ᠪᠠᠭᠠᠷᠢᠨ ᠪᠠᠷᠠᠭᠤᠨ ᠬᠤᠰᠢᠭᠤ 2020 ᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠡᠭᠦᠷᠭᠡ ᠬᠠᠷᠠᠯᠲᠠ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2021/1/20
     2020 ᠣᠨ ᠳᠤ᠂ ᠠᠵᠤ ᠠᠬᠤᠶ ᠪᠠᠭᠤᠷᠠᠬᠤ ᠳᠠᠷᠤᠯᠲᠠ ᠶᠢᠨ ᠡᠮᠦᠨ᠎ᠡ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠠᠴᠠ ᠪᠣᠯᠤᠭᠰᠠᠨ ᠨᠥᠯᠥᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤ ᠪᠠᠷ ᠢᠶᠠᠨ ᠦᠵᠡᠯ ᠰᠠᠨᠠᠭ᠎ᠠ ᠪᠠᠨ ᠨᠢᠭᠡᠳᠬᠡᠨ᠂ ᠬᠠᠮᠲᠤ ᠶᠢᠨ ᠲᠠᠨᠢᠯᠲᠠ  ᠪᠠᠨ ᠨᠢᠭᠲᠠᠷᠠᠭᠤᠯᠵᠤ᠂ ᠬᠦᠴᠦᠯᠡᠨ ᠤᠷᠤᠭᠰᠢᠯᠠᠵᠤ᠂  ︽ᠪᠠᠯᠠ ᠣᠷᠣᠭᠤᠯᠤᠯᠲᠠ ᠶᠢ ᠲᠣᠭᠲᠠᠪᠤᠷᠢᠵᠢᠭᠤᠯᠬᠤ︾ ᠪᠠᠷ ᠠᠵᠤ ᠠᠬᠤᠶ ᠨᠡᠶᠢᠭᠡᠮ ᠤᠨ ᠲᠣᠭᠲᠠᠭᠤᠨ ᠡᠷᠭᠢᠯᠲᠡ ᠶᠢ ᠠᠬᠢᠭᠤᠯᠬᠤ ᠪᠦᠲᠦᠮᠵᠢᠲᠡᠶ ᠭᠠᠷᠳᠠᠴᠠ ᠪᠣᠯᠭᠠᠵᠤ᠂ ᠲᠥᠷᠥᠯ ᠵᠦᠶᠯ ᠢ ᠲᠡᠷᠢᠭᠦᠨ ᠳᠤ ᠲᠠᠯᠪᠢᠬᠤ᠂ ᠬᠥᠭᠵᠢᠯᠲᠡ ᠪᠠᠷ ᠭᠤᠤᠯ ᠪᠣᠯᠭᠠᠬᠤ ᠦᠵᠡᠯ ᠰᠠᠨᠠᠭ᠎ᠠ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠵᠢᠯ ᠤᠨ ᠡᠬᠢᠨ ᠤ ᠠᠵᠢᠯ ᠤᠨ ᠬᠠᠷᠠᠯᠲᠠ ᠲᠠᠢ ᠨᠢᠭᠲᠠ ᠤᠶᠠᠯᠳᠤᠭᠤᠯᠤᠨ᠂ ᠭᠤᠤᠯ ᠵᠥᠷᠢᠴᠡᠯ ᠢ ᠠᠳᠬᠤᠵᠤ᠂ ᠦᠷᠭᠦᠯᠵᠢᠯᠡᠨ ᠬᠦᠴᠦᠯᠡᠨ ᠪᠣᠭᠤᠮᠲᠠ ᠰᠢᠪᠲᠤᠯᠵᠤ᠂ ᠪᠦᠲᠦᠮᠵᠢᠲᠡᠶ ᠪᠠᠯᠠ ᠣᠷᠣᠭᠤᠯᠤᠯᠲᠠ ᠶᠢ ᠣᠨᠣᠪᠴᠢᠲᠠᠶ ᠥᠷᠭᠡᠳᠬᠡᠨ᠂ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠴᠢᠬᠤᠯᠠ ᠶᠡᠭᠡ ᠰᠢᠪᠲᠤᠯᠤᠯᠲᠠ ᠶᠢ ᠪᠡᠶᠡᠯᠡᠭᠦᠯᠪᠡ᠃ ᠪᠦᠬᠦ ᠵᠢᠯ ᠳᠤ᠂ 107 ᠭᠤᠣᠯᠳᠠᠯᠭ᠎ᠠ ᠲᠠᠢ ᠲᠦᠷᠥᠯ ᠵᠦᠢᠯ ᠢ ᠲᠤᠬᠢᠷᠠᠭᠤᠯᠤᠨ ᠬᠡᠷᠡᠭᠵᠢᠭᠦᠯᠵᠦ᠂ ᠶᠡᠷᠦᠩᠬᠡᠢ ᠪᠡᠯᠡ ᠣᠷᠣᠭᠤᠯᠤᠯᠲᠠ ᠨᠢ 146 . 1 ᠳ᠋ᠦᠩᠰᠢᠭᠤᠷ ᠲᠥᠭᠦᠷᠢᠭ ᠲᠤ ᠬᠦᠷᠴᠦ᠂ 11 ᠰᠠᠷ᠎ᠠ ᠳᠤ᠂ ᠪᠦᠬᠦ ᠬᠤᠰᠢᠭᠤᠨ ᠤ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠨᠢ 18 . 97 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13 . 6 % ᠪᠠᠷ ᠨᠡᠮᠡᠭᠳᠡᠨ᠂ ᠵᠢᠯ ᠤᠨ ᠡᠬᠢᠨ ᠤ ᠬᠠᠷᠠᠯᠲᠠ ᠡᠭᠦᠷᠭᠡ ᠪᠠᠨ ᠠᠮᠵᠢᠯᠲᠠ ᠲᠠᠢ ᠪᠡᠶᠡᠯᠡᠭᠦᠯᠵᠦ᠂ ᠪᠦᠬᠦ ᠵᠢᠯ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠨᠢ ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠢᠶᠠᠨ ᠪᠠᠲᠤᠯᠠᠵᠤ᠂ ᠨᠡᠮᠡᠭᠳᠡᠯ ᠤᠨ ᠬᠤᠷᠳᠤᠴᠠ ᠨᠢ ᠪᠦᠬᠦ ᠬᠤᠲᠠ ᠶᠢᠨ ᠡᠮᠦᠨ᠎ᠡ ᠡᠩᠨᠡᠭᠡᠨ ᠳᠤ ᠵᠢᠭᠰᠠᠭᠠᠭᠳᠠᠨ᠂ ᠪᠦᠬᠦ ᠬᠤᠰᠢᠭᠤᠨ ᠤ ᠠᠵᠤ ᠠᠬᠤᠢ ᠶᠢᠨ ᠦᠷᠭᠦᠯᠵᠢᠯᠡᠨ ᠲᠣᠭᠲᠠᠭᠤᠨ ᠢᠶᠠᠷ ᠰᠡᠷᠭᠦᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ᠃
 
ᠢᠷᠡᠯᠲᠡ᠄ ᠪᠠᠭᠠᠷᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05001926号-2