| | | | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠨᠠᠮ ᠪᠠ ᠵᠠᠰᠠᠭ ᠤᠨ ᠣᠷᠳᠣᠨ ᠠᠴᠠ《ᠭᠤᠷᠪᠠ ᠶᠢ ᠳᠡᠮᠵᠢᠵᠦ ᠨᠢᠭᠡ ᠶᠢ ᠲᠡᠳᠬᠦᠬᠦ》᠂ | ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠰᠠᠶᠢᠨ ᠳᠣᠷᠠᠴᠣᠳ ᠵᠢᠴᠢ ᠳᠤᠮᠳᠠ ᠪᠠᠭ᠎ᠠ ᠠᠵᠤ | ᠠᠬᠤᠶᠢᠯᠠᠯ ᠤᠨ ᠴᠢᠳᠠᠪᠤᠷᠢᠲᠠᠨ ᠨᠥᠭᠡᠴᠡᠯᠡᠬᠦ ᠤᠶᠤᠲᠠᠳ ᠢ ᠬᠠᠯᠠᠮᠵᠢᠯᠠᠵᠤ ᠪᠠᠶᠢᠬᠤ ᠪᠠ ᠴᠢᠬᠤᠯᠠᠴᠢᠯᠠᠵᠤ ᠪᠠᠶᠢᠬᠤ ᠶᠢ | ᠭᠦᠢᠴᠡᠳ ᠢᠯᠡᠷᠡᠭᠦᠯᠵᠦ᠂ ᠪᠠᠭᠠᠷᠢᠨ ᠪᠠᠷᠠᠭᠤᠨ ᠬᠤᠰᠢᠭᠤᠨ ᠤ ᠦᠨᠳᠦᠰᠦᠨ ᠱᠠᠲᠤᠨ ᠤ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠤᠨ ᠠᠵᠢᠯ ᠪᠠ ᠠᠮᠢᠳᠤᠷᠠᠯ ᠤᠨ ᠪᠠᠶᠢᠳᠠᠯ ᠢ ᠭᠦᠨᠵᠡᠭᠡᠶ ᠣᠶᠢᠯᠭᠠᠬᠤ ᠶᠢᠨ ᠲᠦᠯᠦᠭᠡ᠂ 1 ᠰᠠᠷ᠎ᠠ ᠶᠢᠨ | 15 ᠤ ᠡᠳᠦᠷ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠤᠨ ᠣᠯᠠᠨ ᠨᠡᠶᠢᠲᠡ ᠶᠢᠨ ᠦᠢᠯᠡᠴᠢᠯᠡᠭᠡᠨ ᠤ | ᠲᠥᠪ ᠬᠠᠮᠲᠤᠷᠠᠨ 2021 ᠣᠨ ᠤ ᠦᠨᠳᠦᠰᠦᠨ ᠱᠠᠲᠤᠨ ᠳᠤ ᠦᠢᠯᠡᠴᠢᠯᠡᠬᠦ ᠲᠥᠷᠥᠯ ᠵᠦᠢᠯ ᠤᠨ ᠳᠡᠭᠡᠳᠦ | ᠰᠤᠷᠭᠠᠭᠤᠯᠢ ᠲᠡᠭᠦᠰᠦᠭᠰᠡᠨ ᠰᠣᠷᠣᠭᠴᠢᠳ ᠤᠨ ᠴᠠᠭᠠᠨ ᠰᠠᠷ᠎ᠠ ᠶᠢᠨ ᠲᠣᠬᠤᠨᠢᠭᠤᠯᠭ᠎ᠠ ᠶᠢᠨ ᠰᠠᠭᠤᠳᠠᠯ ᠤᠨ | ᠬᠤᠷᠠᠯ ᠡᠷᠭᠢᠯᠡᠪᠡ᠃ | ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠮᠥᠷᠡᠨ᠂ | ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠰᠦᠶ ᠰᠢ ᠶᠤᠸᠠᠢ᠂ ᠯᠢ ᠳ᠋ᠠᠨ᠂ | ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠤᠨ | ᠡᠷᠬᠢᠯᠡᠭᠴᠢ ᠰᠦᠨ ᠢᠦᠶ ᠭᠠᠩ ᠰᠠᠭᠤᠳᠠᠯ ᠤᠨ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠦᠨᠳᠦᠰᠦᠨ | ᠱᠠᠲᠤᠨ ᠳᠤ ᠦᠢᠯᠡᠴᠢᠯᠡᠬᠦ ᠲᠥᠷᠥᠯ ᠵᠦᠢᠯ ᠤᠨ ᠳᠡᠭᠡᠳᠦ ᠰᠤᠷᠭᠠᠭᠤᠯᠢ ᠲᠡᠭᠦᠰᠦᠭᠰᠡᠨ ᠰᠣᠷᠣᠭᠴᠢᠳ ᠳᠡᠰ | ᠳᠠᠷᠠᠭ᠎ᠠ ᠲᠠᠢ ᠪᠠᠷ ᠥᠪᠡᠷ ᠢ ᠪᠠᠨ ᠲᠠᠨᠢᠯᠴᠠᠭᠤᠯᠵᠤ᠂ ᠣᠯᠠᠨ ᠢᠶᠠᠷ ᠢᠶᠠᠨ ᠲᠤᠰ ᠲᠤᠰ ᠤᠨ ᠠᠵᠢᠯ᠂ ᠠᠮᠢᠳᠤᠷᠠᠯ ᠤᠨ | ᠪᠠᠶᠢᠳᠠᠯ ᠪᠣᠯᠤᠨ ᠰᠤᠷᠤᠯᠴᠠᠭᠰᠠᠨ ᠣᠯᠤᠯᠲᠠ ᠪᠠᠨ ᠰᠣᠯᠢᠯᠴᠠᠵᠤ᠂ ᠬᠤᠶᠢᠰᠢᠳᠠ ᠶᠢᠨ ᠠᠵᠢᠯ ᠳᠠᠭᠠᠨ ᠲᠣᠯᠢ ᠪᠤᠯᠭᠠᠨ᠂ | ᠴᠢᠭᠯᠡᠯ ᠢᠶᠠᠨ ᠲᠤᠳᠤᠷᠬᠠᠶᠢᠯᠠᠵᠠᠢ᠃ ᠳᠠᠷᠠᠭ᠎ᠠ ᠨᠢ᠂ ᠯᠢ ᠳ᠋ᠠᠨ《ᠤᠯᠠᠭᠠᠨᠬᠠᠳᠠ ᠬᠤᠲᠠ ᠶᠢᠨ ︿ᠭᠤᠷᠪᠠ ᠶᠢ | ᠳᠡᠮᠵᠢᠵᠦ ᠨᠢᠭᠡ ᠶᠢ ᠲᠡᠳᠬᠦᠬᠦ﹀ ᠳᠡᠭᠡᠳᠦ ᠰᠤᠷᠭᠠᠭᠤᠯᠢ ᠲᠡᠭᠦᠰᠦᠭᠰᠡᠨ ᠰᠣᠷᠣᠭᠴᠢᠳ᠂ ᠨᠡᠶᠢᠭᠡᠮ ᠲᠣᠭᠤᠷᠢᠭ ᠤᠨ | ᠠᠷᠠᠳ ᠤᠨ ᠠᠮᠢᠳᠤᠷᠠᠯ ᠤᠨ ᠲᠥᠷᠥᠯ ᠵᠦᠢᠯ ᠤᠨ ᠠᠮᠢᠳᠤᠷᠠᠯ ᠤᠨ ᠡᠳᠦᠷ ᠲᠤᠲᠤᠮ ᠤᠨ ᠬᠠᠮᠢᠶᠠᠷᠤᠯᠲᠠ ᠶᠢᠨ | ᠠᠷᠭ᠎ᠠ》 ᠶᠢ ᠤᠩᠰᠢᠨ ᠨᠡᠶᠢᠲᠡᠯᠡᠪᠡ᠃ | ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠶ ᠰᠣᠨᠣᠰᠤᠭᠰᠠᠨ ᠤ ᠳᠠᠷᠠᠭ᠎ᠠ᠂ ᠮᠥᠷᠡᠨ ᠪᠠᠭᠠᠷᠢᠨ | ᠪᠠᠷᠠᠭᠤᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ | ᠡᠮᠦᠨ᠎ᠡ ᠠᠴᠠ ᠪᠥᠬᠦ ᠬᠤᠰᠢᠭᠤᠨ ᠤ ᠦᠨᠳᠦᠰᠦᠨ ᠱᠠᠲᠤᠨ ᠳᠤ ᠦᠢᠯᠡᠴᠢᠯᠡᠬᠦ ᠲᠥᠷᠥᠯ ᠵᠦᠢᠯ ᠤᠨ ᠳᠡᠭᠡᠳᠦ | ᠰᠤᠷᠭᠠᠭᠤᠯᠢ ᠲᠡᠭᠦᠰᠦᠭᠰᠡᠨ ᠰᠣᠷᠣᠭᠴᠢᠳ ᠲᠤ ᠮᠡᠨᠳᠦᠴᠢᠯᠡᠯ ᠳᠡᠪᠰᠢᠭᠦᠯᠵᠦ᠂ ᠦᠢᠯᠡᠴᠢᠯᠡᠬᠦ ᠬᠤᠭᠤᠴᠠᠭᠠᠨ ᠳᠤ | ᠣᠯᠤᠭᠰᠠᠨ ᠠᠮᠵᠢᠯᠲᠠ ᠪᠦᠲᠦᠮᠵᠢ ᠶᠢ ᠨᠢ ᠨᠤᠲᠠᠯᠠᠵᠤ᠂ ᠲᠡᠳᠡᠨ ᠤ ᠳᠤᠷᠠᠲᠠᠶ᠎ᠠ ᠬᠤᠪᠢ ᠨᠡᠮᠡᠷᠢ ᠦᠵᠡᠭᠦᠯᠵᠦ᠂ ᠠᠴᠢ | ᠬᠠᠷᠢᠭᠤᠯᠠᠬᠤ ᠶᠢ ᠬᠦᠰᠡᠬᠦ ᠥᠬᠡᠶ ᠵᠣᠷᠢᠭ ᠰᠠᠨᠠᠭ᠎ᠠ ᠶᠢ ᠮᠠᠭᠲᠠᠨ ᠰᠠᠶᠢᠰᠢᠶᠠᠬᠤ ᠶᠢᠨ ᠬᠠᠮᠲᠤ᠂ ᠲᠡᠳᠡᠨ ᠢ | ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ ᠪᠠᠨ ᠴᠢᠩᠭᠠᠳᠬᠠᠵᠤ᠂ ᠣᠨᠣᠯ ᠤᠨ ᠬᠡᠪ ᠪᠣᠯᠪᠠᠰᠤᠷᠠᠯ ᠢᠶᠠᠨ | ᠳᠡᠭᠡᠭᠰᠢᠯᠡᠭᠦᠯᠦᠨ᠂ ᠣᠷᠣᠨ ᠪᠠᠶᠢᠷᠢ ᠪᠠᠨ ᠵᠥᠪ ᠪᠠᠶᠢᠯᠭᠠᠵᠤ᠂ ᠬᠦᠨᠳᠦ ᠨᠠᠶᠢᠳᠠᠯᠭ᠎ᠠ ᠶᠢ ᠬᠥᠰᠡᠷᠳᠡᠭᠦᠯᠦᠯ ᠥᠬᠡᠶ ᠪᠠᠷ | ᠦᠨᠳᠦᠰᠦᠨ ᠱᠠᠲᠤᠨ ᠤ ᠠᠵᠢᠯ ᠤᠨ ᠪᠠᠶᠢᠷᠢ ᠳᠡᠭᠡᠷ᠎ᠡ ᠪᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ | ᠢᠳᠡᠪᠬᠢᠲᠡᠶ ᠣᠪᠣᠷ ᠪᠠᠶᠢᠳᠠᠯ ᠢ ᠪᠣᠶ ᠪᠣᠯᠭᠠᠬᠤ ᠶᠢᠨ ᠬᠠᠮᠲᠤ᠂ ᠬᠥᠮᠦᠨ ᠤ ᠠᠮᠢᠳᠤᠷᠠᠯ ᠤᠨ ᠲᠥᠯᠥᠪᠵᠢᠭᠦᠯᠭᠡ ᠪᠠᠨ | ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃ ᠲᠡᠳᠡᠨ ᠢ ᠰᠢᠨ᠎ᠡ ᠨᠢᠭᠡ ᠵᠢᠯ ᠳᠤ᠂ ᠡᠭᠦᠷᠭᠡᠯᠡᠯ ᠤᠨ ᠳᠤᠮᠳᠠ ᠳᠠᠪᠲᠠᠨ | ᠪᠣᠯᠪᠠᠰᠤᠷᠠᠵᠤ᠂ ᠬᠠᠷᠢᠭᠤᠴᠠᠯᠭ᠎ᠠ ᠪᠠᠨ ᠭᠦᠢᠴᠡᠳᠬᠡᠬᠦ ᠳᠤᠮᠳᠠ ᠦᠰᠦᠨ ᠪᠤᠶᠢᠵᠢᠵᠤ᠂ ᠵᠠᠯᠠᠭᠤ ᠨᠠᠰᠤ ᠪᠠᠨ | ᠲᠠᠯᠠᠭᠠᠷᠳᠠᠭᠤᠯᠬᠤ ᠦᠭᠡᠢ᠂ ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠵᠦ᠂ ᠰᠢᠨ᠎ᠡ ᠴᠠᠭ ᠦᠶ᠎ᠡ ᠶᠢᠨ ᠵᠠᠯᠠᠭᠤ | ᠨᠠᠰᠤᠨ ᠤ ᠳᠠᠭᠤᠯᠠᠯ ᠢ ᠪᠢᠴᠢᠭᠯᠡᠬᠦ ᠶᠢ ᠬᠦᠰᠡᠵᠦ ᠪᠠᠶᠢᠨ᠎ᠠ ᠭᠡᠪᠡ᠃ | ᠬᠤᠷᠠᠯ ᠲᠡᠭᠦᠰᠦᠭᠰᠡᠨ ᠤ ᠳᠠᠷᠠᠭ᠎ᠠ᠂ ᠪᠠᠭᠠᠷᠢᠨ ᠪᠠᠷᠠᠭᠤᠨ ᠬᠤᠰᠢᠭᠤᠨ ᠳᠤ ᠦᠢᠯᠡᠴᠢᠯᠡᠵᠦ ᠪᠠᠶᠢᠭ᠎ᠠ | ᠦᠨᠳᠦᠰᠦᠨ ᠱᠠᠲᠤᠨ ᠤ ᠲᠥᠷᠥᠯ ᠵᠦᠢᠯ ᠤᠨ ᠳᠡᠭᠡᠳᠦ ᠰᠤᠷᠭᠠᠭᠤᠯᠢ ᠲᠡᠭᠦᠰᠦᠭᠰᠡᠨ ᠰᠣᠷᠣᠭᠴᠢᠳ ᠲᠤ ᠲᠤᠬᠠᠶ ᠶᠢᠨ | ᠲᠠᠯᠠᠪᠠᠶ ᠳᠤ ᠴᠠᠭᠠᠨ ᠰᠠᠷ᠎ᠠ ᠶᠢᠨ ᠲᠣᠬᠤᠨᠢᠭᠤᠯᠬᠤ ᠪᠣᠳᠠᠰ ᠲᠠᠷᠬᠠᠭᠠᠪᠠ᠃ ︵ᠪᠣᠯᠣᠷ ᠨᠣᠭᠤᠨᠳᠠᠭᠤᠯᠠ ᠮᠡᠳᠡᠭᠡᠯᠡᠪᠡ︶ |