳᠤᠯᠠᠭᠠᠨ ᠤ ᠬᠡᠮᠵᠢᠬᠦᠷ᠂ ᠡᠷᠡᠭᠦᠯ ᠮᠡᠨᠳᠦ ᠶᠢᠨ ᠬᠤᠶᠠᠷ ᠬᠡᠮᠵᠢᠯᠳᠦ ᠺᠣᠳ᠋᠂ ᠮᠡᠳᠡᠭᠡ ᠵᠠᠩᠭᠢ ᠶᠢᠨ ᠲᠡᠮᠳᠡᠭᠯᠡᠯ ᠤᠨ | ᠳᠡᠪᠲᠡᠷ ᠲᠤᠬᠢᠷᠠᠭᠤᠯᠤᠭᠰᠠᠨ ᠡᠰᠡᠬᠦ᠂ ᠱᠠᠭᠠᠷᠳᠠᠯᠭ᠎ᠠ ᠶᠣᠰᠣᠭᠠᠷ ᠠᠷᠢᠭᠤᠳᠬᠠᠬᠤ ᠡᠰᠡᠬᠦ᠂ ᠠᠵᠢᠯᠲᠠᠨ ᠵᠢᠴᠢ | ᠲᠤᠬᠠᠶᠢᠯᠠᠭᠰᠠᠨ ᠠᠵᠢᠯ ᠤᠨ ᠬᠦᠮᠦᠰ ᠠᠮᠠᠪᠴᠢ ᠵᠡᠭᠦᠭᠰᠡᠨ ᠡᠰᠡᠬᠦ᠂ ᠪᠡᠶ᠎ᠡ ᠪᠤᠯᠪᠠᠰᠤᠷᠠᠭᠴᠢᠳ᠂ ᠰᠤᠭᠤᠯᠤᠭ᠎ᠠ | ᠬᠤᠳᠠᠯᠳᠤᠨ ᠠᠪᠤᠭᠴᠢ ᠲᠠᠯᠠᠪᠠᠢ ᠣᠷᠳᠣᠨ ᠵᠢᠴᠢ ᠪᠣᠷᠣᠯᠠᠭᠤᠯᠭ᠎ᠠ ᠶᠢᠨ ᠲᠣᠤᠷ ᠴᠡᠭ ᠲᠤ ᠣᠷᠣᠬᠤ ᠦᠶᠡᠰ ᠡᠷᠬᠡᠪᠰᠢ | ᠠᠮᠠᠪᠴᠢ ᠵᠡᠭᠦᠬᠦ ᠶᠢ ᠱᠠᠭᠠᠷᠳᠠᠭᠰᠠᠨ ᠡᠰᠡᠬᠦ ᠶᠢ ᠪᠠᠶᠢᠴᠠᠭᠠᠵᠤ᠂ ᠣᠯᠵᠤ ᠮᠡᠳᠡᠭᠰᠡᠨ ᠳᠠᠯᠳᠠ ᠭᠡᠮ ᠢ ᠲᠡᠷᠡ ᠳᠠᠷᠤᠶ | ᠳᠤᠨᠢ ᠴᠡᠭᠴᠡᠯᠡᠨ ᠵᠠᠰᠠᠵᠤ᠂ ᠲᠤᠬᠠᠶ ᠶᠢᠨ ᠲᠠᠯᠠᠪᠠᠢ ᠳᠤ ᠴᠡᠭᠴᠡᠯᠡᠨ ᠥᠭᠡᠷᠡᠴᠢᠯᠡᠵᠦ ᠳᠡᠢᠯᠬᠦ ᠦᠬᠡᠢ ᠶᠢ ᠬᠤᠭᠤᠴᠠᠭ᠎ᠠ | ᠲᠣᠭᠲᠠᠭᠠᠨ ᠴᠡᠭᠴᠡᠯᠡᠨ ᠵᠠᠰᠠᠭᠤᠯᠬᠤ ᠪᠤᠶᠤ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ ᠴᠡᠭᠴᠡᠯᠡᠵᠤ᠂ | ᠥᠷᠭᠡᠨ ᠣᠯᠠᠨ ᠡᠵᠡᠩᠨᠡᠯᠲᠡ ᠶᠢᠨ ᠥᠮᠴᠢᠲᠡᠨ ᠢ ᠬᠥᠲᠥᠯᠥᠨ ᠵᠢᠯᠣᠭᠤᠳᠴᠤ ᠪᠠᠶᠢᠭᠠᠳ ᠠᠮᠤᠷ ᠲᠦᠪᠰᠢᠨ ᠢᠶᠠᠷ | ᠡᠵᠡᠩᠨᠡᠬᠦ᠂ ᠪᠣᠯᠪᠠᠰᠤᠨ ᠢᠶᠠᠷ ᠡᠵᠡᠩᠨᠡᠬᠦ᠂ ᠬᠠᠤᠯᠢ ᠶᠣᠰᠣᠭᠠᠷ ᠡᠵᠡᠩᠨᠡᠬᠦ ᠶᠢ ᠪᠡᠶᠡᠯᠡᠭᠦᠯᠵᠦ᠂ ᠥᠷᠭᠡᠨ ᠣᠯᠠᠨ | ᠬᠡᠷᠡᠭᠯᠡᠭᠴᠢᠳ ᠲᠤ ᠨᠢᠭᠡᠨ ᠠᠮᠤᠷ ᠲᠦᠪᠰᠢᠨ ᠡᠮᠬᠢ ᠵᠢᠷᠤᠮ ᠲᠠᠢ᠂ ᠪᠣᠯᠪᠠᠰᠤᠨ ᠵᠢᠷᠤᠮᠵᠢᠯ ᠲᠠᠢ ᠡᠷᠡᠭᠦᠯ ᠡᠩᠬᠡ ᠶᠢᠨ | ᠣᠷᠴᠢᠨ ᠲᠣᠭᠤᠷᠢᠨ ᠢ ᠬᠠᠩᠭᠠᠬᠤ ᠶᠢ ᠱᠠᠭᠠᠷᠳᠠᠪᠠ᠃ | ᠲᠠᠷᠠᠭᠠᠪᠠᠷ᠂ ᠪᠠᠭᠠᠷᠢᠨ ᠪᠠᠷᠠᠭᠤᠨ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ | ᠲᠣᠪᠴᠢᠶ᠎ᠠ ᠦᠷᠭᠦᠯᠵᠢᠯᠡᠨ ᠪᠠᠭᠠᠷᠢᠨ ᠪᠠᠷᠠᠭᠤᠨ ᠬᠤᠰᠢᠭᠤᠨ ᠤ ᠪᠡᠶ᠎ᠡ ᠶᠢᠨ ᠲᠠᠮᠢᠷ ᠤᠨ ᠡᠵᠡᠩᠨᠡᠯᠲᠡ ᠶᠢᠨ ᠲᠠᠯᠠᠪᠤᠷ᠂ | ᠪᠡᠶ᠎ᠡ ᠶᠢᠨ ᠲᠠᠮᠢᠷ ᠤᠨ ᠲᠠᠯᠠᠪᠤᠷ ᠣᠷᠳᠣᠨ᠂ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢ ᠣᠷᠣᠯᠠᠨ | ᠪᠣᠷᠣᠯᠠᠭᠤᠯᠬᠤ ᠲᠣᠤᠷ ᠴᠡᠭ ᠲᠤ ᠲᠠᠰᠤᠷᠠᠯᠲᠠ ᠥᠬᠡᠶ ᠬᠢᠨᠠᠨ ᠪᠠᠶᠢᠴᠠᠭᠠᠯᠲᠠ ᠬᠢᠵᠦ᠂ ᠡᠯ᠎ᠡ ᠲᠥᠷᠥᠯ ᠤᠨ ᠪᠡᠶ᠎ᠡ ᠶᠢᠨ | ᠲᠠᠮᠢᠷ ᠤᠨ ᠲᠠᠯᠠᠪᠤᠷ ᠭᠠᠵᠠᠷ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠦᠨᠡᠩᠬᠦ ᠪᠠᠲᠤᠯᠠᠨ᠎ᠠ᠃ |