ᠬᠤᠲᠠ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠬᠠᠮᠤᠭ ᠤᠨ | ᠰᠢᠨ᠎ᠡ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ | ᠶᠢᠨ ᠲᠥᠯᠥᠭᠡ᠂ 1 ᠰᠠᠷ᠎ᠠ ᠶᠢᠨ 20 ᠤ ᠡᠳᠦᠷ᠂ ᠵᠢᠷᠭᠠᠯ ᠤᠨ ᠵᠠᠮ ᠰᠤᠮᠤ ᠵᠠᠰᠠᠭ ᠤᠨ ᠣᠷᠳᠣᠨ ᠤ ᠪᠠᠶᠢᠭᠤᠯᠭ᠎ᠠ | ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠢ ᠬᠤᠷᠠᠯᠳᠤᠭᠤᠯᠵᠤ᠂ ᠬᠤᠷᠠᠯ ᠠᠴᠠ ᠵᠠᠰᠠᠭ | ᠤᠨ ᠣᠷᠳᠣᠨ ᠤ ᠪᠠᠶᠢᠭᠤᠯᠭ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠣᠭᠢᠷᠠᠭᠤᠯᠤᠨ | ᠪᠠᠶᠢᠷᠢᠯᠠᠭᠤᠯᠪᠠ᠃ ᠰᠤᠮᠤ ᠶᠢᠨ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠰᠤᠮᠤ ᠶᠢᠨ ᠪᠦᠬᠦ ᠺᠠᠳ᠋ᠷ᠂ | ᠡᠯ᠎ᠡ ᠭᠠᠴᠠᠭ᠎ᠠ ᠲᠣᠰᠬᠤᠨ ᠤ ᠠᠷᠠᠳ ᠤᠨ ᠰᠣᠩᠭᠤᠭᠤᠯᠢ ᠶᠢᠨ ᠵᠥᠪᠯᠡᠯ ᠤᠨ ᠡᠷᠬᠢᠯᠡᠭᠴᠢ ᠬᠤᠷᠠᠯ ᠳᠤ ᠣᠷᠣᠯᠴᠠᠪᠠ | ᠃ ᠰᠤᠮᠤ ᠶᠢᠨ ᠨᠠᠮ ᠤᠨ ᠬᠤᠷᠢᠶᠠᠨ ᠤ ᠱᠦᠵᠢ ᠡᠦ ᠶᠠ ᠫᠢᠩ ᠬᠤᠷᠠᠯ ᠢ ᠡᠷᠭᠢᠯᠡᠪᠡ᠃ | ᠬᠤᠷᠠᠯ ᠳᠡᠭᠡᠷ᠎ᠡ᠂ ᠪᠥᠬᠦ ᠬᠥᠮᠦᠰ ᠬᠠᠮᠲᠤ ᠪᠠᠷ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ | ᠪᠠᠶᠢᠳᠠᠯ ᠢ ᠠᠷᠭᠠᠴᠠᠭᠠᠬᠤ ᠰᠣᠷᠢᠯᠲᠠ︾ ᠶᠢᠨ ᠤᠬᠠᠭᠤᠯᠭ᠎ᠠ ᠶᠢᠨ ᠹᠢᠯᠢᠮ ᠢ ᠰᠣᠨᠢᠷᠬᠠᠪᠠ᠃ ᠵᠠᠰᠠᠭ ᠤᠨ ᠣᠷᠳᠣᠨ ᠤ | ᠳᠡᠳ᠋ ᠰᠤᠮᠤᠨ ᠲᠠᠷᠤᠭ᠎ᠠ ᠰᠦᠶ ᠢᠦᠢ ᠴᠧᠩ ᠣᠳᠣᠬᠠᠨ ᠤ ᠪᠥᠬᠦ ᠰᠤᠮᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠᠶᠢᠳᠠᠯ ᠳᠤ ᠰᠤᠳᠤᠯᠤᠨ ᠮᠠᠭᠠᠳᠯᠠᠯᠳᠠ ᠬᠢᠭᠰᠡᠨ ᠤ ᠬᠠᠮᠲᠤ ᠤᠯᠤᠰ ᠤᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠤᠨ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ | ᠬᠤᠭᠤᠴᠠᠭᠠᠨ ᠳᠠᠬᠢ ᠭᠤᠤᠯᠳᠠᠯᠭ᠎ᠠ ᠲᠠᠢ ᠲᠠᠯᠠᠪᠤᠷ ᠭᠠᠵᠠᠷ ᠪᠣᠯᠤᠨ ᠨᠢᠭᠡᠴᠢ ᠶᠢᠨ ᠡᠷᠡᠭᠦᠯ ᠬᠠᠮᠠᠭᠠᠯᠠᠯ ᠤᠨ ᠰᠡᠷᠭᠡᠶᠢᠯᠡᠨ | ᠬᠠᠮᠠᠭᠠᠯᠠᠬᠤ ᠵᠦᠭᠯᠡᠭᠦᠷ︾ ᠲᠤ ᠵᠠᠰᠠᠪᠤᠷᠢ ᠣᠷᠣᠭᠤᠯᠤᠭᠰᠠᠨ ᠪᠠᠶᠢᠭᠤᠯᠭ᠎ᠠ ᠠᠵᠢᠯ ᠦᠶᠯᠡᠰ ᠤᠨ ᠨᠢᠭᠡᠴᠢ ᠶᠢᠨ ᠡᠷᠡᠭᠦᠯ | ᠬᠠᠮᠠᠭᠠᠯᠠᠯ ᠤᠨ ᠰᠡᠷᠭᠡᠶᠢᠯᠡᠨ ᠬᠠᠮᠠᠭᠠᠯᠠᠬᠤ ᠵᠦᠭᠯᠡᠭᠦᠷ ᠵᠢᠴᠢ ︽ᠲᠠᠪᠤ ᠶᠢ ᠪᠠᠲᠤᠯᠠᠵᠤ ᠭᠤᠷᠪᠠ ᠶᠢ ᠴᠢᠩᠭᠠᠳᠬᠠᠬᠤ︾ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠪᠠ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠵᠢᠯᠣᠭᠤᠳᠬᠤ ᠭᠠᠵᠠᠷ ᠤᠨ 4 ᠳ᠋ᠦ᠋ᠭᠡᠷ ᠲᠣᠭᠠᠲᠤ ᠵᠠᠷᠯᠢᠭ ᠢ ᠬᠡᠷᠡᠭᠵᠢᠭᠦᠯᠵᠦ ᠬᠤᠷᠠᠯ ᠳᠤ ᠣᠷᠣᠯᠴᠠᠭᠰᠠᠳ ᠲᠤ ᠪᠥᠬᠦ | ᠰᠤᠮᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ᠃ | ᠡᠦ ᠶᠠ ᠫᠢᠩ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠲᠣᠭᠲᠠᠭᠤᠨ | ᠪᠤᠰᠤ ᠴᠢᠨᠠᠷ᠂ ᠲᠣᠭᠲᠠᠭᠠᠯᠲᠤ ᠪᠤᠰᠤ ᠴᠢᠨᠠᠷ ᠦᠷᠭᠦᠯᠵᠢᠯᠡᠨ ᠨᠡᠮᠡᠭᠳᠡᠵᠦ ᠪᠠᠶᠢᠨ᠎ᠠ᠂ ᠵᠠᠰᠠᠭ ᠤᠨ ᠣᠷᠳᠣᠨ ᠤ | ᠪᠠᠶᠢᠭᠤᠯᠭ᠎ᠠ ᠶᠢᠨ ᠪᠥᠬᠦ ᠺᠠᠳ᠋ᠷ ᠠᠵᠢᠯᠲᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠨ᠎ᠡ ᠪᠠᠶᠢᠳᠠᠯ᠂ ᠰᠢᠨ᠎ᠡ | ᠬᠥᠭᠵᠢᠯᠲᠡ᠂ ᠰᠢᠨ᠎ᠡ ᠬᠤᠪᠢᠷᠠᠯᠲᠠ ᠶᠢ ᠰᠠᠯᠤᠯ ᠥᠬᠡᠶ ᠳᠠᠭᠠᠵᠤ᠂ ᠪᠠᠶᠢᠭᠤᠯᠭ᠎ᠠ ᠶᠢᠨ ᠰᠡᠷᠭᠡᠶᠢᠯᠡᠨ ᠡᠵᠡᠮᠳᠡᠬᠦ ᠶᠢ | ᠴᠢᠩᠭᠠᠳᠬᠠᠵᠤ᠂ ᠣᠷᠣᠵᠤ ᠭᠠᠷᠬᠤ ᠶᠢ ᠬᠠᠮᠢᠶᠠᠷᠬᠤ᠂ ᠪᠡᠶ᠎ᠡ ᠶᠢᠨ ᠬᠠᠯᠠᠭᠤᠨ ᠢ ᠬᠡᠮᠵᠢᠨ ᠪᠠᠶᠢᠴᠠᠭᠠᠬᠤ ᠵᠡᠷᠭᠡ ᠠᠵᠢᠯ | ᠢ ᠴᠢᠩᠳᠠᠯᠠᠬᠤ ᠬᠡᠷᠡᠭᠲᠡᠶ᠃ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠴᠢᠬᠤᠯᠠ | ᠦᠭᠡᠢ ᠪᠣᠯ ᠭᠠᠳᠠᠭᠰᠢ ᠭᠠᠷᠴᠤ ᠪᠣᠯᠬᠤ ᠦᠭᠡᠢ᠂ ᠭᠠᠳᠠᠭᠰᠢ ᠭᠠᠷᠬᠤ ᠴᠢᠬᠤᠯᠠᠲᠠᠢ ᠪᠣᠯ ᠤᠷᠢᠳᠴᠢᠯᠠᠨ ᠮᠡᠳᠡᠭᠦᠯᠵᠦ | ᠳᠠᠩᠰᠠᠯᠠᠭᠤᠯᠬᠤ ᠬᠡᠷᠡᠭᠲᠡᠢ᠃ ᠬᠡᠷ ᠤᠨ ᠬᠥᠮᠦᠰ᠂ ᠨᠠᠶᠢᠵᠠ ᠨᠠᠷ ᠢᠶᠠᠨ ᠬᠥᠲᠥᠯᠥᠨ ᠵᠢᠯᠣᠭᠤᠳᠴᠤ ᠪᠠᠶᠢᠭᠠᠳ | ᠵᠢᠭᠤᠯᠴᠢᠯᠠᠯ ᠤᠨ ᠠᠶᠤᠯ ᠲᠦᠭᠰᠢᠭᠦᠷᠢ ᠶᠢ ᠠᠯᠢ ᠴᠢᠳᠠᠬᠤ ᠪᠠᠷ ᠪᠠᠭᠠᠰᠬᠠᠵᠤ᠂ ᠲᠤᠬᠠᠶ ᠶᠢᠨ ᠭᠠᠵᠠᠷ ᠲᠤ ᠦᠯᠡᠳᠡᠵᠦ | ᠪᠠᠶᠠᠷ ᠳᠤᠷᠠᠰᠬᠠᠯ ᠤᠨ ᠡᠳᠦᠷ ᠢ ᠥᠩᠭᠡᠷᠡᠭᠦᠯᠵᠦ᠂ ᠬᠢᠵᠢᠭ ᠤᠨ ᠪᠠᠶᠢᠳᠠᠯ ᠳᠠᠷᠬᠠᠨ ᠳᠡᠯᠭᠡᠷᠡᠬᠦ ᠠᠴᠠ ᠪᠦᠲᠦᠮᠵᠢᠲᠡᠶ | ᠵᠠᠶᠢᠯᠠᠰᠬᠢᠬᠦ ᠬᠡᠷᠡᠭᠲᠡᠶ᠃ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠵᠢᠯ ᠤᠨ ᠰᠠᠬᠢᠯᠭ᠎ᠠ ᠪᠠᠲᠤ ᠶᠢ | ᠴᠢᠩᠳᠠᠯᠠᠨ᠂ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠷᠢᠯᠢᠭ ᠪᠣᠳᠠᠲᠠᠶ ᠰᠠᠶᠢᠲᠤᠷ ᠨᠠᠶᠢᠳᠠᠪᠤᠷᠢᠵᠢᠭᠤᠯᠵᠤ᠂ | ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠦᠨᠡᠩᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠤᠨ ᠳᠠᠷᠠᠭ᠎ᠠ᠂ ᠵᠠᠰᠠᠭ ᠤᠨ ᠣᠷᠳᠣᠨ ᠤ ᠪᠠᠶᠢᠭᠤᠯᠭ᠎ᠠ ᠰᠤᠮᠤ ᠶᠢᠨ ᠵᠠᠰᠠᠭ ᠤᠨ ᠣᠷᠳᠣᠨ ᠤ | ᠪᠠᠶᠢᠭᠤᠯᠭ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ | ᠵᠣᠬᠢᠶᠠᠨ ᠪᠠᠶᠢᠭᠤᠯᠤᠨ ᠥᠷᠨᠢᠭᠦᠯᠪᠡ᠃ ᠲᠣᠰ ᠤᠳᠠᠭᠠᠨ ᠤ ᠰᠣᠷᠢᠯᠲᠠ ᠨᠢ ᠵᠢᠷᠭᠠᠯ ᠤᠨ ᠵᠠᠮ ᠰᠤᠮᠤᠨ ᠤ | ᠪᠠᠶᠢᠭᠤᠯᠭ᠎ᠠ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠰᠡᠵᠢᠭᠯᠡᠯᠲᠡᠶ ᠡᠪᠡᠳᠴᠢᠨ ᠤ ᠵᠢᠱᠢᠶ᠎ᠡ ᠶᠢ ᠣᠯᠵᠤ | ᠮᠡᠳᠡᠭᠰᠡᠨ ᠢᠶᠠᠷ ᠠᠬᠤᠶ ᠪᠠᠶᠢᠳᠠᠯ ᠪᠣᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ | ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠶᠢᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ | ᠡᠬᠢᠯᠡᠭᠦᠯᠦᠭᠰᠡᠨ ᠤ ᠳᠠᠷᠠᠭ᠎ᠠ᠂ ᠪᠠᠶᠢᠭᠤᠯᠭ᠎ᠠ ᠨᠢ ᠲᠡᠷᠡ ᠳᠠᠷᠤᠶ ᠳᠤᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢᠶᠠᠨ ᠡᠬᠢᠯᠡᠭᠦᠯᠪᠡ᠃ ᠲᠤᠬᠠᠶ ᠶᠢᠨ ᠲᠠᠯᠠᠪᠠᠶ ᠶᠢᠨ ᠡᠯ᠎ᠡ | ᠠᠵᠢᠯᠯᠠᠬᠤ ᠳᠤᠭᠤᠶᠢᠯᠠᠩ ᠰᠤᠮᠤ ᠶᠢᠨ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠪᠡᠯᠡᠳᠬᠡᠯ ᠲᠥᠰᠦᠯ ᠪᠠ | ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠰᠡᠵᠢᠭᠯᠡᠯᠲᠡᠶ ᠡᠪᠡᠳᠴᠢᠨ ᠤ ᠵᠢᠱᠢᠶ᠎ᠡ ᠶᠢ | ᠠᠩᠬ᠎ᠠ ᠠᠯᠬᠤᠮ ᠪᠠᠶᠢᠴᠠᠭᠠᠬᠤ ᠪᠠ ᠲᠤᠰᠠᠭᠠᠷᠯᠠᠨ ᠠᠵᠢᠭᠯᠠᠬᠤ ᠶᠢᠨ ᠬᠠᠮᠲᠤ ᠰᠤᠮᠤᠨ ᠤ ᠡᠷᠡᠭᠦᠯ ᠬᠠᠮᠠᠭᠠᠯᠠᠯ ᠤᠨ | ᠬᠤᠷᠢᠶᠠᠨ ᠤ ᠡᠮᠨᠡᠯᠭᠡ ᠶᠢᠨ ᠠᠵᠢᠯᠲᠠᠨ ᠳᠤ ᠵᠠᠷᠯᠠᠨ ᠮᠡᠳᠡᠭᠳᠡᠵᠦ ᠤᠯᠠᠮ ᠨᠢᠭᠡ ᠠᠯᠬᠤᠮ ᠪᠠᠶᠢᠴᠠᠭᠠᠨ ᠰᠢᠶᠳᠪᠦᠷᠢᠯᠡᠬᠦ | ᠶᠢᠨ ᠬᠠᠮᠲᠤ᠂ ᠰᠡᠵᠢᠭᠯᠡᠯᠲᠡᠶ ᠡᠪᠡᠳᠴᠢᠲᠡᠨ ᠤ ᠪᠠᠶᠢᠭ᠎ᠠ ᠠᠯᠪᠠᠨ ᠠᠰᠠᠷ ᠢ ᠪᠢᠲᠡᠭᠦᠮᠵᠢᠯᠡᠵᠦ᠂ ᠬᠠᠮᠢᠶᠠᠷᠤᠨ ᠡᠵᠡᠮᠳᠡᠵᠦ | ᠂ ᠣᠷᠴᠢᠨ ᠲᠣᠭᠤᠷᠢᠨ ᠢ ᠠᠷᠢᠭᠤᠳᠬᠠᠬᠤ ᠵᠢᠴᠢ ᠡᠷᠡᠭᠦᠯ ᠬᠠᠮᠠᠭᠠᠯᠠᠯ ᠤᠨ ᠰᠢᠶᠳᠪᠦᠷᠢᠯᠡᠯᠲᠡ ᠬᠢᠵᠦ᠂ ᠡᠷᠡᠭᠦᠯ | ᠬᠠᠮᠠᠭᠠᠯᠠᠯ ᠤᠨ ᠬᠤᠷᠢᠶᠠᠨ ᠤ ᠡᠮᠨᠡᠯᠭᠡ ᠶᠢᠨ ᠠᠵᠢᠯᠲᠠᠨ ᠠᠴᠠ ᠰᠡᠵᠢᠭᠯᠡᠯᠲᠡᠶ ᠡᠪᠡᠳᠴᠢᠲᠡᠨ ᠢ ᠬᠤᠰᠢᠭᠤᠨ ᠱᠠᠲᠤᠨ ᠤ | ᠡᠮᠴᠢᠯᠡᠭᠡᠨ ᠤ ᠪᠠᠶᠢᠭᠤᠯᠤᠮᠵᠢ ᠳᠤ ᠰᠢᠯᠵᠢᠭᠦᠯᠦᠨ ᠬᠦᠷᠭᠡᠵᠦ ᠤᠯᠠᠮ ᠨᠢᠭᠡ ᠠᠯᠬᠤᠮ ᠣᠨᠣᠰᠢᠯᠠᠵᠤ ᠡᠮᠨᠡᠨ | ᠵᠠᠰᠠᠭᠤᠯᠤᠨ᠎ᠠ᠃ ᠪᠦᠬᠦᠶᠢᠯᠡ ᠶᠠᠪᠤᠴᠠ ᠳᠤ ᠪᠡᠯᠡᠳᠬᠡᠯ ᠲᠥᠰᠦᠯ ᠳᠤ ᠲᠣᠭᠲᠠᠭᠠᠭᠰᠠᠨ ᠴᠤᠪᠤᠷᠠᠯ ᠢ ᠴᠢᠩᠭ᠎ᠠ | ᠵᠢᠷᠤᠮᠯᠠᠨ ᠶᠠᠪᠤᠭᠳᠠᠭᠤᠯᠵᠤ᠂ ᠠᠵᠢᠯ ᠤᠨ ᠬᠤᠪᠢᠶᠠᠷᠢᠯᠠᠯ ᠨᠢ ᠲᠣᠳᠣᠷᠬᠠᠶ᠂ ᠲᠤᠰᠬᠠᠯ ᠨᠢ ᠪᠤᠰᠢᠭᠤ ᠲᠦᠷᠭᠡᠨ᠂ | ᠵᠣᠬᠢᠴᠠᠭᠤᠯᠭ᠎ᠠ ᠨᠢ ᠡᠮᠬᠢ ᠵᠢᠷᠤᠮ ᠲᠠᠢ ᠪᠠᠶᠢᠪᠠ᠃ | ᠵᠢᠷᠭᠠᠯ ᠤᠨ ᠵᠠᠮ ᠰᠤᠮᠤ᠄ ᠤᠶᠤᠨᠴᠢᠮᠡᠭ |